11 ᠳ᠋ᠦ᠍ᠭᠡᠷ ᠰᠠᠷ᠎ᠠ᠎ᠶᠢᠨ 17 ᠤ ᠡᠳᠦᠷ᠂ 《ᠨᠣᠭᠣᠭᠠᠨ ᠤᠰᠤᠳᠦ᠋ᠷᠦᠭᠴᠢᠳᠦ ᠰᠠᠭᠤᠷᠢᠯᠠᠭᠰᠠᠨ ᠬᠢᠮᠢ᠎ᠶᠢᠨ ᠠᠵᠤ ᠦᠢᠯᠡᠳᠪᠦᠷᠢ》᠎ᠶᠢᠨ ᠠᠵᠤ ᠦᠢᠯᠡᠰ᠎ᠦᠨ ᠰᠢᠨ᠎ᠡ ᠠᠮᠢ ᠠᠬᠤᠢ᠎ᠶᠢ ᠪᠠᠶ᠋ᠢᠭᠤᠯᠬᠤ ᠬᠢᠭᠡᠳ ᠠᠩᠬᠠᠳᠤᠭᠠᠷ ᠬᠤᠭᠤᠴᠠᠭᠠᠨ᠎ᠤ ᠬᠢᠩᠭᠠᠨ ᠠᠢᠮᠠᠭ᠎ᠤᠨ 《ᠨᠣᠭᠣᠭᠠᠨ ᠤᠰᠤᠳᠦ᠋ᠷᠦᠭᠴᠢ ᠰᠢᠪᠲᠦᠷᠲᠦ ᠠᠯᠺᠣᠣᠯ》᠎ᠦᠨ ᠠᠵᠤ ᠦᠢᠯᠡᠰ᠎ᠦᠨ ᠰᠠᠭᠤᠷᠢᠨ ᠭᠠᠵᠠᠷ᠎ᠤᠨ ᠠᠮᠢ ᠠᠬᠤᠢ᠎ᠶᠢ ᠬᠠᠮᠲᠤ᠎ᠪᠠᠷ ᠪᠠᠢᠭᠤᠯᠬᠤ ᠰᠣᠨᠢᠨ ᠮᠡᠳᠡᠭᠡ ᠨᠡᠢᠲᠡᠯᠡᠬᠦ ᠬᠤᠷᠠᠯ ᠬᠢᠩᠭᠠᠨ ᠠᠢᠮᠠᠭ᠎ᠲᠤ ᠶᠠᠪᠤᠭᠳᠠᠪᠠ᠃ ᠬᠤᠷᠠᠯ ᠳᠡᠭᠡᠷ᠎ᠡ᠂ 《ᠬᠢᠩᠭᠠᠨ ᠠᠢᠮᠠᠭ᠎ᠤᠨ ᠨᠣᠭᠣᠭᠠᠨ ᠮᠧᠲ᠋ᠢᠯ ᠠᠯᠺᠣᠣᠯ᠎ᠤᠨ ᠠᠵᠤ ᠦᠢᠯᠡᠰ᠎ᠦᠨ ᠬᠣᠯᠪᠣᠭ᠎ᠠ》 ᠵᠢᠩᠬᠢᠨᠢ᠎ᠪᠡᠷ ᠪᠠᠢᠭᠤᠯᠤᠭᠳᠠᠪᠠ᠃ ᠲᠤᠰ ᠬᠣᠯᠪᠣᠭ᠎ᠠ ᠨᠢ ᠵᠠᠰᠠᠭ᠎ᠤᠨ ᠣᠷᠳᠣᠨ᠂ ᠠᠵᠤ ᠠᠬᠤᠢᠯᠠᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠡᠷᠭᠡ ᠤᠯᠠᠨ ᠲᠠᠯ᠎ᠠ᠎ᠶᠢᠨ ᠬᠦᠴᠦᠨ᠎ᠢ ᠨᠢᠭ᠍ᠲᠠᠷᠠᠭᠤᠯᠵᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠮᠡᠷᠭᠡᠵᠢᠯ᠎ᠦᠨ ᠬᠠᠮᠵᠢᠯᠴᠠᠭ᠎ᠠ ᠬᠢᠬᠦ ᠪᠠ ᠵᠠᠬ᠎ᠠ ᠳᠡᠯᠭᠡᠭᠦᠷ᠎ᠢ ᠬᠠᠮᠲᠤ᠎ᠪᠠᠷ ᠥᠷᠭᠡᠳᠬᠡᠬᠦ᠎ᠶᠢ ᠠᠬᠢᠭᠤᠯᠬᠤ᠎ᠪᠠᠷ ᠵᠣᠷᠢᠯᠭ᠎ᠠ ᠪᠣᠯᠭᠠᠵᠠᠢ᠂ ᠡᠨᠡ ᠨᠢ ᠬᠢᠩᠭᠠᠨ ᠠᠢᠮᠠᠭ᠎ᠤᠨ ᠬᠢᠨ ᠪᠦᠬᠦ ᠤᠯᠤᠰ᠎ᠲᠤ ᠨᠥᠯᠥᠭᠡᠯᠡᠬᠦ ᠬᠦᠴᠦᠨ ᠪᠦᠬᠦᠢ ᠨᠣᠭᠣᠭᠠᠨ ᠤᠰᠤᠲᠥ᠋ᠷᠥᠭᠴᠢ ᠰᠢᠪᠲᠦᠷᠲᠦ ᠠᠯᠺᠣᠣᠯ᠎ᠤᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠶ᠋ᠢᠭᠤᠯᠬᠤ ᠶᠠᠪᠤᠴᠠ᠎ᠳᠤ ᠵᠠᠩᠭᠢᠯᠠᠭ᠎ᠠ᠎ᠶᠢᠨ ᠨᠢᠭᠡ ᠠᠯᠬᠤᠮ᠎ᠢᠶᠡᠨ ᠠᠯᠬᠤᠭᠰᠠᠨ᠎ᠢ ᠬᠠᠷᠠᠭᠤᠯᠵᠤ ᠪᠤᠢ᠃
ᠡᠨᠡ ᠬᠦ᠌ ᠠᠵᠢᠯᠯᠠᠭ᠎ᠠ᠎ᠳᠤ᠂ ᠵᠠᠰᠠᠭ᠎ᠤᠨ ᠣᠷᠳᠣᠨ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠠᠵᠢᠯ ᠲᠥᠷᠥᠯ᠎ᠦᠨ ᠨᠡᠢᠭᠡᠮᠯᠢᠭ ᠵᠢᠴᠢ ᠵᠠᠭᠤ ᠭᠠᠷᠤᠢ ᠠᠵᠤ ᠠᠬᠤᠢᠯᠠᠯ᠎ᠤᠨ 300 ᠰᠢᠬᠠᠮ ᠵᠣᠴᠢᠳ ᠬᠢᠩᠭᠠᠨ ᠠᠢᠮᠠᠭ᠎ᠤᠨ ᠶᠡᠬᠡ ᠬᠡᠪᠴᠢᠶᠡᠨ᠎ᠦ ᠨᠣᠭᠣᠭᠠᠨ ᠮᠧᠲ᠋ᠢᠯ ᠠᠯᠺᠣᠣᠯ᠎ᠤᠨ ᠲᠥᠷᠥᠯ ᠵᠦᠢᠯ᠎ᠦᠨ ᠤᠷᠠᠯᠠᠯ᠎ᠤᠨ ᠰᠢᠯᠭᠠᠨ ᠪᠠᠲᠤᠯᠠᠵᠤ ᠠᠮᠵᠢᠯᠲᠠ ᠣᠯᠣᠭᠰᠠᠨ᠎ᠢ ᠬᠠᠮᠲᠤ᠎ᠪᠠᠷ ᠭᠡᠷᠡᠴᠢᠯᠡᠪᠡ᠃ ᠬᠤᠷᠠᠯ᠎ᠢᠶᠡᠷ ᠲᠤᠬᠠᠢ᠎ᠶᠢᠨ ᠭᠠᠵᠠᠷ᠎ᠤᠨ ᠨᠣᠭᠣᠭᠠᠨ ᠤᠰᠤᠲᠥ᠋ᠷᠥᠭᠴᠢ᠎ᠶᠢ ᠦᠢᠯᠡᠳᠬᠦ᠂ ᠨᠣᠭᠣᠭᠠᠨ ᠮᠧᠲ᠋ᠢᠯ ᠠᠯᠺᠣᠣᠯ᠎ᠢ ᠨᠡᠢᠯᠡᠭᠦᠯᠬᠦ᠂ ᠠᠵᠤ ᠦᠢᠯᠡᠰ᠎ᠦᠨ ᠬᠡᠯᠬᠢᠶ᠎ᠡ᠎ᠶᠢ ᠵᠣᠬᠢᠴᠠᠭᠤᠯᠬᠤ ᠵᠡᠷᠭᠡ ᠲᠠᠯ᠎ᠠ᠎ᠪᠠᠷ ᠬᠢ ᠬᠠᠮᠤᠭ᠎ᠤᠨ ᠰᠢᠨ᠎ᠡ ᠦᠷ᠎ᠡ ᠪᠦᠲᠦᠭᠡᠯ ᠪᠠ ᠲᠥᠯᠦᠪᠵᠢᠭᠦᠯᠭᠡ᠎ᠶᠢᠨ ᠠᠯᠤᠰ᠎ᠤᠨ ᠲᠥᠰᠥᠪ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠴᠠᠬᠢᠯᠭᠠᠨ ᠵᠠᠳᠠᠯᠤᠯ᠎ᠤᠨ ᠤᠰᠤ᠎ᠪᠠᠷ ᠤᠰᠤᠲᠥ᠋ᠷᠥᠭᠴᠢ ᠦᠢᠯᠡᠳᠬᠦ᠂ ᠤᠰᠤᠳᠦ᠋ᠷᠦᠭᠴᠢᠳᠦ ᠰᠠᠭᠤᠷᠢᠯᠠᠭᠰᠠᠨ ᠬᠢᠮᠢ᠎ᠶᠢᠨ ᠠᠵᠤ ᠦᠢᠯᠡᠳᠪᠦᠷᠢ᠂ ᠠᠮᠢᠳᠤ ᠪᠣᠳᠠᠰ᠎ᠤᠨ ᠮᠠᠰ᠎ᠤᠨ ᠡᠨᠧᠷᠭᠢ᠎ᠶᠢ ᠨᠡᠭᠡᠭᠡᠨ ᠠᠰᠢᠭ᠍ᠯᠠᠬᠤ᠂ ᠠᠮᠢᠳᠤ ᠪᠣᠳᠠᠰ᠎ᠲᠤ ᠰᠠᠭᠤᠷᠢᠯᠠᠭᠰᠠᠨ ᠮᠠᠲᠧᠷᠢᠶᠠᠯ᠎ᠢ ᠰᠤᠳᠤᠯᠤᠨ ᠨᠡᠭᠡᠭᠡᠬᠦ ᠵᠡᠷᠭᠡ ᠬᠦᠷᠢᠶᠡᠨ᠎ᠳᠠᠬᠢ ᠠᠵᠤ ᠠᠬᠤᠢᠯᠠᠯ᠎ᠢ ᠲᠠᠲᠠᠨ ᠠᠪᠴᠢᠷᠠᠵᠤ ᠰᠠᠨᠠᠮᠵᠢ᠎ᠶᠢᠨ ᠪᠡᠯᠡ ᠣᠷᠤᠭᠤᠯᠤᠯᠲᠠ ᠨᠢ 200 ᠳ᠋ᠦᠩᠰᠢᠭᠤᠷ ᠲᠥᠭᠥᠷᠢᠭ᠎ᠢ ᠳᠠᠪᠠᠵᠠᠢ᠃
ᠬᠤᠷᠠᠯ᠎ᠢᠶᠠᠷ᠂ ᠳᠤᠮᠳᠠᠳᠤ ᠤᠯᠤᠰ᠎ᠤᠨ ᠠᠵᠤ ᠠᠬᠤᠢ᠎ᠶᠢᠨ ᠮᠡᠳᠡᠭᠡ ᠵᠠᠩᠭᠢ᠎ᠶᠢᠨ ᠬᠣᠷᠢᠶ᠎ᠠ᠎ᠶᠢᠨ ᠱᠠᠩᠬᠠᠢ᠎ᠳᠠᠬᠢ ᠶᠡᠷᠦᠩᠬᠡᠢ ᠬᠡᠯᠲᠡᠰ ᠪᠠ ᠬᠢᠩᠭᠠᠨ ᠠᠢᠮᠠᠭ᠎ᠤᠨ ᠠᠵᠤ ᠠᠬᠤᠢ ᠮᠡᠷᠭᠡᠵᠢᠯ᠎ᠦᠨ ᠨᠡᠭᠡᠭᠡᠨ ᠬᠥᠭᠵᠢᠭᠦᠯᠦᠯᠲᠡ᠎ᠶᠢᠨ ᠲᠣᠭᠣᠷᠢᠭ᠋᠎ᠤᠨ ᠬᠠᠮᠲᠤ᠎ᠪᠠᠷ ᠨᠠᠢᠷᠠᠭᠤᠯᠤᠨ ᠵᠣᠬᠢᠶᠠᠭᠰᠠᠨ《ᠳᠤᠮᠳᠠᠳᠤ ᠤᠯᠤᠰ᠎ᠤᠨ ᠨᠣᠭᠣᠭᠠᠨ ᠤᠰᠤᠳᠦ᠋ᠷᠦᠭᠴᠢ ᠰᠢᠪᠲᠦᠷᠲᠦ ᠠᠯᠺᠣᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠮᠡᠳᠡᠭᠦᠯᠦᠯᠲᠡ 2025》᠎ᠶ᠋ᠢ ᠵᠢᠩᠬᠢᠨᠢ᠎ᠪᠡᠷ ᠨᠡᠢᠲᠡᠯᠡᠵᠦ᠂ ᠬᠢᠩᠭᠠᠨ ᠠᠢᠮᠠᠭ ᠴᠢᠨᠠᠭᠰᠢᠯᠠᠪᠠᠯ ᠪᠦᠬᠦ ᠤᠯᠤᠰ᠎ᠤᠨ ᠠᠵᠤ ᠦᠢᠯᠡᠰ᠎ᠦᠨ ᠪᠠᠢᠷᠢᠰᠢᠭᠤᠯᠤᠯᠲᠠ᠎ᠳᠤ ᠴᠢᠬᠤᠯᠠ ᠯᠠᠪᠯᠠᠯᠲᠠ ᠬᠠᠩᠭᠠᠪᠠ᠃