ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠰᠢᠨ᠎ᠡ ᠡᠭᠦᠳᠦᠯᠲᠡ ᠲᠡᠢ ᠬᠣᠲᠠ᠎ᠳᠤ ᠵᠢᠭ᠍ᠰᠠᠭᠠᠭᠳᠠᠪᠠ
ᠨᠡᠶ᠋ᠢᠲᠡᠯᠡᠭᠰᠡᠨ ᠴᠠᠭ᠄ 2025-11-07

ᠣᠢᠷ᠎ᠠ᠎ᠳᠤ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ 《2024–2025 ᠬᠣᠲᠠ᠎ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠰᠢᠨ᠎ᠡ ᠡᠭᠦᠳᠦᠯᠲᠡ᠎ᠶᠢᠨ ᠮᠡᠳᠡᠭᠦᠯᠦᠯᠲᠡ》᠎ᠶᠢ ᠪᠡᠭᠡᠵᠢᠩ᠎ᠳᠦ ᠨᠡᠢᠲᠡᠯᠡᠪᠡ᠃ 《ᠰᠢᠨ᠎ᠡ ᠡᠭᠦᠳᠦᠯᠲᠡ᠎ᠶᠢᠨ ᠡᠯᠧᠮᠧᠨ᠋ᠲ᠎ᠢ ᠲᠡᠭᠦᠯᠳᠡᠷᠵᠢᠭᠦᠯᠬᠦ》 ᠲᠠᠯ᠎ᠠ᠎ᠠᠴᠠ ᠦᠵᠡᠪᠡᠯ᠂ ᠬᠥᠬᠡᠬᠣᠲᠠ᠎ᠶᠢᠨ ᠢᠯᠡᠷᠡᠯ ᠰᠠᠢᠨ ᠪᠠᠢᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠦᠨ ᠰᠢᠨ᠎ᠡ ᠡᠭᠦᠳᠦᠯᠲᠡ ᠲᠡᠢ ᠬᠣᠲᠠ᠎ᠪᠠᠷ ᠠᠮᠵᠢᠯᠲᠠ᠎ᠲᠠᠢ ᠵᠢᠭ᠍ᠰᠠᠭᠠᠭᠳᠠᠪᠠ᠃ 

ᠣᠢᠷ᠎ᠠ᠎ᠶᠢᠨ ᠵᠢᠯ᠎ᠦᠳ᠎ᠲᠦ᠂ ᠬᠥᠬᠡᠬᠣᠲᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢᠶᠡᠨ ᠶᠡᠬᠡ᠎ᠪᠡᠷ ᠰᠢᠯᠢᠳᠡᠭᠵᠢᠭᠦᠯᠵᠦ᠂ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ᠎ᠪᠡᠷ ᠭᠠᠷᠳᠠᠴᠠ ᠪᠣᠯᠭᠠᠨ ᠠᠯᠢ ᠤᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ ᠬᠦᠴᠢᠷᠳᠡᠯ᠎ᠢ ᠲᠠᠢᠯᠬᠤ᠎ᠳᠤ 《ᠣᠨᠣᠴᠠᠲᠠᠢ ᠪᠥᠭᠡᠳ ᠥᠨᠳᠥᠷ ᠪᠦᠲᠦᠮᠵᠢᠲᠡᠢ》 ᠪᠠᠢᠵᠤ᠂ ᠡᠵᠡᠩᠨᠡᠯᠲᠡ᠎ᠶᠢᠨ ᠭᠣᠣᠯ ᠴᠣᠭᠴᠠ᠎ᠶᠢᠨ ᠳᠠᠷᠤᠭᠠᠰᠤ᠎ᠶᠢ ᠬᠥᠩᠭᠡᠷᠡᠭᠦᠯᠵᠦ᠂ ᠠᠵᠢᠯ ᠭᠦᠢᠴᠡᠳᠬᠡᠬᠦ ᠪᠠ ᠦᠢᠯᠡᠰ ᠪᠣᠰᠬᠠᠬᠤ᠎ᠳᠤ ᠨᠢ ᠳᠥᠭᠥᠮ ᠳᠥᠲᠡ ᠪᠥᠭᠡᠳ ᠰᠠᠨᠠᠭ᠎ᠠ ᠠᠮᠤᠷ ᠪᠠᠢᠯᠭᠠᠵᠤ᠂ ᠪᠦᠬᠦ ᠬᠤᠳᠠ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠨᠡᠮᠡᠷᠢᠯᠡᠵᠡᠢ᠃

《ᠠᠩᠬ᠎ᠠ ᠬᠦᠯᠢᠶᠡᠨ ᠠᠪᠤᠭᠴᠢ ᠬᠠᠷᠢᠭᠤᠴᠠᠨ ᠭᠦᠢᠴᠡᠳᠬᠡᠬᠦ ᠳᠦᠷᠢᠮ》 《ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ》 《ᠨᠢᠭᠡ ᠯᠡ ᠤᠳᠠᠭ᠎ᠠ᠎ᠳᠤ ᠮᠡᠳᠡᠭᠳᠡᠬᠦ》 ᠵᠡᠷᠭᠡ ᠲᠣᠭᠲᠠᠴᠠ᠎ᠶᠢ ᠨᠠᠢᠳᠠᠪᠤᠷᠢᠵᠢᠭᠤᠯᠬᠤ᠎ᠪᠠᠷ ᠳᠠᠮᠵᠢᠭᠤᠯᠤᠨ᠂ ᠬᠦᠰᠡᠨ ᠱᠠᠭᠠᠷᠳᠠᠬᠤ ᠠᠵᠢᠯ᠎ᠤᠨ ᠬᠡᠮᠵᠢᠶ᠎ᠡ ᠬᠢᠭᠡᠳ ᠤᠲᠠᠰᠤ᠎ᠪᠠᠷ ᠯᠠᠪᠯᠠᠭ᠎ᠠ ᠠᠪᠬᠤ ᠲᠣᠭᠠᠨ᠎ᠤ 《ᠬᠣᠣᠰ ᠪᠠᠭᠤᠷᠠᠯ》᠎ᠢ ᠪᠡᠶᠡᠯᠡᠭᠦᠯᠵᠦ᠂ ᠵᠠᠰᠠᠭ᠎ᠤᠨ ᠶᠠᠪᠤᠳᠠᠯ᠎ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ ᠣᠯᠠᠨ ᠲᠦᠮᠡᠨ᠎ᠦ ᠬᠠᠨᠤᠮᠵᠢ᠎ᠶᠢᠨ ᠨᠣᠷᠮ᠎ᠠ᠂ ᠵᠠᠭᠠᠯᠳᠤᠭ᠎ᠠ ᠲᠣᠰᠣᠮᠠᠭᠴᠠ ᠭᠦᠢᠴᠡᠳᠬᠡᠬᠦ ᠬᠦᠰᠡᠯᠲᠡ ᠱᠠᠭᠠᠷᠳᠠᠯᠭ᠎ᠠ᠎ᠶᠢ ᠰᠢᠭᠤᠳ ᠳᠠᠮᠵᠢᠭᠤᠯᠤᠭᠰᠠᠨ ᠨᠣᠷᠮ᠎ᠠ 《ᠭᠤᠷᠪᠠ᠎ᠶᠢᠨ ᠳᠡᠭᠡᠭᠰᠢᠯᠡᠯᠲᠡ》᠎ᠶᠢ ᠪᠡᠶᠡᠯᠡᠭᠦᠯᠪᠡ᠃

ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ ᠴᠢᠭᠯᠡᠭᠦᠯᠦᠨ᠂ 《ᠲᠥᠷᠥᠯ ᠵᠦᠢᠯ᠎ᠦᠨ ᠣᠯᠠᠨ ᠬᠡᠮᠵᠢᠯᠲᠦ ᠵᠢᠷᠤᠭ》 《ᠲᠦᠷᠭᠡᠨ ᠬᠢᠨᠠᠵᠤ ᠲᠦᠷᠭᠡᠨ ᠭᠦᠢᠴᠡᠳᠬᠡᠬᠦ》 ᠵᠡᠷᠭᠡ ᠪᠥᠬᠥ ᠴᠤᠪᠤᠷᠠᠯ᠎ᠢᠶᠠᠷ ᠠᠵᠤ ᠠᠬᠤᠢᠯᠠᠯ᠎ᠳᠤ ᠲᠤᠰᠠᠯᠠᠬᠤ ᠦᠢᠯᠡᠴᠢᠯᠡᠭᠡᠨ᠎ᠦ ᠬᠡᠪ ᠵᠠᠭᠪᠤᠷ᠎ᠢ ᠰᠢᠨ᠎ᠡ᠎ᠪᠡᠷ ᠡᠭᠦᠳᠦᠨ ᠭᠠᠷᠭᠠᠵᠤ᠂ 《ᠲᠥᠷᠥᠯ ᠵᠦᠢᠯ᠎ᠦᠨ ᠬᠠᠮᠢᠶᠠᠷᠤᠭ᠍ᠴᠢ》 ᠲᠣᠬᠢᠷᠠᠭᠤᠯᠤᠨ᠂ ᠦᠢᠯᠡᠴᠢᠯᠡᠭᠡᠨ᠎ᠦ ᠲᠤᠰᠬᠠᠢ ᠠᠵᠢᠯ᠎ᠤᠨ ᠪᠠᠭ ᠪᠠᠢᠭᠤᠯᠵᠤ᠂ ᠲᠥᠷᠥᠯ ᠵᠦᠢᠯ᠎ᠦᠨ ᠬᠢᠨᠠᠨ ᠵᠥᠪᠰᠢᠶᠡᠷᠡᠵᠦ ᠪᠣᠳᠠᠲᠠᠢᠵᠢᠭᠤᠯᠬᠤ ᠨᠠᠢᠳᠠᠪᠤᠷᠢᠵᠢᠭᠤᠯᠤᠯᠲᠠ᠎ᠶᠢᠨ ᠬᠤᠷᠳᠤᠴᠠ᠎ᠶᠢ ᠢᠯᠡᠳᠲᠡ ᠲᠦᠷᠭᠡᠳᠬᠡᠪᠡ᠃

ᠡᠵᠡᠩᠨᠡᠯᠲᠡ᠎ᠶᠢᠨ ᠭᠣᠣᠯ ᠴᠣᠭᠴᠠ᠎ᠶᠢᠨ ᠨᠡᠭᠡᠭᠡᠨ ᠡᠷᠭᠢᠯᠡᠬᠦ᠎ᠶᠢ ᠨᠢ ᠵᠥᠪᠰᠢᠶᠡᠷᠡᠬᠦ ᠴᠠᠭ᠎ᠢ 0.5 ᠠᠵᠢᠯᠯᠠᠬᠤ ᠡᠳᠦᠷ ᠪᠣᠯᠲᠠᠯ᠎ᠠ ᠪᠠᠭᠠᠰᠬᠠᠵᠤ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》 《ᠬᠤᠪᠢ᠎ᠶᠢᠨ ᠡᠷᠦᠬᠡ᠎ᠶᠢ ᠨᠢ ᠠᠵᠤ ᠠᠬᠤᠢᠯᠠᠯ ᠪᠣᠯᠭᠠᠬᠤ》 ᠵᠡᠷᠭᠡ ᠥᠭᠡᠷᠡᠴᠢᠯᠡᠯᠲᠡ᠎ᠶᠢ ᠪᠥᠬᠥ ᠲᠠᠯ᠎ᠠ᠎ᠪᠠᠷ ᠬᠡᠷᠡᠭᠵᠢᠭᠦᠯᠦᠨ᠂ 《ᠰᠦᠯᠵᠢᠶᠡᠨ ᠳᠡᠭᠡᠷ᠎ᠡ ᠨᠢᠭᠡ ᠰᠦᠯᠵᠢᠶ᠎ᠡ᠎ᠪᠡᠷ ᠨᠡᠪᠲᠡᠷᠡᠭᠦᠯᠬᠦ᠂ ᠰᠦᠯᠵᠢᠶᠡᠨ᠎ᠡᠴᠡ ᠭᠠᠳᠠᠭᠤᠷ ᠨᠢᠭᠡ ᠯᠡ ᠴᠣᠩᠬᠣᠪᠴᠢ᠎ᠪᠠᠷ ᠭᠦᠢᠴᠡᠳᠬᠡᠬᠦ》᠎ᠶᠢ ᠪᠡᠶᠡᠯᠡᠭᠦᠯᠪᠡ᠃ ᠡᠯᠧᠺᠲᠷᠣᠨ ᠦᠨᠡᠮᠯᠡᠯ᠎ᠢ ᠣᠷᠣᠨ ᠪᠦᠰᠡ᠂ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠵᠦ ᠬᠠᠷᠢᠯᠴᠠᠨ ᠢᠲᠡᠭᠡᠯᠴᠡᠬᠦ᠎ᠶᠢ ᠨᠢ ᠥᠷᠭᠡᠳᠬᠡᠪᠡ᠃ ᠡᠵᠡᠩᠨᠡᠯᠲᠡ᠎ᠶᠢ ᠵᠥᠪᠰᠢᠶᠡᠷᠡᠬᠦ ᠬᠦᠷᠢᠶᠡᠨ᠎ᠳᠦ᠂ ᠢᠳᠡᠭᠡᠨ᠎ᠦ ᠵᠦᠢᠯ᠎ᠦᠨ ᠡᠵᠡᠩᠨᠡᠯᠲᠡ᠎ᠶᠢᠨ ᠵᠥᠪᠰᠢᠶᠡᠷᠡᠯ᠎ᠳᠦ 《ᠨᠢᠭᠡ ᠠᠵᠢᠯ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢᠴᠡᠳᠬᠡᠬᠦ》 ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠴᠤᠪᠤᠷᠠᠯ᠎ᠢ ᠰᠢᠯᠢᠳᠡᠭᠵᠢᠭᠦᠯᠦᠨ᠂ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃

《ᠦᠨᠡᠮᠯᠡᠯ ᠪᠠ ᠭᠡᠷᠡᠴᠢ᠎ᠶᠢ ᠰᠠᠯᠭᠠᠬᠤ》 ᠥᠭᠡᠷᠡᠴᠢᠯᠡᠯᠲᠡ᠎ᠶᠢ ᠨᠡᠢᠳᠡᠮ ᠬᠠᠮᠤᠷᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠢᠨᠠᠨ ᠵᠥᠪᠰᠢᠶᠡᠷᠡᠬᠦ᠎ᠶᠢ ᠰᠢᠭᠤᠳ ᠴᠤᠴᠠᠯᠬᠤ᠂ ᠬᠢᠨᠠᠨ ᠵᠥᠪᠰᠢᠶᠡᠷᠡᠬᠦ᠎ᠶᠢ ᠪᠦᠷᠢᠳᠬᠡᠨ ᠳᠠᠩᠰᠠᠯᠠᠬᠤ ᠪᠣᠯᠭᠠᠨ ᠥᠭᠡᠷᠡᠴᠢᠯᠡᠬᠦ᠂ ᠮᠡᠳᠡᠭᠳᠡᠵᠦ ᠠᠮᠠᠯᠠᠬᠤ᠂ ᠣᠷᠣᠬᠤ᠎ᠶᠢ ᠵᠥᠪᠰᠢᠶᠡᠷᠡᠬᠦ ᠦᠢᠯᠡᠴᠢᠯᠡᠭᠡ᠎ᠪᠡᠨ ᠰᠢᠯᠢᠳᠡᠭᠵᠢᠭᠦᠯᠬᠦ ᠵᠡᠷᠭᠡ ᠤᠯᠠᠨ ᠵᠦᠢᠯ᠎ᠦᠨ ᠠᠷᠭ᠎ᠠ ᠮᠠᠶᠢᠭ᠋᠎ᠢ ᠬᠡᠷᠡᠭᠵᠢᠭᠦᠯᠬᠦ᠎ᠪᠡᠷ ᠳᠠᠮᠵᠢᠭᠤᠯᠤᠨ᠂ ᠠᠵᠤ ᠠᠬᠤᠢᠯᠠᠯ᠎ᠤᠨ ᠳᠦᠷᠢᠮ᠎ᠦᠨ ᠴᠢᠨᠠᠷᠲᠠᠢ ᠠᠷᠠᠯᠵᠢᠶᠠᠨ᠎ᠤ ᠥᠪᠡᠷ᠎ᠦᠨ ᠦᠷᠳᠡᠭ᠎ᠢ ᠶᠡᠬᠡ᠎ᠪᠡᠷ ᠪᠠᠭᠤᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢ ᠬᠡᠷᠡᠭᠵᠢᠭᠦᠯᠦᠭᠰᠡᠨ᠎ᠡᠴᠡ ᠨᠠᠭᠠᠰᠢ ᠮᠠᠰᠢ ᠣᠯᠠᠨ ᠡᠵᠡᠩᠨᠡᠯᠲᠡ᠎ᠶᠢᠨ ᠭᠣᠣᠯ ᠴᠣᠭᠴᠠ᠎ᠳᠤ ᠠᠰᠢᠭ᠋ ᠬᠦᠷᠲᠡᠭᠡᠪᠡ᠃

ᠢᠷᠡᠯᠲᠡ᠄    