ᠰᠤᠷᠪᠤᠯᠵᠢᠯᠠᠭ᠍ᠴᠢ 10 ᠰᠠᠷ᠎ᠠ᠎ᠶᠢᠨ 27 ᠤ ᠡᠳᠦᠷ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠡᠴᠡ ᠣᠢᠯᠠᠭᠠᠭᠰᠠᠨ᠂ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠠᠭᠤᠷᠬᠠᠢ᠎ᠶᠢᠨ ᠰᠤᠳᠤᠯᠭᠠᠨ᠎ᠤ ᠬᠦᠷᠢᠶᠡᠯᠡᠩ᠎ᠡᠴᠡ ᠬᠥᠮᠥᠰ᠎ᠢ ᠤᠷᠮᠠᠱᠢᠭᠤᠯᠤᠮᠠ ᠴᠢᠮᠡᠭᠡ ᠂ ᠲᠤᠰ ᠬᠦᠷᠢᠶᠡᠯᠡᠩ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠬᠢᠨ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠭᠣᠣᠯᠳᠠᠯᠭ᠎ᠠ ᠪᠣᠯᠬᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠪᠠ ᠤᠯᠤᠰ᠎ᠤᠨ ᠭᠦᠨ ᠳᠠᠪᠬᠤᠷᠭ᠎ᠠ᠎ᠳᠠᠬᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠲᠦᠷᠦᠯ ᠵᠦᠢᠯ᠎ᠳᠤ ᠲᠦᠱᠢᠭ᠌ᠯᠡᠨ᠂ ᠪᠠᠶᠠᠨ᠌ᠣ᠋ᠪᠣᠭ᠎ᠠ ᠵᠢᠨ ᠪᠠ ᠳᠠᠭᠠᠯᠳᠤᠨ ᠭᠠᠷᠬᠤ ᠠᠭᠤᠷᠬᠠᠢ᠎ᠶᠢ ᠨᠡᠭᠡᠭᠡᠨ ᠠᠰᠢᠭ᠍ᠯᠠᠬᠤ ᠬᠦᠷᠢᠶᠡᠨ᠎ᠳᠦ ᠴᠢᠬᠤᠯᠠ ᠠᠬᠢᠯᠲᠠ ᠲᠠᠢ ᠪᠣᠯᠵᠤ᠂ ᠨᠢᠤᠪᠢ᠎ᠶ᠋ᠢᠨ ᠡᠬᠢ ᠪᠠᠶᠠᠯᠢᠭ᠋᠎ᠢ ᠨᠠᠷᠢᠯᠢᠭ᠍ᠵᠢᠭᠤᠯᠤᠨ ᠠᠰᠢᠭ᠍ᠯᠠᠬᠤ ᠲᠠᠯ᠎ᠠ᠎ᠪᠠᠷ 《ᠲᠦᠷᠭᠡᠨ ᠪᠠᠢᠴᠠᠭᠠᠨ ᠰᠢᠯᠭᠠᠬᠤ᠂ ᠣᠨᠣᠴᠠᠲᠠᠢ ᠣᠷᠣᠨ ᠪᠠᠢᠷᠢ ᠲᠣᠭᠲᠠᠭᠠᠬᠤ᠂ ᠴᠢᠨᠠᠷ ᠴᠢᠨᠰᠠᠭ᠎ᠠ᠎ᠶ᠋ᠢ ᠤᠷᠢᠳᠴᠢᠯᠠᠨ ᠮᠡᠳᠡᠭᠡᠯᠡᠬᠦ》 ᠭᠤᠷᠪᠠᠨ ᠵᠦᠢᠯ᠎ᠦᠨ ᠮᠡᠷᠭᠡᠵᠢᠯ᠎ᠦᠨ ᠰᠢᠪᠲᠤᠯᠤᠯᠲᠠ᠎ᠶᠢ ᠠᠮᠵᠢᠯᠲᠠ᠎ᠲᠠᠢ ᠪᠡᠶᠡᠯᠡᠭᠦᠯᠵᠦ᠂ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠠᠮᠤᠷ ᠲᠦᠪᠰᠢᠨ᠎ᠦ ᠪᠠᠲᠤᠯᠠᠭᠠᠨᠤ ᠴᠢᠳᠠᠪᠤᠷᠢ᠎ᠶᠢ ᠨᠡᠮᠡᠭᠳᠡᠭᠦᠯᠬᠦ᠎ᠳᠦ ᠰᠢᠨ᠎ᠡ ᠲᠤᠤᠬᠠᠢ ᠨᠡᠮᠡᠷᠢᠯᠡᠵᠡᠢ᠃
ᠲᠠᠨᠢᠯᠴᠠᠭᠤᠯᠤᠭᠰᠠᠨ᠎ᠢᠶᠠᠷ᠂ ᠪᠠᠶᠠᠨ᠌ᠣ᠋ᠪᠣᠭ᠎ᠠ ᠠᠭᠤᠷᠬᠠᠢ᠎ᠶᠢᠨ ᠤᠯᠠᠮᠵᠢᠯᠠᠯᠲᠤ ᠹᠢᠽᠢᠺ ᠬᠢᠮᠢ᠎ᠶᠢᠨ ᠵᠠᠳᠠᠯᠤᠯᠲᠠ ᠴᠠᠭ ᠨᠢ ᠨᠡᠯᠢᠶᠡᠳ ᠣᠷᠳᠣ᠌᠂ ᠠᠬᠤᠢ ᠲᠠᠯᠠᠪᠠᠢ᠎ᠶ᠋ᠢᠨ ᠦᠢᠯᠡᠳᠪᠦᠷᠢᠯᠡᠯ᠎ᠢ ᠴᠠᠭ ᠲᠤᠬᠠᠢ᠎ᠳᠦ ᠨᠢ ᠵᠢᠯᠤᠭᠣᠳᠬᠤ᠎ᠳᠤ ᠪᠡᠷᠬᠡᠲᠡᠢ ᠪᠠᠢᠭ᠎ᠠ ᠪᠡᠷᠬᠡ ᠠᠰᠠᠭᠤᠳᠠᠯ᠎ᠤᠨ ᠡᠮᠦᠨ᠎ᠡ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠬᠢᠨ ᠣᠯᠠᠨ ᠡᠯᠧᠮᠧᠨ᠋ᠲ᠎ᠢ ᠲᠦᠷᠭᠡᠨ ᠪᠠᠢᠴᠠᠭᠠᠨ ᠰᠢᠯᠭᠠᠬᠤ ᠲᠤᠷᠰᠢᠯᠲᠠ᠎ᠶᠢᠨ ᠲᠠᠰᠤᠭ ᠪᠠᠢᠭᠤᠯᠤᠭᠰᠠᠨ ᠪᠠᠢᠨ᠎ᠠ᠃ ᠲᠡᠳᠡᠨᠦᠰ᠎ᠦᠨ ᠠᠮᠵᠢᠯᠲᠠ ᠲᠠᠢ᠎ᠪᠠᠷ ᠰᠤᠳᠤᠯᠤᠨ ᠨᠡᠭᠡᠭᠡᠭᠰᠡᠨ ᠪᠠ 《ᠣᠯᠠᠨ ᠡᠯᠧᠮᠧᠨ᠋ᠲ᠎ᠢ ᠲᠦᠷᠭᠡᠨ ᠰᠢᠯᠭᠠᠨ ᠬᠡᠮᠵᠢᠬᠦ ᠪᠠ ᠵᠢᠷᠤᠭ 》 ᠮᠡᠷᠭᠡᠵᠢᠯ ᠨᠢ ᠠᠭᠤᠷᠬᠠᠢ᠎ᠳᠤ ᠨᠢᠭᠡᠨ ᠥᠨᠳᠥᠷ ᠪᠦᠲᠦᠮᠵᠢᠲᠡᠶ 《CT ᠰᠢᠷᠪᠢᠭᠦᠷ》 ᠤᠭᠰᠠᠷᠠᠭᠰᠠᠨ ᠃ ᠡᠨᠡ ᠬᠦ᠌ ᠮᠡᠷᠭᠡᠵᠢᠯ ᠨᠢ ᠪᠠᠢᠴᠠᠭᠠᠨ ᠰᠢᠯᠭᠠᠬᠤ ᠴᠠᠭ᠎ᠢ ᠶᠡᠬᠡ ᠬᠡᠮᠵᠢᠶ᠎ᠡ᠎ᠪᠡᠷ ᠪᠣᠭᠣᠨᠢᠰᠬᠠᠵᠤ᠂ ᠨᠢᠤᠪᠢ ᠵᠡᠷᠭᠡ ᠣᠯᠠᠨ ᠵᠦᠢᠯ᠎ᠦᠨ ᠡᠯᠧᠮᠧᠨ᠋ᠲ᠎ᠢ ᠪᠠᠢᠴᠠᠭᠠᠨ ᠰᠢᠯᠭᠠᠬᠤ ᠣᠨᠣᠪᠴᠢ᠎ᠶᠢᠨ ᠨᠣᠷᠮ᠎ᠠ᠎ᠶᠢ 95%᠎ᠡᠴᠡ ᠳᠡᠭᠡᠭᠰᠢ ᠪᠣᠯᠲᠠᠯ᠎ᠠ ᠬᠠᠮᠲᠤ ᠨᠦᠬᠡᠯᠡᠬᠦ᠂ ᠰᠢᠨᠵᠢᠯᠡᠨ ᠰᠢᠯᠭᠠᠬᠤ᠎ᠠᠴᠠ ᠳᠡᠯᠪᠡᠴᠢᠬᠦ᠌ ᠬᠦᠷᠲᠡᠯᠡᠬᠢ ᠦᠢᠯᠡᠳᠪᠦᠷᠢᠯᠡᠯ᠎ᠦᠨ ᠪᠥᠬᠥ ᠴᠣᠪᠣᠷᠠᠯ᠎ᠢ ᠨᠡᠪᠲᠡᠷᠡᠭᠦᠯᠦᠨ᠂ ᠠᠬᠤᠢ ᠲᠠᠯᠠᠪᠠᠢ᠎ᠳᠤ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠥᠨᠳᠥᠷ ᠪᠦᠲᠦᠮᠵᠢᠲᠡᠶ᠎ᠪᠠᠷ ᠦᠢᠯᠡᠳᠪᠦᠷᠢᠯᠡᠬᠦ᠌ ᠴᠢᠳᠠᠪᠤᠷᠢ᠎ᠶᠢ ᠢᠯᠡᠳᠲᠡ ᠳᠡᠭᠡᠭ᠌ᠰᠢᠯᠡᠭᠦᠯᠵᠡᠢ᠃
ᠣᠨᠣᠴᠠᠲᠠᠢ ᠣᠷᠣᠨ ᠪᠠᠢᠷᠢ ᠲᠣᠭᠲᠠᠭᠠᠬᠤ ᠲᠠᠯ᠎ᠠ᠎ᠪᠠᠷ᠂ ᠪᠦᠯᠬᠦᠮ᠎ᠤᠨ ᠬᠢᠨ 《 ᠪᠠ ᠳᠠᠭᠠᠯᠳᠤᠨ ᠭᠠᠷᠬᠤ ᠡᠬᠢ ᠪᠠᠶᠠᠯᠢᠭ᠎ᠢ ᠨᠠᠷᠢᠯᠢᠭ᠋ ᠣᠨᠣᠴᠠᠲᠠᠢ᠎ᠪᠠᠷ ᠣᠷᠣᠨ ᠪᠠᠢᠷᠢ ᠲᠣᠭᠲᠠᠭᠠᠬᠤ ᠮᠡᠷᠭᠡᠵᠢᠯ》᠎ᠢ ᠠᠭᠤᠰᠤᠯᠴᠠᠭᠤᠯᠤᠨ ᠰᠢᠨ᠎ᠡ᠎ᠶᠢ ᠡᠭᠦᠳᠪᠡ᠂ ᠡᠨᠡ ᠬᠦ᠌ ᠰᠢᠰᠲᠧᠮ᠎ᠢ ᠳᠦᠷᠰᠦᠯᠢᠭ᠎ᠢᠶᠡᠷ 《ᠬᠦᠳᠡᠷ᠎ᠦᠨ ᠰᠢᠰᠲᠧᠮ》 ᠬᠡᠮᠡᠨ ᠨᠡᠷᠡᠯᠡᠵᠡᠢ᠃ ᠣᠳᠣᠬᠠᠨ᠎ᠳᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠳ ᠨᠢᠭᠡᠨᠲᠡ ᠠᠳᠠᠯᠢ ᠪᠤᠰᠤ ᠬᠡᠮᠵᠢᠯᠡᠭᠦᠷᠦᠨ ᠵᠢᠷᠤᠭ ᠳᠡᠭᠡᠷ᠎ᠡ᠂ ᠠᠳᠠᠯᠢ ᠪᠤᠰᠤ ᠳᠡᠭ᠌ᠲᠡᠷᠲᠡᠬᠢ ᠨᠢᠤᠪᠢ᠂ ᠬᠣᠪᠣᠷ ᠰᠢᠷᠣᠢ᠂ ᠬᠠᠢᠯᠤᠭᠤᠷ ᠵᠤᠩᠰᠢ᠂ ᠲᠡᠮᠦᠷ ᠵᠡᠷᠭᠡ ᠡᠬᠢ ᠪᠠᠶᠠᠯᠢᠭ᠋᠎ᠤᠨ ᠡᠯᠧᠮᠧᠨ᠋ᠲ᠎ᠦᠨ ᠴᠢᠨᠰᠠᠭ᠎ᠠ᠂ ᠬᠦᠳᠡᠷ᠎ᠦᠨ ᠲᠥᠷᠥᠯ ᠬᠡᠯᠪᠡᠷᠢ᠂ ᠬᠦᠳᠡᠷ᠎ᠦᠨ ᠬᠡᠯᠪᠡᠷᠢ ᠳᠦᠷᠰᠦ ᠵᠢᠴᠢ ᠭᠠᠷᠤᠯᠲᠠ᠎ᠶᠢᠨ ᠬᠡᠪᠴᠢᠶᠡᠵᠢᠯ᠎ᠦᠨ ᠣᠨᠴᠠᠯᠢᠭ᠋᠎ᠢ ᠨᠠᠷᠢᠯᠢᠭ᠋ ᠵᠢᠷᠤᠭᠯᠠᠵᠤ ᠴᠢᠳᠠᠭᠰᠠᠨ ᠪᠠᠢᠨ᠎ᠠ᠃ ᠡᠨᠡ ᠨᠢ ᠣᠨᠴᠠ ᠲᠣᠭᠲᠠᠭᠰᠠᠨ ᠴᠢᠨᠰᠠᠭ᠎ᠠ ᠪᠠ ᠲᠦᠷᠦᠯ ᠬᠡᠯᠪᠡᠷᠢ᠎ᠶᠢ ᠦᠨᠳᠦᠰᠦᠯᠡᠨ ᠬᠠᠷᠠᠯᠲᠠᠲᠤ ᠬᠦᠳᠡᠷ᠎ᠢᠶᠠᠨ ᠨᠠᠷᠢᠯᠢᠭ᠋ ᠣᠨᠣᠴᠠᠲᠠᠢ᠎ᠪᠠᠷ ᠰᠣᠩᠭᠣᠨ ᠲᠣᠭᠲᠠᠭᠠᠬᠤ ᠪᠣᠯᠣᠮᠵᠢ ᠲᠠᠢ ᠪᠣᠯᠭᠠᠵᠤ᠂ ᠬᠣᠢᠱᠢᠳᠠ᠎ᠶ᠋ᠢᠨ ᠨᠠᠷᠢᠯᠢᠭ᠍ᠵᠢᠭᠤᠯᠤᠭ᠍ᠰᠠᠨ ᠠᠭᠤᠷᠬᠠᠢ ᠮᠠᠯᠲᠠᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠠᠢ᠃
ᠨᠡᠩ ᠢᠯᠡᠭᠦᠦ ᠵᠦᠢᠯ ᠭᠡᠪᠡᠯ᠂ ᠲᠥᠷᠥᠯ ᠵᠦᠢᠯ᠎ᠦᠨ ᠪᠦᠯᠬᠦᠮ᠎ᠤᠨ ᠬᠢᠨ ᠴᠠᠭ ᠠᠭᠤᠷ᠎ᠤᠨ ᠤᠷᠢᠳᠴᠢᠯᠠᠭᠰᠠᠨ ᠮᠡᠳᠡᠭᠡ᠎ᠶᠢᠨ ᠰᠡᠳᠬᠢᠮᠵᠢ᠎ᠪᠡᠷ ᠲᠣᠯᠢ ᠪᠣᠯᠭᠠᠵᠤ᠂ ᠨᠢᠤᠪᠢ᠎ᠶᠢᠨ ᠡᠬᠢ ᠪᠠᠶᠠᠯᠢᠭ᠋᠎ᠤᠨ ᠴᠢᠨᠠᠷ ᠴᠢᠨᠰᠠᠭ᠎ᠠ᠎ᠶ᠋ᠢᠨ 《ᠤᠷᠢᠳᠴᠢᠯᠠᠨ ᠮᠡᠳᠡᠭᠡᠯᠡᠬᠦ᠌》᠎ᠶᠢ ᠪᠡᠶᠡᠯᠡᠭᠦᠯᠦᠭᠰᠡᠨ ᠪᠠᠢᠨ᠎ᠠ᠃ ᠲᠡᠳᠡ ᠨᠢᠤᠪᠢ᠎ᠶ᠋ᠢᠨ ᠡᠬᠢ ᠪᠠᠶᠠᠯᠢᠭ᠋᠎ᠢ ᠨᠦᠬᠡᠯᠡᠨ ᠲᠥᠷᠥᠯ ᠬᠤᠪᠢᠶᠠᠵᠤ ᠣᠷᠣᠨ ᠪᠠᠢᠷᠢ᠎ᠶ᠋ᠢ ᠨᠢ ᠲᠣᠭᠲᠠᠭᠠᠬᠤ᠂ ᠳᠡᠭ᠌ᠲᠡᠷ᠎ᠦᠨ ᠨᠠᠷᠢᠯᠢᠭ᠋ ᠣᠨᠣᠴᠠᠲᠠᠢ ᠣᠷᠣᠨ ᠪᠠᠢᠷᠢ᠎ᠶ᠋ᠢ ᠲᠣᠭᠲᠠᠭᠠᠬᠤ ᠵᠢᠴᠢ ᠵᠢᠮ᠎ᠡ ᠶᠣᠰᠣᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠶᠡᠷᠦᠩᠬᠡᠢᠯᠡᠨ ᠬᠡᠷᠡᠭᠯᠡᠵᠦ᠂ ᠣᠯᠠᠨ ᠦᠢᠯᠡᠳᠪᠦᠷᠢᠯᠡᠯ᠎ᠦᠨ ᠳᠡᠭ᠌ᠲᠡᠷᠲᠡᠬᠢ ᠨᠢᠤᠪᠢ᠎ᠶ᠋ᠢᠨ ᠡᠬᠢ ᠪᠠᠶᠠᠯᠢᠭ᠋᠎ᠤᠨ ᠲᠥᠷᠥᠯ ᠬᠡᠯᠪᠡᠷᠢ᠂ ᠪᠦᠷᠢᠯᠳᠦᠭᠦᠨ ᠬᠢᠭᠡᠳ ᠬᠡᠯᠪᠡᠷᠢ ᠬᠤᠪᠢᠷᠠᠯᠲᠠ᠎ᠶ᠋ᠢᠨ ᠵᠢᠮ᠎ᠡ ᠶᠣᠰᠣ᠌᠎ᠶ᠋ᠢ ᠤᠯᠠᠷᠢᠭᠤᠯᠤᠨ ᠭᠠᠷᠭᠠᠭᠰᠠᠨ ᠪᠥᠭᠡᠳ ᠦᠷᠭᠦᠯᠵᠢᠯᠡᠭᠰᠡᠨ ᠳᠡᠭ᠌ᠲᠡᠷᠲᠡᠬᠢ ᠠᠬᠤᠢ ᠲᠠᠯᠠᠪᠠᠢ᠎ᠶ᠋ᠢᠨ ᠰᠢᠯᠭᠠᠨ ᠪᠠᠲᠤᠯᠠᠯᠲᠠ ᠯᠤᠭ᠎ᠠ ᠤᠶᠠᠯᠳᠤᠭᠤᠯᠤᠨ᠂ ᠡᠬᠢ ᠪᠠᠶᠠᠯᠢᠭ᠋᠎ᠤᠨ ᠴᠢᠨᠠᠷ ᠴᠢᠨᠰᠠᠭ᠎ᠠ᠎ᠶ᠋ᠢᠨ ᠲᠤᠬᠠᠢ ᠵᠢᠱ᠌ᠢᠯᠲᠡ᠎ᠶ᠋ᠢ ᠠᠮᠵᠢᠯᠲᠠ᠎ᠲᠠᠢ ᠪᠡᠶᠡᠯᠡᠭᠦᠯᠵᠡᠢ᠃ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ᠎ᠦᠨ ᠠᠭᠤᠷᠬᠠᠢ᠎ᠶᠢᠨ ᠰᠤᠳᠤᠯᠭᠠᠨ᠎ᠤ ᠬᠦᠷᠢᠶᠡᠯᠡᠩ᠎ᠦᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ ᠮᠧᠩ ᠸᠧᠨ ᠰᠢᠶᠠᠩ᠎ᠤᠨ ᠲᠠᠨᠢᠯᠴᠠᠭᠤᠯᠤᠭᠰᠠᠨ᠎ᠢᠶᠠᠷ᠂ ᠳᠡᠭᠡᠷ᠎ᠡ ᠳᠤᠷᠠᠳᠤᠭᠰᠠᠨ ᠰᠢᠷᠢᠰ ᠵᠠᠩᠭᠢᠯᠠᠭ᠎ᠠ᠎ᠶᠢᠨ ᠮᠡᠷᠭᠡᠵᠢᠯ᠎ᠢ ᠬᠡᠷᠡᠭᠯᠡᠬᠦ᠎ᠪᠡᠷ ᠳᠠᠮᠵᠢᠭᠤᠯᠵᠤ᠂ ᠪᠦᠯᠬᠦᠮ᠎ᠦᠨ ᠬᠢᠨ ᠨᠢᠭᠡᠨᠲᠡ ᠨᠢᠤᠪᠢ ᠣᠷᠣᠨ᠎ᠢ ᠬᠦᠷᠢᠶᠡᠯᠡᠨ ᠲᠣᠭᠲᠠᠭᠠᠭᠰᠠᠨ ᠪᠠᠢᠨ᠎ᠠ᠃ ᠡᠨᠡ ᠨᠢ ᠡᠯᠧᠮᠧᠨ᠋ᠲ᠎ᠢ ᠰᠢᠯᠭᠠᠨ ᠪᠠᠢᠴᠠᠭᠠᠬᠤ ᠴᠠᠭ᠎ᠢ ᠢᠯᠡᠳᠲᠡ ᠪᠣᠭᠣᠨᠢᠰᠬᠠᠵᠤ᠂ ᠠᠵᠢᠯ᠎ᠤᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠲᠤᠬᠠᠢ᠎ᠶᠢᠨ ᠭᠠᠵᠠᠷ᠎ᠲᠤ ᠨᠢ ᠰᠢᠯᠭᠠᠨ ᠪᠠᠢᠴᠠᠭᠠᠬᠤ᠎ᠶᠢ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ᠂ ᠦᠢᠯᠡᠳᠪᠦᠷᠢᠯᠡᠯ᠎ᠢ ᠨᠡᠩ ᠪᠦᠬᠦ ᠲᠠᠯ᠎ᠠ᠎ᠪᠠᠷ ᠵᠢᠯᠤᠭᠣᠳᠴᠤ ᠴᠢᠳᠠᠬᠤ ᠪᠣᠯᠵᠠᠢ᠃ ᠪᠦᠯᠬᠦᠮ᠎ᠦᠨ ᠬᠢᠨ ᠪᠠᠰᠠ ᠠᠭᠤᠷᠬᠠᠢ᠎ᠶᠢᠨ ᠴᠣᠭᠴᠠ᠎ᠶᠢᠨ ᠣᠯᠠᠨ ᠬᠡᠮᠵᠢᠯᠲᠦ ᠰᠢᠨᠵᠢ ᠴᠢᠨᠠᠷ ᠪᠠ ᠦᠢᠯᠡᠳᠪᠦᠷᠢᠯᠡᠯ᠎ᠦᠨ ᠪᠣᠳᠠᠲᠤ ᠪᠠᠢᠳᠠᠯ ᠲᠠᠢ ᠤᠶᠠᠯᠳᠤᠭᠤᠯᠤᠨ᠂ ᠴᠣᠭᠣᠯᠬᠤ ᠵᠢᠷᠤᠭ ᠲᠥᠯᠥᠪᠯᠡᠭᠡ᠂ ᠳᠡᠯᠪᠡᠴᠢᠬᠦ᠌ ᠶᠠᠰᠤ ᠴᠢᠨᠠᠷ᠂ ᠬᠡᠮᠵᠢᠶ᠎ᠡ ᠪᠣᠯᠣᠨ ᠲᠡᠭᠡᠭᠡᠪᠦᠷᠢᠯᠡᠬᠦ᠌ ᠠᠷᠭ᠎ᠠ ᠪᠣᠳᠣᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ 《ᠦᠢᠯᠡᠳᠪᠦᠷᠢᠯᠡᠯ᠎ᠦᠨ ᠪᠡᠯᠡᠳᠬᠡᠯ ᠵᠢᠷᠤᠭ ᠲᠥᠯᠥᠪᠯᠡᠭᠡ — ᠰᠠᠯᠭᠠᠨ ᠨᠡᠪᠲᠡᠯᠵᠦ ᠰᠠᠯᠭᠠᠨ ᠳᠡᠯᠪᠡᠴᠢᠬᠦ᠌ — ᠰᠠᠯᠭᠠᠨ ᠲᠡᠭᠡᠭᠡᠪᠦᠷᠢᠯᠡᠵᠦ ᠰᠠᠯᠭᠠᠨ 》 ᠰᠢᠨ᠎ᠡ ᠤᠷ᠎ᠠ ᠮᠡᠷᠭᠡᠰᠢᠯ᠎ᠦᠨ ᠲᠣᠭ᠍ᠲᠠᠯᠴᠠᠭ᠎ᠠ᠎ᠶ᠋ᠢ ᠠᠩᠬ᠎ᠠ ᠠᠯᠬᠤᠮ ᠪᠠᠢᠭᠤᠯᠤᠭᠰᠠᠨ ᠪᠥᠭᠡᠳ ᠪᠠᠶᠠᠨ᠌ᠣ᠋ᠪᠣᠭ᠎ᠠ ᠲᠡᠮᠦᠷ᠎ᠦᠨ ᠠᠭᠤᠷᠬᠠᠢ᠂ ᠪᠠ ᠷᠦᠨ ᠬᠤᠪᠢᠶᠠᠷᠢ ᠺᠣᠮᠫᠠᠨᠢ ᠯᠤᠭ᠎ᠠ ᠬᠠᠮᠵᠢᠯᠴᠠᠵᠤ᠂ ᠨᠢᠤᠪᠢ᠎ᠶᠢᠨ ᠪᠠᠶᠠᠯᠢᠭ ᠬᠦᠳᠡᠷ᠎ᠦᠨ ᠲᠠᠩ ᠣᠪᠣᠭ᠎ᠠ᠎ᠶᠢ ᠰᠠᠯᠭᠠᠨ ᠪᠡᠶᠡᠯᠡᠭᠦᠯᠵᠦ᠂ ᠪᠠᠶᠠᠨ᠌ᠣ᠋ᠪᠣᠭ᠎ᠠ ᠠᠭᠤᠷᠬᠠᠢ᠎ᠶᠢᠨ ᠨᠢᠤᠪᠢ ᠵᠢᠴᠢ ᠪᠤᠰᠤᠳ ᠡᠬᠢ ᠪᠠᠶᠠᠯᠢᠭ᠋᠎ᠢ ᠥᠨᠳᠥᠷ ᠪᠦᠲᠦᠮᠵᠢᠲᠡᠢ᠎ᠪᠡᠷ ᠨᠡᠭᠡᠭᠡᠨ ᠠᠰᠢᠭ᠍ᠯᠠᠬᠤ᠎ᠳᠤ ᠰᠢᠨ᠎ᠡ ᠠᠷᠭ᠎ᠠ ᠵᠠᠮ᠎ᠢ ᠨᠡᠭᠡᠭᠡᠵᠦ᠍ ᠥᠭ᠌ᠴᠡᠢ᠃