ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ᠎ᠶᠢᠨ ᠭᠠᠵᠠᠷ ᠵᠦᠢ᠎ᠶᠢᠨ ᠢᠯᠡᠳᠬᠡᠮᠵᠢ᠎ᠶᠢᠨ ᠬᠠᠮᠠᠭᠠᠯᠠᠯᠲᠠ᠎ᠶᠢᠨ ᠠᠵᠢᠯ ᠰᠢᠨ᠎ᠡ ᠠᠬᠢᠴᠠ᠎ᠲᠠᠢ ᠪᠣᠯᠵᠤ 《 ᠴᠢᠩ ᠱᠦᠢ ᠾᠧ ᠭᠣᠣᠯ᠎ᠤᠨ ᠮᠥᠭᠥ》 ᠭᠡᠬᠦ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ᠎ᠢ ᠠᠮᠵᠢᠯᠲᠠ᠎ᠲᠠᠢ᠎ᠪᠠᠷ ᠪᠦᠷᠢᠳᠬᠡᠯᠭᠡᠪᠡ
ᠨᠡᠶ᠋ᠢᠲᠡᠯᠡᠭᠰᠡᠨ ᠴᠠᠭ᠄ 2025-10-27

 

ᠣᠢᠷ᠎ᠠ᠎ᠳᠤ᠂ ᠤᠯᠤᠰ᠎ᠤᠨ ᠮᠡᠳᠡᠯᠭᠡ᠎ᠶᠢᠨ ᠥᠮᠴᠢᠯᠠᠯ᠎ᠤᠨ ᠡᠷᠬᠡ᠎ᠶᠢᠨ ᠲᠣᠪᠴᠢᠶ᠎ᠠ 646 ᠳ᠋ᠤᠭᠠᠷ ᠲᠣᠭᠠᠲᠤ ᠠᠯᠪᠠᠨ ᠵᠠᠷ ᠨᠡᠢᠲᠡᠯᠡᠵᠦ᠂ ᠪᠥᠬᠥ ᠤᠯᠤᠰ᠎ᠤᠨ 870 ᠪᠦᠲᠦᠭᠡᠭᠳᠡᠬᠦᠨ᠎ᠢ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ᠎ᠢᠶᠠᠷ ᠮᠠᠭᠠᠳᠯᠠᠨ ᠲᠣᠭᠲᠠᠭᠠᠵᠤ ᠬᠠᠮᠠᠭᠠᠯᠠᠪᠠ᠃ ᠬᠥᠬᠡᠬᠣᠲᠠ᠎ᠶᠢᠨ ᠴᠢᠩ ᠱᠦᠢ ᠾᠧ ᠰᠢᠶᠠᠨ᠎ᠤ 《ᠴᠢᠩ ᠱᠦᠢ ᠾᠧ ᠭᠣᠣᠯ᠎ᠤᠨ ᠮᠥᠭᠥ》 ᠨᠢ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠵᠠᠷ ᠵᠦᠢ᠎ᠶᠢᠨ ᠢᠯᠡᠳᠬᠡᠮᠵᠢ᠎ᠶᠢᠨ ᠨᠡᠷᠡᠰ᠎ᠦᠨ ᠵᠢᠭ᠍ᠰᠠᠭᠠᠯᠲᠠ᠎ᠳᠤ ᠵᠢᠭ᠍ᠰᠠᠭᠠᠭᠳᠠᠵᠤ᠂ ᠠᠮᠵᠢᠯᠲᠠ᠎ᠲᠠᠢ᠎ᠪᠠᠷ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ ᠪᠣᠯᠪᠠ᠂ ᠡᠨᠡ ᠨᠢ ᠬᠥᠬᠡᠬᠣᠲᠠ᠎ᠶᠢᠨ ᠭᠠᠵᠠᠷ ᠵᠦᠢ᠎ᠶᠢᠨ ᠢᠯᠡᠳᠬᠡᠮᠵᠢ᠎ᠶᠢᠨ ᠬᠠᠮᠠᠭᠠᠯᠠᠯᠲᠠ᠎ᠶᠢᠨ ᠠᠵᠢᠯ ᠰᠢᠨ᠎ᠡ ᠠᠬᠢᠴᠠ᠎ᠲᠠᠢ ᠪᠣᠯᠤᠭᠰᠠᠨ᠎ᠢ ᠬᠠᠷᠠᠭᠤᠯᠵᠤ ᠪᠠᠢᠨ᠎ᠠ᠃ 

ᠲᠠᠷᠢᠶᠠᠯᠠᠩ᠎ᠤᠨ ᠪᠦᠲᠦᠭᠡᠭᠳᠡᠬᠦᠨ᠎ᠦ ᠭᠠᠵᠠᠷ ᠵᠦᠢ᠎ᠶᠢᠨ ᠢᠯᠡᠳᠬᠡᠮᠵᠢ ᠨᠢ ᠣᠨᠴᠠ ᠲᠣᠭᠲᠠᠭᠰᠠᠨ ᠭᠠᠵᠠᠷ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠦ ᠥᠪᠡᠷᠮᠢᠴᠡ ᠪᠠᠢᠭᠠᠯᠢ᠎ᠶᠢᠨ ᠠᠮᠢ ᠠᠬᠤᠢ᠂ ᠲᠡᠦᠬᠡ ᠬᠥᠮᠥᠨ ᠰᠣᠶᠣᠯ ᠵᠢᠴᠢ ᠦᠢᠯᠡᠳᠪᠦᠷᠢᠯᠡᠯ᠎ᠦᠨ ᠠᠷᠭ᠎ᠠ ᠮᠠᠶᠢᠭ᠋᠎ᠢᠶᠠᠷ ᠪᠤᠢ ᠪᠣᠯᠤᠭᠰᠠᠨ ᠴᠢᠨᠠᠷ ᠴᠢᠨᠰᠠᠭ᠎ᠠ ᠣᠨᠴᠠᠯᠢᠭ᠋᠎ᠢ ᠲᠥᠯᠥᠭᠡᠯᠡᠵᠦ ᠪᠠᠢᠳᠠᠭ; ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ ᠨᠢ ᠲᠠᠷᠢᠶᠠᠯᠠᠩ᠎ᠤᠨ ᠪᠦᠲᠦᠭᠡᠭᠳᠡᠬᠦᠨ᠂ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠨᠡᠩ ᠥᠷᠭᠡᠨ ᠬᠦᠷᠢᠶ᠎ᠡ ᠴᠠᠷᠠᠭ᠎ᠠ᠎ᠶᠢ ᠬᠠᠮᠤᠷᠴᠤ᠂ ᠲᠡᠭᠦᠨ᠎ᠦ ᠴᠢᠨᠠᠷ ᠴᠢᠨᠰᠠᠭ᠎ᠠ ᠨᠡᠷ᠎ᠡ ᠬᠦᠨᠳᠦ ᠨᠢ ᠭᠠᠷᠤᠯᠲᠠ᠎ᠶᠢᠨ ᠣᠷᠣᠨ᠎ᠤ ᠪᠠᠢᠭᠠᠯᠢ ᠪᠠ ᠬᠥᠮᠥᠨ ᠨᠡᠢᠭᠡᠮ᠎ᠦᠨ ᠬᠦᠴᠦᠨ ᠵᠦᠢᠯ᠎ᠢᠶᠡᠷ ᠳᠣᠭᠲᠠᠭᠠᠭᠳᠠᠵᠤ ᠪᠠᠢᠳᠠᠭ᠃ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠵᠠᠷ ᠵᠦᠢ᠎ᠶᠢᠨ ᠢᠯᠡᠳᠬᠡᠮᠵᠢ᠎ᠶᠢ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ ᠪᠣᠯᠭᠠᠨ ᠬᠤᠪᠢᠷᠠᠭᠤᠯᠬᠤ᠎ᠶᠢ ᠠᠬᠢᠭᠤᠯᠬᠤ ᠶᠠᠪᠤᠳᠠᠯ ᠪᠣᠯ ᠭᠠᠵᠠᠷ ᠵᠦᠢ᠎ᠶᠢᠨ ᠢᠯᠡᠳᠬᠡᠮᠵᠢ᠎ᠶᠢ ᠨᠢᠭᠡᠳᠦᠯᠲᠡᠢ᠎ᠪᠠᠷ ᠮᠠᠭᠠᠳᠯᠠᠨ ᠲᠣᠭᠲᠠᠭᠠᠬᠤ ᠬᠠᠮᠢᠶᠠᠷᠤᠯᠲᠠ᠎ᠶᠢ ᠴᠢᠩᠭᠠᠳᠬᠠᠵᠤ᠂ ᠬᠠᠮᠠᠭᠠᠯᠠᠯᠲᠠ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ 

2024 ᠣᠨ᠎ᠳᠤ ᠤᠯᠤᠰ᠎ᠤᠨ ᠮᠡᠳᠡᠯᠭᠡ᠎ᠶᠢᠨ ᠥᠮᠴᠢᠯᠠᠯ᠎ᠤᠨ ᠡᠷᠬᠡ᠎ᠶᠢᠨ ᠲᠣᠪᠴᠢᠶ᠎ᠠ᠎ᠠᠴᠠ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠵᠠᠷ ᠵᠦᠢ᠎ᠶᠢᠨ ᠢᠯᠡᠳᠬᠡᠮᠵᠢ᠎ᠶᠢ ᠬᠤᠪᠢᠷᠠᠭᠤᠯᠬᠤ ᠠᠵᠢᠯ᠎ᠢ ᠪᠠᠢᠷᠢᠯᠠᠭᠤᠯᠵᠤ ᠡᠬᠢᠯᠡᠭᠰᠡᠨ᠎ᠦ ᠳᠠᠷᠠᠭ᠎ᠠ᠂ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ (ᠮᠡᠳᠡᠯᠭᠡ᠎ᠶᠢᠨ ᠥᠮᠴᠢᠯᠠᠯ᠎ᠤᠨ ᠡᠷᠬᠡ᠎ᠶᠢᠨ ᠲᠣᠪᠴᠢᠶ᠎ᠠ) ᠨᠢ ᠨᠢᠭᠡᠳᠦᠯᠲᠡᠢ ᠲᠥᠯᠥᠪᠯᠡᠨ ᠵᠢᠯᠤᠭᠣᠳᠬᠤ᠎ᠪᠠᠨ ᠴᠢᠩᠭᠠᠳᠬᠠᠬᠤ᠎ᠪᠠᠷ ᠳᠠᠮᠵᠢᠭᠤᠯᠤᠨ᠂ ᠭᠤᠶᠤᠴᠢᠯᠠᠨ ᠮᠡᠳᠡᠭᠦᠯᠬᠦ ᠪᠦᠲᠦᠭᠡᠭᠳᠡᠬᠦᠨ᠎ᠨᠦᠭᠦᠳ᠎ᠦᠨ ᠬᠦᠷᠢᠶ᠎ᠡ ᠬᠡᠪᠴᠢᠶ᠎ᠡ᠂ ᠬᠠᠮᠠᠭᠠᠯᠠᠬᠤ ᠱᠠᠭᠠᠷᠳᠠᠯᠭ᠎ᠠ ᠵᠢᠴᠢ ᠭᠠᠵᠠᠷ ᠵᠦᠢ᠎ᠶᠢᠨ ᠢᠯᠡᠳᠬᠡᠮᠵᠢ ᠬᠡᠷᠡᠭᠯᠡᠬᠦ ᠭᠣᠣᠯ ᠴᠣᠭᠴᠠ᠎ᠶᠢᠨ ᠮᠡᠳᠡᠭᠡ ᠵᠠᠩᠭᠢ᠎ᠶᠢ ᠨᠠᠷᠢᠯᠢᠭ᠋ ᠣᠨᠣᠴᠠᠲᠠᠢ᠎ᠪᠠᠷ ᠬᠠᠷᠭᠤᠭᠤᠯᠤᠨ ᠪᠠᠢᠴᠠᠭᠠᠵᠤ᠂ ᠭᠤᠶᠤᠴᠢᠯᠠᠨ ᠮᠡᠳᠡᠭᠦᠯᠬᠦ ᠮᠠᠲᠧᠷᠢᠶᠠᠯ᠎ᠢ ᠲᠠᠭᠯᠠᠨ ᠮᠡᠳᠡᠭᠦᠯᠬᠦ᠎ᠶᠢ ᠪᠥᠬᠥ ᠶᠠᠪᠤᠴᠠ᠎ᠳᠤ ᠵᠢᠯᠤᠭᠣᠳᠴᠤ᠂ ᠳᠡᠭᠡᠳᠦ ᠱᠠᠲᠤᠨ᠎ᠤ ᠰᠠᠯᠠᠭ᠎ᠠ ᠮᠥᠴᠢᠷ ᠯᠦ᠍ᠭᠡ ᠴᠠᠭ ᠲᠤᠬᠠᠢ᠎ᠳᠤ ᠨᠢ ᠵᠣᠯᠭᠠᠭᠤᠯᠬᠤ᠎ᠪᠠᠷ ᠳᠠᠮᠵᠢᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠪᠠ ᠭᠤᠶᠤᠴᠢᠯᠠᠨ ᠮᠡᠳᠡᠭᠦᠯᠬᠦ ᠲᠠᠯ᠎ᠠ᠎ᠶᠢᠨ ᠵᠢᠯᠣᠭᠣᠳᠤᠯᠭ᠎ᠠ ᠬᠦᠷᠲᠡᠵᠦ᠂ ᠪᠦᠲᠦᠭᠡᠭᠳᠡᠬᠦᠨ᠎ᠦ ᠨᠡᠷᠡᠢᠳᠦᠯ᠂ ᠬᠠᠮᠠᠭᠠᠯᠠᠬᠤ ᠬᠦᠷᠢᠶ᠎ᠡ ᠬᠡᠪᠴᠢᠶ᠎ᠡ ᠵᠡᠷᠭᠡ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠴᠢᠩᠭ᠎ᠠ ᠬᠠᠷᠭᠤᠭᠤᠯᠤᠨ ᠪᠠᠢᠴᠠᠭᠠᠵᠤ᠂ ᠭᠤᠶᠤᠴᠢᠯᠠᠨ ᠮᠡᠳᠡᠭᠦᠯᠦᠭᠰᠡᠨ ᠮᠠᠲᠧᠷᠢᠶᠠᠯ᠎ᠤᠨ ᠵᠢᠷᠤᠮᠵᠢᠯ᠎ᠲᠠᠢ ᠪᠥᠭᠡᠳ ᠣᠨᠣᠪᠴᠢᠲᠠᠶ ᠪᠠᠢᠬᠤ᠎ᠶᠢ ᠦᠨᠡᠨ ᠬᠦ᠌ ᠪᠠᠲᠤᠯᠠᠵᠤ᠂ 《ᠴᠢᠩ ᠱᠦᠢ ᠾᠧ ᠭᠣᠣᠯ᠎ᠤᠨ ᠮᠥᠭᠥ》 ᠭᠡᠬᠦ ᠭᠠᠵᠠᠷ ᠵᠦᠢ᠎ᠶᠢᠨ ᠢᠯᠡᠳᠬᠡᠮᠵᠢᠲᠠᠢ ᠪᠦᠲᠦᠭᠡᠭᠳᠡᠬᠦᠨ ᠪᠣᠯᠭᠠᠨ ᠠᠮᠵᠢᠯᠲᠠ᠎ᠲᠠᠢ᠎ᠪᠠᠷ ᠬᠤᠪᠢᠷᠠᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃ 

ᠲᠣᠰ ᠤᠳᠠᠭ᠎ᠠ 《ᠴᠢᠩ ᠱᠦᠢ ᠾᠧ ᠭᠣᠣᠯ᠎ᠤᠨ ᠮᠥᠭᠥ》 ᠭᠡᠬᠦ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ ᠪᠣᠯᠭᠠᠨ ᠬᠤᠪᠢᠷᠠᠭᠤᠯᠤᠨ ᠮᠠᠭᠠᠳᠯᠠᠨ ᠲᠣᠭᠲᠠᠭᠠᠭᠰᠠᠨ ᠨᠢ ᠬᠥᠳᠡᠭᠡ ᠲᠣᠰᠬᠣᠨ᠎ᠤ ᠣᠨᠴᠠᠯᠢᠭ᠍ᠲᠤ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠶᠢᠨ ᠬᠦᠴᠦᠲᠡᠢ ᠲᠦᠰᠢᠭ ᠲᠤᠯᠭᠠᠭᠤᠷᠢ ᠪᠣᠯᠬᠤ᠎ᠪᠠᠷ ᠪᠠᠷᠠᠬᠤ ᠦᠭᠡᠢ᠂ ᠪᠠᠰᠠ ᠤᠯᠤᠰ᠎ᠤᠨ ᠭᠠᠵᠠᠷ ᠵᠦᠢ᠎ᠶᠢᠨ ᠢᠯᠡᠳᠬᠡᠮᠵᠢ᠎ᠶᠢᠨ ᠨᠢᠭᠡᠳᠦᠯᠲᠡᠢ ᠬᠠᠮᠢᠶᠠᠷᠤᠯᠲᠠ᠎ᠶᠢᠨ ᠠᠬᠢᠴᠠ᠎ᠳᠤ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠢᠨ᠎ᠠ᠃ ᠢᠷᠡᠭᠡᠳᠦᠢ᠎ᠳᠦ᠂ ᠬᠥᠬᠡᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ( ᠮᠡᠳᠡᠯᠭᠡ᠎ᠶᠢᠨ ᠥᠮᠴᠢᠯᠠᠯ᠎ᠤᠨ ᠡᠷᠬᠡ᠎ᠶᠢᠨ ᠲᠣᠪᠴᠢᠶ᠎ᠠ ) ᠨᠢ ᠲᠣᠰ ᠤᠳᠠᠭ᠎ᠠ ᠠᠮᠵᠢᠯᠲᠠ᠎ᠲᠠᠢ᠎ᠪᠠᠷ ᠭᠠᠵᠠᠷ ᠵᠦᠢ᠎ᠶᠢᠨ ᠢᠯᠡᠳᠬᠡᠮᠵᠢ ᠲᠠᠢ ᠪᠦᠲᠦᠭᠡᠭᠳᠡᠬᠦᠨ ᠪᠣᠯᠭᠠᠨ ᠬᠤᠪᠢᠷᠠᠭᠤᠯᠤᠭᠰᠠᠨ᠎ᠢᠶᠠᠷ ᠡᠬᠢᠯᠡᠯᠲᠡ᠎ᠪᠠᠨ ᠪᠣᠯᠭᠠᠵᠤ᠂ ᠡᠯ᠎ᠡ ᠬᠣᠰᠢᠭᠤ ᠰᠢᠶᠠᠨ ᠲᠣᠭᠣᠷᠢᠭ᠋᠎ᠢ ᠬᠥᠲᠥᠯᠥᠨ ᠵᠢᠯᠤᠭᠣᠳᠴᠤ ᠪᠠᠢᠭᠠᠳ ᠣᠨᠴᠠᠯᠢᠭ᠍ᠲᠤ ᠡᠬᠢ ᠪᠠᠶᠠᠯᠢᠭ᠎ᠤᠳ᠎ᠢ ᠠᠭᠤᠳᠠᠯᠵᠤ᠂ ᠭᠠᠵᠠᠷ ᠵᠦᠢ᠎ᠶᠢᠨ ᠢᠯᠡᠳᠬᠡᠮᠵᠢ᠎ᠶᠢ ᠠᠵᠤ ᠦᠢᠯᠡᠰ ᠯᠦ᠍ᠭᠡ ᠠᠭᠤᠰᠤᠯᠴᠠᠭᠤᠯᠤᠨ ᠬᠥᠭᠵᠢᠭᠦᠯᠬᠦ ᠠᠷᠭ᠎ᠠ ᠵᠠᠮ᠎ᠢ ᠬᠠᠢᠨ ᠰᠦᠪᠡᠭᠴᠢᠯᠡᠵᠦ᠂ ᠨᠠᠩ ᠣᠯᠠᠨ ᠣᠷᠣᠨ ᠨᠤᠲᠤᠭ᠎ᠤᠨ ᠣᠨᠴᠠᠯᠢᠭ᠍ᠲᠤ ᠪᠦᠲᠦᠭᠡᠭᠳᠡᠬᠦᠨ᠎ᠦ ᠵᠠᠬ᠎ᠠ ᠳᠡᠯᠭᠡᠭᠦᠷ᠎ᠢ ᠥᠷᠭᠡᠳᠬᠡᠬᠦ᠎ᠳᠦ ᠬᠦᠴᠦᠨ ᠨᠡᠮᠡᠷᠢᠯᠡᠵᠦ᠂ ᠭᠠᠵᠠᠷ ᠵᠦᠢ᠎ᠶᠢᠨ ᠢᠯᠡᠳᠬᠡᠮᠵᠢ᠎ᠶᠢᠨ ᠬᠥᠭᠵᠢᠯᠲᠡ᠎ᠶᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ