ᠰᠤᠷᠪᠤᠯᠵᠢᠯᠠᠭ᠍ᠴᠢ ᠤᠯᠠᠭᠠᠨᠬᠠᠳᠠ ᠬᠣᠲᠠ᠎ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ 10 ᠳ᠋ᠤᠭᠠᠷ ᠰᠠᠷ᠎ᠠ᠎ᠶᠢᠨ ᠰᠡᠭᠦᠯᠴᠢ ᠪᠣᠯᠲᠠᠯ᠎ᠠ᠂ ᠪᠥᠬᠥ ᠬᠣᠲᠠ᠎ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠠᠢᠭᠤᠯᠤᠭᠰᠠᠨ ᠬᠡᠪᠴᠢᠶᠡᠵᠢᠯ 911.42 ᠲᠦᠮᠡᠨ ᠮᠦ᠍᠎ᠳᠦ ᠬᠥᠷᠪᠡ᠃ ᠡᠨᠡ ᠬᠦ᠌ ᠦᠷ᠎ᠡ ᠪᠦᠲᠦᠭᠡᠯ ᠨᠢ ᠲᠤᠬᠠᠢ᠎ᠶᠢᠨ ᠭᠠᠵᠠᠷ᠎ᠤᠨ ᠠᠮᠤ ᠪᠤᠳᠠᠭᠠᠨ᠎ᠤ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠬᠢᠭᠡᠳ ᠭᠠᠮᠰᠢᠭ᠋᠎ᠢ ᠰᠡᠷᠭᠡᠢᠯᠡᠨ ᠭᠠᠮᠰᠢᠭ᠋᠎ᠢ ᠪᠠᠭᠠᠰᠬᠠᠬᠤ ᠬᠢᠷᠢ ᠲᠦᠪᠰᠢᠨ᠎ᠢᠶᠡᠨ ᠪᠦᠲᠦᠮᠵᠢᠲᠡᠢ ᠴᠢᠩᠭᠠᠳᠬᠠᠵᠤ᠂ ᠣᠷᠣᠨ ᠪᠦᠰᠡ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠰᠠᠭᠤᠷᠢ ᠲᠠᠯᠪᠢᠵᠤ ᠥᠭᠬᠦ ᠪᠣᠯᠣᠨ᠎ᠠ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ 《ᠴᠢᠭᠳᠠᠭ᠎ᠠ》 ᠪᠣᠯᠬᠤ᠎ᠪᠠᠷ ᠦᠯᠦ ᠪᠠᠷᠠᠮ᠂ ᠲᠠᠷᠢᠶᠠᠯᠠᠩ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ 《ᠬᠥᠳᠡᠯᠭᠡᠭᠦᠷ》 ᠮᠥᠨ᠃ 2021 ᠣᠨ᠎ᠠᠴᠠ ᠨᠠᠭᠠᠰᠢ᠂ ᠤᠯᠠᠭᠠᠨᠬᠠᠳᠠ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠠᠩᠬᠠᠷᠤᠯ ᠲᠥᠪᠯᠡᠷᠡᠭᠦᠯᠵᠦ᠂ ᠳᠦᠷᠢᠮ ᠲᠣᠭᠲᠠᠭᠠᠯ ᠲᠣᠭᠲᠠᠭᠠᠬᠤ᠂ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠬᠤ᠂ ᠰᠢᠯᠭᠠᠨ ᠠᠪᠬᠤ᠎ᠶᠢ ᠵᠢᠷᠤᠮᠵᠢᠭᠤᠯᠬᠤ ᠵᠡᠷᠭᠡ ᠠᠯᠢ ᠣᠯᠠᠨ ᠬᠠᠲᠠᠭᠤ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠢ ᠨᠡᠶ᠋ᠢᠲᠡ 568.73 ᠲᠦᠮᠡᠨ ᠮᠦ᠍ ᠠᠬᠢᠭᠤᠯᠪᠠ᠂ ᠡᠭᠦᠨ᠎ᠳᠦ 437.43 ᠲᠦᠮᠡᠨ ᠮᠦ᠍᠎ᠶᠢ ᠰᠢᠨ᠎ᠡ᠎ᠪᠡᠷ ᠪᠠᠢᠭᠤᠯᠵᠤ᠂ 131.3 ᠲᠦᠮᠡᠨ ᠮᠦ᠍᠎ᠶᠢ ᠥᠭᠡᠷᠡᠴᠢᠯᠡᠵᠦ ᠰᠠᠢᠵᠢᠷᠠᠭᠤᠯᠤᠨ ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠬᠡᠪᠴᠢᠶ᠎ᠡ᠎ᠪᠡᠨ ᠦᠷᠭᠦᠯᠵᠢᠯᠡᠨ ᠥᠷᠭᠡᠳᠬᠡᠪᠡ᠃