ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠥᠬᠥ ᠤᠯᠤᠰ᠎ᠲᠠᠬᠢ ᠠᠩᠬᠠᠳᠠᠭ᠍ᠴᠢ ᠪᠣᠯᠬᠤ ᠲᠡᠰᠬᠢᠮ᠎ᠡ ᠬᠦᠢᠲᠡᠨ᠎ᠳᠦ ᠬᠣᠯᠠ᠎ᠠᠴᠠ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ᠎ᠢ ᠲᠤᠷᠰᠢᠨ ᠠᠵᠢᠯᠯᠠᠭᠤᠯᠪᠠ
ᠨᠡᠶ᠋ᠢᠲᠡᠯᠡᠭᠰᠡᠨ ᠴᠠᠭ᠄ 2025-10-23

ᠣᠢᠷ᠎ᠠ᠎ᠳᠤ᠂ ᠬᠥᠯᠥᠨ ᠪᠣᠶ᠋ᠢᠷ ᠬᠣᠲᠠ᠎ᠶᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠪᠠᠶᠠᠨᠲᠠᠯ᠎ᠠ᠎ᠶᠢᠨ ᠳᠠᠭᠤᠷ ᠦᠨᠳᠦᠰᠦᠲᠡᠨ᠎ᠦ ᠰᠢᠶᠠᠩ᠎ᠳᠤ ᠲᠥᠪᠯᠡᠷᠡᠭᠦᠯᠦᠨ ᠢᠯᠴᠢ ᠬᠠᠩᠭᠠᠬᠤ ᠢᠨᠵᠧᠨᠧᠷᠢᠩ᠎ᠢ ᠲᠤᠷᠰᠢᠨ ᠠᠵᠢᠯᠯᠠᠭᠤᠯᠵᠤ ᠡᠬᠢᠯᠡᠪᠡ᠂ ᠲᠣᠰ ᠰᠢᠶᠠᠩ ᠨᠢ ᠪᠥᠬᠥ ᠤᠯᠤᠰ᠎ᠲᠠᠬᠢ ᠠᠩᠬᠠᠳᠠᠭ᠍ᠴᠢ ᠪᠣᠯᠬᠤ ᠲᠡᠰᠬᠢᠮ᠎ᠡ ᠬᠦᠢᠲᠡᠨ᠎ᠳᠦ ᠬᠣᠯᠠ᠎ᠠᠴᠠ ᠲᠥᠪᠯᠡᠷᠡᠭᠦᠯᠦᠨ ᠢᠯᠴᠢ ᠬᠠᠩᠭᠠᠬᠤ ᠦᠨᠳᠦᠰᠦᠲᠡᠨ᠎ᠦ ᠰᠢᠶᠠᠩ ᠪᠣᠯᠵᠤ᠂ 64.2 ᠺᠢᠯᠣᠮᠧᠲᠷ᠎ᠦᠨ ᠢᠯᠴᠢ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠢᠶᠠᠷ 《ᠳᠤᠯᠠᠭᠠᠨ᠎ᠤ ᠲᠣᠣᠷ》᠎ᠢ ᠰᠦᠯᠵᠢᠵᠦ᠂ ᠲᠤᠬᠠᠢ᠎ᠶᠢᠨ ᠭᠠᠵᠠᠷ᠎ᠤᠨ 900 ᠭᠠᠷᠤᠢ ᠡᠷᠦᠬᠡ ᠮᠠᠯᠴᠢᠨ ᠲᠠᠷᠢᠶᠠᠴᠢᠨ᠎ᠤ ᠡᠪᠦᠯ᠎ᠦᠨ ᠤᠯᠠᠷᠢᠯ᠎ᠤᠨ ᠠᠮᠢᠳᠤᠷᠠᠯ᠎ᠢ ᠲᠤᠢᠯᠪᠤᠷᠢᠲᠠᠢ ᠰᠠᠢᠵᠢᠷᠠᠭᠤᠯᠤᠭᠰᠠᠨ ᠪᠠᠢᠨ᠎ᠠ᠃

ᠡᠨᠡ ᠬᠦ᠌ ᠲᠦᠷᠦᠯ ᠵᠦᠢᠯ᠎ᠢ 2023 ᠣᠨ᠎ᠠᠴᠠ ᠡᠬᠢᠯᠡᠭᠦᠯᠦᠨ 2025 ᠣᠨ᠎ᠳᠤ ᠠᠰᠢᠭ᠍ᠯᠠᠯᠲᠠ᠎ᠳᠤ ᠣᠷᠣᠭᠤᠯᠵᠤ᠂ 3 ᠵᠢᠯ᠎ᠦᠨ ᠬᠤᠭᠤᠴᠠᠭᠠᠨ᠎ᠳᠤ ᠪᠠᠷᠢᠯᠭ᠎ᠠ᠎ᠶᠢᠨ ᠠᠵᠢᠯ᠎ᠤᠨ ᠪᠦᠯᠬᠦᠮ᠎ᠦᠨ ᠬᠢᠨ ᠢᠮᠠᠭᠲᠠ ᠲᠡᠰᠬᠢᠮ᠎ᠡ ᠬᠦᠢᠲᠡᠨ᠎ᠢ ᠬᠠᠢᠬᠤᠷᠤᠯ ᠦᠭᠡᠢ ᠠᠵᠢᠯᠯᠠᠭᠰᠠᠭᠠᠷ ᠢᠷᠡᠵᠠᠢ᠃ ᠡᠪᠦᠯ᠎ᠦᠨ ᠤᠯᠠᠷᠢᠯ᠎ᠤᠨ ᠬᠠᠮᠤᠭ᠎ᠤᠨ ᠳᠣᠣᠷ᠎ᠠ᠎ᠳᠤ᠎ᠪᠠᠨ - 40℃ ᠎ᠤᠨ ᠲᠤᠢᠯ᠎ᠤᠨ ᠬᠦᠢᠲᠡᠨ ᠠᠭᠤᠷ ᠠᠮᠢᠰᠬᠤᠯ᠂ ᠵᠣᠨ᠎ᠤ ᠤᠯᠠᠷᠢᠯ᠎ᠳᠤ 4 ᠰᠠᠷ᠎ᠠ ᠬᠦᠷᠬᠦ ᠦᠭᠡᠢ ᠪᠦᠲᠦᠮᠵᠢᠲᠡᠶ ᠠᠵᠢᠯᠯᠠᠬᠤ ᠪᠠᠷᠢᠯᠭ᠎ᠠ᠎ᠶᠢᠨ ᠬᠤᠭᠤᠴᠠᠭ᠎ᠠ ᠵᠢᠴᠢ ᠮᠠᠯᠴᠢᠳ᠎ᠤᠨ ᠲᠠᠷᠠᠬᠠᠢ ᠪᠤᠲᠠᠷᠬᠠᠢ ᠰᠠᠭᠤᠷᠢᠰᠢᠭ᠍ᠰᠠᠨ᠎ᠠᠴᠠ ᠪᠣᠯᠤᠭᠰᠠᠨ ᠬᠣᠭᠣᠯᠠᠢ ᠭᠤᠤᠷᠰᠤ᠎ᠶᠢᠨ ᠲᠣᠣᠷ᠎ᠢ ᠳᠡᠪᠢᠰᠬᠦ᠎ᠳᠦ ᠬᠦᠴᠢᠷᠲᠡᠢ ᠪᠠᠢᠳᠠᠯ᠎ᠤᠨ ᠡᠮᠦᠨ᠎ᠡ᠂ ᠪᠦᠲᠦᠭᠡᠨ ᠪᠠᠢᠭᠤᠯᠤᠭ᠍ᠴᠢᠳ ᠪᠠᠷᠢᠯᠭ᠎ᠠ᠎ᠶᠢᠨ ᠲᠥᠰᠥᠯ᠎ᠳᠦ ᠰᠢᠨ᠎ᠡ᠎ᠶᠢ ᠡᠭᠦᠳᠴᠦ᠂ ᠲᠠᠯ᠎ᠠ ᠨᠤᠲᠤᠭ᠎ᠤᠨ ᠥᠷᠥᠴᠡᠨ᠎ᠳᠦ 64.2 ᠺᠢᠯᠣᠮᠧᠲᠷ᠎ᠦᠨ ᠢᠯᠴᠢ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠢ ᠨᠠᠷᠢᠯᠢᠭ᠋ ᠣᠨᠣᠴᠠᠲᠠᠢ᠎ᠪᠠᠷ ᠳᠡᠪᠢᠰᠴᠦ᠂ 56.1 ᠺᠢᠯᠣᠮᠧᠲᠷ᠎ᠦᠨ ᠤᠰᠤ ᠬᠠᠩᠭᠠᠬᠤ ᠬᠣᠭᠣᠯᠠᠢ ᠭᠤᠤᠷᠰᠤ᠎ᠶᠢᠨ ᠲᠣᠣᠷ᠎ᠢ ᠵᠡᠷᠭᠡ᠎ᠳᠦ ᠨᠢ ᠢᠵᠢ ᠪᠦᠷᠢᠳᠦᠭᠦᠯᠦᠨ ᠪᠠᠢᠭᠤᠯᠪᠠ᠃ ᠡᠭᠦᠨ᠎ᠳᠦ᠂ 《ᠢᠯᠴᠢ ᠬᠠᠩᠭᠠᠬᠤ ᠪᠠ ᠤᠰᠤ ᠬᠠᠩᠭᠠᠬᠤ ᠬᠣᠭᠣᠯᠠᠢ᠎ᠶᠢᠨ ᠲᠣᠣᠷ᠎ᠢ ᠨᠢᠭᠡ ᠰᠤᠪᠠᠭ᠎ᠲᠤ ᠳᠡᠪᠢᠰᠬᠦ》 ᠮᠡᠷᠭᠡᠵᠢᠯ ᠨᠢ ᠨᠠᠩ ᠴᠤ᠌ ᠲᠡᠰᠬᠢᠮ᠎ᠡ ᠬᠦᠢᠲᠡᠨ ᠪᠠᠢᠳᠠᠭ ᠮᠠᠯᠵᠢᠬᠤ ᠣᠷᠣᠨ᠎ᠤ 《ᠤᠰᠤ ᠬᠡᠷᠡᠭᠯᠡᠬᠦ ᠬᠦᠴᠢᠷᠳᠡᠯ》 ᠪᠣᠯᠵᠤ ᠪᠠᠢᠭᠰᠠᠨ ᠪᠠᠢᠨ᠎ᠠ — ᠢᠯᠴᠢ ᠬᠠᠩᠭᠠᠬᠤ ᠬᠣᠭᠣᠯᠠᠢ ᠭᠤᠤᠷᠰᠤ᠎ᠶᠢᠨ ᠦᠯᠡᠳᠡᠪᠦᠷᠢ ᠢᠯᠴᠢ᠎ᠪᠡᠷ ᠤᠰᠤ ᠬᠠᠩᠭᠠᠬᠤ ᠬᠣᠭᠣᠯᠠᠢ ᠭᠤᠤᠷᠰᠤ᠎ᠶᠢ ᠪᠦᠯᠢᠶᠡᠰᠬᠡᠵᠦ᠂ ᠥᠩᠭᠡᠷᠡᠭᠰᠡᠨ᠎ᠳᠡᠬᠢ ᠡᠪᠦᠯ ᠪᠣᠯᠣᠮᠠᠭᠴᠠ ᠬᠥᠯᠳᠡᠵᠦ ᠬᠠᠭᠠᠷᠠᠳᠠᠭ ᠤᠰᠤᠨ᠎ᠤ ᠬᠣᠭᠣᠯᠠᠢ ᠭᠤᠤᠷᠰᠤ᠎ᠶᠢ 《ᠬᠠᠯᠠᠭᠤᠬᠠᠨ ᠠᠵᠢᠯᠯᠠᠭᠤᠯᠵᠤ》᠂ 17.23 ᠲᠦᠮᠡᠨ ᠺᠦᠸᠠᠳ᠋ ᠮᠧᠲᠷ᠎ᠦᠨ ᠢᠯᠴᠢ ᠬᠠᠩᠭᠠᠬᠤ ᠲᠠᠯᠠᠪᠠᠶ᠎ᠳᠠᠬᠢ 《ᠳᠤᠯᠠᠭᠠᠯᠠᠭ᠎ᠠ ᠪᠠ ᠤᠰᠤ ᠬᠠᠩᠭᠠᠬᠤ》᠎ᠶᠢᠨ ᠲᠣᠭᠲᠠᠭᠤᠨ ᠪᠠᠢᠳᠠᠯ᠎ᠢ ᠪᠡᠶᠡᠯᠡᠭᠦᠯᠪᠡ᠃

ᠲᠥᠰᠥᠭᠡᠯᠡᠨ ᠪᠤᠳᠤᠭᠰᠠᠨ᠎ᠢᠶᠠᠷ᠂ ᠨᠡᠭᠦᠷᠡᠰᠦ ᠰᠢᠲᠠᠭᠠᠬᠤ ᠲᠠᠷᠠᠬᠠᠢ ᠪᠤᠲᠠᠷᠬᠠᠢ ᠪᠠᠢᠳᠠᠯ᠎ᠢ ᠲᠥᠪᠯᠡᠷᠡᠭᠦᠯᠦᠨ ᠢᠯᠴᠢ ᠬᠠᠩᠭᠠᠬᠤ᠎ᠪᠠᠷ ᠣᠷᠣᠯᠠᠭᠤᠯᠤᠭᠰᠠᠨ᠎ᠤ ᠳᠠᠷᠠᠭ᠎ᠠ᠂ ᠵᠢᠯ ᠪᠦᠷᠢ ᠮᠥᠬᠥᠯᠢᠭᠲᠦ ᠪᠣᠳᠠᠰ᠂ ᠬᠦᠬᠦᠷ᠎ᠦᠨ ᠳᠠᠪᠬᠤᠷ ᠢᠰᠦᠯ ᠵᠡᠷᠭᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ 240 ᠭᠠᠷᠤᠢ ᠲᠣᠨ ᠪᠠᠭᠠᠰᠬᠠᠵᠤ᠂ ᠲᠠᠯ᠎ᠠ ᠨᠤᠲᠤᠭ᠎ᠤᠨ ᠲᠡᠭᠷᠢ ᠨᠢ ᠨᠠᠩ ᠴᠡᠯᠮᠡᠭ᠂ ᠠᠭᠠᠷ ᠨᠢ ᠨᠠᠩ ᠲᠤᠩᠭᠠᠯᠠᠭ ᠪᠣᠯᠵᠤ᠂ 《ᠭᠡᠷ ᠪᠠᠢᠰᠢᠩ᠎ᠢ ᠳᠤᠯᠠᠭᠠᠯᠠᠵᠤ᠂ ᠠᠮᠢ ᠠᠬᠤᠢ᠎ᠶᠢ ᠬᠠᠮᠠᠭᠠᠯᠠᠬᠤ》᠎ᠪᠠᠨ ᠦᠨᠡᠨ ᠬᠦ᠌ ᠪᠡᠶᠡᠯᠡᠭᠦᠯᠪᠡ᠃

ᠢᠷᠡᠯᠲᠡ᠄    