ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋ ᠪᠥᠬᠥ ᠤᠯᠤᠰ᠎ᠤᠨ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠨᠡᠢᠲᠡᠯᠢᠭ ᠬᠡᠷᠡᠭ᠎ᠦᠨ ᠵᠢᠱ᠌ᠢᠶᠡᠨ᠎ᠳᠦ ᠰᠣᠩᠭᠣᠭᠳᠠᠪᠠ
ᠨᠡᠶ᠋ᠢᠲᠡᠯᠡᠭᠰᠡᠨ ᠴᠠᠭ᠄ 2025-11-24

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ ᠣᠢᠷ᠎ᠠ᠎ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ 2025 ᠣᠨ᠎ᠳᠠᠬᠢ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠎ᠤᠨ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠠᠬᠢᠭᠤᠯᠤᠭᠰᠠᠨ ᠨᠡᠢᠲᠡᠯᠢᠭ ᠬᠡᠷᠡᠭ᠎ᠦᠨ ᠵᠢᠱ᠌ᠢᠶᠡᠨ᠎ᠦ ᠨᠡᠷᠡᠰ᠎ᠢ ᠵᠠᠷᠯᠠᠨ ᠨᠡᠢᠲᠡᠯᠡᠵᠦ᠂ ᠮᠠᠨ᠎ᠤ ᠣᠷᠣᠨ᠎ᠤ ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋ ᠠᠮᠵᠢᠯᠲᠠ᠎ᠲᠠᠢ᠎ᠪᠠᠷ ᠰᠣᠩᠭᠣᠭᠳᠠᠪᠠ᠃

ᠮᠠᠨ᠎ᠤ ᠣᠷᠣᠨ᠎ᠤ ᠡᠨᠧᠷᠭᠢ᠎ᠶᠢᠨ ᠬᠡᠯᠪᠡᠷᠢ᠎ᠪᠡᠨ ᠬᠤᠪᠢᠷᠠᠭᠤᠯᠬᠤ ᠪᠠ ᠠᠵᠤ ᠦᠢᠯᠡᠰ᠎ᠦᠨ ᠲᠠᠰ ᠳᠡᠪᠰᠢᠭᠦᠯᠬᠦ᠎ᠶᠢᠨ ᠴᠢᠬᠤᠯᠠ ᠠᠴᠢᠶᠠᠯᠠᠪᠤᠷᠢ ᠪᠣᠯᠤᠭᠰᠠᠨ᠎ᠤ ᠬᠤᠪᠢ᠎ᠳᠤ᠂ ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋ ᠨᠢ ᠡᠨᠧᠷᠭᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋ ᠪᠠ ᠠᠵᠤ ᠦᠢᠯᠡᠰ᠎ᠦᠨ ᠰᠠᠭᠤᠷᠢ᠎ᠳᠤ᠎ᠪᠠᠨ ᠲᠦᠰᠢᠭᠯᠡᠨ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠣᠷᠭᠢᠯ᠎ᠳᠤ ᠬᠦᠷᠭᠡᠬᠦ ᠪᠠ ᠨᠡᠭᠦᠷᠡᠰᠦᠲᠥ᠋ᠷᠥᠭᠴᠢ᠎ᠶᠢ ᠰᠠᠭᠠᠷᠮᠠᠭᠵᠢᠭᠤᠯᠬᠤ ᠬᠠᠷᠠᠯᠲᠠ᠎ᠪᠠᠷ ᠵᠢᠯᠣᠭᠣᠳᠤᠯᠭ᠎ᠠ ᠪᠣᠯᠭᠠᠵᠤ᠂ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢᠨ ᠵᠠᠮ᠎ᠳᠤ ᠥᠪᠡᠷᠮᠢᠴᠡ ᠣᠨᠴᠠᠯᠢᠭ᠋᠎ᠲᠠᠢ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠨ ᠭᠠᠷᠭᠠᠭᠰᠠᠨ᠎ᠢᠶᠠᠷ᠎ᠢᠶᠠᠨ ᠮᠠᠨ᠎ᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠪᠡᠷ ᠴᠢᠨᠠᠷ ᠰᠠᠢᠲᠠᠢ ᠬᠥᠭᠵᠢᠯᠲᠡ᠎ᠶᠢ ᠬᠥᠳᠡᠯᠭᠡᠭᠰᠡᠨ ᠬᠡᠪ ᠳᠠᠭᠤᠷᠢᠶᠠᠯ ᠪᠣᠯᠤᠭᠰᠠᠨ ᠪᠠᠢᠨ᠎ᠠ᠃ ᠣᠳᠣᠬᠠᠨ᠎ᠳᠤ᠂ ᠲᠤᠰ ᠨᠡᠭᠡᠭᠡᠯᠲᠡ᠎ᠶᠢᠨ ᠲᠣᠭᠣᠷᠢᠭ᠋ ᠨᠢ ᠶᠠᠭ ᠰᠢᠨ᠎ᠡ ᠥᠷᠢᠰᠦᠯᠳᠦᠭᠡᠨ᠎ᠦ ᠴᠠᠷᠠᠭ᠎ᠠ᠎ᠶᠢ ᠢᠳᠡᠪᠬᠢᠲᠡᠢ ᠡᠵᠡᠯᠡᠵᠦ᠂ ᠰᠢᠨ᠎ᠡ ᠬᠥᠳᠡᠯᠭᠡᠭᠴᠢ ᠡᠨᠧᠷᠭᠢ᠎ᠶᠢ ᠪᠣᠢᠵᠢᠭᠤᠯᠵᠤ᠂ ᠲᠡᠭ ᠨᠡᠭᠦᠷᠡᠰᠦᠲᠥ᠋ᠷᠥᠭᠴᠢᠲᠦ ᠠᠵᠤ ᠦᠢᠯᠡᠰ᠎ᠦᠨ ᠬᠦᠷᠢᠶᠡᠯᠡᠩ᠎ᠢ ᠪᠦᠬᠦ ᠬᠦᠴᠦᠨ᠎ᠢᠶᠡᠷ᠎ᠢᠶᠡᠨ ᠪᠠᠢᠭᠤᠯᠵᠤ᠂ 《ᠰᠠᠯᠬᠢ ᠭᠡᠷᠡᠯ ᠤᠰᠤᠲᠥ᠋ᠷᠥᠭᠴᠢ ᠨᠥᠭᠡᠴᠡ ᠲᠡᠷᠭᠡ》᠎ᠶᠢᠨ ᠠᠵᠤ ᠦᠢᠯᠡᠰ᠎ᠦᠨ ᠪᠦᠯᠦᠭᠵᠢᠯ᠎ᠢ ᠪᠦᠬᠦ ᠲᠠᠯ᠎ᠠ᠎ᠪᠠᠷ ᠪᠠᠢᠭᠤᠯᠵᠤ᠂ ᠨᠡᠭᠦᠷᠡᠰᠦ᠎ᠪᠡᠷ ᠴᠡᠪᠡᠷ ᠲᠦᠯᠡᠰᠢ ᠦᠢᠯᠡᠳᠬᠦ ᠵᠢᠱ᠌ᠢᠶ᠎ᠡ ᠦᠵᠡᠭᠦᠯᠬᠦ ᠰᠠᠭᠤᠷᠢᠨ᠎ᠢ ᠲᠦᠷᠭᠡᠳᠬᠡᠨ ᠪᠠᠢᠭᠤᠯᠵᠤ᠂ ᠤᠳᠤ ᠦᠶ᠎ᠡ᠎ᠶᠢᠨ ᠪᠠᠷᠠᠭᠠᠨ᠎ᠤ ᠭᠦᠢᠯᠭᠡᠭᠡᠨ᠎ᠦ ᠠᠵᠢᠯᠯᠠᠭᠠᠨ᠎ᠤ ᠲᠣᠭᠲᠠᠯᠴᠠᠭ᠎ᠠ᠎ᠶᠢ ᠬᠦᠴᠦᠯᠡᠨ ᠪᠠᠢᠭᠤᠯᠵᠤ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠴᠢᠳᠠᠪᠤᠷᠢ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠥᠨᠳᠥᠷᠯᠢᠭ᠎ᠢ ᠪᠦᠬᠦ ᠲᠠᠯ᠎ᠠ᠎ᠪᠠᠷ ᠪᠠᠢᠭᠤᠯᠵᠤ ᠪᠠᠢᠨ᠎ᠠ᠃

ᠣᠷᠳᠣᠰ᠎ᠤᠨ ᠮᠧᠩ ᠰᠦ᠍ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋ ᠪᠣᠯ ᠮᠠᠨ᠎ᠤ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠡᠯᠪᠡᠷᠢ᠎ᠪᠡᠨ ᠬᠤᠪᠢᠷᠠᠭᠤᠯᠤᠨ ᠬᠥᠭᠵᠢᠭᠰᠡᠨ ᠨᠡᠢᠲᠡᠯᠢᠭ ᠲᠥᠯᠥᠭᠡᠯᠡᠭᠴᠢ ᠪᠠᠢᠵᠤ᠂ ᠪᠥᠬᠥ ᠣᠷᠣᠨ᠎ᠤ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠳᠦ ᠵᠢᠱ᠌ᠢᠶ᠎ᠡ ᠦᠵᠡᠭᠦᠯᠪᠡ᠃ ᠣᠢᠷ᠎ᠠ᠎ᠶᠢᠨ ᠵᠢᠯ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ ᠤᠯᠤᠰ᠎ᠤᠨ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠠᠬᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠢ ᠰᠢᠨ᠎ᠡ ᠬᠡᠯᠪᠡᠷᠢ᠎ᠶᠢᠨ ᠠᠵᠤ ᠦᠢᠯᠡᠳᠪᠦᠷᠢᠵᠢᠯᠲᠡ᠎ᠶᠢ ᠬᠡᠷᠡᠭᠵᠢᠭᠦᠯᠬᠦ᠎ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠤᠯᠠᠨ ᠵᠦᠢᠯ᠎ᠦᠨ ᠳᠡᠮᠵᠢᠯᠭᠡ᠎ᠶᠢᠨ ᠲᠦᠷᠦ᠎ᠶᠢᠨ ᠪᠣᠳᠣᠯᠭ᠎ᠠ᠎ᠶᠢ ᠵᠠᠯᠭᠠᠭ᠎ᠠ᠎ᠪᠠᠷ ᠨᠡᠢᠲᠡᠯᠡᠵᠦ᠂ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ᠎ᠶᠢᠨ ᠪᠠᠢᠭᠤᠯᠤᠯ ᠲᠣᠭᠲᠠᠴᠠ᠎ᠶᠢ ᠬᠦᠴᠦᠯᠡᠨ ᠰᠢᠯᠤᠭᠤᠳᠬᠠᠵᠤ᠂ ᠰᠠᠭᠤᠷᠢ ᠪᠡᠯᠡᠳᠬᠡᠮᠵᠢ᠎ᠶᠢᠨ ᠢᠵᠢ ᠪᠦᠷᠢᠳᠦᠭᠦᠯᠬᠦ᠎ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠢᠯᠡᠰ᠎ᠦᠨ ᠰᠢᠯᠵᠢᠯᠲᠡ᠎ᠶᠢ ᠢᠳᠡᠪᠬᠢᠲᠡᠢ᠎ᠪᠡᠷ ᠵᠣᠯᠭᠠᠭᠤᠯᠤᠨ ᠠᠪᠴᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠥᠭᠵᠢᠯᠲᠡ᠎ᠶᠢᠨ ᠴᠢᠨᠠᠷ ᠴᠢᠨᠰᠠᠭ᠎ᠠ ᠦᠷ᠎ᠡ ᠠᠰᠢᠭ᠋᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠪᠣᠢ᠃

ᠢᠷᠡᠯᠲᠡ᠄    