ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ᠎ᠳᠡᠬᠢ ᠡᠷᠳᠡᠨᠢ ᠰᠢᠰᠢ᠎ᠶᠢᠨ ᠪᠣᠬᠢᠷᠲᠤᠯ ᠦᠭᠡᠢ᠎ᠪᠠᠷ ᠰᠡᠷᠭᠡᠢᠯᠡᠨ ᠳᠠᠷᠤᠬᠤ᠎ᠶ᠋ᠢᠨ ᠵᠢᠱ᠌ᠢᠶ᠎ᠡ ᠦᠵᠡᠭᠦᠯᠬᠦ ᠣᠷᠣᠨ᠎ᠤ ᠮᠦ᠍ ᠪᠦᠷᠢ᠎ᠶᠢᠨ ᠤᠨᠠᠯᠲᠠ 1300 ᠺᠢᠯᠣᠭ᠌ᠷᠠᠮ᠎ᠢ ᠳᠠᠪᠠᠪᠠ
ᠨᠡᠶ᠋ᠢᠲᠡᠯᠡᠭᠰᠡᠨ ᠴᠠᠭ᠄ 2025-10-22

ᠰᠤᠷᠪᠤᠯᠵᠢᠯᠠᠭ᠍ᠴᠢ ᠬᠥᠬᠡᠬᠣᠲᠠ᠎ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠭᠤᠨ ᠮᠠᠯᠵᠢᠬᠤ ᠣᠷᠣᠨ᠎ᠤ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠡᠷᠳᠡᠨᠢ ᠰᠢᠰᠢ᠎ᠶᠢ ᠨᠢᠭ᠍ᠲᠠ ᠳᠠᠷᠢᠵᠤ ᠥᠨᠳᠥᠷ ᠤᠨᠠᠯᠲᠠ᠎ᠲᠠᠢ ᠪᠣᠯᠭᠠᠬᠤ ᠮᠡᠷᠭᠡᠵᠢᠯ᠎ᠦᠨ ᠠᠬᠤᠢ ᠪᠠᠢᠳᠠᠯ ᠳᠣᠣᠷᠠᠬᠢ ᠬᠣᠷᠣᠬᠠᠢ ᠭᠡᠮ᠎ᠢ ᠪᠣᠬᠢᠷᠲᠤᠯ ᠦᠭᠡᠢ᠎ᠪᠡᠷ ᠰᠡᠷᠭᠡᠢᠯᠡᠨ ᠳᠠᠷᠤᠬᠤ ᠠᠷᠭ᠎ᠠ ᠵᠠᠮ᠎ᠢ ᠰᠦᠪᠡᠭᠴᠢᠯᠡᠬᠦ᠎ᠶᠢᠨ ᠲᠥᠯᠥᠭᠡ᠂ ᠡᠨᠡ ᠵᠢᠯ᠎ᠡᠴᠡ ᠨᠠᠭᠠᠰᠢ᠂ ᠬᠥᠬᠡᠬᠣᠲᠠ᠎ᠶᠢᠨ ᠤᠷᠭᠤᠮᠠᠯ᠎ᠤᠨ ᠬᠠᠮᠠᠭᠠᠯᠠᠯᠲᠠ ᠤᠷᠭᠤᠮᠠᠯ᠎ᠤᠨ ᠪᠠᠢᠴᠠᠭᠠᠯᠲᠠ᠎ᠶᠢᠨ ᠲᠥᠪ ᠲᠦᠮᠡᠳ ᠵᠡᠭᠦᠨ ᠬᠣᠰᠢᠭᠤᠨ᠎ᠤ ᠤᠯᠤᠰ᠎ᠤᠨ ᠣᠲᠣ᠌ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠳᠦ ᠡᠷᠳᠡᠨᠢ ᠰᠢᠰᠢ᠎ᠶᠢᠨ ᠬᠣᠷᠣᠬᠠᠢ ᠭᠡᠮ ᠡᠪᠡᠰᠦᠨ᠎ᠦ ᠬᠥᠨᠥᠭᠡᠯ᠎ᠢ ᠪᠣᠬᠢᠷᠲᠤᠯ ᠦᠭᠡᠢ᠎ᠪᠡᠷ ᠰᠡᠷᠭᠡᠢᠯᠡᠨ ᠳᠠᠷᠤᠬᠤ ᠲᠠᠷᠢᠶᠠᠨ ᠡᠮ ᠬᠡᠷᠡᠭ᠌ᠯᠡᠬᠦ᠌᠎ᠶ᠋ᠢ ᠪᠠᠭᠠᠰᠬᠠᠬᠤ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠣᠷᠣᠨ᠎ᠢ ᠭᠣᠣᠯᠳᠠᠯᠭ᠎ᠠ᠎ᠲᠠᠢ ᠪᠠᠢᠭᠤᠯᠤᠭᠰᠠᠨ ᠪᠠᠢᠨ᠎ᠠ᠃ ᠲᠦᠷᠦᠭᠦᠬᠡᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠲᠠᠷᠢᠮᠠᠯ᠎ᠤᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠤᠨ ᠬᠠᠮᠠᠭᠠᠯᠠᠯᠲᠠ ᠤᠷᠭᠤᠮᠠᠯ᠎ᠤᠨ ᠪᠠᠢᠴᠠᠭᠠᠯᠲᠠ᠎ᠶ᠋ᠢᠨ ᠲᠥᠪ ᠲᠤᠰᠭᠠᠢ ᠮᠡᠷᠭᠡᠵᠢᠯᠲᠡᠨ᠎ᠦ ᠪᠦᠯᠬᠦᠮ ᠪᠠᠢᠭᠤᠯᠤᠨ᠂ ᠵᠢᠱ᠌ᠢᠶ᠎ᠡ ᠦᠵᠡᠭᠦᠯᠬᠦ ᠣᠷᠣᠨ᠎ᠤ ᠤᠨᠠᠯᠲᠠ᠎ᠶ᠋ᠢ ᠲᠤᠬᠠᠢ᠎ᠶᠢᠨ ᠭᠠᠵᠠᠷ᠎ᠲᠤ ᠨᠢ ᠬᠡᠮᠵᠢᠨ ᠪᠠᠢᠴᠠᠭᠠᠭᠰᠠᠨ᠎ᠤ ᠳ᠋ᠦᠩ᠎ᠳᠦ᠂ ᠵᠢᠱ᠌ᠢᠶ᠎ᠡ ᠦᠵᠡᠭᠦᠯᠬᠦ ᠣᠷᠣᠨ᠎ᠤ ᠡᠷᠳᠡᠨᠢ ᠰᠢᠰᠢ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ 1315 ᠺᠢᠯᠣᠭ᠌ᠷᠠᠮ (ᠦᠷ᠎ᠡ ᠮᠥᠬᠥᠯᠢᠭ᠎ᠲᠠᠬᠢ ᠤᠰᠤᠨ᠎ᠤ ᠠᠭᠤᠯᠤᠭᠳᠠᠴᠠ᠎ᠶᠢᠨ 14%᠎ᠪᠠᠷ ᠨᠤᠭᠤᠯᠤᠨ ᠪᠣᠳᠣᠵᠠᠢ)᠎ᠳᠤ ᠬᠦᠷᠴᠦ᠂ ᠬᠣᠷᠣᠬᠠᠢ ᠭᠡᠮ᠎ᠢ ᠥᠨᠳᠥᠷ ᠪᠦᠲᠦᠮᠵᠢᠲᠡᠶ᠎ᠪᠡᠷ ᠰᠡᠷᠭᠡᠢᠯᠡᠨ ᠳᠠᠷᠤᠬᠤ᠎ᠶᠢ ᠪᠡᠶᠡᠯᠡᠭᠦᠯᠵᠦ᠂ ᠲᠠᠷᠢᠶᠠᠨ ᠡᠮ᠎ᠦᠨ ᠬᠡᠷᠡᠭᠯᠡᠬᠦ ᠬᠡᠮᠵᠢᠶ᠎ᠡ᠎ᠶᠢ ᠢᠯᠡᠳᠲᠡ ᠪᠠᠭᠤᠷᠠᠭᠤᠯᠤᠭ᠍ᠰᠠᠨ᠎ᠤ ᠬᠠᠮᠲᠤ᠂ ᠬᠥᠬᠡᠬᠣᠲᠠ᠎ᠳᠡᠬᠢ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢᠨ ᠰᠢᠨ᠎ᠡ ᠲᠡᠮᠳᠡᠭᠯᠡᠯ᠎ᠢ ᠡᠭᠦᠳᠪᠡ᠃ 

ᠡᠷᠳᠡᠨᠢ ᠰᠢᠰᠢ᠎ᠶᠢᠨ ᠦᠢᠯᠡᠳᠪᠦᠷᠢᠯᠡᠯ᠎ᠳᠡᠬᠢ ᠬᠣᠷᠣᠬᠠᠢ ᠭᠡᠮ᠎ᠢ ᠰᠡᠷᠭᠡᠢᠯᠡᠨ ᠵᠠᠰᠠᠬᠤ ᠵᠠᠩᠭᠢᠯᠠᠭ᠎ᠠ᠎ᠶᠢᠨ ᠬᠤᠭᠤᠴᠠᠭᠠᠨ᠎ᠳᠠᠬᠢ ᠳᠠᠷᠤᠬᠤ᠎ᠳᠤ ᠬᠦᠴᠢᠷ᠂ ᠡᠪᠡᠰᠦ ᠠᠷᠢᠯᠭᠠᠬᠤ ᠡᠳ᠋ ᠬᠡᠷᠡᠭᠯᠡᠬᠦ ᠬᠡᠮᠵᠢᠶ᠎ᠡ ᠥᠨᠳᠥᠷ ᠪᠠᠢᠬᠤ ᠵᠡᠷᠭᠡ ᠭᠣᠣᠯ ᠠᠰᠠᠭᠤᠳᠠᠯ᠎ᠳᠤ ᠴᠢᠭᠯᠡᠭᠦᠯᠦᠨ᠂ ᠵᠢᠱ᠌ᠢᠶ᠎ᠡ ᠦᠵᠡᠭᠦᠯᠬᠦ ᠣᠷᠣᠨ᠎ᠳᠤ ᠪᠣᠬᠢᠷᠲᠤᠯ ᠦᠭᠡᠢ᠎ᠪᠠᠷ ᠰᠡᠷᠭᠡᠢᠯᠡᠨ ᠳᠠᠷᠤᠬᠤ ᠤᠯᠠᠨ ᠵᠦᠢᠯ᠎ᠦᠨ ᠮᠡᠷᠭᠡᠵᠢᠯ᠎ᠢ ᠬᠤᠷᠠᠮᠳᠤᠭᠤᠯᠤᠨ ᠬᠡᠷᠡᠭᠯᠡᠵᠦ᠂ 《ᠤᠷᠢᠳᠴᠢᠯᠠᠨ ᠰᠡᠷᠭᠡᠢᠯᠡᠬᠦ᠎ᠪᠡᠷ ᠭᠣᠣᠯᠯᠠᠭᠤᠯᠵᠤ᠂ ᠶᠡᠷᠦᠩᠬᠡᠢᠯᠡᠨ ᠰᠡᠷᠭᠡᠢᠯᠡᠨ ᠵᠠᠰᠠᠬᠤ》 ᠰᠢᠨᠵᠢᠯᠡᠬᠦ ᠤᠬᠠᠭᠠᠨᠴᠢ ᠰᠡᠷᠭᠡᠢᠯᠡᠨ ᠳᠠᠷᠤᠬᠤ ᠲᠣᠭ᠍ᠲᠠᠯᠴᠠᠭ᠎ᠠ᠎ᠶ᠋ᠢ ᠪᠠᠢᠭᠤᠯᠵᠠᠢ᠃ 

ᠡᠭᠦᠨ᠎ᠳᠦ᠂ 7 ᠳ᠋ᠤᠭᠠᠷ ᠰᠠᠷ᠎ᠠ᠎ᠶᠢᠨ ᠰᠡᠭᠦᠯᠴᠢ᠎ᠡᠴᠡ 8 ᠳ᠋ᠤᠭᠠᠷ ᠰᠠᠷ᠎ᠠ᠎ᠶᠢᠨ ᠳᠤᠮᠳᠠᠴᠢ ᠪᠣᠯᠲᠠᠯᠠᠬᠢ ᠡᠷᠳᠡᠨᠢ ᠰᠢᠰᠢ᠎ᠶᠢᠨ ᠬᠡᠷᠴᠢᠮ ᠬᠡᠯᠪᠡᠷᠢᠲᠦ ᠨᠠᠪᠴᠢᠨ ᠬᠠᠴᠢᠭ᠋ ᠠᠮᠠᠷᠬᠠᠨ ᠡᠭᠦᠰᠳᠡᠭ ᠵᠠᠩᠭᠢᠯᠠᠭ᠎ᠠ᠎ᠶᠢᠨ ᠬᠤᠭᠤᠴᠠᠭᠠᠨ᠎ᠳᠤ ᠴᠢᠭᠯᠡᠭᠦᠯᠦᠨ᠂ ᠵᠢᠱ᠌ᠢᠶ᠎ᠡ ᠦᠵᠡᠭᠦᠯᠬᠦ ᠣᠷᠣᠨ ᠨᠢ ᠳᠤᠰᠤᠯᠭᠠᠨ ᠤᠰᠤᠯᠠᠵᠤ ᠤᠰᠤ ᠪᠠ ᠪᠣᠷᠳᠣᠭᠤᠷ᠎ᠢ ᠵᠣᠬᠢᠴᠠᠭᠤᠯᠤᠨ ᠲᠣᠬᠢᠷᠠᠭᠤᠯᠬᠤ᠎ᠪᠠᠷ ᠳᠡᠮᠵᠢᠨ᠂ ᠲᠠᠷᠢᠶᠠᠨ ᠭᠠᠵᠠᠷ᠎ᠤᠨ ᠴᠢᠭᠢᠭ᠎ᠦᠨ ᠬᠡᠮᠵᠢᠶ᠎ᠡ᠎ᠶ᠋ᠢ ᠣᠨᠣᠪᠴᠢᠲᠠᠶ ᠡᠵᠡᠮᠳᠡᠵᠦ᠂ ᠨᠠᠪᠴᠢᠨ ᠬᠠᠴᠢᠭ᠋᠎ᠤᠨ ᠲᠦᠷᠭᠡᠨ ᠦᠷᠡᠵᠢᠬᠦ᠎ᠳᠦ ᠠᠰᠢᠭ᠋ ᠦᠭᠡᠢ ᠠᠮᠢ ᠠᠬᠤᠢ᠎ᠶᠢᠨ ᠣᠷᠴᠢᠨ ᠨᠦᠬᠦᠴᠡᠯ ᠲᠠᠢ ᠪᠣᠯᠭᠠᠵᠠᠢ; ᠡᠭᠦᠨ᠎ᠦ ᠬᠠᠮᠲᠤ ᠡᠮ ᠨᠠᠢᠷᠠᠭᠤᠯᠬᠤ ᠶᠠᠪᠤᠴᠠ᠎ᠳᠤ᠎ᠪᠠᠨ ᠰᠠᠭᠤᠭᠳᠠᠭᠤᠯᠬᠤ᠎ᠳᠦ ᠲᠤᠰᠠᠯᠠᠭ᠍ᠴᠢ ᠡᠳ᠋ ᠪᠠ ᠠᠱᠢᠭ᠍ᠯᠠᠮᠵᠢ᠎ᠶ᠋ᠢ ᠨᠡᠮᠡᠭᠳᠡᠭᠦᠯᠬᠦ ᠲᠤᠰᠠᠯᠠᠭ᠍ᠴᠢ ᠡᠳ᠋ ᠨᠡᠮᠡᠵᠦ᠂ ᠲᠠᠷᠢᠮᠠᠯ᠎ᠤᠨ ᠨᠠᠪᠴᠢᠨ᠎ᠳᠠᠬᠢ ᠡᠮ᠎ᠦᠨ ᠰᠢᠩᠭᠡᠨ᠎ᠦ ᠨᠠᠭᠠᠯᠳᠤᠬᠤ ᠨᠣᠷᠮ᠎ᠠ ᠪᠠ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠲᠠᠷᠢᠶᠠᠨ ᠡᠮ᠎ᠦᠨ ᠬᠥᠪᠦᠨ ᠱᠢᠯᠵᠢᠵᠦ᠍ ᠪᠦᠷᠢᠯᠭᠡᠬᠦ᠎ᠶᠢ ᠤᠯᠠᠮ ᠨᠢᠭᠡ ᠠᠯᠬᠤᠮ ᠪᠠᠭᠠᠰᠬᠠᠵᠤ᠂ 《ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ》 ᠬᠢᠭᠡᠳ 《ᠡᠮ ᠬᠡᠷᠡᠭᠯᠡᠬᠦ ᠥᠪᠡᠷ᠎ᠦᠨ ᠥᠷᠲᠡᠭ᠎ᠢ ᠪᠠᠭᠤᠷᠠᠭᠤᠯᠬᠤ》 ᠬᠣᠣᠰ ᠬᠠᠷᠠᠯᠲᠠ᠎ᠶᠢ ᠪᠡᠶᠡᠯᠡᠭᠦᠯᠪᠡ᠃ 

ᠪᠦᠷᠢᠳᠬᠡᠯ᠎ᠢ ᠦᠨᠳᠦᠰᠦᠯᠡᠪᠡᠯ᠂ ᠵᠢᠱ᠌ᠢᠶ᠎ᠡ ᠦᠵᠡᠭᠦᠯᠬᠦ ᠣᠷᠣᠨ᠎ᠤ ᠲᠠᠷᠢᠶᠠᠨ ᠡᠮ ᠬᠡᠷᠡᠭᠯᠡᠬᠦ ᠬᠡᠮᠵᠢᠶ᠎ᠡ᠎ᠶᠢ ᠤᠯᠠᠮᠵᠢᠯᠠᠯᠲᠤ ᠲᠠᠷᠢᠵᠤ ᠤᠷᠭᠤᠭᠤᠯᠬᠤ ᠬᠡᠪ ᠵᠠᠭᠪᠤᠷ᠎ᠠᠴᠠ 30% ᠢᠯᠡᠭᠦᠦ᠎ᠪᠠᠷ ᠪᠠᠭᠠᠰᠬᠠᠵᠤ᠂ ᠬᠣᠷᠣᠬᠠᠢ ᠭᠡᠮ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠦᠷ᠎ᠡ ᠪᠦᠲᠦᠮᠵᠢ ᠳᠡᠭᠡᠭ᠌ᠰᠢᠯᠡᠭᠡᠳ 90%᠎ᠳᠦ ᠬᠦᠷᠴᠡᠢ; ᠵᠢᠱ᠌ᠢᠶ᠎ᠡ ᠦᠵᠡᠭᠦᠯᠬᠦ ᠣᠷᠣᠨ᠎ᠤ ᠲᠠᠯᠠᠪᠠᠢ ᠨᠢᠭᠡᠴᠢ᠎ᠶᠢᠨ ᠳᠤᠮᠳᠠᠴᠢ ᠤᠨᠠᠯᠲᠠ ᠨᠢ ᠲᠠᠷᠢᠶᠠᠴᠢᠳ᠎ᠤᠨ ᠡᠩ᠎ᠦᠨ ᠲᠠᠷᠢᠵᠤ ᠤᠷᠭᠤᠭᠤᠯᠤᠭ᠍ᠰᠠᠨ᠎ᠡᠴᠡ ᠮᠦ᠍ ᠪᠦᠷᠢ 390.2 ᠺᠢᠯᠣᠭ᠌ᠷᠠᠮ ᠨᠡᠮᠡᠭ᠌ᠳᠡᠵᠡᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ