
ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ S103 ᠱᠤᠭᠤᠮ᠎ᠤᠨ 178km᠎ᠤᠨ ᠬᠡᠰᠡᠭ᠎ᠢᠶᠡᠷ ᠮᠤᠷᠤᠢᠨ ᠦᠩᠭᠡᠷᠡᠬᠦ᠎ᠳᠤ᠂ ᠬᠡᠷᠪᠡ ᠡᠰᠡᠷᠭᠦ ᠳᠠᠯ᠎ᠠ᠎ᠠᠴᠠ ᠴᠢᠨᠢ ᠲᠡᠷᠭᠡ ᠢᠷᠡᠵᠦ ᠪᠠᠢᠪᠠᠯ ᠵᠠᠮ᠎ᠤᠨ ᠬᠠᠵᠠᠭᠤ ᠳᠠᠬᠢ 《ᠲᠡᠷᠭᠡ ᠵᠥᠷᠢᠬᠦ᠎ᠶ᠋ᠢ ᠤᠷᠢᠳᠴᠢᠯᠠᠨ ᠰᠡᠷᠡᠮᠵᠢᠯᠡᠭᠦᠯᠬᠦ᠌》 ᠱᠢᠰᠲ᠋ᠧᠮ ᠨᠢ ᠭᠢᠯᠪᠠᠭᠠᠨ ᠳ᠋ᠧᠩ ᠪᠠ ᠠᠪᠢᠶ᠎ᠠ᠎ᠪᠠᠷ 《ᠡᠮᠦᠨ᠎ᠡ᠎ᠠᠴᠠ ᠴᠢᠨᠢ ᠲᠡᠷᠭᠡ ᠢᠷᠡᠵᠦ ᠪᠠᠢᠨ᠎ᠠ᠂ ᠬᠤᠷᠳᠤ᠎ᠪᠡᠨ ᠪᠠᠭᠤᠷᠠᠭᠤᠯᠵᠤ ᠠᠯᠭᠠᠤᠷᠬᠠᠨ ᠠᠶᠠᠯᠠᠭᠠᠷᠠᠢ》 ᠭᠡᠵᠦ ᠰᠠᠨᠠᠭᠤᠯᠳᠠᠭ᠃ ᠡᠨᠡ ᠪᠣᠯ ᠣᠷᠳᠣᠰ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠠᠴᠠ ᠵᠠᠰᠠᠭ᠎ᠤᠨ ᠣᠷᠳᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ ᠪᠠ ᠵᠠᠮ᠎ᠤᠨ ᠡᠵᠡᠩᠨᠡᠯᠲᠡ ᠬᠠᠮᠠᠭᠠᠯᠠᠯᠲᠠ᠎ᠶ᠋ᠢᠨ ᠨᠢᠭᠡᠴᠢ ᠲᠠᠢ ᠢᠳᠡᠪᠬᠢᠳᠡᠢ ᠬᠠᠷᠢᠯᠴᠠᠵᠤ᠂ ᠠᠮᠤᠷ ᠲᠦᠪᠱᠢᠨ᠎ᠦ ᠬᠡᠮ ᠰᠣᠭᠣᠭ ᠲᠠᠶ ᠵᠠᠮ᠎ᠤᠨ ᠬᠡᠰᠡᠭ᠎ᠲᠤ ᠨᠡᠮᠡᠵᠦ᠍ ᠪᠠᠢᠭᠤᠯᠤᠭ᠍ᠰᠠᠨ ᠮᠤᠷᠤᠶ ᠵᠠᠮ᠎ᠤᠨ ᠬᠡᠰᠡᠭ᠎ᠢ ᠦᠩᠭᠡᠷᠡᠬᠦ ᠲᠡᠷᠭᠡ ᠬᠥᠰᠭᠡ᠎ᠳᠤ ᠤᠷᠢᠳᠴᠢᠯᠠᠨ ᠰᠡᠷᠡᠮᠵᠢᠯᠡᠭᠦᠯᠬᠦ᠌ ᠪᠠ ᠰᠠᠨᠠᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠲᠥᠬᠥᠭᠡᠷᠦᠮᠵᠢ ᠪᠤᠯᠤᠨ᠎ᠠ᠂ ᠡᠨᠡ ᠨᠢ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠪᠦᠲᠦᠮᠵᠢᠲᠡᠶ ᠪᠠᠭᠤᠷᠠᠭᠤᠯᠪᠠ᠃
ᠵᠠᠮ ᠬᠠᠷᠢᠯᠴᠠᠭᠠᠨ᠎ᠤ ᠠᠮᠤᠷ ᠲᠦᠪᠱᠢᠨ ᠨᠢ ᠠᠷᠠᠳ᠎ᠤᠨ ᠠᠮᠢᠳᠤᠷᠠᠯ ᠪᠠ ᠨᠡᠢᠭᠡᠮ᠎ᠦᠨ ᠲᠣᠭ᠍ᠲᠠᠭᠤᠨ᠎ᠳᠤ ᠬᠣᠯᠪᠣᠭ᠍ᠳᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠥᠪᠥᠷ ᠮᠣᠩᠭᠣᠯ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠎ᠶ᠋ᠢ ᠶᠡᠬᠡ ᠪᠡᠷ ᠠᠬᠢᠭᠤᠯᠵᠤ᠂ ᠣᠳᠣᠬᠢᠴᠢᠯᠠᠭ᠍ᠰᠠᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠵᠠᠰᠠᠯᠲᠠ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠬᠦᠴᠦᠨ ᠣᠯᠭᠣᠬᠤ ᠪᠠ ᠬᠠᠮᠵᠢᠯᠴᠠᠨ ᠬᠠᠮᠲᠤ᠎ᠪᠠᠷ ᠵᠠᠰᠠᠬᠤ᠎ᠶ᠋ᠢ ᠴᠢᠩᠭᠠᠳᠭᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠵᠠᠰᠠᠯᠲᠠ᠎ᠶ᠋ᠢᠨ ᠬᠦᠴᠢᠷ ᠠᠰᠠᠭᠤᠳᠠᠯ᠎ᠢ ᠪᠥᠬᠥ᠌ ᠬᠦᠴᠦᠨ᠎ᠢᠶᠠᠷ᠎ᠢᠶᠠᠨ ᠱᠢᠶ᠋ᠳᠪᠦᠷᠢᠯᠡᠵᠦ᠍᠂ ᠮᠠᠨ᠎ᠤ ᠣᠷᠣᠨ᠎ᠤ ᠵᠠᠮ ᠬᠠᠷᠢᠯᠴᠠᠭᠠᠨ᠎ᠤ ᠡᠨᠳᠡᠯ᠎ᠤᠨ ᠲᠣᠭ᠎ᠠ ᠬᠡᠮᠵᠢᠶ᠎ᠡ 《ᠠᠷᠪᠠᠨ ᠭᠤᠷᠪᠠᠳᠤᠭᠠᠷ ᠲᠠᠪᠤᠨ ᠵᠢᠯ》᠎ᠤᠨ ᠠᠳᠠᠯᠢ ᠬᠤᠭᠤᠴᠠᠭᠠᠨ᠎ᠤ ᠬᠢ᠎ᠡᠴᠡ ᠢᠯᠡᠳᠲᠡ ᠪᠠᠭᠤᠷᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠴᠢᠳᠠᠪᠤᠷᠢ ᠢᠯᠡᠳᠲᠡ ᠳᠡᠭᠡᠭ᠌ᠰᠢᠯᠡᠪᠡ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠪᠠᠳᠤ ᠰᠠᠬᠢᠶ᠎ᠠ᠄ 《ᠬᠥᠯᠥᠰᠦ ᠤᠷᠤᠰᠬᠠᠳᠠᠭ ᠴᠠᠭ᠍ᠳᠠᠭᠠᠨ᠎ᠤ ᠶᠠᠪᠤᠳᠠᠯ》᠎ᠡᠴᠡ《ᠣᠶᠤᠨᠴᠢ ᠴᠠᠭ᠍ᠳᠠᠭᠠᠨ᠎ᠤ ᠶᠠᠪᠤᠳᠠᠯ》᠎ᠢ ᠪᠡᠶᠡᠯᠡᠬᠦᠯᠪᠡ
ᠥᠪᠥᠷ ᠮᠣᠩᠭᠣᠯ ᠭᠠᠵᠠᠷ ᠠᠭᠤᠳᠠᠮ ᠬᠥᠮᠦᠨ ᠴᠥᠭᠡᠨ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠬᠡᠪᠴᠢᠶ᠎ᠡ ᠦᠷᠬᠡᠨ᠂ ᠬᠠᠮᠢᠶᠠᠷᠤᠨ ᠡᠵᠡᠮᠳᠡᠬᠦ᠌ ᠬᠦᠴᠢᠷᠳᠡᠯ ᠶᠡᠬᠡ᠂ ᠵᠠᠮ᠎ᠤᠨ ᠰᠦᠯᠵᠢᠶ᠎ᠡ᠎ᠶᠢᠨ ᠵᠠᠶ ᠪᠠ ᠮᠠᠱᠢᠨ ᠬᠦᠳᠡᠯᠬᠡᠬᠦᠷᠳᠤ ᠲᠡᠷᠭᠡᠨ᠎ᠦ ᠲᠣᠭ᠎ᠠ ᠵᠢᠯ ᠳᠠᠷᠠᠭᠠᠯᠠᠨ ᠨᠡᠮᠡᠭ᠌ᠳᠡᠵᠦ᠍ ᠪᠣᠶ᠃ 2024 ᠣᠨ ᠪᠣᠯᠲᠠᠯ᠎ᠠ᠂ ᠪᠥᠬᠥ᠌ ᠣᠷᠣᠨ᠎ᠤ ᠮᠠᠱᠢᠨ ᠬᠦᠳᠡᠯᠬᠡᠬᠦᠷᠳᠤ ᠲᠡᠷᠭᠡᠨ᠎ᠦ ᠲᠣᠭ᠎ᠠ 800 ᠲᠦᠮᠡ᠎ᠶ᠋ᠢ ᠳᠠᠪᠠᠵᠤ᠂ ᠵᠢᠯᠣᠭᠣᠴᠢ᠎ᠶ᠋ᠢᠨ ᠪᠥᠬᠥ᠌ ᠲᠣᠭ᠎ᠠ 900 ᠲᠦᠮᠡ᠎ᠶ᠋ᠢ ᠳᠠᠪᠠᠪᠠ᠃ ᠬᠠᠲᠠᠭᠤ ᠴᠢᠩᠭ᠎ᠠ ᠥᠷᠢᠰᠥᠯᠳᠦᠭᠡᠨ᠎ᠦ ᠡᠮᠦᠨ᠎ᠡ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠴᠠᠭᠳᠠᠭᠠᠨ᠎ᠤ ᠶᠠᠪᠤᠳᠠᠯ᠎ᠢ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠵᠤ᠂ ᠤᠶᠤᠨᠴᠢ ᠵᠠᠮ ᠬᠠᠷᠢᠯᠴᠠᠭᠠᠨ᠎ᠤ ᠪᠥᠲᠥᠭᠡᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ 《ᠬᠥᠯᠥᠰᠦ ᠤᠷᠤᠰᠬᠠᠳᠠᠭ ᠴᠠᠭ᠍ᠳᠠᠭᠠᠨ᠎ᠤ ᠶᠠᠪᠤᠳᠠᠯ》᠎ᠠᠴᠠ 《ᠤᠶᠤᠨᠴᠢ ᠴᠠᠭ᠍ᠳᠠᠭᠠᠨ᠎ᠤ ᠶᠠᠪᠤᠳᠠᠯ》ᠲᠡᠢᠰᠢ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠴᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠵᠢᠯᠣᠭᠣᠳᠭᠤ ᠰᠠᠨᠠᠯ》᠎ᠢ᠋ ᠨᠠᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ;ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠳ᠋ᠠᠢᠲ᠋ᠠ᠎ᠶ᠋ᠢᠨ ᠳᠠᠪᠴᠠᠩ᠎ᠢ ᠪᠠᠢᠭᠤᠯᠵᠤ᠂ 《ᠤᠮᠠᠷᠠᠲᠤ ᠬᠢᠯᠢ᠎ᠶ᠋ᠢᠨ ᠡᠭᠦᠯᠠᠡ》 ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠮᠣ ᠳ᠋ᠠᠢᠲ᠋ᠠ᠎ᠶ᠋ᠢ ᠵᠠᠳᠠᠯᠤᠨ ᠰᠤᠳᠤᠯᠵᠤ ᠮᠠᠭᠠᠳᠯᠠᠬᠤ ᠲᠥᠪ᠎ᠢ ᠪᠠᠢᠭᠤᠯᠵᠤ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠳᠤ 《ᠣᠶᠤᠨᠴᠢ ᠲᠠᠷᠢᠬᠢ》 ᠤᠭ᠍ᠰᠠᠷᠠᠪᠠ;ᠪᠥᠬᠥ᠌ ᠣᠷᠣᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠭᠤᠷᠪᠠᠨ ᠱᠠᠲᠤᠨ᠎ᠤ ᠪᠣᠳᠠᠲᠤ ᠪᠠᠢᠯᠳᠤᠭᠠᠨ᠎ᠤ ᠵᠢᠯᠣᠭᠣᠳᠭᠤ ᠲᠠᠪᠴᠠᠩ᠎ᠢ ᠪᠡᠶ᠎ᠡ᠎ᠪᠡᠨ ᠳᠠᠭᠠᠭᠠᠨ ᠨᠡᠭᠡᠭᠡᠵᠦ᠍᠂ ᠲᠣᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ ᠲᠣᠭ᠍ᠲᠠᠴᠠ᠎ᠶ᠋ᠢ ᠪᠠᠢᠭᠤᠯᠤᠨ᠂ ᠶᠡᠷᠦᠩᠬᠡᠢᠯᠡᠭ᠌ᠰᠡᠨ ᠰᠡᠷᠡᠮᠵᠢᠯᠡᠭᠦᠯᠬᠦ᠌ ᠮᠡᠳᠡᠭᠡ ᠵᠠᠩᠭᠢ᠎ᠶ᠋ᠢ ᠣᠨᠣᠴᠠᠲᠠᠶ ᠨᠡᠢᠲᠡᠯᠡᠵᠦ᠍᠂ ᠪᠥᠬᠥ᠌ ᠶᠠᠪᠤᠴᠠ᠎ᠶ᠋ᠢ ᠰᠦᠯᠵᠢᠶᠡᠨ ᠳᠡᠭᠡᠷ᠎ᠡ ᠵᠢᠯᠣᠭᠣᠳᠤᠨ ᠳᠣᠭᠢᠷᠠᠭᠤᠯᠬᠤ᠎ᠶ᠋ᠢ ᠪᠡᠶᠡᠯᠡᠭᠦᠯᠪᠡ᠃
ᠣᠳᠣᠬᠠᠨ᠎ᠳᠤ᠂ ᠣᠶᠤᠨᠲᠦ ᠬᠡᠷᠡᠭᠯᠡᠭᠡ ᠨᠢᠭᠡᠨᠲᠡ ᠤᠷᠤᠨ ᠳᠠᠶᠠᠭᠠᠷ ᠦᠷᠭᠡᠨ᠎ᠢᠶᠡᠷ ᠳᠡᠯᠭᠡᠷᠡᠵᠡᠢ᠄ ᠪᠤᠭᠤᠲᠤ ᠬᠤᠳᠠ ᠵᠢᠯᠣᠭᠣᠴᠢ᠎ᠶ᠋ᠢᠨ《ᠣᠨ᠎ᠤ ᠠᠶᠠᠯᠠᠯ᠎ᠤᠨ ᠮᠡᠳᠡᠭᠦᠯᠦᠯᠲᠡ》᠎ᠶ᠋ᠢ ᠨᠡᠢᠳᠡᠯᠡᠵᠤ᠂ ᠲᠤᠭᠠᠴᠢᠯᠠᠭᠰᠠᠨ ᠬᠦᠷᠦᠭ ᠵᠢᠷᠤᠭ᠎ᠢᠶᠠᠷ ᠪᠣᠯᠪᠠᠰᠤᠨ ᠵᠢᠯᠤᠭᠣᠳᠬᠤ᠎ᠶ᠋ᠢ ᠬᠥᠲᠥᠯᠥᠨ ᠳᠠᠭᠠᠭᠤᠯᠪᠠ;ᠬᠥᠬᠡᠬᠣᠲᠠ 《ᠬᠤᠳᠠ᠎ᠶᠢᠨ ᠵᠠᠮ ᠬᠠᠷᠢᠯᠴᠠᠭᠠᠨ᠎ᠤ ᠶᠡᠬᠡ ᠲᠠᠷᠢᠬᠢ》᠎ᠶ᠋ᠢ ᠪᠠᠢᠭᠤᠯᠵᠤ᠂ ᠳᠤᠬᠢᠶᠠᠨ ᠳ᠋ᠧᠩ᠎ᠦᠨ ᠣᠶᠤᠨᠴᠢ ᠲᠣᠬᠢᠷᠠᠭᠤᠯᠭ᠎ᠠ ᠡᠵᠡᠮᠳᠡᠯ᠎ᠢ ᠪᠡᠶᠡᠯᠡᠭᠦᠯᠪᠡ;ᠪᠠᠶᠠᠨᠨᠠᠭᠤᠷ ᠬᠤᠳᠠ 《ᠭᠣᠣᠯ ᠵᠠᠮ᠎ᠤᠨ ᠤᠷᠢᠳᠴᠢᠯᠠᠭᠰᠠᠨ ᠰᠡᠷᠡᠮᠵᠢᠯᠡᠭᠦᠯᠤᠯ᠂ ᠲᠡᠷᠭᠡ ᠵᠦᠷᠢᠬᠦ ᠤᠷᠢᠳᠴᠢᠯᠠᠭᠰᠠᠨ ᠰᠡᠷᠡᠮᠵᠢᠯᠡᠭᠦᠯᠤᠯ᠂ ᠰᠠᠯᠪᠤᠷᠢ ᠵᠠᠮ᠎ᠤᠨ ᠬᠠᠷᠠᠭᠤᠯ》᠎ᠤ᠋ᠨ ᠰᠢᠰᠲ᠋ᠸᠮ᠎ᠢ ᠡᠬᠢᠯᠡᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠠᠭᠤᠯᠵᠠᠷ ᠵᠠᠮ᠎ᠤᠨ ᠬᠡᠰᠡᠭ᠎ᠤᠨ ᠡᠨᠳᠡᠯ ᠭᠠᠷᠬᠤ᠎ᠵᠢ ᠪᠦᠲᠦᠮᠵᠢᠲᠡᠢ ᠰᠡᠷᠭᠡᠢᠯᠡᠪᠡ ᠁ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠤᠯᠭᠤᠬᠰᠠᠨ᠎ᠢᠶᠡᠷ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠨᠠᠷᠢᠯᠢᠭ᠍ᠵᠢᠭᠰᠠᠨ᠂ ᠣᠶᠤᠨᠴᠢᠯᠠᠭᠰᠠᠨ ᠲᠦᠪᠰᠢᠨ ᠲᠠᠰᠤᠷᠠᠯᠳᠡ ᠦᠭᠡᠢ ᠳᠡᠭᠡᠭᠰᠢᠯᠡᠪᠡ᠃
ᠰᠠᠨᠠᠭᠠᠴᠢᠯᠠᠭᠠᠲᠦ ᠵᠠᠰᠠᠯᠲᠠ᠄ 《ᠬᠡᠷᠡᠭ ᠭᠠᠷᠤᠭᠰᠠᠨ᠎ᠤ ᠳᠠᠷᠠᠭ᠎ᠠ ᠰᠢᠢᠳᠪᠦᠷᠢᠯᠡᠵᠤ》 ᠪᠠᠢᠭᠰᠠᠨ᠎ᠠᠴᠠ 《ᠬᠡᠷᠡᠭ ᠭᠠᠷᠬᠤ᠎ᠠᠴᠠ ᠡᠮᠦᠨ᠎ᠡ ᠤᠷᠢᠳᠴᠢᠯᠠᠨ ᠰᠡᠷᠭᠡᠢᠯᠡᠬᠦ》 ᠪᠤᠯᠪᠠ
《ᠠᠶᠤᠯ ᠲᠦᠭᠰᠢᠭᠦᠷᠢ᠎ᠶ᠋ᠢ ᠤᠷᠢᠳᠴᠢᠯᠠᠨ ᠰᠡᠷᠭᠡᠢᠯᠡᠵᠦ᠂ ᠬᠡᠮ ᠰᠣᠭᠣᠭ᠎ᠢ ᠡᠭᠦᠰᠬᠦ᠎ᠠᠴᠠ ᠡᠮᠦᠨ᠎ᠡ ᠤᠷᠢᠳ᠎ᠢᠶᠠᠷ ᠵᠠᠰᠠᠬᠤ》 ᠪᠣᠯ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠦᠨ ᠠᠮᠤᠷ ᠲᠦᠪᠰᠢᠨ᠎ᠦ ᠵᠠᠰᠠᠯᠲᠠ᠎ᠶᠢᠨ ᠣᠢᠯᠠᠭᠠᠭᠳᠠᠬᠤᠨ ᠪᠣᠯᠣᠨ᠎ᠠ᠃ 《ᠠᠷᠪᠠᠨ ᠳᠦᠷᠪᠡᠳᠦᠭᠡᠷ ᠲᠠᠪᠤᠨ ᠵᠢᠯ》ᠦ᠋ᠨ ᠬᠤᠭᠤᠴᠠᠭᠠᠨ᠎ᠳᠤ᠂ ᠥᠪᠥᠷ ᠮᠣᠩᠭᠣᠯ ᠵᠠᠮ᠎ᠤᠨ ᠭᠡᠮ ᠰᠤᠭᠤᠭ᠎ᠢ ᠪᠠᠢᠴᠠᠭᠠᠨ ᠵᠠᠰᠠᠬᠤ ᠠᠵᠢᠯ᠎ᠢ ᠬᠠᠮᠤᠭ᠎ᠤᠨ ᠭᠣᠣᠯᠳᠠᠯᠭ᠎ᠠ ᠪᠣᠯᠭᠠᠵᠤ᠂ ᠪᠦᠬᠦ ᠣᠷᠣᠨ᠎ᠳᠤ 《ᠵᠢᠭ᠍ᠰᠠᠭᠠᠨ ᠪᠠᠢᠴᠠᠭᠠᠬᠤ — ᠳᠠᠩᠰᠠᠯᠠᠨ ᠲᠡᠮᠳᠡᠭᠯᠡᠬᠦ — ᠦᠨᠡᠯᠡᠨ ᠵᠢᠱ᠌ᠢᠬᠦ — ᠵᠠᠰᠠᠬᠤ — ᠰᠢᠯᠭᠠᠨ ᠠᠪᠬᠤ》 ᠪᠦᠬᠦ ᠬᠡᠯᠬᠢᠶ᠎ᠡ᠎ᠶᠢᠨ ᠭᠡᠮ ᠰᠤᠭᠤᠭ᠎ᠢ ᠵᠠᠰᠠᠬᠤ ᠲᠣᠭᠲᠡᠴᠡ᠎ᠶᠢ ᠪᠠᠢᠭᠤᠯᠵᠤ᠂ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢ 《ᠬᠡᠷᠡᠭ ᠭᠠᠷᠤᠭᠰᠠᠨ᠎ᠤ ᠳᠠᠷᠠᠭ᠎ᠠ ᠰᠢᠢᠳᠪᠦᠷᠢᠯᠡᠬᠦ》᠎ᠡᠴᠡ 《ᠬᠡᠷᠡᠭ ᠭᠠᠷᠬᠤ᠎ᠠᠴᠠ ᠡᠮᠦᠨ᠎ᠡ ᠤᠷᠢᠳᠴᠢᠯᠠᠨ ᠰᠡᠷᠭᠡᠢᠯᠡᠬᠦ᠂ ᠡᠬᠢ ᠡᠭᠦᠰᠦᠯ᠎ᠡᠴᠡ ᠨᠢ ᠵᠠᠰᠠᠬᠤ》 ᠳᠠᠢᠰᠢ ᠬᠤᠪᠢᠷᠠᠭᠤᠯᠬᠤ᠎ᠶᠢ ᠠᠬᠢᠭᠤᠯᠵᠤ᠂ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ᠎ᠤ ᠤᠯᠤᠰ᠎ᠤᠨ ᠵᠠᠮ᠎ᠤᠨ 207 ᠱᠤᠭᠤᠮ ᠪᠣᠯᠣᠨ 306 ᠱᠤᠭᠤᠮ᠎ᠤᠨ ᠠᠭᠤᠯᠵᠠᠷ ᠲᠤᠭᠤᠷᠢᠯᠳᠠ᠎ᠶ᠋ᠢᠨ ᠵᠠᠮ᠎ᠳᠦ ᠰᠥᠨᠢ᠎ᠳᠡᠭᠡᠨ ᠬᠠᠷᠠᠭᠳᠠᠬᠤ ᠬᠡᠮᠵᠢᠶ᠎ᠡ ᠠᠨᠠᠢ ᠪᠠᠢᠳᠠᠯ᠎ᠳᠤ ᠴᠢᠭᠯᠡᠬᠦᠯᠤᠨ᠂ ᠲᠤᠬᠠᠢ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠷᠠᠳᠢᠦ᠋ᠰᠢ ᠪᠠᠭᠠᠰᠬᠠᠬᠤ᠂ ᠶᠠᠳᠠᠷᠠᠭ᠎ᠠ ᠲᠠᠢ ᠲᠡᠷᠬᠡ ᠵᠢᠯᠤᠭᠤᠳᠬᠤ᠎ᠶ᠋ᠢ ᠰᠡᠷᠭᠡᠢᠯᠡᠬᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠨᠡᠮᠡᠵᠦ ᠤᠭᠰᠠᠷᠠᠬᠰᠠᠨ᠎ᠢᠶᠠᠷ᠂ ᠠᠮᠤᠷ ᠲᠦᠪᠰᠢᠨ᠎ᠦ ᠬᠡᠮ ᠰᠤᠭᠤᠭ ᠠᠷᠢᠯᠪᠠ᠃ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠲᠣᠭᠣᠷᠢᠨ᠎ᠳᠤ᠂ ᠥᠪᠥᠷ ᠮᠣᠩᠭᠣᠯ ᠵᠠᠰᠠᠮᠠᠯ ᠵᠠᠮ᠎ᠤᠨ ᠠᠮᠤᠷ ᠲᠦᠪᠰᠢᠨ᠎ᠦ ᠬᠡᠮ ᠰᠣᠭᠣᠭ ᠲᠣᠪᠣᠢᠮ᠎ᠠ ᠪᠠᠢᠭ᠎ᠠ ᠵᠠᠮ᠎ᠤᠨ ᠠᠭᠤᠯᠵᠠᠷ ᠬᠡᠰᠡᠭ᠎ᠢ ᠵᠠᠰᠠᠬᠤ ᠭᠣᠣᠯᠳᠠᠯᠭ᠎ᠠ᠎ᠲᠠᠢ ᠰᠢᠪᠲᠤᠯᠤᠯᠲᠠ᠎ᠶᠢᠨ ᠲᠥᠷᠥᠯ ᠵᠦᠢᠯ᠂ ᠠᠶᠤᠯᠭᠦᠢ ᠦᠢᠯᠡᠳᠪᠦᠷᠢᠯᠡᠯ᠎ᠦᠨ 《ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ》 ᠭᠤᠷᠪᠠᠨ ᠵᠢᠯ᠎ᠦᠨ ᠠᠵᠢᠯᠯᠠᠭ᠎ᠠ ᠵᠡᠷᠭᠡ ᠰᠢᠷᠢᠰ ᠲᠤᠰᠬᠠᠢ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠦᠭᠰᠡᠨ᠎ᠤ ᠬᠠᠮᠳᠤ ᠭᠤᠷᠪᠠᠨ ᠱᠠᠲᠤᠨ᠎ᠤ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠵᠠᠰᠠᠬᠤ ᠲᠣᠭᠲᠡᠴᠡ᠎ᠶᠢ ᠪᠦᠷᠢᠨᠰᠢᠭᠦᠯᠵᠦ᠂ ᠡᠯ᠎ᠡ ᠲᠥᠷᠥᠯ᠎ᠦᠨ ᠠᠶᠤᠯ ᠲᠦᠭᠰᠢᠭᠦᠷᠢ ᠬᠡᠮ ᠰᠣᠭᠣᠭ᠎ᠢ ᠬᠥᠳᠡᠯᠦᠩᠭᠦᠢ᠎ᠪᠡᠷ ᠠᠷᠢᠯᠭᠠᠬᠤ ᠠᠵᠢᠯ᠎ᠢ ᠠᠬᠢᠭᠤᠯᠪᠠ᠃
ᠲᠡᠷᠬᠡᠨ ᠡᠨᠳᠡᠯ ᠤᠯᠠᠨ ᠭᠠᠷᠳᠠᠭ ᠡᠩ᠎ᠦᠨ ᠵᠠᠰᠠᠮᠠᠯ ᠵᠠᠮ᠎ᠤᠨ ᠵᠠᠮ᠎ᠤᠨ ᠠᠭᠤᠯᠵᠠᠷ ᠬᠡᠰᠡᠭ᠂ ᠤᠰᠤ ᠬᠠᠳᠠ᠎ᠲᠠᠢ ᠬᠠᠪᠢᠳᠠᠭᠰᠠᠨ ᠵᠠᠮ᠎ᠤᠨ ᠬᠡᠰᠡᠭ ᠵᠡᠷᠭᠡ 《ᠲᠠᠪᠤᠨ ᠲᠦᠷᠦᠯ᠎ᠦᠨ ᠵᠠᠮ᠎ᠤᠨ ᠬᠡᠰᠡᠭ》᠎ᠲᠤ᠌ ᠴᠢᠭᠯᠡᠭᠦᠯᠵᠤ᠂ ᠫᠠᠢᠰᠠ ᠡᠯᠭᠦᠨ ᠪᠠᠢᠴᠠᠭᠠᠨ ᠭᠦᠢᠴᠡᠳᠬᠡᠬᠦ ᠳᠦᠷᠢᠮ᠎ᠢ ᠬᠡᠷᠡᠭᠵᠢᠭᠦᠯᠵᠦ᠂ 《ᠨᠢᠭᠡ ᠴᠡᠭ᠎ᠲᠤ ᠨᠢᠭᠡ ᠲᠥᠰᠥᠯ᠎ᠢ ᠬᠡᠷᠡᠭᠵᠢᠬᠦᠯᠬᠦ》ᠵᠢ ᠴᠢᠩᠭ᠎ᠠ ᠨᠠᠢᠳᠠᠪᠤᠷᠢᠵᠢᠭᠤᠯᠵᠤ᠂ ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ ᠪᠦᠳᠦᠮᠵᠢᠳᠡᠢ ᠵᠠᠰᠠᠪᠠ᠃ ᠡᠭᠦᠨ᠎ᠦ ᠵᠡᠷᠭᠡ᠎ᠳᠦ᠂ ᠬᠡᠮ ᠰᠣᠭᠣᠭ᠎ᠢ ᠵᠠᠰᠠᠭᠰᠠᠨ ᠦᠷ᠎ᠡ ᠪᠦᠲᠦᠮᠵᠢ᠎ᠶᠢ ᠡᠯ᠎ᠡ ᠠᠢᠮᠠᠭ ᠬᠣᠲᠠ᠎ᠶᠢᠨ ᠣᠨ᠎ᠤ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠵᠤ ᠦᠨᠡᠯᠡᠬᠦ ᠰᠢᠰᠲᠧᠮ᠎ᠳᠦ ᠣᠷᠣᠭᠤᠯᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶᠢ ᠤᠯᠠᠮ ᠪᠣᠳᠠᠲᠠᠢᠵᠢᠭᠤᠯᠵᠤ᠂ 《ᠬᠥᠮᠥᠨ ᠪᠦᠬᠦᠨ ᠠᠮᠤᠷ ᠲᠦᠪᠰᠢᠨ᠎ᠢ ᠠᠳᠬᠤᠵᠤ᠂ ᠱᠠᠲᠤ ᠱᠠᠲᠤ᠎ᠪᠠᠷ ᠨᠠᠢᠳᠠᠪᠤᠷᠢᠵᠢᠭᠤᠯᠤᠯᠲᠠ᠎ᠶᠢ ᠠᠳᠬᠤᠬᠤ》 ᠰᠠᠢᠨ ᠰᠠᠢᠬᠠᠨ ᠪᠠᠢᠳᠠᠯ᠎ᠢ ᠪᠣᠶ ᠪᠣᠯᠭᠠᠪᠠ᠃
ᠠᠷᠠᠳ᠎ᠲᠤ ᠲᠥᠬᠥᠮ ᠦᠵᠡᠭᠦᠯᠵᠦ ᠠᠵᠤ ᠠᠬᠤᠢᠯᠠᠯ᠎ᠳᠤ ᠠᠰᠢᠭ᠋ ᠬᠦᠷᠲᠡᠭᠡᠨ᠎ᠠ᠄ 《ᠣᠯᠠᠨ ᠲᠦᠮᠡᠨ᠎ᠢ ᠭᠦᠶᠦᠯᠭᠡᠵᠦ》 ᠪᠠᠢᠭᠰᠠᠨ᠎ᠡᠴᠡ 《ᠲᠣᠭ᠎ᠠ ᠪᠠᠷᠢᠮᠲᠠ᠎ᠶᠢ ᠭᠦᠶᠦᠯᠭᠡᠬᠦ》 ᠪᠣᠯᠪᠠ
《ᠭᠠᠷ ᠤᠲᠠᠰᠤᠨ ᠳᠡᠭᠡᠷ᠎ᠡ᠎ᠪᠡᠨ ᠨᠣᠮᠧᠷ ᠰᠣᠩᠭᠣᠬᠤ᠂ ᠭᠠᠢᠯᠢ ᠲᠤᠰᠢᠶᠠᠬᠤ᠂ ᠳᠠᠭᠠᠳᠬᠠᠯ ᠬᠤᠳᠠᠯᠳᠤᠨ ᠠᠪᠬᠤ᠎ᠳᠤ ᠬᠠᠭᠠᠰ ᠴᠠᠭ ᠯᠡ ᠬᠡᠷᠡᠭᠰᠡᠨ᠎ᠡ᠂ ᠲᠡᠷᠭᠡ ᠵᠢᠯᠤᠭᠤᠳᠴᠤ ᠬᠠᠮᠢᠶᠠᠷᠤᠯᠲᠠ᠎ᠶᠢᠨ ᠭᠠᠵᠠᠷ᠎ᠲᠤ ᠣᠴᠢᠬᠤ ᠬᠡᠷᠡᠭ ᠦᠭᠡᠢ ᠪᠣᠯᠵᠠᠢ!》 ᠲᠦᠷᠦᠭᠦᠬᠡᠨ᠂ ᠣᠷᠳᠣᠰ ᠬᠣᠲᠠ᠎ᠶᠢᠨ ᠰᠠᠭᠤᠭᠠᠯᠢ ᠠᠷᠠᠳ ᠯᠢ ᠠᠪᠠᠬᠠᠢ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ 12123APP᠎ᠪᠠᠷ ᠳᠠᠮᠵᠢᠨ᠂ ᠰᠢᠨ᠎ᠡ ᠮᠡᠰᠢᠨ ᠲᠡᠷᠭᠡᠨᠳ᠋ᠡᠬᠡᠨ ᠫᠠᠢᠰᠠ ᠠᠪᠬᠤ ᠭᠠᠷᠳᠠᠮ᠎ᠢ ᠲᠦᠷᠭᠡᠨ ᠭᠦᠢᠴᠡᠳᠭᠡᠵᠦ᠂ ᠠᠷᠠᠳ᠎ᠲᠤ ᠲᠥᠬᠥᠮ ᠦᠵᠡᠭᠦᠯᠬᠦ ᠡᠨᠡ ᠬᠦ᠌ ᠦᠢᠯᠡᠴᠢᠯᠡᠭᠡ᠎ᠶᠢ ᠮᠠᠭᠲᠠᠨ ᠰᠠᠢᠰᠢᠶᠠᠵᠦ ᠪᠠᠢᠯ᠎ᠡ᠃
2025 ᠣᠨ᠎ᠤ 5 ᠰᠠᠷ᠎ᠠ᠎ᠳᠤ᠂ ᠣᠷᠳᠣᠰ ᠬᠣᠲᠠ ᠰᠢᠨ᠎ᠡ ᠮᠡᠰᠢᠨ ᠲᠡᠷᠭᠡᠨ᠎ᠳᠦ ᠫᠠᠢᠰᠠ ᠤᠯᠭᠤᠬᠤ 《ᠨᠢᠭᠡ ᠶᠠᠪᠤᠳᠠᠯ》᠎ᠤ᠋ᠨ ᠲᠤᠷᠰᠢᠯᠲᠠ᠎ᠶᠢᠨ ᠴᠡᠭ᠎ᠤᠨ ᠥᠭᠡᠷᠡᠴᠢᠯᠡᠯᠲᠡ᠎ᠶᠢᠨ ᠬᠣᠲᠠ ᠪᠣᠯᠪᠠ᠃ ᠲᠤᠬᠠᠢ᠎ᠶᠢᠨ ᠭᠠᠵᠠᠷ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ᠎ᠶᠢᠨ ᠪᠡᠬᠢᠯᠡᠯᠲᠡ᠎ᠶᠢ ᠨᠠᠪᠲᠠᠷᠡᠭᠦᠯᠵᠦ᠂ ᠲᠤᠬᠠᠢᠯᠠᠭᠰᠠᠨ ᠠᠵᠢᠯ᠎ᠤᠨ ᠶᠠᠪᠤᠴᠠ᠎ᠶ᠋ᠢ ᠳᠠᠬᠢᠨ ᠨᠠᠢᠷᠠᠭᠤᠯᠤᠨ ᠵᠤᠬᠢᠶᠠᠬᠤ᠎ᠪᠡᠷ ᠳᠡᠮᠵᠢᠨ᠂ ᠲᠡᠷᠭᠡ ᠬᠥᠰᠬᠡ᠎ᠶᠢ 《ᠤᠷᠢᠳᠴᠢᠯᠠᠨ ᠪᠠᠢᠴᠠᠭᠠᠨ ᠰᠢᠯᠭᠠᠬᠤ》ᠵᠢ ᠡᠮᠦᠨᠡᠰᠢᠭᠦᠯᠬᠦᠠᠴᠠ ᠲᠡᠷᠭᠡᠨ᠎ᠦ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠭᠣᠭᠴᠣᠭ᠎ᠠ ᠬᠦᠷᠲᠡᠯ᠎ᠡ᠂ ᠲᠡᠷᠭᠡᠨ᠎ᠦ ᠡᠵᠡᠨ ᠨᠢ ᠵᠥᠪᠬᠡᠨ ᠨᠢᠭᠡ ᠯᠡ ᠭᠠᠷ ᠤᠲᠠᠰᠤ ᠪᠠᠢᠪᠠᠯ ᠳᠠᠷᠤᠢ ᠨᠢᠭᠡ ᠥᠷᠲᠡᠭᠡᠴᠢᠯᠡᠭᠰᠡᠨ ᠬᠡᠯᠪᠡᠷᠢ᠎ᠪᠡᠷ ᠲᠡᠷᠭᠡ ᠬᠤᠳᠠᠯᠳᠤᠨ ᠠᠪᠬᠤ᠂ ᠳᠠᠭᠠᠳᠬᠠᠯ᠎ᠳᠤ ᠣᠷᠣᠯᠴᠠᠬᠤ᠂ ᠭᠠᠢᠯᠢ ᠲᠤᠰᠢᠶᠠᠬᠤ᠂ ᠨᠣᠮᠧᠷ ᠰᠣᠩᠭᠣᠬᠤ ᠪᠥᠬᠥ ᠶᠠᠪᠤᠴᠠ᠎ᠶ᠋ᠢ ᠪᠡᠶᠡᠯᠡᠭᠦᠯᠵᠦ᠂ 《ᠰᠦᠯᠵᠢᠶᠡᠨ ᠳᠡᠭᠡᠷ᠎ᠡ ᠪᠥᠬᠥ ᠶᠠᠪᠤᠴᠠ᠎ᠶ᠋ᠢ ᠪᠡᠶᠡᠯᠡᠭᠦᠯᠬᠦ᠂ ᠪᠠᠢᠭᠤᠯᠭ᠎ᠠ ᠨᠢᠭᠡᠴᠢ ᠤᠷᠤᠭᠤ ᠭᠦᠶᠦᠯᠭᠡᠬᠦ ᠦᠭᠡᠢ》 ᠦᠢᠯᠡᠴᠢᠯᠡᠭᠡᠨ᠎ᠦ ᠰᠢᠨ᠎ᠡ ᠵᠠᠭᠪᠤᠷ᠎ᠢ ᠪᠠᠢᠭᠤᠯᠪᠠ᠃ ᠣᠳᠣᠬᠠᠨ ᠪᠣᠯᠲᠠᠯ᠎ᠠ᠂ ᠨᠢᠭᠡᠨᠲᠡ 3300 ᠭᠠᠷᠤᠢ ᠲᠡᠷᠭᠡᠨ ᠡᠵᠡᠨ ᠡᠨᠡ ᠬᠦ᠌ ᠥᠭᠡᠷᠡᠴᠢᠯᠡᠯᠲᠡ᠎ᠶᠢᠨ ᠠᠪᠴᠢᠷᠠᠭᠰᠠᠨ ᠳᠥᠭᠥᠮ ᠲᠦᠷᠬᠡᠨ ᠦᠢᠯᠡᠴᠢᠯᠡᠭᠡ᠎ᠶᠢ ᠬᠦᠷᠳᠡᠵᠡᠢ᠃
ᠣᠢᠷ᠎ᠠ᠎ᠶ᠋ᠢᠨ ᠵᠢᠯ᠎ᠠᠴᠠ ᠨᠠᠭᠠᠰᠢ᠂ ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠶ᠋ᠢᠲᠡ 170 ᠭᠠᠷᠤᠢ ᠵᠦᠢᠯ᠎ᠦᠨ ᠥᠭᠡᠷᠡᠴᠢᠯᠡᠯᠲᠡ᠎ᠶᠢᠨ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠬᠠᠨᠤᠮᠵᠢ᠎ᠶᠢᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠪᠡ᠃ ᠡᠭᠦᠨ᠎ᠳᠦ᠂ ᠮᠠᠰᠢᠨ ᠲᠡᠷᠭᠡᠨ᠎ᠦ ᠡᠯᠧᠺᠲᠷᠣᠨ ᠵᠢᠯᠣᠭᠣᠴᠢ᠎ᠶᠢᠨ ᠦᠨᠡᠮᠯᠡᠯ᠎ᠢ ᠨᠡᠶ᠋ᠢᠲᠡ 553.4 ᠲᠦᠮᠡ ᠲᠠᠷᠬᠠᠭᠠᠵᠤ᠂ ᠡᠯᠧᠺᠲᠷᠣᠨ ᠲᠡᠷᠭᠡ ᠵᠢᠯᠤᠭᠤᠳᠬᠤ ᠦᠨᠡᠮᠯᠡᠯ᠎ᠢ ᠨᠡᠶ᠋ᠢᠲᠡ 529.1 ᠲᠦᠮᠡ ᠲᠠᠷᠬᠠᠭᠠᠪᠠ᠂ ᠢᠯᠠᠩᠭᠤᠶ᠎ᠠ ᠪᠡᠶ᠎ᠡ᠎ᠪᠡᠨ ᠳᠠᠭᠠᠭᠠᠵᠤ ᠬᠡᠷᠡᠭᠵᠢᠭᠦᠯᠦᠭᠰᠡᠨ ᠵᠢᠯᠣᠭᠣᠴᠢ ᠶᠢᠨ ᠰᠢᠯᠭᠠᠯᠲᠠ᠎ᠳᠤ ᠨᠡᠷ᠎ᠡ ᠮᠡᠳᠡᠭᠦᠯᠬᠦ ᠰᠦᠢᠳᠬᠡᠯ᠎ᠢ ᠪᠥᠬᠥ ᠲᠠᠯ᠎ᠠ ᠪᠠᠷ ᠬᠦᠴᠦᠨ ᠦᠭᠡᠢ ᠪᠣᠯᠭᠠᠬᠤ ᠠᠷᠭ᠎ᠠ ᠬᠡᠮᠵᠢᠶ᠎ᠡ ᠨᠢ ᠣᠯᠠᠨ ᠲᠦᠮᠡᠨ᠎ᠳᠦ ᠨᠡᠶ᠋ᠢᠲᠡ 4000 ᠭᠠᠷᠤᠢ ᠲᠦᠮᠡᠨ ᠲᠥᠭᠥᠷᠢᠭ᠎ᠦᠨ ᠵᠠᠷᠤᠳᠠᠯ᠎ᠢ ᠠᠷᠪᠢᠯᠠᠵᠡᠢ᠃ 《ᠨᠢᠭᠡ ᠶᠠᠪᠤᠳᠠᠯ᠎ᠢ ᠥᠨᠳᠥᠷ ᠪᠦᠲᠦᠮᠵᠢᠲᠡᠢ ᠬᠦᠢᠴᠡᠳᠭᠡᠬᠦ》 ᠥᠭᠡᠷᠡᠴᠢᠯᠡᠯᠲᠡ᠎ᠶᠢ ᠠᠬᠢᠭᠤᠯᠤᠨ᠂ ᠨᠡᠶ᠋ᠢᠲᠡ 18 ᠲᠥᠷᠥᠯ᠎ᠦᠨ 《ᠨᠢᠭᠡ ᠶᠠᠪᠤᠳᠠᠯ》᠎ᠤ᠋ᠨ ᠡᠭᠦᠷᠭᠡ᠎ᠶᠢ ᠲᠦᠷᠦᠭᠦᠯᠡᠨ ᠬᠠᠮᠵᠢᠯᠴᠠᠨ ᠨᠠᠢᠳᠠᠪᠤᠷᠢᠵᠢᠭᠤᠯᠬᠤ᠂ ᠲᠡᠷᠭᠡ ᠬᠥᠰᠬᠡ᠎ᠶᠢᠨ ᠪᠠᠷᠢᠮᠲᠠ᠂ ᠭᠠᠢᠯᠢ᠎ᠶᠢᠨ ᠪᠠᠷᠢᠮᠲᠠ᠂ ᠬᠢᠷᠢ ᠲᠡᠩᠴᠡᠭᠰᠡᠨ ᠦᠨᠡᠮᠯᠡᠯ᠎ᠢ ᠡᠯᠧᠺᠲᠷᠤᠨᠴᠢᠯᠠᠬᠤ᠎ᠶᠢ ᠬᠡᠷᠡᠭᠵᠢᠭᠦᠯᠦᠨ᠂ ᠣᠯᠠᠨ ᠲᠦᠮᠡᠨ᠎ᠳᠤ ᠨᠡᠶ᠋ᠢᠲᠡ 500 ᠭᠠᠷᠤᠢ ᠲᠦᠮᠡᠨ ᠲᠥᠭᠥᠷᠢᠭ᠎ᠦᠨ ᠪᠡᠯᠡ ᠮᠥᠩᠭᠥ᠎ᠶ᠋ᠢ ᠠᠷᠪᠢᠯᠠᠪᠡ᠃ ᠡᠭᠦᠨ᠎ᠦ ᠬᠠᠮᠲᠤ᠂ ᠦᠢᠯᠡᠴᠢᠯᠡᠭᠡᠨ᠎ᠤ ᠬᠡᠪᠴᠢᠶ᠎ᠡ᠎ᠶ᠋ᠢ ᠤᠷᠲᠤᠳᠬᠠᠵᠤ᠂ 80 ᠵᠦᠢᠯ᠎ᠦᠨ ᠲᠡᠷᠭᠡ ᠵᠢᠯᠤᠭᠣᠳᠬᠤ ᠬᠠᠮᠢᠶᠠᠷᠤᠯᠲᠠ᠎ᠶᠢᠨ ᠲᠤᠬᠠᠢᠯᠠᠭᠰᠠᠨ ᠠᠵᠢᠯ᠎ᠢ ᠬᠣᠰᠢᠭᠤ ᠰᠢᠶᠠᠨ ᠲᠣᠭᠣᠷᠢᠭ᠋᠎ᠲᠤ ᠪᠠᠭᠤᠯᠭᠠᠬᠤ᠎ᠶᠢ ᠬᠡᠷᠡᠭᠵᠢᠭᠦᠯᠵᠦ᠂ 500 ᠭᠠᠷᠤᠢ 《ᠨᠢᠭᠡ ᠥᠷᠲᠡᠭᠡᠴᠢᠯᠡᠭᠰᠡᠨ ᠬᠡᠯᠪᠡᠷᠢ》ᠵᠢᠨ ᠲᠣᠮᠢᠯᠠᠭᠰᠠᠨ ᠰᠠᠯᠪᠤᠷᠢ᠎ᠶᠢ ᠪᠠᠢᠭᠤᠯᠵᠤ 40 ᠭᠠᠷᠤᠢ ᠵᠦᠢᠯ᠎ᠦᠨ ᠲᠤᠬᠠᠢᠯᠠᠭᠰᠠᠨ ᠠᠵᠢᠯ᠎ᠢ ᠭᠦᠢᠴᠡᠳᠬᠡᠵᠦ᠂ ᠣᠯᠠᠨ ᠲᠦᠮᠡᠨ᠎ᠳᠦ ᠦᠢᠯᠡᠴᠢᠯᠡᠬᠦ 《ᠡᠴᠦᠰ᠎ᠦᠨ ᠨᠢᠭᠡ ᠺᠢᠯᠣᠮᠧᠲᠷ》᠎ᠢ᠋ ᠦᠨᠡᠨ ᠬᠦ᠌ ᠰᠠᠭᠠᠳ ᠦᠭᠡᠢ ᠨᠡᠪᠲᠡᠷᠡᠭᠦᠯᠪᠡ᠃
ᠣᠶᠤᠨᠲᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠪᠡᠷ ᠬᠦᠴᠦᠨ ᠤᠯᠭᠤᠵᠤ ᠤᠨᠢᠨ ᠲᠡᠬᠡᠷ᠎ᠡ ᠨᠢ ᠵᠠᠰᠠᠬᠤ᠎ᠡᠴᠡ ᠠᠪᠤᠭᠠᠳ᠂ ᠠᠮᠤᠷ ᠲᠦᠪᠰᠢᠨ᠎ᠦ ᠬᠡᠮ ᠰᠣᠭᠣᠭ᠎ᠢ ᠰᠠᠨᠠᠭᠠᠴᠢᠯᠠᠭ᠎ᠠ᠎ᠡᠴᠡ᠎ᠪᠠᠨ ᠰᠡᠷᠭᠡᠢᠯᠡᠨ ᠡᠵᠡᠮᠳᠡᠵᠦ ᠠᠷᠢᠯᠭᠠᠬᠰᠠᠨ ᠬᠦᠷᠲᠡᠯ᠎ᠡ᠂ ᠳᠠᠬᠢᠨ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ᠎ᠪᠡᠷ ᠠᠷᠠᠳ᠎ᠤᠨ ᠠᠮᠢᠳᠤᠷᠠᠯ᠎ᠤᠨ ᠵᠤᠯ ᠵᠢᠷᠭᠠᠯ᠎ᠢ ᠳᠡᠭᠡᠭᠰᠢᠯᠡᠭᠦᠯᠦᠭᠰᠡᠨ ᠬᠦᠷᠲᠡᠯ᠎ᠡ᠂ ᠥᠪᠥᠷ ᠮᠣᠩᠭᠣᠯ᠎ᠤᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠶᠠᠭ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠢ ᠠᠷᠭ᠎ᠠ ᠬᠡᠮᠵᠢᠶ᠎ᠡ᠎ᠪᠡᠷ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠲᠣᠣᠷ᠎ᠢ ᠦᠷᠭᠦᠯᠵᠢᠯᠡᠨ ᠨᠢᠭ᠍ᠲᠠ ᠰᠦᠯᠵᠢᠵᠦ᠂ ᠡᠬᠡ ᠤᠯᠤᠰ᠎ᠤᠨ ᠤᠮᠠᠷᠠᠲᠤ᠎ᠶᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ᠎ᠶ᠋ᠢ ᠪᠠᠲᠤ ᠴᠣᠭᠴᠠᠯᠠᠬᠤ᠎ᠳᠦ ᠬᠦᠴᠦᠨ ᠴᠢᠳᠠᠯ᠎ᠢᠶᠠᠨ ᠡᠷᠭᠦᠵᠦ ᠪᠠᠢᠨ᠎ᠠ᠃