11 ᠳ᠋ᠦ᠍ᠭᠡᠷ ᠰᠠᠷ᠎ᠠ᠎ᠶᠢᠨ 9᠎ᠦ ᠣᠷᠣᠢ ᠲᠠᠢ ᠤᠯᠤᠰ᠎ᠤᠨ ᠵᠢᠶᠠ ᠮᠠᠢ ᠠᠭᠠᠷ ᠠᠶᠠᠯᠠᠯ᠎ᠤᠨ ᠺᠣᠮᠫᠠᠨᠢ᠎ᠶᠢᠨ B737-800BCF ᠬᠡᠯᠪᠡᠷᠢᠲᠦ ᠴᠤᠯᠤ ᠪᠠᠷᠠᠭᠠᠨ᠎ᠤ ᠲᠡᠭᠡᠭᠡᠪᠦᠷᠢ᠎ᠶᠢᠨ ᠨᠢᠰᠬᠡᠯ ᠲᠠᠢ ᠤᠯᠤᠰ᠎ᠤᠨ ᠪᠠᠩᠺᠤᠺ᠎ᠡᠴᠡ ᠣᠷᠳᠣᠰ᠎ᠲᠤ ᠬᠦᠷᠴᠡᠢ᠂ ᠡᠨᠡ ᠨᠢ ᠣᠷᠳᠣᠰ᠎ᠤᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ᠎ᠤᠨ ᠴᠤᠯᠤ ᠪᠠᠷᠠᠭᠠᠨ᠎ᠤ ᠲᠡᠭᠡᠭᠡᠪᠦᠷᠢ᠎ᠶᠢᠨ ᠠᠩᠬᠠᠳᠠᠭ᠍ᠴᠢ ᠲᠣᠭᠲᠠᠮᠠᠯ ᠬᠤᠭᠤᠴᠠᠭᠠᠲᠤ ᠠᠭᠠᠷ ᠠᠶᠠᠯᠠᠯ᠎ᠤᠨ ᠱᠤᠭᠤᠮ ᠵᠢᠩᠬᠢᠨᠢ᠎ᠪᠡᠷ ᠨᠡᠪᠲᠡᠷᠡᠭᠰᠡᠨ᠎ᠢ ᠬᠠᠷᠠᠭᠤᠯᠵᠤ ᠪᠠᠢᠨ᠎ᠠ ᠃
ᠡᠨᠡ ᠬᠦ᠌ ᠤᠳᠠᠭᠠᠨ᠎ᠤ ᠠᠩᠬᠠᠳᠠᠭ᠍ᠴᠢ ᠠᠶᠠᠯᠠᠯ᠎ᠤᠨ ᠡᠭᠡᠯᠵᠢ᠎ᠶᠢᠨ ᠨᠢᠰᠬᠡᠯ᠎ᠢᠶᠠᠷ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠶᠡᠷᠦᠩᠬᠡᠢ ᠬᠡᠮᠵᠢᠶ᠎ᠡ ᠨᠢ ᠪᠠᠷᠤᠭ 28 ᠲᠣᠨ ᠪᠠᠢᠨ᠎ᠠ᠂ ᠡᠭᠦᠨ᠎ᠤ ᠭᠠᠳᠠᠭᠠᠳᠤ᠎ᠠᠴᠠ ᠣᠷᠣᠭᠤᠯᠤᠭᠰᠠᠨ ᠪᠠᠷᠠᠭ᠎ᠠ᠎ᠳᠤ ᠭᠣᠣᠯᠳᠠᠭᠤ ᠲᠠᠢ ᠤᠯᠤᠰ᠎ᠤᠨ ᠵᠦᠷᠵᠢᠯᠢᠭ᠂ ᠲᠦᠬᠦᠬᠡᠢ ᠨᠠᠷᠭᠢᠯ ᠵᠡᠷᠭᠡ ᠬᠠᠯᠠᠭᠤᠨ ᠪᠦᠰᠡᠨ᠎ᠦ ᠲᠦᠭᠦᠬᠡᠢ ᠰᠣᠷᠭᠣᠭ ᠵᠢᠮᠢᠰ᠎ᠦᠨ ᠲᠥᠷᠥᠯ ᠪᠠᠢᠵᠤ᠂ ᠪᠠᠷᠤᠭ 16 ᠲᠣᠨ ᠪᠣᠢ; ᠭᠠᠳᠠᠭᠠᠳᠤ᠎ᠳᠤ ᠭᠠᠷᠭᠠᠭᠰᠠᠨ ᠪᠠᠷᠠᠭ᠎ᠠ᠎ᠳᠦ ᠨᠢ ᠡᠩ᠎ᠦᠨ ᠠᠷᠠᠯᠵᠢᠶᠠᠨ᠎ᠤ ᠲᠥᠷᠥᠯ᠎ᠦᠨ ᠲᠠᠸᠠᠷ᠎ᠢᠶᠠᠷ ᠭᠣᠣᠯᠯᠠᠵᠤ᠂ ᠪᠠᠷᠤᠭ 12 ᠲᠣᠨ ᠪᠣᠢ᠃ ᠣᠷᠳᠣᠰ ᠪᠣᠭᠣᠮᠲᠠ᠎ᠶᠢᠨ ᠠᠵᠢᠯᠲᠠᠳ ᠲᠤᠬᠠᠢ᠎ᠶᠢᠨ ᠲᠠᠯᠠᠪᠠᠢ᠎ᠳᠤ ᠬᠢᠨᠠᠨ ᠬᠠᠮᠢᠶᠠᠷᠴᠤ ᠠᠵᠢᠯᠯᠠᠬᠤ᠎ᠳᠤ᠎ᠪᠠᠨ᠂ ᠭᠠᠳᠠᠭᠠᠳᠤ᠎ᠡᠴᠡ ᠣᠷᠣᠭᠤᠯᠤᠭᠰᠠᠨ ᠲᠣᠰ ᠪᠦᠯᠦᠭ ᠰᠢᠨ᠎ᠡ ᠰᠣᠷᠭᠣᠭ ᠪᠦᠲᠦᠭᠡᠭᠳᠡᠬᠦᠨ᠎ᠦ ᠪᠣᠭᠣᠮᠲᠠ᠎ᠪᠠᠷ ᠥᠩᠭᠡᠷᠡᠭᠦᠯᠬᠦ ᠭᠠᠷᠳᠠᠮ᠎ᠢ ᠨᠢ ᠲᠦᠷᠭᠡᠨ ᠭᠦᠢᠴᠡᠳᠬᠡᠵᠦ᠂ ᠵᠠᠬ᠎ᠠ ᠳᠡᠯᠭᠡᠭᠦᠷ᠎ᠲᠦ ᠭᠠᠷᠭᠠᠵᠤ ᠳᠠᠷᠤᠢᠬᠠᠨ ᠪᠣᠷᠣᠯᠠᠭᠤᠯᠬᠤ ᠪᠣᠯᠭᠠᠭᠰᠠᠨ ᠪᠠᠢᠨ᠎ᠠ᠃ ᠡᠭᠦᠨ᠎ᠦ ᠬᠠᠮᠲᠤ ᠭᠠᠳᠠᠭᠠᠳᠤ᠎ᠳᠤ ᠭᠠᠷᠭᠠᠬᠤ ᠲᠠᠸᠠᠷ᠎ᠲᠤ ᠴᠤ᠌ ᠡᠨᠳᠡ ᠬᠢᠨᠠᠨ ᠬᠠᠮᠢᠶᠠᠷᠬᠤ ᠭᠠᠷ ᠭᠦᠢᠴᠡᠳᠬᠡᠯ᠎ᠢ ᠬᠢᠵᠦ ᠭᠠᠳᠠᠭᠠᠳᠤ᠎ᠳᠤ ᠭᠠᠷᠭᠠᠭᠰᠠᠨ ᠪᠠᠢᠨ᠎ᠠ᠃
ᠣᠢᠯᠠᠭᠠᠭᠰᠠᠨ᠎ᠢᠶᠠᠷ᠂ ᠡᠨᠡ ᠬᠦ᠌ ᠪᠠᠷᠠᠭᠠᠨ᠎ᠤ ᠲᠡᠭᠡᠭᠡᠪᠦᠷᠢ᠎ᠶᠢᠨ ᠠᠶᠠᠯᠠᠯ᠎ᠤᠨ ᠱᠤᠭᠤᠮ᠎ᠢᠶᠠᠷ ᠭᠠᠷᠠᠭ ᠪᠦᠷᠢ ᠭᠤᠷᠪᠠᠨ ᠡᠭᠡᠯᠵᠢ ᠨᠢᠰᠭᠡᠬᠦ᠎ᠪᠡᠷ ᠲᠥᠯᠥᠪᠯᠡᠭᠡ ᠵᠣᠬᠢᠶᠠᠪᠠ᠂ ᠡᠭᠡᠯᠵᠢ ᠪᠦᠷᠢ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠪᠠᠷᠠᠭᠠᠨ᠎ᠤ ᠲᠡᠭᠡᠭᠡᠪᠦᠷᠢ᠎ᠶᠢᠨ ᠳᠤᠮᠳᠠᠴᠢ ᠬᠡᠮᠵᠢᠶ᠎ᠡ ᠨᠢ ᠪᠠᠷᠤᠭ 30 ᠲᠣᠨ ᠪᠣᠯᠣᠨ᠎ᠠ᠃ ᠭᠠᠳᠠᠭᠠᠳᠤ᠎ᠠᠴᠠ ᠣᠷᠣᠭᠤᠯᠬᠤ ᠪᠠᠷᠠᠭ᠎ᠠ᠎ᠳᠤ ᠲᠠᠢ ᠤᠯᠤᠰ ᠵᠢᠴᠢ ᠵᠡᠭᠦᠨ ᠡᠮᠦᠨᠡᠲᠦ ᠠᠽᠢᠶ᠎ᠠ᠎ᠶᠢᠨ ᠭᠠᠵᠠᠷ ᠣᠷᠣᠨ᠎ᠠᠴᠠ ᠣᠷᠣᠭᠤᠯᠬᠤ ᠵᠢᠮᠢᠰ᠂ ᠬᠥᠯᠳᠡᠭᠦᠦ ᠤᠰᠤᠨ ᠭᠠᠷᠤᠯᠲᠠ ᠪᠠ ᠢᠳᠡᠰᠢᠨᠦ ᠤᠰᠤᠨ᠎ᠤ ᠠᠮᠢᠲᠠᠨ᠎ᠢᠶᠠᠷ ᠭᠣᠣᠯ ᠪᠣᠯᠭᠠᠵᠤ᠂ ᠭᠠᠳᠠᠭᠠᠳᠤ᠎ᠳᠤ ᠭᠠᠷᠭᠠᠬᠤ ᠪᠠᠷᠠᠭ᠎ᠠ᠎ᠳᠤ ᠭᠣᠣᠯᠳᠠᠭᠤ ᠮᠠᠰᠢᠨ ᠲᠥᠬᠦᠭᠡᠷᠦᠮᠵᠢ᠂ ᠡᠯᠧᠺᠲᠷᠣᠨ ᠦᠢᠯᠡᠳᠬᠦᠨ᠂ ᠡᠳᠦᠷ ᠲᠤᠲᠤᠮ᠎ᠤᠨ ᠬᠡᠷᠡᠭᠯᠡᠭᠡᠨ᠎ᠦ ᠵᠦᠢᠯ ᠵᠡᠷᠭᠡ᠎ᠶᠢ ᠪᠠᠭᠲᠠᠭᠠᠪᠠ᠃
ᠡᠨᠡ ᠬᠦ᠌ ᠠᠶᠠᠯᠠᠯ᠎ᠤᠨ ᠱᠤᠭᠤᠮ᠎ᠢ ᠨᠡᠪᠲᠡᠷᠡᠭᠦᠯᠦᠭᠡᠳ ᠤᠯᠤᠰ᠎ᠤᠨ ᠳᠣᠲᠣᠭᠠᠳᠤ᠎ᠶᠢᠨ ᠵᠠᠬ᠎ᠠ ᠳᠡᠯᠭᠡᠭᠦᠷ᠎ᠦᠨ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭᠳᠡᠬᠦᠨ᠎ᠦ ᠬᠡᠷᠡᠭᠴᠡᠭᠡ᠎ᠶᠢ ᠪᠦᠲᠦᠮᠵᠢᠲᠡᠢ ᠬᠠᠩᠭᠠᠭᠰᠠᠨ᠎ᠢᠶᠠᠷ ᠪᠠᠷᠠᠬᠤ ᠦᠭᠡᠢ ᠪᠠᠰᠠ ᠣᠷᠣᠨ ᠪᠦᠰᠡ᠎ᠶᠢᠨ ᠣᠨᠴᠠᠯᠢᠭ᠍ᠲᠤ ᠪᠦᠲᠦᠭᠡᠭᠳᠡᠬᠦᠨ᠎ᠦ ᠳᠡᠯᠡᠬᠡᠢ᠎ᠶᠢᠨ ᠵᠠᠬ᠎ᠠ ᠳᠡᠯᠭᠡᠭᠦᠷ᠎ᠲᠦ ᠭᠠᠷᠬᠤ᠎ᠳᠤ ᠨᠢ ᠥᠨᠳᠥᠷ ᠪᠦᠲᠦᠮᠵᠢᠲᠡᠢ ᠵᠠᠮ᠎ᠢ ᠪᠠᠢᠭᠤᠯᠵᠤ ᠥᠭᠴᠡᠢ᠃ 《ᠴᠤᠯᠤ ᠪᠠᠷᠠᠭᠠᠨ᠎ᠤ ᠲᠡᠭᠡᠭᠡᠪᠦᠷᠢ᠎ᠶᠢᠨ ᠨᠢᠰᠬᠡᠯ + ᠨᠢᠰᠬᠡᠯ᠎ᠦᠨ ᠥᠷᠥᠭᠡᠨ᠎ᠳᠦ ᠪᠠᠷᠠᠭ᠎ᠠ ᠲᠡᠭᠡᠭᠡᠪᠦᠷᠢᠯᠡᠬᠦ + ᠬᠦᠢᠲᠡᠨ ᠬᠡᠯᠬᠢᠶᠡᠲᠦ》 ᠣᠯᠠᠨ ᠬᠡᠯᠪᠡᠷᠢᠲᠦ ᠬᠣᠯᠪᠤᠭᠠᠯᠠᠨ ᠲᠡᠭᠡᠭᠡᠪᠦᠷᠢᠯᠡᠬᠦ ᠬᠡᠪ ᠵᠠᠭᠪᠤᠷ᠎ᠢᠶᠠᠷ ᠳᠠᠮᠵᠢᠭᠤᠯᠤᠨ᠂ ᠣᠷᠳᠣᠰ᠎ᠤᠨ ᠣᠯᠠᠨ ᠤᠯᠤᠰ᠎ᠤᠨ ᠨᠢᠰᠬᠡᠯ᠎ᠦᠨ ᠪᠠᠭᠤᠳᠠᠯ ᠨᠢ ᠠᠭᠠᠷ ᠠᠶᠠᠯᠠᠯ᠎ᠤᠨ ᠪᠠᠷᠠᠭᠠᠨ᠎ᠤ ᠭᠦᠢᠯᠭᠡᠭᠡᠨ᠎ᠦ 《ᠪᠠᠭ᠎ᠠ ᠬᠡᠮᠵᠢᠶᠡᠨ᠎ᠦ᠂ ᠣᠯᠠᠨ ᠤᠳᠠᠭᠠᠨ᠎ᠤ᠂ ᠬᠦᠴᠦᠨ ᠲᠡᠭᠦᠯᠳᠡᠷ ᠬᠤᠭᠤᠴᠠᠭ᠎ᠠ》᠎ᠶᠢᠨ ᠬᠥᠭᠵᠢᠯᠲᠡ᠎ᠶᠢᠨ ᠬᠠᠨᠳᠤᠰᠢ᠎ᠳᠤ ᠨᠠᠷᠢᠯᠢᠭ᠋ ᠣᠨᠣᠴᠠᠲᠠᠢ᠎ᠪᠠᠷ ᠳᠣᠬᠢᠷᠠᠯᠴᠠᠭᠰᠠᠨ ᠪᠥᠭᠡᠳ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡ ᠵᠡᠷᠭᠡ ᠥᠷᠲᠡᠭ ᠨᠡᠮᠡᠭᠳᠡᠯ ᠲᠠᠢ ᠦᠢᠯᠡᠴᠢᠯᠡᠭᠡ᠎ᠳᠦ ᠲᠦᠰᠢᠭᠯᠡᠨ᠂ ᠠᠵᠤ ᠦᠢᠯᠡᠰ᠎ᠦᠨ ᠬᠡᠯᠬᠢᠶᠡᠨ᠎ᠦ ᠬᠠᠩᠭᠠᠯᠭ᠎ᠠ᠎ᠶᠢᠨ ᠬᠡᠯᠬᠢᠶᠡᠨ᠎ᠦ ᠲᠣᠭᠲᠠᠭᠤᠨ᠎ᠢᠶᠠᠷ ᠠᠵᠢᠯᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ ᠃