ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠺᠤᠮᠫᠠᠨᠢ᠎ᠶ᠋ᠢᠨ ᠬᠠᠪᠤᠷ᠎ᠤᠨ ᠰᠢᠯᠢᠮᠳᠡᠭ ᠪᠥᠬᠥ ᠣᠷᠣᠨ᠎ᠤ ᠥᠨᠳᠥᠷ ᠤᠨᠠᠯᠲᠠ᠎ᠶᠢᠨ ᠲᠡᠮᠳᠡᠭᠯᠡᠯ᠎ᠢ ᠰᠢᠨᠡᠳᠬᠡᠪᠡ
ᠨᠡᠶ᠋ᠢᠲᠡᠯᠡᠭᠰᠡᠨ ᠴᠠᠭ᠄ 2025-10-22

10 ᠳ᠋ᠤᠭᠠᠷ ᠰᠠᠷ᠎ᠠ᠎ᠶᠢᠨ 20 ᠎ᠤ ᠡᠳᠦᠷ᠂ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠬᠠᠳᠠᠲᠤ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠺᠤᠮᠫᠠᠨᠢ᠎ᠶ᠋ᠢᠨ ᠮᠢᠩᠭᠠᠨ ᠮᠦ᠍ ᠰᠢᠯᠢᠮᠳᠡᠭ᠎ᠦᠨ ᠵᠢᠱ᠌ᠢᠶ᠎ᠡ ᠦᠵᠡᠭᠦᠯᠬᠦ ᠲᠠᠷᠢᠶ᠎ᠠ᠎ᠠᠴᠠ ᠪᠠᠶᠠᠷ᠎ᠤᠨ ᠮᠡᠳᠡᠭᠡ ᠤᠯᠠᠮᠵᠢᠯᠠᠭ᠍ᠳᠠᠨ ᠲᠠᠷᠬᠠᠪᠠ᠄ ᠡᠷᠬᠡ ᠰᠦᠷᠲᠦ ᠲᠤᠰᠬᠠᠢ ᠮᠡᠷᠭᠡᠵᠢᠯᠲᠡᠨ᠎ᠦ ᠳᠤᠭᠤᠢᠯᠠᠩ᠎ᠤᠨ ᠲᠤᠬᠠᠢ᠎ᠶᠢᠨ ᠭᠠᠵᠠᠷ᠎ᠲᠠᠬᠢ ᠬᠡᠮᠵᠢᠯᠲᠡ᠎ᠪᠡᠷ ᠳᠠᠮᠵᠢᠨ᠂ 1197 ᠮᠦ᠍ ᠰᠢᠯᠢᠮᠳᠡᠭ᠎ᠦᠨ ᠥᠨᠳᠥᠷ ᠤᠨᠠᠯᠲᠠ᠎ᠶᠢᠨ ᠵᠢᠱ᠌ᠢᠶ᠎ᠡ ᠦᠵᠡᠭᠦᠯᠬᠦ ᠲᠠᠷᠢᠶ᠎ᠠ᠎ᠶ᠋ᠢᠨ ᠪᠤᠲᠠᠲᠠᠢ ᠬᠤᠷᠢᠶᠠᠯᠲᠠ ᠨᠢ ᠮᠦ᠍ ᠪᠦᠷᠢ 280.34 ᠺᠢᠯᠣᠭ᠌ᠷᠠᠮ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠬᠠᠪᠤᠷ᠎ᠤᠨ ᠰᠢᠯᠢᠮᠳᠡᠭ᠎ᠦᠨ ᠥᠨᠳᠥᠷ ᠤᠨᠠᠯᠲᠠ᠎ᠶᠢᠨ ᠲᠡᠮᠳᠡᠭᠯᠡᠯ᠎ᠢ ᠠᠮᠵᠢᠯᠲᠠᠲᠠᠢ ᠰᠢᠨᠡᠳᠬᠡᠵᠦ᠂ ᠪᠣᠳᠠᠲᠠᠢ ᠠᠮᠵᠢᠯᠲᠠ᠎ᠪᠡᠷ᠎ᠢᠶᠡᠨ ᠲᠠᠷᠢᠶᠠᠯᠠᠩ᠎ᠤᠨ ᠦᠢᠯᠡᠳᠪᠦᠷᠢᠯᠡᠯ᠎ᠳᠦ ᠦᠵᠡᠭᠦᠯᠬᠦ 《ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ + ᠨᠠᠷᠢᠯᠢᠭ᠍ᠵᠢᠭᠤᠯᠤᠭ᠍ᠰᠠᠨ ᠬᠠᠮᠢᠶᠠᠷᠤᠯᠲᠠ》᠎ᠶᠢᠨ ᠬᠦᠴᠦᠨ ᠴᠢᠳᠠᠮᠵᠢ᠎ᠶ᠋ᠢ ᠢᠯᠡᠷᠡᠭᠦᠯᠪᠡ᠃ 

ᠲᠣᠰ ᠤᠳᠠᠭᠠᠨ᠎ᠤ ᠥᠨᠳᠥᠷ ᠤᠨᠠᠯᠲᠠ ᠲᠠᠢ ᠰᠢᠪᠲᠤᠯᠤᠯᠲᠠ ᠨᠢ ᠬᠠᠳᠠᠲᠤ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠺᠣᠮᠫᠠᠨᠢ᠎ᠶᠢᠨ ᠰᠢᠨᠵᠢᠯᠡᠬᠦ ᠤᠬᠠᠭᠠᠨᠴᠢ ᠲᠠᠷᠢᠵᠤ ᠤᠷᠭᠤᠭᠤᠯᠬᠤ ᠬᠡᠪ ᠵᠠᠭᠪᠤᠷ᠎ᠢ ᠪᠥᠬᠥ ᠲᠠᠯ᠎ᠠ᠎ᠪᠠᠷ ᠨᠠᠢᠳᠠᠪᠤᠷᠢᠵᠢᠭᠤᠯᠤᠭᠰᠠᠨ᠎ᠠᠴᠠ ᠪᠣᠯᠣᠭ᠍ᠰᠠᠨ ᠶᠤᠮ᠃ ᠲᠠᠷᠢᠵᠤ ᠤᠷᠭᠤᠭᠤᠯᠬᠤ ᠡᠬᠢᠨ᠎ᠦ ᠬᠤᠭᠤᠴᠠᠭᠠᠨ᠎ᠳᠤ᠂ ᠲᠠᠷᠢᠶᠠᠯᠠᠩ ᠮᠠᠯᠵᠢᠯ᠎ᠤᠨ ᠲᠠᠯᠠᠪᠠᠶ ᠨᠢ ᠬᠣᠷᠣᠬᠠᠢ ᠭᠡᠮ᠎ᠢ ᠡᠰᠡᠷᠭᠦᠴᠡᠬᠦ ᠴᠢᠨᠠᠷ᠎ᠢᠶᠠᠷ ᠴᠢᠩᠭ᠎ᠠ ᠪᠦᠭᠡᠳ ᠤᠨᠠᠯᠲᠠ᠎ᠪᠠᠷ ᠦᠨᠳᠦᠷ ᠪᠦᠬᠦᠢ 《ᠴᠢᠩ ᠽᠠ 12 ᠳ᠋ᠤᠭᠠᠷ》 ᠡᠭᠦᠯᠳᠡᠷ᠎ᠢ ᠱᠢᠯᠢᠨ ᠰᠤᠩᠭᠤᠭ᠍ᠰᠠᠨ᠎ᠤ ᠬᠠᠮᠲᠤ᠂ ᠠᠮᠢᠳᠤ ᠪᠣᠳᠠᠰ᠎ᠤᠨ ᠣᠷᠭᠠᠨᠢᠭ᠋ ᠦᠷ᠎ᠡ ᠬᠣᠯᠢᠬᠤ ᠡᠳ᠋᠎ᠢᠶᠡᠷ ᠳᠠᠮᠵᠢᠭᠤᠯᠤᠨ ᠦᠷ᠎ᠡ ᠰᠣᠶᠣᠭᠠᠯᠠᠬᠤ ᠨᠣᠷᠮ᠎ᠠ ᠪᠠ ᠨᠢᠯᠬ᠎ᠠ ᠴᠢᠬᠢ᠎ᠶᠢᠨ ᠡᠰᠡᠷᠭᠦᠴᠡᠬᠦ᠌ ᠴᠢᠳᠠᠪᠤᠷᠢ᠎ᠶᠢ ᠳᠡᠭᠡᠭ᠌ᠰᠢᠯᠡᠭᠦᠯᠵᠡᠢ; ᠦᠷ᠎ᠡ ᠰᠠᠴᠤᠬᠤ ᠬᠤᠭᠤᠴᠠᠭᠠᠨ᠎ᠳᠤ 30 ᠰᠠᠨᠲ᠋ᠢᠮᠧᠲᠷ᠎ᠤᠨ ᠲᠡᠩᠴᠡᠭᠦᠦ ᠵᠠᠢ ᠲᠠᠢ ᠦᠷ᠎ᠡ ᠰᠠᠴᠤᠵᠤ᠂ ᠰᠢᠯᠢᠮᠳᠡᠭ᠎ᠦᠨ ᠥᠰᠦᠯᠲᠡ᠎ᠳᠦ ᠭᠦᠢᠴᠡᠳ ᠣᠷᠣᠨ ᠵᠠᠢ ᠦᠯᠡᠳᠡᠭᠡᠵᠦ ᠥᠭ᠌ᠴᠡᠢ᠃ ᠤᠰᠤ ᠪᠠ ᠪᠣᠷᠳᠣᠭᠤᠷ᠎ᠢ ᠨᠢᠭᠡ ᠴᠣᠭᠴᠠᠵᠢᠭᠤᠯᠬᠤ ᠮᠡᠷᠭᠡᠵᠢᠯ᠎ᠢ ᠨᠠᠷᠢᠯᠢᠭ ᠣᠨᠣᠪᠴᠢᠲᠠᠶ ᠬᠡᠷᠡᠭ᠌ᠯᠡᠭ᠌ᠰᠡᠨ ᠨᠢ ᠥᠨᠳᠥᠷ ᠤᠨᠠᠯᠲᠠ᠎ᠶᠢᠨ ᠭᠣᠣᠯ ᠪᠠᠲᠤᠯᠠᠭ᠎ᠠ ᠪᠣᠯᠤᠭᠰᠠᠨ ᠪᠠᠢᠨ᠎ᠠ — ᠲᠠᠷᠢᠶᠠᠯᠠᠩ ᠮᠠᠯᠵᠢᠯ᠎ᠤᠨ ᠲᠠᠯᠠᠪᠠᠶ ᠨᠢ ᠰᠢᠯᠢᠮᠳᠡᠭ᠎ᠦᠨ 《ᠴᠢᠬᠢᠯᠡᠬᠦ ᠬᠤᠭᠤᠴᠠᠭᠠᠨ᠎ᠳᠤ ᠦᠰᠦᠯᠲᠡ᠎ᠶ᠋ᠢ ᠨᠢ ᠠᠬᠢᠭᠤᠯᠬᠤ᠂ ᠴᠣᠮᠣᠷᠯᠢᠭ᠋᠎ᠤᠨ ᠬᠤᠭᠤᠴᠠᠭᠠᠨ᠎ᠳᠤ ᠡᠰᠢ ᠰᠦᠷᠡᠯ᠎ᠢ ᠨᠢ ᠪᠦᠳᠦᠭᠦᠷᠡᠭᠦᠯᠬᠦ᠌᠂ ᠴᠡᠴᠡᠭᠯᠡᠬᠦ ᠬᠤᠭᠤᠴᠠᠭᠠᠨ᠎ᠳᠤ ᠬᠣᠩᠭᠣᠷᠴᠣᠭ᠎ᠢ ᠨᠢ ᠬᠠᠮᠠᠭᠠᠯᠠᠬᠤ》 ᠤᠷᠭᠤᠯᠲᠠ᠎ᠶ᠋ᠢᠨ ᠣᠨᠴᠠᠯᠢᠭ᠋ ᠎ᠲᠠᠢ ᠤᠶᠠᠯᠳᠤᠭᠤᠯᠵᠤ᠂ 《ᠣᠢᠯᠠᠭᠠᠬᠤ — ᠪᠣᠳᠣᠯᠭ᠎ᠠ ᠲᠣᠭᠲᠠᠭᠠᠬᠤ — ᠬᠠᠩᠭᠠᠬᠤ》 ᠪᠢᠲᠡᠭᠦᠦ ᠴᠠᠭᠠᠷᠢᠭ᠍ᠲᠤ ᠬᠠᠮᠢᠶᠠᠷᠤᠯᠲᠠ᠎ᠶᠢᠨ ᠰᠢᠰᠲᠧᠮ᠎ᠢ ᠪᠠᠢᠭᠤᠯᠤᠨ᠂ ᠬᠥᠷᠥᠰᠥ ᠰᠢᠷᠣᠢ᠎ᠶᠢᠨ ᠰᠢᠮ᠎ᠡ ᠲᠡᠵᠢᠭᠡᠯ᠎ᠢ ᠴᠠᠭ ᠲᠤᠬᠠᠢ᠎ᠳᠤ ᠨᠢ ᠬᠢᠨᠠᠨ ᠱᠢᠨᠵᠢᠬᠦ᠌᠎ᠪᠡᠷ ᠳᠠᠮᠵᠢᠭᠤᠯᠤᠨ ᠪᠣᠷᠳᠣᠭᠤᠷ ᠣᠷᠣᠭᠤᠯᠬᠤ ᠠᠷᠭ᠎ᠠ ᠪᠣᠳᠣᠯᠭ᠎ᠠ᠎ᠪᠠᠨ ᠬᠥᠳᠡᠯᠦᠩᠭᠦᠢ᠎ᠪᠡᠷ ᠲᠣᠬᠢᠷᠠᠭᠤᠯᠵᠤ᠂ 《ᠬᠡᠷᠡᠭᠴᠡᠭᠡ᠎ᠶ᠋ᠢ ᠨᠢ ᠦᠨᠳᠦᠰᠦᠯᠡᠨ ᠪᠣᠷᠳᠣᠭᠤᠷ ᠣᠷᠣᠭᠤᠯᠬᠤ》᠎ᠶᠢ ᠪᠡᠶᠡᠯᠡᠭᠦᠯᠵᠡᠢ᠂ ᠡᠨᠡ ᠨᠢ ᠡᠬᠢ ᠪᠠᠶᠠᠯᠢᠭ᠋᠎ᠢ ᠪᠦᠷᠢᠯᠭᠡᠨ ᠰᠦᠢᠳᠬᠡᠬᠦ ᠪᠠ ᠣᠷᠴᠢᠨ ᠲᠣᠭᠣᠷᠢᠨ᠎ᠢ ᠪᠣᠬᠢᠷᠲᠤᠭᠤᠯᠬᠤ᠎ᠡᠴᠡ ᠵᠠᠢᠯᠠᠰᠭᠢᠭ᠍ᠰᠠᠨ᠎ᠤ ᠬᠠᠮᠲᠤ ᠰᠢᠮ᠎ᠡ ᠲᠡᠵᠢᠭᠡᠯ᠎ᠢ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠤᠨ ᠤᠷᠭᠤᠯᠲᠠ᠎ᠶ᠋ᠢᠨ ᠬᠡᠷᠡᠭᠴᠡᠭᠡ᠎ᠶᠢ ᠦᠨᠡᠨ ᠬᠦ᠌ ᠪᠠᠲᠤᠯᠠᠭ᠍ᠰᠠᠨ ᠪᠠᠢᠨ᠎ᠠ᠃ 

ᠠᠩᠬᠠᠷᠤᠭᠤᠰᠢᠲᠠᠢ ᠨᠢ᠂ ᠡᠨᠡ ᠵᠢᠯ ᠬᠠᠪᠤᠷ᠎ᠤᠨ ᠭᠠᠩ᠂ ᠬᠤᠷᠠᠮᠳᠤᠭᠰᠠᠨ ᠳᠤᠯᠠᠭᠠᠨ ᠳᠣᠣᠷ᠎ᠠ᠂ ᠨᠠᠮᠤᠷ᠎ᠤᠨ ᠬᠤᠷᠢᠶᠠᠯᠲᠠ᠎ᠠᠴᠠ ᠡᠮᠦᠨᠡᠬᠢ ᠳᠣᠭ᠍ᠰᠢᠨ ᠰᠠᠯᠬᠢ ᠰᠢᠷᠦᠭᠦᠨ ᠪᠣᠷᠣᠭᠠᠨ ᠵᠡᠷᠭᠡ ᠠᠰᠢᠭ᠋ ᠦᠭᠡᠢ ᠴᠠᠭ ᠠᠭᠤᠷ᠎ᠤᠨ ᠪᠠᠢᠳᠠᠯ᠎ᠳᠤ ᠲᠠᠷᠢᠶᠠᠯᠠᠩ ᠮᠠᠯᠵᠢᠯ᠎ᠤᠨ ᠲᠠᠯᠠᠪᠠᠶ ᠨᠢ 《ᠰᠠᠢᠨ ᠦᠷ᠎ᠡ ᠡᠭᠦᠯᠳᠡᠷ + ᠰᠠᠢᠨ ᠠᠷᠭ᠎ᠠ ᠬᠡᠮᠵᠢᠶ᠎ᠡ + ᠰᠠᠢᠨ ᠠᠵᠠ ᠲᠣᠬᠢᠶᠠᠯ + ᠰᠠᠢᠨ ᠲᠠᠷᠢᠶᠠᠨ ᠭᠠᠵᠠᠷ》᠎ᠤᠨ ᠳᠥᠷᠪᠡᠨ ᠰᠠᠢᠨ᠎ᠢ ᠠᠭᠤᠰᠤᠯᠴᠠᠭᠤᠯᠤᠭ᠍ᠰᠠᠨ ᠬᠡᠪ ᠵᠠᠭᠪᠤᠷ᠎ᠲᠤ ᠲᠦᠰᠢᠭᠯᠡᠨ᠂ ᠮᠥᠨ ᠬᠦ᠌ ᠡᠯᠪᠡᠭ ᠬᠤᠷᠢᠶᠠᠯᠲᠠ ᠣᠯᠣᠭ᠍ᠰᠠᠨ ᠪᠠᠢᠨ᠎ᠠ᠃ ᠡᠨᠡ ᠬᠦ᠌ ᠤᠳᠠᠭ᠎ᠠ ᠲᠡᠮᠳᠡᠭᠯᠡᠯ ᠱᠢᠨᠡᠳᠭᠡᠭ᠌ᠰᠡᠨ ᠶᠠᠪᠤᠳᠠᠯ ᠨᠢ ᠬᠥᠯᠥᠨ ᠪᠣᠶ᠋ᠢᠷ᠎ᠤᠨ ᠠᠲᠠᠷ ᠬᠠᠭᠠᠯᠪᠤᠷᠢᠯᠠᠯᠲᠠ᠎ᠶᠢᠨ ᠺᠤᠮᠫᠠᠨᠢ᠎ᠶ᠋ᠢᠨ ᠲᠠᠷᠢᠶᠠᠯᠠᠩ᠎ᠤᠨ ᠬᠥᠭᠵᠢᠯᠲᠡ᠎ᠳᠦ ᠰᠢᠨ᠎ᠡ ᠬᠦᠳᠡᠯᠭᠡᠭ᠌ᠴᠢ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠦᠭᠡᠢ᠂ ᠨᠠᠩ ᠴᠤ᠌ ᠥᠪᠥᠷ ᠮᠣᠩᠭᠣᠯ᠎ᠤᠨ ᠬᠠᠪᠤᠷ᠎ᠤᠨ ᠰᠢᠯᠢᠮᠳᠡᠭ᠎ᠦᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠬᠡᠪ ᠳᠠᠭᠤᠷᠢᠶᠠᠯ ᠪᠣᠯᠵᠤ᠂ ᠪᠥᠬᠥ ᠣᠷᠣᠨ᠎ᠤ ᠰᠢᠯᠢᠮᠳᠡᠭ᠎ᠦᠨ ᠥᠨᠳᠥᠷ ᠪᠦᠲᠦᠮᠵᠢᠲᠡᠶ ᠥᠨᠳᠥᠷ ᠤᠨᠠᠯᠲᠠ᠎ᠲᠠᠢ ᠲᠠᠷᠢᠶᠠᠯᠠᠭ᠎ᠠ᠎ᠳᠤ ᠬᠠᠭᠤᠯᠪᠤᠷᠢᠯᠠᠵᠤ ᠪᠣᠯᠬᠤᠢ᠍ᠢᠴᠠ᠂ ᠳᠡᠯᠭᠡᠷᠡᠭᠦᠯᠵᠦ᠍ ᠪᠣᠯᠬᠤᠢ᠍ᠢᠴᠠ ᠦᠢᠯᠡᠳᠦᠯᠭᠡ᠎ᠶᠢᠨ ᠲᠤᠷᠰᠢᠯᠭ᠎ᠠ ᠬᠠᠩᠭᠠᠵᠠᠢ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ