ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠯᠥᠨ ᠪᠣᠶ᠋ᠢᠷ᠎ᠤᠨ 800 ᠲᠦᠮᠡᠨ ᠮᠦ᠍ ᠡᠷᠳᠡᠨᠢ ᠰᠢᠰᠢ᠎ᠶᠢ ᠬᠠᠳᠤᠵᠤ ᠡᠬᠢᠯᠡᠪᠡ   ᠣᠯᠠᠨ ᠵᠦᠢᠯ᠎ᠦᠨ ᠲᠠᠷᠢᠶᠠᠯᠠᠩ᠎ᠤᠨ ᠮᠡᠷᠭᠡᠵᠢᠯ ᠨᠢ ᠲᠠᠯᠠᠪᠠᠶ ᠨᠢᠭᠡᠴᠢ᠎ᠶᠢᠨ ᠤᠨᠠᠯᠲᠠ᠎ᠶᠢᠨ ᠰᠢᠨ᠎ᠡ ᠲᠡᠮᠳᠡᠭᠯᠡᠯ᠎ᠢ ᠡᠭᠦᠳᠬᠦ᠌᠎ᠳᠦ ᠬᠦᠴᠦᠨ ᠨᠡᠮᠡᠷᠢᠯᠡᠵᠡᠢ
ᠨᠡᠶ᠋ᠢᠲᠡᠯᠡᠭᠰᠡᠨ ᠴᠠᠭ᠄ 2025-10-28

10 ᠳ᠋ᠤᠭᠠᠷ ᠰᠠᠷ᠎ᠠ᠎ᠶᠢᠨ 27 ᠎ᠤ ᠡᠳᠦᠷ᠂ ᠬᠥᠯᠥᠨ ᠪᠤᠢ᠍ᠢᠷ ᠬᠤᠳᠠ᠎ᠶᠢᠨ 800 ᠲᠦᠮᠡᠨ ᠮᠦ᠍ ᠡᠷᠳᠡᠨᠢ ᠰᠢᠰᠢ ᠨᠢ ᠲᠥᠪᠯᠡᠷᠡᠭᠦᠯᠦᠨ ᠬᠤᠷᠢᠶᠠᠵᠤ ᠠᠪᠬᠤ ᠬᠤᠭᠤᠴᠠᠭᠠᠨ᠎ᠳᠦ᠎ᠪᠡᠨ ᠣᠷᠣᠵᠤ᠂ ᠲᠠᠷᠢᠶᠠᠨ ᠭᠠᠵᠠᠷ᠎ᠢᠶᠠᠷ ᠮᠠᠰᠢᠨ ᠮᠧᠬᠠᠨᠢᠭ᠋᠎ᠤᠨ ᠳᠠᠭᠤᠨ ᠨᠢᠵᠢᠭᠢᠨᠡᠵᠦ᠂ ᠶᠠᠭᠠᠷᠠᠯᠲᠠᠢ ᠪᠠᠢᠳᠠᠯ ᠡᠨᠳᠡ ᠲᠡᠨᠳᠡ ᠦᠭᠡᠢ ᠬᠠᠷᠠᠭ᠍ᠳᠠᠨ᠎ᠠ᠃ ᠲᠤᠬᠠᠢ᠎ᠶᠢᠨ ᠭᠠᠵᠠᠷ᠎ᠤᠨ ᠬᠢᠨ 《ᠲᠠᠷᠢᠵᠤ ᠬᠤᠷᠢᠶᠠᠬᠤ ᠨᠢ ᠲᠠᠷᠢᠶᠠᠨ ᠭᠠᠵᠠᠷ᠎ᠲᠤ᠎ᠪᠡᠨ ᠪᠤᠢ᠂ ᠲᠠᠷᠢᠵᠤ ᠬᠤᠷᠢᠶᠠᠬᠤ ᠨᠢ ᠮᠡᠷᠭᠡᠵᠢᠯ᠎ᠳᠦ᠎ᠪᠡᠨ ᠪᠤᠢ》 ᠭᠡᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠰᠠᠢᠨ ᠦᠷ᠎ᠡ ᠡᠭᠦᠯᠳᠡᠷ᠎ᠢ ᠳᠡᠯᠭᠡᠷᠡᠭᠦᠯᠬᠦ᠂ ᠪᠥᠬᠥ ᠶᠠᠪᠤᠴᠠ᠎ᠶᠢ ᠮᠧᠬᠠᠨᠢᠭ᠍ᠵᠢᠭᠤᠯᠬᠤ᠂ ᠰᠢᠨᠵᠢᠯᠡᠬᠦ ᠤᠬᠠᠭᠠᠨᠴᠢ᠎ᠪᠠᠷ ᠬᠠᠮᠢᠶᠠᠷᠬᠤ ᠵᠡᠷᠭᠡ ᠠᠷᠭ᠎ᠠ ᠬᠡᠮᠵᠢᠶ᠎ᠡ᠎ᠶᠢ ᠳᠠᠪᠬᠤᠴᠠᠭᠤᠯᠤᠨ ᠬᠡᠷᠡᠭ᠌ᠯᠡᠬᠦ᠌᠎ᠪᠡᠷ ᠳᠠᠮᠵᠢᠭᠤᠯᠤᠨ᠂ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠢᠯᠡᠳᠲᠡ ᠳᠡᠭᠡᠭᠰᠢᠯᠡᠭᠦᠯᠵᠦ᠂ ᠴᠢᠨᠠᠭᠰᠢᠯᠠᠭᠠᠳ ᠥᠨᠳᠥᠷ ᠥᠷᠭᠡᠷᠢᠭ᠎ᠦᠨ ᠭᠠᠵᠠᠷ ᠣᠷᠣᠨ᠎ᠳᠦ ᠮᠦᠨ 《ᠳᠤᠨ ᠤᠨᠠᠯᠲᠠ ᠲᠠᠢ ᠲᠠᠷᠢᠶ᠎ᠠ》 ᠲᠠᠢ ᠪᠣᠯᠭᠠᠬᠤ᠎ᠳᠤ ᠬᠦᠷᠦᠭᠦᠯᠦᠭ᠌ᠰᠡᠨ ᠪᠠᠢᠨ᠎ᠠ᠃ 

ᠬᠥᠯᠥᠨ ᠪᠤᠢ᠍ᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠴᠤᠤᠯ ᠭᠣᠣᠯ ᠲᠠᠷᠢᠶᠠᠯᠠᠩ ᠮᠠᠯᠵᠢᠯ᠎ᠤᠨ ᠲᠠᠯᠠᠪᠠᠢ᠎ᠶᠢᠨ ᠺᠣᠮᠫᠠᠨᠢ᠎ᠳᠤ᠂ 3 ᠲᠦᠮᠡ ᠰᠢᠬᠠᠮ ᠮᠦ᠍ ᠡᠷᠳᠡᠨᠢ ᠰᠢᠰᠢ᠎ᠶᠢ ᠬᠠᠮᠤᠭ᠎ᠤᠨ ᠲᠡᠷᠢᠭᠦᠨ᠎ᠳᠦ ᠬᠠᠳᠤᠵᠤ ᠡᠬᠢᠯᠡᠵᠡᠢ᠂ ᠲᠣᠮᠣ᠌ ᠬᠡᠯᠪᠡᠷᠢ᠎ᠶᠢᠨ ᠬᠠᠳᠤᠵᠤ ᠬᠤᠷᠢᠶᠠᠬᠤ ᠮᠠᠰᠢᠨ ᠲᠠᠷᠢᠶᠠᠨ ᠭᠠᠵᠠᠷ᠎ᠢᠶᠠᠷ ᠰᠦᠯᠵᠢᠯᠳᠦᠵᠦ᠍᠂ ᠲᠦᠷᠦᠭᠦᠦ᠎ᠶᠢ ᠨᠢ ᠣᠭᠲᠣᠯᠬᠤ᠂ ᠬᠠᠯᠢᠰᠤ᠎ᠶᠢ ᠨᠢ ᠱᠠᠭᠠᠯᠬᠤ᠂ ᠡᠰᠢ ᠰᠦᠷᠡᠯ᠎ᠢ ᠨᠢ ᠬᠡᠮᠬᠡᠯᠬᠦ᠌ ᠵᠡᠷᠭᠡ ᠠᠵᠢᠯ᠎ᠤᠨ ᠳᠠᠷᠠᠭᠠᠯᠠᠯ᠎ᠢ ᠠᠦ᠋ᠲ᠋ᠣᠴᠢᠯᠠᠨ ᠪᠡᠶᠡᠯᠡᠭᠦᠯᠪᠡ᠃ ᠵᠢᠱ᠌ᠢᠯᠲᠡ᠎ᠪᠡᠷ ᠲᠤᠰ ᠺᠣᠮᠫᠠᠨᠢ᠎ᠶᠢᠨ ᠡᠷᠳᠡᠨᠢ ᠰᠢᠰᠢ᠎ᠶᠢᠨ ᠮᠦ᠍ ᠪᠦᠷᠢ᠎ᠶᠢᠨ ᠳᠤᠮᠳᠠᠴᠢ ᠤᠨᠠᠯᠲᠠ ᠨᠢ 1200 ᠵᠢᠩ᠎ᠳᠦ ᠬᠦᠷᠴᠦ᠂ ᠮᠦ᠍ ᠪᠦᠷᠢ᠎ᠶᠢᠨ ᠬᠠᠮᠤᠭ ᠥᠨᠳᠥᠷ ᠤᠨᠠᠯᠲᠠ ᠨᠢ 1600 ᠵᠢᠩ᠎ᠢ ᠳᠠᠪᠠᠬᠤ ᠪᠣᠯᠣᠨ᠎ᠠ᠃ ᠣᠢᠷ᠎ᠠ᠎ᠶ᠋ᠢᠨ ᠬᠤᠭᠤᠴᠠᠭᠠᠨ᠎ᠤ ᠴᠠᠰᠤ ᠣᠷᠣᠬᠤ ᠤᠷᠢᠳᠴᠢᠯᠠᠭᠰᠠᠨ ᠮᠡᠳᠡᠭᠡ᠎ᠳᠦ ᠴᠢᠭᠯᠡᠭᠦᠯᠦᠨ᠂ ᠺᠣᠮᠫᠠᠨᠢ᠎ᠡᠴᠡ 30 ᠭᠠᠷᠤᠢ ᠲᠠᠷᠢᠶᠠᠯᠠᠩ᠎ᠤᠨ ᠮᠠᠰᠢᠨ᠎ᠢ ᠲᠣᠬᠢᠷᠠᠭᠤᠯᠵᠤ ᠵᠠᠪᠳᠤᠨ ᠬᠤᠷᠢᠶᠠᠵᠤ᠂ ᠡᠳᠦᠷ ᠪᠦᠷᠢ 2000 ᠭᠠᠷᠤᠢ ᠮᠦ᠍ ᠬᠤᠷᠢᠶᠠᠵᠤ᠂ ᠣᠳᠣᠬᠠᠨ᠎ᠳᠤ 20%᠎ᠶ᠋ᠢ ᠨᠢ ᠬᠤᠷᠢᠶᠠᠵᠠᠢ᠂ ᠵᠢᠱ᠌ᠢᠯᠲᠡ᠎ᠪᠡᠷ 10 ᠡᠳᠦᠷ᠎ᠦᠨ ᠳᠣᠲᠣᠷ᠎ᠠ ᠪᠦᠬᠦᠨ᠎ᠢ ᠬᠤᠷᠢᠶᠠᠵᠤ ᠳᠠᠭᠤᠰᠬᠠᠨ᠂ ᠮᠥᠬᠥᠯᠢᠭ ᠨᠢᠭᠡ ᠪᠦᠷᠢ᠎ᠶ᠋ᠢ ᠨᠢ ᠬᠥᠮᠥᠷᠭᠡ᠎ᠳᠦ ᠣᠷᠣᠭᠤᠯᠬᠤ᠎ᠶ᠋ᠢ ᠦᠨᠡᠨ ᠬᠦ᠌ ᠪᠠᠲᠤᠯᠠᠬᠤ ᠪᠣᠯᠣᠨ᠎ᠠ᠃ 

ᠥᠨᠳᠥᠷ ᠥᠷᠭᠡᠷᠢᠭ᠎ᠦᠨ ᠭᠠᠵᠠᠷ ᠣᠷᠣᠨ᠎ᠤ ᠡᠷᠳᠡᠨᠢ ᠰᠢᠰᠢ᠎ᠶᠢᠨ ᠲᠠᠷᠢᠮᠠᠯ ᠴᠤ᠌ ᠰᠢᠪᠲᠤᠯᠤᠯᠲᠠ᠎ᠲᠠᠢ ᠪᠣᠯᠪᠠ᠃ ᠤᠮᠠᠷᠠᠲᠤ ᠥᠷᠭᠡᠷᠢᠭ᠎ᠦᠨ 49.6 ᠭᠷᠡᠳᠦ᠋ᠰ᠎ᠦᠨ ᠥᠩᠭᠡᠷᠡᠭᠰᠡᠨ᠎ᠦ 《ᠥᠨᠳᠥᠷ ᠬᠦᠢᠲᠡᠨ ᠬᠣᠷᠢᠭᠠᠲᠤ ᠣᠷᠣᠨ》᠎ᠳᠤ᠂ 599 ᠮᠦ᠍ ᠡᠷᠳᠡᠨᠢ ᠰᠢᠰᠢ᠎ᠶᠢᠨ ᠲᠤᠷᠰᠢᠨ ᠬᠤᠷᠢᠶᠠᠬᠤ ᠲᠠᠷᠢᠶᠠᠨ ᠭᠠᠵᠠᠷ᠎ᠤᠨ ᠴᠢᠭᠢᠭ᠌ᠳᠡᠴᠡ ᠲᠡᠢ ᠡᠷᠳᠡᠨᠢ ᠱᠢᠰᠢ᠎ᠶ᠋ᠢᠨ ᠮᠦ᠍ ᠪᠦᠷᠢ᠎ᠶᠢᠨ ᠤᠨᠠᠯᠲᠠ ᠠᠩᠬ᠎ᠠ ᠤᠳᠠᠭ᠎ᠠ 2014.32 ᠵᠢᠩ᠎ᠳᠦ ᠬᠦᠷᠴᠦ᠂ 《ᠳᠤᠨ ᠤᠨᠠᠯᠲᠠ ᠲᠠᠢ ᠲᠠᠷᠢᠶ᠎ᠠ》᠎ᠶ᠋ᠢᠨ ᠬᠠᠷᠠᠯᠲᠠ᠎ᠪᠠᠨ ᠠᠮᠵᠢᠯᠲᠠ᠎ᠲᠠᠢ᠎ᠪᠡᠷ ᠪᠡᠶᠡᠯᠡᠭᠦᠯᠪᠡ᠃ ᠬᠥᠯᠥᠨ ᠪᠣᠶ᠋ᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠶᠡᠬᠡ ᠬᠢᠩᠭᠠᠨ ᠳᠠᠪᠠᠭᠠᠨ᠎ᠤ ᠪᠦᠯᠦᠭᠯᠡᠯ ᠨᠢ 16.12 ᠲᠦᠮᠡᠨ ᠮᠦ᠍᠎ᠶᠢᠨ ᠨᠢᠭᠡᠳᠦᠯᠲᠡᠢ ᠬᠠᠮᠢᠶᠠᠷᠬᠤ ᠡᠷᠳᠡᠨᠢ ᠰᠢᠰᠢ᠎ᠶᠢᠨ ᠲᠠᠷᠢᠶᠠᠨ᠎ᠳᠤ 《ᠰᠠᠢᠨ ᠦᠷ᠎ᠡ ᠡᠭᠦᠯᠳᠡᠷ᠂ ᠰᠠᠢᠨ ᠮᠠᠱᠢᠨ ᠮᠧᠬᠠᠨᠢᠭ᠂ ᠰᠠᠢᠨ ᠮᠡᠷᠭᠡᠵᠢᠯ᠂ ᠰᠠᠢᠨ ᠤᠷ᠎ᠠ᠂ ᠰᠠᠢᠨ ᠠᠷᠭ᠎ᠠ》᠎ᠶ᠋ᠢ ᠬᠠᠮᠵᠢᠯᠴᠠᠭᠤᠯᠤᠨ ᠬᠦᠴᠦᠯᠡᠬᠦ᠎ᠶᠢ ᠬᠡᠷᠡᠭᠵᠢᠭᠦᠯᠵᠦ᠂ ᠰᠥᠷᠬᠦ᠌᠎ᠶ᠋ᠢ ᠳᠠᠭᠠᠭᠠᠬᠤ ᠴᠢᠳᠠᠪᠤᠷᠢᠲᠠᠢ ᠴᠢᠨᠠᠷ ᠰᠠᠢᠲᠠᠢ ᠦᠷ᠎ᠡ ᠡᠭᠦᠯᠳᠡᠷ᠎ᠢ ᠣᠷᠣᠭᠤᠯᠤᠨ ᠠᠪᠴᠢᠷᠠᠵᠤ᠂ ᠲᠠᠷᠢᠶᠠᠯᠠᠩ᠎ᠤᠨ ᠮᠠᠰᠢᠨ᠎ᠢ ᠥᠭᠡᠷᠡᠴᠢᠯᠡᠨ ᠤᠭᠰᠠᠷᠠᠵᠤ ᠮᠠᠰᠢᠨ ᠮᠧᠬᠠᠨᠢᠭ᠋᠎ᠢᠶᠠᠷ ᠡᠪᠡᠰᠦ ᠠᠷᠢᠯᠭᠠᠨ ᠲᠠᠷᠢᠶᠠᠨ ᠡᠮ ᠬᠡᠷᠡᠭ᠌ᠯᠡᠬᠦ᠌᠎ᠶ᠋ᠢ 15%᠎ᠡᠴᠡ ᠳᠡᠭᠡᠭ᠌ᠰᠢ ᠬᠠᠰᠤᠭ᠍ᠳᠠᠭᠤᠯᠬᠤ᠎ᠶ᠋ᠢ ᠪᠡᠶᠡᠯᠡᠭᠦᠯᠦᠨ᠂ 《1᠄1 ᠡᠭᠡᠯᠵᠢᠯᠡᠨ ᠳᠠᠷᠢᠬᠤ》 《ᠨᠠᠮᠤᠷ ᠪᠣᠷᠳᠣᠭᠤᠷ ᠣᠷᠣᠭᠤᠯᠬᠤ》 《ᠡᠮ ᠰᠦᠷᠴᠢᠬᠦ᠌ ᠨᠢ ᠣᠯᠠᠨ ᠵᠦᠢᠯ᠎ᠳᠦ ᠲᠤᠰᠠ ᠪᠣᠯᠬᠤ》 ᠵᠡᠷᠭᠡ ᠮᠡᠷᠭᠡᠵᠢᠯ᠎ᠢ ᠬᠡᠷᠡᠭᠯᠡᠭᠰᠡᠨ ᠪᠠᠢᠨ᠎ᠠ ᠃ ᠡᠭᠦᠨ᠎ᠳᠦ ᠪᠠᠶᠠᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠬᠤᠪᠢᠶᠠᠷᠢ ᠺᠣᠮᠫᠠᠨᠢ᠎ᠶᠢᠨ 3.5 ᠲᠦᠮᠡᠨ ᠮᠦ᠍ ᠡᠷᠳᠡᠨᠢ ᠰᠢᠰᠢ᠎ᠶᠢᠨ ᠳᠣᠲᠣᠷ᠎ᠠ᠂ 1200 ᠮᠦ᠍᠎ᠶᠢᠨ ᠮᠦ᠍ ᠪᠦᠷᠢ᠎ᠶᠢᠨ ᠤᠨᠠᠯᠲᠠ ᠨᠢ 2000 ᠵᠢᠩ᠎ᠢ ᠳᠠᠪᠠᠵᠤ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠢᠶᠡᠷ ᠲᠠᠷᠢᠶᠠᠯᠠᠩ᠎ᠳᠤ ᠡᠷᠴᠢᠮᠯᠡᠭ᠌ᠰᠡᠨ ᠰᠢᠭᠤᠳ ᠢᠯᠡᠷᠡᠯ ᠨᠢ ᠲᠣᠳᠣᠷᠬᠠᠢ ᠮᠡᠳᠡᠭ᠌ᠳᠡᠵᠦ᠍ ᠪᠠᠢᠨ᠎ᠠ᠃ 

ᠬᠥᠯᠥᠨ ᠪᠤᠢ᠍ᠢᠷ᠎ᠤᠨ ᠠᠮᠤ ᠪᠤᠳᠠᠭᠠᠨ᠎ᠤ ᠬᠣᠶᠠᠳᠤᠭᠠᠷ ᠶᠡᠬᠡ ᠲᠠᠷᠢᠮᠠᠯ ᠪᠣᠯᠤᠭᠰᠠᠨ᠎ᠤ ᠬᠤᠪᠢ᠎ᠳᠤ᠂ 2025 ᠣᠨ᠎ᠳᠤ ᠲᠤᠬᠠᠢ᠎ᠶᠢᠨ ᠭᠠᠵᠠᠷ᠎ᠤᠨ ᠡᠷᠳᠡᠨᠢ ᠰᠢᠰᠢ ᠲᠠᠷᠢᠭ᠍ᠰᠠᠨ ᠲᠠᠯᠠᠪᠠᠢ ᠨᠢ 800 ᠲᠦᠮᠡᠨ ᠮᠦ᠍᠎ᠳᠦ ᠬᠦᠷᠴᠡᠢ᠃ ᠲᠠᠯᠠᠪᠠᠢ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠲᠤᠬᠠᠢ᠎ᠶᠢᠨ ᠭᠠᠵᠠᠷ᠎ᠤᠨ ᠬᠢᠨ 《ᠲᠤᠰᠬᠠᠢ ᠮᠡᠷᠭᠡᠵᠢᠯᠲᠡᠳ + ᠲᠠᠷᠢᠶᠠᠯᠠᠩ᠎ᠤᠨ ᠮᠡᠷᠭᠡᠵᠢᠯ᠎ᠦᠨ ᠠᠵᠢᠯᠲᠠᠳ + ᠵᠢᠱ᠌ᠢᠶ᠎ᠡ ᠦᠵᠡᠭᠦᠯᠬᠦ ᠰᠠᠭᠤᠷᠢᠨ + ᠨᠥᠯᠥᠭᠡᠯᠡᠨ ᠳᠠᠢᠴᠢᠯᠠᠬᠤ ᠡᠷᠦᠬᠡ》᠎ᠶ᠋ᠢᠨ ᠲᠡᠯᠭᠡᠷᠡᠭᠦᠯᠬᠦ᠌ ᠲᠣᠭ᠍ᠲᠠᠯᠴᠠᠭ᠎ᠠ᠎ᠶ᠋ᠢ ᠴᠣᠭ᠍ᠴᠠᠯᠠᠨ ᠪᠠᠢᠭᠤᠯᠵᠤ᠂ ᠡᠷᠳᠡᠨᠢ ᠰᠢᠰᠢ᠎ᠶᠢ ᠵᠠᠢ ᠦᠭᠡᠢ ᠲᠠᠷᠢᠵᠤ ᠥᠨᠳᠥᠷ ᠤᠨᠠᠯᠲᠠ᠎ᠲᠠᠢ ᠪᠣᠯᠭᠠᠬᠤ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠭᠣᠣᠯᠴᠢᠯᠠᠨ ᠳᠡᠯᠭᠡᠷᠡᠭᠦᠯᠵᠦ᠍᠂ ᠡᠭᠦᠯᠳᠡᠷ᠎ᠦᠨ ᠲᠣᠬᠢᠷᠠᠭᠤᠯᠤᠯᠲᠠ᠂ ᠤᠰᠤ ᠪᠣᠷᠳᠣᠭᠤᠷ᠎ᠦᠨ ᠲᠣᠬᠢᠷᠠᠭᠤᠯᠤᠨ ᠡᠵᠡᠮᠳᠡᠯ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠢ ᠢᠵᠢ ᠪᠦᠷᠢᠳᠦᠭᠦᠯᠬᠦ᠌᠎ᠶ᠋ᠢᠨ ᠬᠠᠮᠲᠤ᠂ 《ᠲᠠᠪᠤ᠎ᠶᠢ ᠨᠢᠭᠡᠳᠬᠡᠬᠦ》 ᠬᠠᠮᠢᠶᠠᠷᠤᠯᠲᠠ᠎ᠶᠢᠨ ᠬᠡᠪ ᠵᠠᠭᠪᠤᠷ᠎ᠢ ᠬᠡᠷᠡᠭᠵᠢᠭᠦᠯᠵᠡᠢ᠃ ᠣᠳᠣᠬᠠᠨ᠎ᠳᠤ᠂ ᠵᠢᠱ᠌ᠢᠶ᠎ᠡ ᠦᠵᠡᠭᠦᠯᠬᠦ ᠣᠷᠣᠨ᠎ᠤ ᠬᠠᠭᠤᠷᠠᠢ ᠲᠠᠷᠢᠶᠠᠯᠠᠭ᠎ᠠ᠎ᠶᠢᠨ ᠭᠠᠵᠠᠷ᠎ᠤᠨ ᠠᠮᠤ ᠲᠣᠰᠣᠨ᠎ᠤ ᠲᠠᠯᠠᠪᠠᠶ ᠨᠢᠭᠡᠴᠢ᠎ᠶᠢᠨ ᠤᠨᠠᠯᠲᠠ᠎ᠶᠢ 5%᠎ᠡᠴᠡ ᠳᠡᠭᠡᠭ᠌ᠰᠢ ᠳᠡᠭᠡᠭ᠌ᠰᠢᠯᠡᠭᠦᠯᠵᠦ᠍᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠭᠠᠵᠠᠷ᠎ᠢ 15%᠎ᠪᠠᠷ ᠳᠡᠭᠡᠭ᠌ᠰᠢᠯᠡᠭᠦᠯᠵᠡᠢ; 700 ᠭᠠᠷᠤᠢ ᠲᠣᠮᠣ᠌ ᠬᠡᠯᠪᠡᠷᠢ᠎ᠶᠢᠨ ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠳᠤ ᠲᠦᠰᠢᠭᠯᠡᠨ᠂ ᠬᠠᠭᠠᠯᠪᠤᠷᠢᠯᠠᠬᠤ᠂ ᠲᠠᠷᠢᠬᠤ᠂ ᠰᠡᠷᠭᠡᠢᠯᠡᠬᠦ᠂ ᠬᠤᠷᠢᠶᠠᠬᠤ᠂ ᠬᠠᠭᠰᠠᠭᠠᠬᠤ ᠪᠦᠬᠦ ᠶᠠᠪᠤᠴᠠ᠎ᠶᠢ ᠮᠧᠬᠠᠨᠢᠭ᠍ᠵᠢᠭᠤᠯᠬᠤ᠎ᠶ᠋ᠢ ᠪᠡᠶᠡᠯᠡᠭᠦᠯᠵᠦ᠂ ᠮᠡᠷᠭᠡᠵᠢᠯ᠎ᠦᠨ ᠠᠰᠢᠭ᠋ ᠲᠤᠰᠠ᠎ᠶᠢ ᠡᠯᠪᠡᠭ ᠬᠤᠷᠢᠶᠠᠯᠲᠠ᠎ᠶᠢᠨ ᠪᠣᠳᠠᠲᠤ ᠦᠷ᠎ᠡ ᠪᠦᠲᠦᠮᠵᠢ ᠪᠣᠯᠭᠠᠨ ᠲᠦᠷᠭᠡᠨ᠎ᠢᠶᠡᠷ ᠤᠯᠠᠷᠢᠭᠤᠯᠵᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠲᠠᠷᠢᠶᠠᠴᠢᠳ᠎ᠤᠨ ᠣᠷᠣᠯᠭ᠎ᠠ᠎ᠶᠢᠨ ᠨᠡᠮᠡᠭᠳᠡᠯ᠎ᠢ ᠠᠬᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠪᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ