ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠭᠠᠷᠭᠠᠨ ᠠᠪᠬᠤ ᠴᠤᠪᠤᠷᠠᠯ᠎ᠢ ᠰᠢᠯᠢᠳᠡᠭᠵᠢᠭᠦᠯᠪᠡ
ᠨᠡᠶ᠋ᠢᠲᠡᠯᠡᠭᠰᠡᠨ ᠴᠠᠭ᠄ 2025-10-23

ᠣᠢᠷ᠎ᠠ᠎ᠳᠤ᠂ ᠬᠥᠬᠡᠬᠣᠲᠠ᠎ᠶᠢᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠥᠪ ᠴᠢᠬᠤᠯᠠ ᠮᠡᠳᠡᠭᠳᠡᠯ ᠨᠡᠢᠲᠡᠯᠡᠵᠦ᠂ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶ᠋ᠢ ᠭᠠᠷᠭᠠᠨ ᠠᠪᠴᠤ᠌ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠪᠠᠨ ᠲᠦᠯᠦᠬᠦ᠌ ᠲᠤᠬᠠᠢᠯᠠᠭᠰᠠᠨ ᠠᠵᠢᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠰᠢᠶᠠᠵᠤ ᠬᠠᠳᠠᠭᠠᠯᠠᠭᠤᠯᠤᠭᠰᠠᠨ ᠠᠵᠢᠯᠲᠠᠨ ᠠᠵᠢᠯᠴᠢᠨ᠎ᠤ ᠵᠢᠭᠡᠯᠡᠯᠭᠡ ᠲᠦᠯᠦᠬᠦ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠵᠡᠢ᠃ 

ᠮᠡᠳᠡᠭᠳᠡᠯ᠎ᠢ ᠦᠨᠳᠦᠰᠦᠯᠡᠪᠡᠯ᠂ ᠲᠤᠰᠢᠶᠠᠨ ᠬᠠᠳᠠᠭᠠᠯᠠᠭᠤᠯᠤᠭ᠍ᠰᠠᠨ ᠠᠵᠢᠯᠲᠠᠨ ᠠᠵᠢᠯᠴᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠠᠨ ᠭᠠᠷᠭᠠᠨ ᠠᠪᠴᠤ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠪᠡᠨ ᠤᠷᠢᠳᠴᠢᠯᠠᠨ ᠲᠥᠯᠥᠵᠦ ᠳᠠᠭᠤᠰᠬᠠᠬᠤ᠎ᠳᠤ ᠬᠡᠷᠡᠭᠯᠡᠬᠦ ᠬᠡᠪ ᠵᠠᠭᠪᠤᠷ᠎ᠢ ᠳᠡᠮᠵᠢᠬᠦ᠌᠎ᠪᠠᠷ 《ᠤᠷᠢᠳ᠎ᠢᠶᠠᠷ ᠲᠥᠯᠥᠵᠦ ᠳᠠᠭᠤᠰᠬᠠᠭᠠᠳ ᠳᠠᠷᠠᠭ᠎ᠠ ᠨᠢ ᠭᠠᠷᠭᠠᠨ ᠠᠪᠬᠤ》 ᠪᠠᠢᠭᠰᠠᠨ᠎ᠢ 《ᠤᠷᠢᠳ᠎ᠢᠶᠠᠷ ᠭᠠᠷᠭᠠᠨ ᠠᠪᠴᠤ ᠳᠠᠷᠠᠭ᠎ᠠ ᠨᠢ ᠲᠥᠯᠥᠬᠦ》 ᠪᠣᠯᠭᠠᠨ ᠱᠢᠯᠢᠳᠡᠭ᠌ᠵᠢᠭᠦᠯᠪᠡ᠂ ᠲᠤᠬᠠᠢᠯᠠᠪᠠᠯ ᠲᠤᠰᠢᠶᠠᠨ ᠬᠠᠳᠠᠭᠠᠯᠠᠭᠤᠯᠤᠭ᠍ᠰᠠᠨ ᠠᠵᠢᠯᠲᠠᠨ ᠠᠵᠢᠯᠴᠢᠨ ᠬᠤᠪᠢ ᠬᠥᠮᠥᠨ᠎ᠦ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠠᠩᠰᠠᠨ᠎ᠳᠡᠬᠢ ᠦᠯᠡᠳᠡᠪᠦᠷᠢ᠎ᠪᠡᠨ ᠭᠠᠷᠭᠠᠨ ᠠᠪᠬᠤ᠎ᠪᠠᠷ ᠭᠤᠶᠤᠴᠢᠯᠠᠵᠤ᠂ ᠲᠣᠰ ᠬᠥᠮᠥᠨ ᠵᠢᠴᠢ ᠬᠠᠨᠢ ᠨᠦᠬᠦᠷ᠂ ᠦᠷ᠎ᠡ ᠬᠡᠦᠬᠡᠳ᠂ ᠡᠴᠢᠭᠡ ᠡᠬᠡ᠎ᠶᠢᠨ᠎ᠢᠶᠡᠨ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠶᠢ ᠤᠷᠢᠳᠴᠢᠯᠠᠨ ᠲᠥᠯᠥᠵᠦ ᠳᠠᠭᠤᠰᠬᠠᠬᠤ᠎ᠳᠤ ᠬᠡᠷᠡᠭᠯᠡᠵᠦ ᠪᠣᠯᠣᠨ᠎ᠠ᠃ ᠭᠠᠷᠭᠠᠨ ᠠᠪᠬᠤ ᠵᠣᠭᠣᠰ᠎ᠤᠨ ᠲᠣᠭ᠎ᠠ᠎ᠶᠢ ᠵᠣᠬᠢᠴᠠᠭ᠍ᠰᠠᠨ ᠬᠤᠳᠠᠯᠳᠤᠭᠠᠨ᠎ᠤ ᠪᠠᠩᠬᠢ᠎ᠶᠢᠨ ᠵᠢᠭᠡᠯᠡᠯᠭᠡ ᠲᠦᠯᠦᠬᠦ᠌ ᠲᠤᠰᠬᠠᠢ ᠲᠠᠩᠰᠠᠨ᠎ᠳᠦ ᠰᠢᠭᠤᠳ ᠬᠤᠪᠢᠶᠠᠷᠢᠯᠠᠨ ᠰᠢᠯᠵᠢᠭᠦᠯᠬᠦ ᠮᠦᠷᠲᠡᠭᠡᠨ ᠭᠠᠷᠭᠠᠨ ᠠᠪᠤᠭ᠍ᠴᠢ ᠪᠤᠶᠤ ᠣᠯᠠᠨ ᠭᠠᠷᠭᠠᠨ ᠠᠪᠤᠭ᠍ᠴᠢ᠎ᠶᠢᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠠᠩᠰᠠᠨ᠎ᠳᠡᠬᠢ ᠨᠡᠶ᠋ᠢᠲᠡ ᠦᠯᠡᠳᠡᠪᠦᠷᠢ ᠨᠢ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠶᠢᠨ ᠦᠯᠡᠳᠡᠪᠦᠷᠢ᠎ᠡᠴᠡ ᠪᠠᠭ᠎ᠠ ᠪᠠᠢᠵᠤ ᠪᠣᠯᠬᠤ ᠦᠭᠡᠢ᠃ 

ᠡᠭᠦᠨ᠎ᠡᠴᠡ ᠭᠠᠳᠠᠨ᠎ᠠ᠂ ᠤᠤᠯ᠎ᠤᠨ 《ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠪᠠᠨ ᠭᠠᠷᠭᠠᠨ ᠠᠪᠴᠤ᠌ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠪᠠᠨ ᠨᠢᠭᠡ ᠯᠡ ᠤᠳᠠᠭ᠎ᠠ᠎ᠳᠤ ᠲᠥᠯᠥᠵᠦ ᠳᠠᠭᠤᠰᠭᠠᠬᠤ》 ᠲᠤᠬᠠᠢᠯᠠᠭᠰᠠᠨ ᠠᠵᠢᠯ᠎ᠢ ᠦᠷᠭᠦᠯᠵᠢᠯᠡᠨ ᠬᠡᠷᠡᠭ᠌ᠵᠢᠭᠦᠯᠦᠨ᠎ᠡ᠃ ᠲᠣᠰ ᠤᠳᠠᠭᠠᠨ᠎ᠤ ᠲᠥᠷᠥ᠎ᠶᠢᠨ ᠪᠣᠳᠣᠯᠭ᠎ᠠ᠎ᠶᠢ ᠰᠢᠯᠢᠳᠡᠭᠵᠢᠭᠦᠯᠬᠦ᠎ᠳᠦ 《ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠬᠠᠮᠢᠶᠠᠷᠤᠯᠲᠠ᠎ᠶᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠬᠤ ᠬᠠᠮᠢᠶᠠᠷᠤᠯᠲᠠ᠎ᠶᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭᠠᠯ᠎ᠢ ᠦᠨᠳᠦᠰᠦᠯᠡᠨ᠂ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠨᠡᠢᠲᠡᠯᠡᠵᠡᠢ᠂ ᠡᠭᠦᠨ᠎ᠦ ᠵᠣᠷᠢᠯᠭ᠎ᠠ ᠨᠢ ᠣᠷᠣᠨ ᠰᠠᠭᠤᠴᠠ᠎ᠶᠢᠨ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥᠨ᠎ᠦ ᠳᠦᠷᠢᠮ᠎ᠦᠨ ᠪᠠᠲᠤᠯᠠᠭ᠎ᠠ᠎ᠶ᠋ᠢᠨ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ᠎ᠶ᠋ᠢᠨ ᠲᠥᠯᠥᠭᠡ ᠶᠤᠮ᠃ ᠪᠣᠳᠠᠲᠠᠢ ᠲᠤᠬᠠᠢᠯᠠᠭᠰᠠᠨ ᠠᠵᠢᠯ᠎ᠢ ᠭᠦᠢᠴᠡᠳᠬᠡᠬᠦ᠎ᠳᠦ 《ᠬᠥᠬᠡᠬᠣᠲᠠ᠎ᠶᠢᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠥᠪ᠎ᠦᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢ ᠭᠠᠷᠭᠠᠨ ᠠᠪᠴᠤ᠌ ᠬᠤᠪᠢ ᠬᠥᠮᠥᠨ᠎ᠦ ᠣᠷᠣᠨ ᠰᠠᠭᠤᠴᠠ᠎ᠶᠢᠨ ᠬᠤᠳᠠᠯᠳᠤᠭᠠᠨ᠎ᠤ ᠵᠢᠭᠡᠯᠡᠯᠭᠡ᠎ᠪᠡᠨ ᠤᠷᠢᠳᠴᠢᠯᠠᠨ ᠲᠥᠯᠥᠵᠦ ᠳᠠᠭᠤᠰᠭᠠᠬᠤ ᠲᠤᠬᠠᠢᠯᠠᠭᠰᠠᠨ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》᠎ᠢᠶᠡᠷ ᠯᠠᠪᠯᠠᠯᠲᠠ ᠪᠣᠯᠭᠠᠵᠤ ᠪᠣᠯᠣᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ