ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠯᠥᠨ ᠪᠣᠶ᠋ᠢᠷ ᠬᠣᠲᠠ 《ᠬᠦᠢᠲᠡᠨ ᠡᠬᠢ ᠪᠠᠶᠠᠯᠢᠭ᠋ 》᠎ᠢᠶᠠᠨ 《ᠭᠦᠭᠵᠢᠶᠡᠨᠲᠦ ᠠᠵᠤ ᠦᠢᠯᠡᠰ 》 ᠪᠣᠯᠭᠠᠬᠤ᠎ᠶᠢ ᠠᠬᠢᠭᠤᠯᠪᠠ
ᠨᠡᠶ᠋ᠢᠲᠡᠯᠡᠭᠰᠡᠨ ᠴᠠᠭ᠄ 2025-10-09

 

ᠲᠦᠷᠦᠭᠦᠬᠡᠨ᠂ ᠬᠥᠯᠥᠨ ᠪᠣᠶ᠋ᠢᠷ ᠬᠣᠲᠠ᠎ᠶᠢᠨ ᠬᠢᠨ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ᠂ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠸᠯᠸᠢᠰ᠎ᠦᠨ ᠲᠣᠪᠴᠢᠶ᠎ᠠ᠂ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠳ ᠬᠠᠮᠲᠤ᠎ᠪᠠᠷ ᠬᠤᠷᠠᠯ᠎ᠳᠤ ᠣᠷᠣᠯᠴᠠᠨ᠂ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠲᠥᠯᠦᠪᠵᠢᠭᠦᠯᠭᠡ᠂ ᠠᠵᠢᠯᠯᠠᠭ᠎ᠠ ᠤᠷᠤᠯᠳᠤᠭᠠᠨ᠂ ᠠᠷᠠᠯᠵᠢᠶ᠎ᠠ ᠬᠤᠳᠠᠯᠳᠤᠭᠠᠨ᠎ᠤ ᠳᠡᠮᠵᠢᠯᠭᠡ ᠵᠢᠴᠢ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠭᠣᠣᠯ ᠠᠭᠤᠯᠭ᠎ᠠ᠎ᠶᠢᠨ ᠲᠣᠭᠣᠷᠢᠨ᠎ᠳᠤ ᠲᠤᠬᠠᠢ᠎ᠶᠢᠨ ᠭᠠᠵᠠᠷ᠎ᠤᠨ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠬᠥᠭᠵᠢᠯᠲᠡ᠎ᠶᠢ ᠠᠬᠢᠭᠤᠯᠪᠠ᠃ 

ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠸᠯᠸᠢᠰ᠎ᠦᠨ ᠲᠣᠪᠴᠢᠶ᠎ᠠ ᠨᠢ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠶᠡᠷᠦᠩᠬᠡᠢ ᠪᠠᠢᠷᠢᠯᠠᠭᠤᠯᠤᠯᠲᠠ᠎ᠶᠢ ᠲᠣᠳᠣᠷᠬᠠᠢ ᠲᠣᠭᠲᠠᠭᠠᠵᠤ᠂ 4 ᠭᠣᠣᠯ ᠰᠡᠳᠦᠪᠲᠦ ᠵᠢᠭᠤᠯᠴᠢᠯᠠᠯ᠎ᠤᠨ ᠱᠤᠭᠤᠮ ᠪᠠ 69 ᠥᠪᠡᠷᠮᠢᠴᠡ ᠣᠨᠴᠠᠯᠢᠭ᠋᠎ᠲᠠᠢ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠨᠡᠢᠲᠡᠯᠡᠭᠰᠡᠨ᠎ᠢᠶᠡᠷ ᠪᠠᠷᠠᠬᠤ ᠦᠭᠡᠢ ᠪᠠᠰᠠ ᠭᠤᠷᠪᠠᠨ ᠪᠦᠯᠦᠭ ᠤᠳᠠᠭ᠎ᠠ ᠬᠤᠪᠢᠶᠠᠨ ᠵᠢᠭᠤᠯᠴᠢᠯᠠᠯ᠎ᠤᠨ ᠬᠡᠷᠡᠭᠯᠡᠭᠡ᠎ᠶᠢᠨ ᠲᠡᠮᠳᠡᠭᠲᠦ᠎ᠶᠢ ᠲᠡᠷᠬᠠᠭᠠᠬᠤ᠎ᠪᠠᠷ ᠲᠥᠯᠥᠪᠯᠡᠵᠦ᠂ ᠵᠢᠭᠤᠯᠴᠢᠯᠠᠯ᠎ᠤᠨ ᠨᠡᠮᠡᠭᠦᠷᠢ᠎ᠶᠢ ᠦᠷᠭᠦᠯᠵᠢᠯᠡᠨ ᠲᠠᠷᠬᠠᠭᠠᠵᠤ ᠪᠠᠢᠭᠠᠳ ᠬᠡᠷᠡᠭᠯᠡᠭᠡ᠎ᠶᠢᠨ ᠳᠠᠯᠳᠠ ᠬᠦᠴᠦᠨ᠎ᠢ ᠪᠠᠳᠠᠷᠠᠭᠤᠯᠬᠤ᠎ᠪᠠᠷ ᠪᠠᠢᠨ᠎ᠠ᠃ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠴᠠᠰᠤ ᠮᠥᠰᠥᠨ᠎ᠦ ᠲᠠᠮᠢᠷ᠎ᠤᠨ ᠬᠥᠳᠡᠯᠭᠡᠭᠡᠨ᠂ ᠣᠯᠠᠨ ᠲᠦᠮᠡᠨ᠎ᠦ ᠵᠤᠭ᠎ᠠ ᠴᠡᠩᠭᠡᠯ᠎ᠢ ᠬᠠᠮᠤᠷᠤᠭᠰᠠᠨ 74 ᠤᠷᠤᠯᠳᠤᠭᠠᠨ᠎ᠤ ᠠᠵᠢᠯᠯᠠᠭ᠎ᠠ᠎ᠶᠢ ᠵᠡᠷᠭᠡ᠎ᠪᠡᠷ ᠨᠡᠢᠲᠡᠯᠡᠵᠦ᠂ 2025 - 2026 ᠣᠨ᠎ᠤ ᠣᠯᠠᠨ ᠲᠦᠮᠡᠨ᠎ᠦ ᠴᠠᠰᠤ ᠮᠥᠰᠥᠨ᠎ᠦ ᠤᠯᠠᠷᠢᠯ᠎ᠤᠨ ᠲᠠᠯᠠᠪᠤᠷ ᠭᠠᠵᠠᠷ᠎ᠤᠨ ᠲᠥᠯᠦᠪᠵᠢᠭᠦᠯᠭᠡ᠎ᠶᠢ ᠨᠠᠷᠢᠨ ᠲᠠᠢᠯᠪᠤᠷᠢᠯᠠᠵᠤ᠂ 《 ᠪᠡᠶ᠎ᠡ᠎ᠶᠢᠨ ᠲᠠᠮᠢᠷ + ᠰᠣᠶᠣᠯ ᠵᠢᠭᠤᠯᠴᠢᠯᠠᠯ 》᠎ᠤᠨ ᠭᠦᠨᠵᠡᠭᠡᠢ ᠠᠭᠤᠰᠤᠯᠴᠠᠯ᠎ᠢ ᠠᠬᠢᠭᠤᠯᠤᠭᠰᠠᠨ ᠪᠠᠢᠨ᠎ᠠ᠃ ᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠣᠯᠠᠨ ᠪᠦᠯᠦᠭ ᠤᠳᠠᠭ᠎ᠠ ᠠᠷᠠᠯᠵᠢᠶ᠎ᠠ ᠬᠤᠳᠠᠯᠳᠤᠭᠠᠨ᠎ᠤ ᠬᠡᠷᠡᠭᠯᠡᠭᠡ᠎ᠶᠢᠨ ᠲᠡᠮᠳᠡᠭᠲᠦ᠎ᠶᠢ ᠲᠠᠷᠬᠠᠭᠠᠬᠤ᠎ᠪᠠᠷ ᠳᠠᠮᠵᠢᠭᠤᠯᠤᠨ᠂ ᠠᠷᠠᠯᠵᠢᠶ᠎ᠠ ᠬᠤᠳᠠᠯᠳᠤᠭ᠎ᠠ ᠬᠢᠭᠡᠳ ᠰᠣᠶᠣᠯ ᠵᠢᠭᠤᠯᠴᠢᠯᠠᠯ᠎ᠤᠨ ᠬᠣᠯᠪᠤᠭᠠᠯᠠᠨ ᠬᠥᠭᠵᠢᠬᠦ᠎ᠳᠦ ᠬᠦᠴᠦᠨ ᠨᠡᠮᠡᠷᠢᠯᠡᠬᠦ᠎ᠪᠡᠷ ᠪᠠᠢᠨ᠎ᠠ; ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠢᠯᠡᠷᠬᠡᠢᠯᠡᠬᠦ᠎ᠳᠦ᠎ᠪᠡᠨ᠂ ᠰᠣᠶᠣᠯ ᠵᠢᠭᠤᠯᠴᠢᠯᠠᠯ᠂ ᠳᠣᠲᠣᠭᠠᠳᠤ᠎ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦ᠍ᠭᠡ ᠬᠣᠯᠪᠣᠭᠠᠯᠠᠭᠠᠳ ᠬᠠᠮᠵᠢᠯᠴᠠᠨ ᠬᠦᠴᠦᠯᠡᠵᠦ᠂ ᠵᠢᠭᠤᠯᠴᠢᠯᠠᠭ᠍ᠴᠢᠳ᠎ᠤᠨ ᠬᠡᠷᠡᠭᠯᠡᠭᠡ᠎ᠶᠢ ᠪᠠᠲᠤᠯᠠᠵᠤ᠂ ᠵᠠᠬ᠎ᠠ ᠳᠡᠯᠭᠡᠭᠦᠷ᠎ᠦᠨ ᠡᠮᠬᠢ ᠵᠢᠷᠤᠮ᠎ᠢ ᠬᠠᠮᠠᠭᠠᠯᠠᠨ᠎ᠠ ᠭᠡᠪᠡ᠃ 

ᠣᠢᠯᠠᠭᠠᠭᠰᠠᠨ᠎ᠢᠶᠠᠷ᠂ ᠲᠣᠰ ᠤᠳᠠᠭᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ ᠪᠣᠯ ᠬᠥᠯᠥᠨ ᠪᠣᠶ᠋ᠢᠷ ᠬᠣᠲᠠ᠎ᠶᠢᠨ 8 ᠳ᠋ᠤᠭᠠᠷ ᠰᠠᠷ᠎ᠠ᠎ᠠᠴᠠ ᠡᠬᠢᠯᠡᠨ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠠᠵᠢᠯ᠎ᠢᠶᠠᠨ ᠤᠷᠢᠳᠴᠢᠯᠠᠨ ᠲᠥᠯᠥᠪᠯᠡᠭᠰᠡᠨ ᠴᠢᠬᠤᠯᠠ ᠦᠷ᠎ᠡ ᠪᠦᠲᠦᠭᠡᠯ ᠮᠥᠨ᠂ ᠡᠨᠡ ᠨᠢ ᠡᠯ᠎ᠡ ᠬᠣᠰᠢᠭᠤ ᠬᠣᠲᠠ ᠲᠣᠭᠣᠷᠢᠭ᠋ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠨᠡᠢᠯᠡᠯ ᠬᠦᠴᠦᠨ ᠪᠦᠷᠢᠯᠳᠦᠭᠦᠯᠦᠭᠰᠡᠨ᠎ᠢ ᠬᠠᠷᠠᠭᠤᠯᠵᠤ ᠪᠠᠢᠨ᠎ᠠ᠃ ᠬᠤᠳᠠ᠎ᠶᠢᠨ ᠵᠢᠭᠤᠯᠴᠢᠯᠠᠯ᠎ᠤᠨ ᠬᠥᠭᠵᠢᠯᠲᠡ᠎ᠶᠢᠨ ᠤᠳᠤᠷᠢᠳᠬᠤ ᠳᠤᠭᠤᠢᠯᠠᠩ᠎ᠤᠨ ᠨᠢᠭᠡᠳᠦᠯᠲᠡᠢ ᠲᠥᠯᠥᠪᠯᠡᠭᠡ᠎ᠪᠡᠷ᠂ ᠡᠯ᠎ᠡ ᠰᠠᠯᠠᠭ᠎ᠠ ᠮᠥᠴᠢᠷ᠎ᠦᠨ ᠬᠢᠨ ᠠᠯᠪᠠᠨ᠎ᠤ ᠲᠠᠪᠴᠠᠩ᠎ᠢᠶᠠᠷ ᠲᠥᠪᠯᠡᠷᠡᠭᠦᠯᠦᠨ ᠨᠡᠢᠲᠡᠯᠡᠯ ᠭᠠᠷᠭᠠᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠰᠢᠯᠵᠢᠨ ᠲᠡᠰ ᠳᠡᠪᠰᠢᠬᠦ᠎ᠶᠢ ᠠᠬᠢᠭᠤᠯᠬᠤ᠂ ᠤᠯᠤᠰ᠎ᠤᠨ ᠳᠣᠲᠣᠭᠠᠳᠤ᠎ᠳᠠᠬᠢ ᠲᠡᠷᠢᠭᠦᠨ ᠵᠡᠷᠭᠡ᠎ᠶᠢᠨ ᠴᠠᠰᠤ ᠮᠥᠰᠥᠨ᠎ᠦ ᠵᠢᠭᠤᠯᠴᠢᠯᠠᠯ᠎ᠤᠨ ᠬᠠᠷᠠᠯᠲᠠ᠎ᠶᠢᠨ ᠣᠷᠣᠨ᠎ᠢ ᠴᠣᠭᠴᠠᠯᠠᠬᠤ ᠵᠣᠷᠢᠭ᠋᠎ᠢᠶᠠᠨ ᠪᠦᠬᠦ ᠲᠠᠯ᠎ᠠ᠎ᠪᠠᠷ ᠢᠯᠡᠷᠡᠭᠦᠯᠵᠦ᠂ ᠡᠨᠡ ᠵᠢᠯ᠎ᠦᠨ ᠨᠠᠮᠤᠷ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠠᠵᠢᠯ᠎ᠳᠤ 《ᠠᠮᠵᠢᠯᠲᠠ ᠪᠦᠲᠦᠮᠵᠢ ᠭᠠᠷᠭᠠᠬᠤ》᠎ᠳᠤ ᠪᠠᠲᠤ ᠰᠠᠭᠤᠷᠢ ᠲᠠᠯᠪᠢᠵᠤ ᠥᠭᠪᠡ᠃ 

 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ