ᠣᠢᠷ᠎ᠠ᠎ᠳᠤ᠂ ᠨᠠᠨᠵᠢᠩ᠎ᠳᠤ ᠶᠠᠪᠤᠭᠳᠠᠭᠰᠠᠨ 《ᠳᠤᠮᠳᠠᠳᠤ ᠤᠯᠤᠰ᠎ᠤᠨ ᠭᠠᠳᠠᠭᠠᠳᠤ ᠠᠷᠠᠯᠵᠢᠶᠠᠨ᠎ᠤ 100 ᠬᠣᠲᠠ (2025)》 ᠰᠢᠨ᠎ᠡ ᠨᠣᠮ᠎ᠢ ᠨᠡᠢᠲᠡᠯᠡᠬᠦ ᠬᠢᠭᠡᠳ ᠬᠣᠲᠠ᠎ᠨᠤᠭᠤᠳ᠎ᠤᠨ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠶᠢᠨ ᠭᠣᠣᠯ ᠰᠡᠳᠦᠪᠲᠦ ᠠᠵᠢᠯᠯᠠᠭ᠎ᠠ ᠳᠡᠭᠡᠷ᠎ᠡ᠂ ᠬᠥᠬᠡᠬᠣᠲᠠ ᠠᠩᠬ᠎ᠠ ᠤᠳᠠᠭ᠎ᠠ ᠪᠥᠬᠥ ᠤᠯᠤᠰ᠎ᠤᠨ ᠭᠠᠳᠠᠭᠠᠳᠤ ᠠᠷᠠᠯᠵᠢᠶᠠᠨ᠎ᠤ 100 ᠬᠣᠲᠠ᠎ᠳᠤ ᠣᠷᠣᠵᠤ᠂ 78 ᠳ᠋ᠤᠭᠠᠷ᠎ᠲᠤ ᠵᠢᠭ᠍ᠰᠠᠭᠠᠭᠳᠠᠵᠠᠢ᠂ ᠡᠨᠡ ᠨᠢ ᠮᠥᠨ ᠴᠤ᠌ ᠪᠥᠬᠥ ᠤᠯᠤᠰ᠎ᠤᠨ ᠭᠠᠳᠠᠭᠠᠳᠤ ᠠᠷᠠᠯᠵᠢᠶᠠᠨ᠎ᠤ 100 ᠬᠣᠲᠠ᠎ᠳᠤ ᠣᠷᠣᠭᠰᠠᠨ ᠥᠪᠡᠷᠲᠡᠭᠡᠨ ᠵᠠᠰᠠᠬᠤ ᠣᠷᠣᠨ᠎ᠤ ᠴᠣᠷᠢ᠎ᠶᠢᠨ ᠭᠠᠭᠴᠠ ᠬᠣᠲᠠ ᠪᠣᠯᠣᠨ᠎ᠠ᠃
ᠬᠥᠬᠡᠬᠣᠲᠠ ᠴᠢᠳᠠᠮᠵᠢᠲᠤ ᠣᠷᠣᠨ ᠪᠠᠢᠷᠢ᠂ ᠣᠨᠴᠠᠯᠢᠭ᠍ᠲᠤ ᠠᠵᠤ ᠦᠢᠯᠡᠰ᠂ ᠰᠢᠨᠵᠢᠯᠡᠬᠦ ᠤᠬᠠᠭᠠᠨ ᠲᠸᠭ᠌ᠨᠢᠭ᠌ ᠮᠡᠷᠭᠡᠵᠢᠯ᠎ᠦᠨ ᠰᠢᠨ᠎ᠡ ᠡᠭᠦᠳᠦᠯᠲᠡ ᠪᠠ ᠨᠡᠭᠡᠭᠡᠯᠲᠡᠲᠤ ᠲᠠᠪᠴᠠᠩ ᠵᠡᠷᠭᠡ ᠳᠠᠪᠠᠭᠤᠯᠢᠭ᠎ᠲᠤ᠎ᠪᠠᠨ ᠲᠦᠰᠢᠭᠯᠡᠵᠦ᠂ ᠬᠤᠸᠠᠪᠸᠢ ᠣᠷᠣᠨ᠎ᠳᠠᠬᠢ ᠤᠯᠠᠨ ᠤᠯᠤᠰ᠎ᠤᠨ《ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡᠨ᠎ᠦ ᠲᠥᠪ》᠎ᠢ ᠪᠦᠬᠦ ᠬᠦᠴᠦᠨ᠎ᠢᠶᠡᠷ᠎ᠢᠶᠡᠨ ᠴᠣᠭᠴᠠᠯᠠᠪᠠ᠃ 2024 ᠣᠨ᠎ᠳᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠬᠡᠪᠴᠢᠶ᠎ᠡ ᠠᠩᠬ᠎ᠠ ᠤᠳᠠᠭ᠎ᠠ 200 ᠳ᠋ᠦᠩᠰᠢᠭᠤᠷ ᠲᠥᠭᠥᠷᠢᠭ᠎ᠢ ᠳᠠᠪᠠᠵᠤ᠂ 226.8 ᠳ᠋ᠦᠩᠰᠢᠭᠤᠷ ᠲᠥᠭᠥᠷᠢᠭ᠎ᠲᠦ ᠬᠦᠷᠴᠦ᠂ ᠲᠡᠦᠬᠡᠨ ᠰᠢᠨ᠎ᠡ ᠲᠡᠮᠳᠡᠭᠯᠡᠯ᠎ᠢ ᠡᠭᠦᠳᠴᠦ᠂ ᠠᠳᠠᠯᠢ ᠬᠤᠭᠤᠴᠠᠭᠠᠨ᠎ᠤ ᠬᠢ᠎ᠡᠴᠡ 17.4%᠎ᠪᠠᠷ ᠨᠡᠮᠡᠭᠳᠡᠨ᠂ ᠨᠡᠮᠡᠭᠳᠡᠯ᠎ᠦᠨ ᠬᠤᠷᠳᠤᠴᠠ ᠨᠢ ᠭᠤᠷᠪᠠᠨ ᠵᠢᠯ ᠳᠠᠷᠠᠭᠠᠯᠠᠨ ᠪᠦᠬᠦ ᠤᠯᠤᠰ᠎ᠤᠨ ᠬᠢ᠎ᠡᠴᠡ ᠲᠦᠷᠭᠡᠨ ᠪᠣᠯᠵᠠᠢ᠃
ᠶᠡᠷᠦᠩᠬᠡᠢᠯᠡᠭᠰᠡᠨ ᠥᠷᠢᠰᠦᠯᠳᠦᠬᠦ ᠬᠦᠴᠦᠨ᠎ᠦ ᠦᠨᠡᠯᠡᠯᠲᠡ᠎ᠳᠦ᠂ ᠬᠥᠬᠡᠬᠣᠲᠠ᠎ᠶᠢᠨ ᠲᠥᠷᠥᠯ ᠬᠤᠪᠢᠶᠠᠭᠰᠠᠨ ᠡᠯ᠎ᠡ ᠥᠷᠢᠰᠦᠯᠳᠦᠬᠦ ᠬᠦᠴᠦᠨ᠎ᠦ ᠭᠦᠢᠴᠡᠳᠬᠡᠯ ᠲᠣᠭ᠎ᠠ ᠨᠢ ᠲᠡᠩᠴᠡᠭᠦᠷᠢᠲᠡᠢ ᠪᠠᠢᠵᠤ᠂ ᠪᠦᠲᠦᠴᠡ᠎ᠶᠢᠨ ᠥᠷᠢᠰᠦᠯᠳᠦᠬᠦ ᠬᠦᠴᠦᠨ᠂ ᠦᠷ᠎ᠡ ᠠᠰᠢᠭ᠋᠎ᠤᠨ ᠥᠷᠢᠰᠦᠯᠳᠦᠬᠦ ᠬᠦᠴᠦᠨ᠂ ᠰᠢᠨ᠎ᠡ ᠡᠭᠦᠳᠦᠯᠲᠡ᠎ᠶᠢᠨ ᠥᠷᠢᠰᠦᠯᠳᠦᠬᠦ ᠬᠦᠴᠦᠨ᠂ ᠳᠠᠯᠳᠠ ᠬᠦᠴᠦᠨ᠎ᠦ ᠥᠷᠢᠰᠦᠯᠳᠦᠬᠦ ᠬᠦᠴᠦᠨ ᠵᠡᠷᠭᠡ 4 ᠲᠥᠷᠥᠯ ᠬᠤᠪᠢᠶᠠᠭᠰᠠᠨ ᠭᠦᠢᠴᠡᠳᠬᠡᠯ ᠲᠣᠭ᠎ᠠ ᠨᠢ ᠴᠥᠮ ᠪᠥᠬᠥ ᠣᠷᠣᠨ᠎ᠤ ᠲᠡᠷᠢᠭᠦᠨ ᠪᠠᠢᠷᠢᠨ᠎ᠳᠤ ᠪᠠᠢᠪᠠ᠃
ᠭᠠᠳᠠᠭᠠᠳᠤ ᠠᠷᠠᠯᠵᠢᠶᠠᠨ᠎ᠤ 100 ᠬᠤᠳᠠ᠎ᠶᠢ ᠵᠢᠭ᠍ᠰᠠᠭᠠᠬᠤ᠎ᠳᠤ ᠳᠤᠮᠳᠠᠳᠤ ᠤᠯᠤᠰ᠎ᠤᠨ ᠬᠤᠳᠠ᠎ᠨᠤᠭᠤᠳ᠎ᠤᠨ ᠭᠠᠳᠠᠭᠠᠳᠤ ᠠᠷᠠᠯᠵᠢᠶᠠᠨ᠎ᠤ ᠥᠷᠢᠰᠦᠯᠳᠦᠬᠦ ᠬᠦᠴᠦᠨ᠎ᠦ ᠭᠦᠢᠴᠡᠳᠬᠡᠯ ᠲᠣᠭᠠᠨ᠎ᠤ ᠳᠣᠭᠲᠠᠯᠴᠠᠭ᠎ᠠ᠎ᠪᠠᠷ ᠦᠨᠡᠯᠡᠯᠲᠡ᠎ᠶᠢᠨ ᠰᠠᠭᠤᠷᠢ ᠪᠣᠯᠭᠠᠵᠤ᠂ ᠪᠦᠬᠦ ᠤᠯᠤᠰ᠎ᠤᠨ 338 ᠬᠤᠳᠠ᠎ᠶᠢᠨ ᠭᠠᠳᠠᠭᠠᠳᠤ ᠠᠷᠠᠯᠵᠢᠶᠠᠨ᠎ᠤ ᠥᠷᠢᠰᠦᠯᠳᠦᠬᠦ ᠬᠦᠴᠦᠨ᠎ᠢ ᠲᠤᠰ ᠲᠤᠰ᠎ᠲᠤ ᠨᠢ ᠲᠥᠰᠥᠭᠡᠯᠡᠨ ᠪᠤᠳᠤᠵᠤ᠂ ᠬᠢᠷᠢ ᠲᠦᠪᠰᠢᠨ᠎ᠦ ᠥᠷᠢᠰᠦᠯᠳᠦᠬᠦ ᠬᠦᠴᠦᠨ᠂ ᠪᠦᠲᠦᠴᠡ᠎ᠶᠢᠨ ᠥᠷᠢᠰᠦᠯᠳᠦᠬᠦ ᠬᠦᠴᠦᠨ᠂ ᠦᠷ᠎ᠡ ᠠᠰᠢᠭ᠋᠎ᠤᠨ ᠥᠷᠢᠰᠦᠯᠳᠦᠬᠦ ᠬᠦᠴᠦᠨ᠂ ᠰᠢᠨ᠎ᠡ ᠡᠭᠦᠳᠦᠯᠲᠡ᠎ᠶᠢᠨ ᠥᠷᠢᠰᠦᠯᠳᠦᠬᠦ ᠬᠦᠴᠦᠨ ᠪᠠ ᠳᠠᠯᠳᠠ ᠬᠦᠴᠦᠨ᠎ᠦ ᠥᠷᠢᠰᠦᠯᠳᠦᠬᠦ ᠬᠦᠴᠦᠨ ᠵᠡᠷᠭᠡ 5 ᠲᠠᠯ᠎ᠠ᠎ᠠᠴᠠ ᠬᠤᠳᠠ᠎ᠨᠤᠭᠤᠳ᠎ᠤᠨ ᠭᠠᠳᠠᠭᠠᠳᠤ ᠠᠷᠠᠯᠵᠢᠶᠠᠨ᠎ᠤ ᠶᠡᠷᠦᠩᠬᠡᠢᠯᠡᠭᠰᠡᠨ ᠥᠷᠢᠰᠦᠯᠳᠦᠬᠦ ᠬᠦᠴᠦᠨ᠎ᠢ ᠨᠢ ᠪᠦᠬᠦ ᠲᠠᠯ᠎ᠠ᠎ᠪᠠᠷ ᠵᠠᠳᠠᠯᠵᠤ ᠢᠯᠡᠷᠡᠭᠦᠯᠪᠡ᠃