ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠮᠡᠳᠡᠭᠡ᠎ᠶᠢ ᠦᠨᠳᠦᠰᠦᠯᠡᠪᠡᠯ᠂ 10 ᠳ᠋ᠤᠭᠠᠷ ᠰᠠᠷ᠎ᠠ᠎ᠶᠢᠨ 26᠎ᠤ ᠡᠳᠦᠷ ᠪᠠᠭᠠᠷᠢᠨ ᠪᠠᠷᠠᠭᠤᠨ ᠬᠣᠰᠢᠭᠤᠨ᠎ᠠᠴᠠ ᠴᠧᠩᠳᠧ᠎ᠶᠢᠨ ᠫᠦᠨᠢᠩ ᠨᠢᠰᠬᠡᠯ᠎ᠦᠨ ᠪᠠᠭᠤᠳᠠᠯ᠎ᠳᠤ ᠬᠦᠷᠬᠦ HL5107 ᠡᠭᠡᠯᠵᠢ᠎ᠶᠢᠨ ᠨᠢᠰᠬᠡᠯ ᠤᠷᠤᠭᠰᠢᠲᠠᠢ᠎ᠪᠠᠷ ᠨᠢᠰᠦᠯᠲᠡ᠎ᠶᠢ ᠪᠡᠶᠡᠯᠡᠭᠦᠯᠦᠭᠰᠡᠨ᠎ᠡᠴᠡ ᠪᠠᠭᠠᠷᠢᠨ ᠪᠠᠷᠠᠭᠤᠨ ᠬᠣᠰᠢᠭᠤᠨ᠎ᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠳᠤ ᠠᠶᠠᠯᠠᠯ ᠨᠡᠪᠲᠡᠷᠡᠪᠡ᠃
ᠪᠠᠭᠠᠷᠢᠨ ᠪᠠᠷᠠᠭᠤᠨ ᠬᠣᠰᠢᠭᠤᠨ᠎ᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ ᠪᠣᠯ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ᠎ᠶᠢᠨ ᠪᠦᠯᠦᠭᠯᠡᠯ᠎ᠳᠦ ᠬᠠᠷᠢᠶᠠᠯᠠᠭᠳᠠᠬᠤ ᠥᠪᠥᠷ ᠮᠣᠩᠭᠣᠯ᠎ᠤᠨ ᠠᠭᠠᠷ ᠠᠶᠠᠯᠠᠯ ᠵᠢᠭᠤᠯᠴᠢᠯᠠᠯ᠎ᠤᠨ ᠪᠦᠯᠦᠭᠯᠡᠯ᠎ᠦᠨ ᠪᠡᠶ᠎ᠡ᠎ᠪᠡᠨ ᠳᠠᠭᠠᠭᠠᠵᠤ ᠪᠠᠢᠭᠤᠯᠤᠭᠰᠠᠨ᠂ ᠠᠵᠢᠯᠯᠠᠭᠤᠯᠤᠭᠰᠠᠨ᠂ ᠬᠠᠮᠢᠶᠠᠷᠤᠭᠰᠠᠨ A1 ᠲᠥᠷᠥᠯ᠎ᠦᠨ ᠨᠡᠢᠳᠡᠮ ᠬᠡᠷᠡᠭᠯᠡᠭᠡᠨ᠎ᠦ ᠠᠩᠬᠠᠳᠠᠭ᠍ᠴᠢ ᠨᠢᠰᠬᠡᠯ᠎ᠦᠨ ᠪᠠᠭᠤᠳᠠᠯ ᠪᠠᠢᠵᠤ᠂ ᠤᠯᠠᠭᠠᠨᠬᠠᠳᠠ ᠭᠠᠵᠠᠷ ᠣᠷᠣᠨ᠎ᠤ ᠨᠡᠢᠳᠡᠮ ᠬᠡᠷᠡᠭᠯᠡᠭᠡᠨ᠎ᠦ ᠠᠭᠠᠷ ᠠᠶᠠᠯᠠᠯ᠎ᠤᠨ ᠨᠢᠰᠬᠡᠯ᠎ᠦᠨ ᠪᠠᠭᠤᠳᠠᠯ᠎ᠤᠨ ᠲᠣᠭᠣᠷᠢᠭ᠋᠎ᠤᠨ ᠲᠥᠪ ᠬᠡᠰᠡᠭ᠎ᠲᠦ ᠪᠠᠢᠷᠢᠯᠠᠵᠤ ᠪᠣᠢ᠂ ᠲᠣᠰ ᠨᠢᠰᠬᠡᠯ᠎ᠦᠨ ᠪᠠᠭᠤᠳᠠᠯ ᠨᠢ ᠤᠳᠠᠯ ᠦᠭᠡᠢ ᠦᠨᠡᠮᠯᠡᠯ ᠠᠪᠴᠤ ᠡᠵᠡᠩᠨᠡᠬᠦ ᠭᠡᠵᠦ ᠪᠠᠢᠭ᠎ᠠ ᠪᠠᠭᠠᠷᠢᠨ ᠵᠡᠭᠦᠨ ᠬᠣᠰᠢᠭᠤᠨ᠎ᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠂ ᠤᠯᠠᠭᠠᠨᠪᠦᠲᠦᠩ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠂ ᠠᠰᠬᠠᠲᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ ᠯᠤᠭ᠎ᠠ ᠥᠨᠳᠥᠷ ᠪᠦᠲᠦᠮᠵᠢᠲᠡᠢ ᠬᠠᠮᠵᠢᠯᠴᠠᠭ᠎ᠠ ᠥᠷᠨᠢᠭᠦᠯᠦᠭᠰᠡᠨ ᠣᠷᠣᠨ ᠪᠦᠰᠡ᠎ᠶᠢᠨ ᠴᠢᠨᠠᠷᠲᠠᠢ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠤᠨ ᠲᠣᠣᠷ᠎ᠢ ᠪᠦᠷᠢᠯᠳᠦᠭᠦᠯᠵᠦ᠂ ᠤᠯᠠᠭᠠᠨᠬᠠᠳᠠ᠎ᠶᠢᠨ ᠬᠣᠢᠲᠤ ᠬᠡᠰᠡᠭ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠢ ᠬᠠᠮᠤᠷᠤᠭᠰᠠᠨ ᠳᠣᠣᠷ᠎ᠠ ᠠᠭᠠᠷ ᠠᠶᠠᠯᠠᠯ᠎ᠤᠨ ᠱᠤᠭᠤᠮ᠎ᠤᠨ ᠲᠣᠣᠷ᠎ᠢ ᠪᠦᠷᠢᠯᠳᠦᠭᠦᠯᠬᠦ ᠪᠣᠯᠣᠨ᠎ᠠ᠃
ᠪᠠᠭᠠᠷᠢᠨ ᠪᠠᠷᠠᠭᠤᠨ ᠬᠣᠰᠢᠭᠤᠨ᠎ᠤ ᠨᠡᠢᠳᠡᠮ ᠬᠡᠷᠡᠭᠯᠡᠭᠡᠨ᠎ᠦ ᠨᠢᠰᠬᠡᠯ᠎ᠦᠨ ᠪᠠᠭᠤᠳᠠᠯ᠎ᠳᠤ ᠵᠢᠩᠬᠢᠨᠢ᠎ᠪᠡᠷ ᠠᠶᠠᠯᠠᠯ ᠨᠡᠪᠲᠡᠷᠡᠭᠰᠡᠨ ᠨᠢ ᠪᠠᠭᠠᠷᠢᠨ ᠪᠠᠷᠠᠭᠤᠨ ᠬᠣᠰᠢᠭᠤᠨ᠎ᠤ 《ᠵᠠᠰᠠᠮᠠᠯ ᠵᠠᠮ + ᠲᠡᠮᠦᠷ ᠵᠠᠮ + ᠠᠭᠠᠷ ᠠᠶᠠᠯᠠᠯ》᠎ᠤᠨ ᠶᠡᠷᠦᠩᠬᠡᠢᠯᠡᠭᠰᠡᠨ ᠪᠣᠰᠣᠭ᠎ᠠ ᠴᠣᠭᠴᠠᠲᠤ ᠵᠠᠮ ᠬᠠᠷᠢᠯᠴᠠᠭᠠᠨ᠎ᠤ ᠳᠣᠭᠲᠠᠯᠴᠠᠭ᠎ᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠷᠰᠢ ᠵᠡᠷᠭᠡᠯᠡᠳᠡᠭᠡ ᠬᠤᠳᠠᠨᠤᠭᠤᠳᠢ ᠨᠡᠩ ᠳᠥᠭᠥᠮ ᠳᠥᠲᠡ᠎ᠪᠡᠷ ᠬᠣᠯᠪᠤᠯᠳᠤᠭᠤᠯᠵᠤ᠂ ᠪᠠᠷᠠᠭᠠᠨ᠎ᠤ ᠭᠦᠢᠯᠭᠡᠭᠡ ᠪᠠ ᠬᠥᠮᠥᠰ᠎ᠦᠨ ᠶᠠᠪᠤᠯᠴᠠᠭᠠᠨ᠎ᠳᠤ ᠵᠠᠮ ᠬᠠᠷᠢᠯᠴᠠᠭᠠᠨ᠎ᠤ ᠨᠥᠬᠥᠴᠡᠯ᠎ᠢ ᠰᠠᠢᠵᠢᠷᠠᠭᠤᠯᠵᠤ ᠥᠭᠭᠦᠭᠰᠡᠨ᠎ᠢᠶᠡᠷ ᠦᠯᠦ ᠪᠠᠷᠠᠮ ᠣᠷᠣᠨ ᠪᠦᠰᠡ᠎ᠶᠢᠨ ᠣᠨᠴᠠᠯᠢᠭ᠍ᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠲᠡᠭᠡᠭᠡᠪᠦᠷᠢ᠂ ᠵᠢᠭᠤᠯᠴᠢᠯᠠᠯ᠎ᠤᠨ ᠡᠬᠢ ᠪᠠᠶᠠᠯᠢᠭ᠋᠎ᠤᠨ ᠨᠡᠭᠡᠭᠡᠨ ᠬᠥᠭᠵᠢᠭᠦᠯᠦᠯᠲᠡ᠂ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠪᠠᠲᠤᠯᠠᠭ᠎ᠠ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠡᠷᠭᠡ ᠬᠦᠷᠢᠶᠡᠨ᠎ᠦ ᠬᠥᠭᠵᠢᠯᠲᠡ᠎ᠳᠦ ᠴᠤ᠌ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠡᠢᠳᠡᠮ ᠬᠡᠷᠡᠭᠯᠡᠭᠡᠨ᠎ᠦ ᠠᠭᠠᠷ ᠠᠶᠠᠯᠠᠯ᠎ᠤᠨ ᠠᠵᠤ ᠦᠢᠯᠡᠰ᠎ᠦᠨ ᠬᠥᠭᠵᠢᠯᠲᠡ ᠪᠠ ᠭᠠᠵᠠᠷ ᠣᠷᠣᠨ᠎ᠤ ᠵᠠᠮ ᠬᠠᠷᠢᠯᠴᠠᠭᠠᠨ᠎ᠤ ᠬᠣᠯᠪᠣᠯᠳᠤᠨ ᠨᠡᠪᠲᠡᠷᠡᠯᠴᠡᠬᠦ᠎ᠶᠢ ᠠᠬᠢᠭᠤᠯᠬᠤ ᠪᠣᠯᠣᠨ᠎ᠠ᠃