ᠲᠦᠷᠦᠭᠦᠬᠡᠨ᠂ ᠲᠦᠩᠯᠢᠶᠣᠣ ᠬᠣᠲᠠ᠎ᠳᠤ ᠬᠤᠷᠠᠯᠳᠤᠭᠤᠯᠤᠭᠰᠠᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠦᠭᠰᠡᠨ 《ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ》 ᠰᠣᠨᠢᠨ ᠮᠡᠳᠡᠭᠡ ᠨᠡᠢᠲᠡᠯᠡᠬᠦ ᠲᠤᠰᠬᠠᠢ ᠲᠠᠯᠠᠪᠤᠷ᠎ᠤᠨ ᠬᠤᠷᠠᠯ᠎ᠢᠶᠠᠷ᠂ ᠲᠦᠩᠯᠢᠶᠣᠣ ᠬᠣᠲᠠ᠎ᠶᠢᠨ ᠨᠡᠢᠲᠡᠯᠡᠭᠰᠡᠨ ᠬᠢᠷᠢ ᠪᠦᠲᠦᠮᠵᠢ ᠮᠠᠰᠢ ᠰᠢᠯᠢᠳᠡᠭ ᠪᠠᠢᠯ᠎ᠠ᠃
ᠡᠨᠧᠷᠭᠢ᠎ᠶᠢᠨ ᠬᠠᠩᠭᠠᠯᠭ᠎ᠠ᠎ᠶᠢᠨ ᠴᠢᠳᠠᠪᠤᠷᠢ ᠢᠯᠡᠳᠲᠡ ᠳᠡᠭᠡᠭᠰᠢᠯᠡᠪᠡ᠃ 2024 ᠣᠨ᠎ᠤ ᠵᠢᠯ᠎ᠦᠨ ᠡᠴᠦᠰ ᠪᠣᠯᠲᠠᠯ᠎ᠠ᠂ ᠲᠣᠰ ᠬᠣᠲᠠ᠎ᠶᠢᠨ ᠬᠠᠷᠢᠶᠠᠨ᠎ᠳᠠᠬᠢ ᠨᠡᠭᠦᠷᠡᠰᠦᠨ ᠠᠭᠤᠷᠬᠠᠢ 14 ᠪᠠᠢᠵᠤ᠂ ᠵᠢᠯ᠎ᠦᠨ ᠦᠢᠯᠡᠳᠪᠦᠷᠢᠯᠡᠬᠦ ᠴᠢᠳᠠᠮᠵᠢ ᠨᠢ 5785 ᠲᠦᠮᠡᠨ ᠲᠣᠨ᠎ᠳᠤ ᠬᠦᠷᠴᠦ᠂ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠰᠡᠭᠦᠯᠴᠢ᠎ᠶᠢᠨ ᠬᠢ᠎ᠡᠴᠡ 7%᠎ᠪᠠᠷ ᠳᠡᠭᠡᠭᠰᠢᠯᠡᠵᠡᠢ; ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠎ᠶᠢᠨ ᠪᠠᠭᠲᠠᠭᠠᠮᠵᠢ 2362.9 ᠲᠦᠮᠡᠨ ᠺᠢᠯᠣᠸᠠᠲ᠎ᠲᠤ ᠬᠦᠷᠴᠦ᠂ 《ᠠᠷᠪᠠᠨ ᠭᠤᠷᠪᠠᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠰᠡᠭᠦᠯᠴᠢ᠎ᠶᠢᠨ ᠬᠢ᠎ᠡᠴᠡ 1.9 ᠳᠠᠬᠢᠨ ᠪᠣᠯᠵᠤ᠂ ᠵᠢᠯ᠎ᠦᠨ ᠴᠠᠬᠢᠯᠭᠠᠨ ᠭᠠᠷᠭᠠᠭᠰᠠᠨ ᠬᠡᠮᠵᠢᠶ᠎ᠡ 751.22 ᠳ᠋ᠦᠩᠰᠢᠭᠤᠷ ᠭᠷᠡᠳᠦ᠋ᠰ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 30%᠎ᠪᠠᠷ ᠨᠡᠮᠡᠭᠳᠡᠵᠡᠢ; ᠪᠠᠢᠭᠠᠯᠢ᠎ᠶᠢᠨ ᠰᠢᠲᠠᠮᠠᠬᠠᠢ ᠬᠡᠢ᠎ᠶᠢ ᠳᠠᠮᠵᠢᠭᠤᠯᠬᠤ ᠬᠣᠭᠣᠯᠠᠢ ᠭᠤᠤᠷᠰᠤ᠎ᠶᠢᠨ ᠶᠡᠷᠦᠩᠬᠡᠢ ᠣᠷᠳᠣ᠌ 826.83 ᠺᠢᠯᠣᠮᠧᠲᠷ᠎ᠲᠦ ᠬᠦᠷᠴᠦ᠂ 《ᠲᠦᠩᠯᠢᠶᠣᠣ᠎ᠳᠦ ᠪᠠᠢᠭᠠᠯᠢ᠎ᠶᠢᠨ ᠰᠢᠲᠠᠮᠠᠬᠠᠢ ᠬᠡᠢ᠎ᠶᠢ ᠪᠦᠷᠬᠦᠭᠦᠯᠬᠦ》 ᠢᠨᠵᠧᠨᠧᠷᠢᠩ᠎ᠢ ᠯᠠᠪᠳᠠᠭᠤᠨ᠎ᠢᠶᠠᠷ ᠠᠬᠢᠭᠤᠯᠪᠠ᠃
ᠪᠣᠬᠢᠷᠳᠦᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠎ᠶᠢ ᠬᠥᠭᠵᠢᠯᠲᠡ᠎ᠶᠢᠨ ᠭᠣᠣᠯ ᠥᠩᠭᠡ ᠠᠶᠠᠰ ᠪᠣᠯᠭᠠᠪᠠ᠃ 2024 ᠣᠨ᠎ᠳᠤ᠂ ᠲᠦᠩᠯᠢᠶᠣᠣ ᠬᠤᠳᠠ᠎ᠶᠢᠨ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ᠎ᠶᠢᠨ ᠪᠠᠭᠲᠠᠭᠠᠮᠵᠢ 1410 ᠲᠦᠮᠡᠨ ᠺᠢᠯᠣᠸᠠᠲ᠎ᠲᠤ ᠬᠦᠷᠴᠦ᠂ ᠪᠦᠬᠦ ᠬᠤᠳᠠ᠎ᠶᠢᠨ ᠴᠠᠬᠢᠯᠭᠠᠨ ᠬᠦᠴᠦᠨ᠎ᠦ ᠶᠡᠷᠦᠩᠬᠡᠢ ᠮᠠᠰᠢᠨ ᠴᠣᠭᠴᠠᠯᠠᠪᠤᠷᠢ᠎ᠶᠢᠨ 60%᠎ᠶᠢ ᠡᠵᠡᠯᠡᠵᠦ᠂ ᠵᠢᠯ᠎ᠦᠨ ᠴᠠᠬᠢᠯᠭᠠᠨ ᠭᠠᠷᠭᠠᠭᠰᠠᠨ ᠬᠡᠮᠵᠢᠶ᠎ᠡ 251.84 ᠳ᠋ᠦᠩᠰᠢᠭᠤᠷ ᠭᠷᠡᠳᠦ᠋ᠰ᠎ᠲᠦ ᠬᠦᠷᠴᠦ᠂ ᠪᠠᠷᠤᠭ ᠴᠠᠬᠢᠯᠭᠠᠨ ᠭᠠᠷᠭᠠᠭᠰᠠᠨ ᠪᠦᠬᠦ ᠬᠡᠮᠵᠢᠶᠡᠨ᠎ᠦ ᠭᠤᠷᠪᠠᠨ᠎ᠤ ᠨᠢᠭᠡ ᠬᠤᠪᠢ᠎ᠶᠢ ᠡᠵᠡᠯᠡᠵᠦ᠂ ᠪᠦᠬᠦ ᠬᠤᠳᠠ᠎ᠶᠢᠨ ᠴᠠᠬᠢᠯᠭᠠᠨ ᠬᠡᠷᠡᠭᠯᠡᠭᠰᠡᠨ ᠬᠡᠮᠵᠢᠶᠡᠨ᠎ᠳᠡᠬᠢ ᠨᠣᠭᠣᠭᠠᠨ ᠴᠠᠬᠢᠯᠭᠠᠨ ᠬᠦᠴᠦᠨ᠎ᠦ ᠡᠵᠡᠯᠡᠬᠦ ᠬᠠᠷᠢᠴᠠᠯ 24%᠎ᠶᠢ ᠳᠠᠪᠠᠪᠠ᠃
ᠡᠨᠧᠷᠭᠢ᠎ᠶᠢᠨ ᠥᠪᠡᠷ᠎ᠦᠨ ᠥᠷᠲᠡᠭ᠎ᠢᠶᠡᠷ ᠥᠨᠳᠥᠷ ᠪᠠᠢᠭ᠎ᠠ ᠠᠵᠤ ᠦᠢᠯᠡᠰ᠎ᠲᠦ ᠴᠢᠭᠯᠡᠭᠦᠯᠦᠨ᠂ ᠲᠦᠩᠯᠢᠶᠣᠣ ᠬᠣᠲᠠ 《ᠰᠤᠷᠪᠤᠯᠵᠢ ᠲᠣᠣᠷ ᠳᠠᠭᠠᠭᠠᠴᠠ ᠨᠥᠭᠡᠴᠡ》᠎ᠶᠢᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠪᠠᠢᠭᠤᠯᠬᠤ᠎ᠶᠢ ᠳᠡᠮᠵᠢᠭᠰᠡᠨ᠎ᠢᠶᠡᠷ᠂ ᠲᠥᠷᠥᠯ ᠵᠦᠢᠯ᠎ᠦᠨ ᠶᠡᠷᠦᠩᠬᠡᠢᠯᠡᠭᠰᠡᠨ ᠨᠣᠭᠣᠭᠠᠨ ᠴᠠᠬᠢᠯᠭᠠᠨ᠎ᠤ ᠡᠵᠡᠯᠡᠬᠦ ᠬᠤᠪᠢ᠎ᠶᠢᠨ ᠵᠢᠩ 70%᠎ᠳᠤ ᠬᠦᠷᠴᠡᠢ᠃ ᠬᠤᠤᠯᠢᠩᠭᠣᠣᠯ ᠬᠣᠲᠠ᠂ ᠨᠠᠢ᠍ᠮᠠᠨ ᠬᠣᠰᠢᠭᠤ ᠵᠡᠷᠭᠡ ᠭᠠᠵᠠᠷ᠎ᠤᠨ ᠬᠦᠷᠢᠶᠡᠯᠡᠩ ᠲᠣᠭᠣᠷᠢᠭᠲᠡᠬᠢ ᠴᠠᠬᠢᠯᠭᠠᠨ᠎ᠤ ᠳᠣᠬᠢᠷᠠᠭᠤᠯᠭ᠎ᠠ᠎ᠶᠢ ᠨᠡᠮᠡᠭᠳᠡᠭᠦᠯᠬᠦ ᠠᠵᠢᠯ᠎ᠳᠤ ᠥᠭᠡᠷᠡᠴᠢᠯᠡᠯᠲᠡ ᠬᠢᠬᠦ᠎ᠶᠢ ᠬᠡᠷᠡᠭᠵᠢᠭᠦᠯᠵᠦ᠂ ᠡᠷᠦᠬᠡ᠎ᠳᠦ ᠣᠷᠣᠭᠤᠯᠵᠤ ᠬᠡᠷᠡᠭᠯᠡᠬᠦ ᠴᠠᠬᠢᠯᠭᠠᠨ᠎ᠤ ᠳᠤᠮᠳᠠᠴᠢ ᠦᠨ᠎ᠡ᠎ᠶᠢ 15%-27%᠎ᠪᠠᠷ ᠪᠠᠭᠤᠷᠠᠭᠤᠯᠤᠭᠰᠠᠨ ᠪᠠᠢᠨ᠎ᠠ᠃ 《ᠨᠣᠭᠣᠭᠠᠨ ᠴᠠᠬᠢᠯᠭᠠᠨ᠎ᠢᠶᠠᠷ ᠴᠢᠳᠠᠮᠵᠢ᠎ᠶᠢ ᠨᠢ ᠡᠷᠴᠢᠮᠯᠡᠬᠦ᠂ ᠴᠠᠬᠢᠯᠭᠠᠨ ᠡᠨ᠋ᠸᠷᠭᠢ᠎ᠶᠢ ᠣᠷᠣᠯᠠᠭᠤᠯᠬᠤ᠂ ᠬᠤᠳᠠᠯᠳᠤᠭᠠᠴᠢᠨ ᠤᠷᠢᠬᠤ》 ᠬᠡᠪ ᠵᠠᠭᠪᠤᠷ᠎ᠢᠶᠠᠷ ᠳᠠᠮᠵᠢᠭᠤᠯᠤᠨ᠂ ᠨᠣᠭᠣᠭᠠᠨ ᠴᠠᠬᠢᠯᠭᠠᠨ᠎ᠢᠶᠡᠷ ᠬᠥᠩᠭᠡᠨ ᠴᠠᠭᠠᠨ ᠦᠢᠯᠡᠳᠪᠦᠷᠢᠯᠡᠬᠦ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ ᠲᠥᠬᠦᠭᠡᠷᠦᠮᠵᠢ ᠦᠢᠯᠡᠳᠬᠦ᠂ ᠨᠣᠭᠣᠭᠠᠨ ᠴᠠᠬᠢᠯᠭᠠᠨ᠎ᠢᠶᠠᠷ ᠤᠰᠤᠲᠥ᠋ᠷᠥᠭᠴᠢ ᠦᠢᠯᠡᠳᠬᠦ ᠵᠡᠷᠭᠡ ᠠᠵᠤ ᠦᠢᠯᠡᠰ᠎ᠦᠨ ᠪᠦᠯᠦᠭᠵᠢᠯ᠎ᠢ ᠠᠮᠵᠢᠯᠲᠠ᠎ᠲᠠᠢ ᠪᠣᠢᠵᠢᠭᠤᠯᠵᠤ᠂ 《ᠨᠣᠭᠣᠭᠠᠨ ᠴᠠᠬᠢᠯᠭᠠᠨ᠎ᠢᠶᠠᠷ ᠲᠥᠷᠥᠯ ᠵᠦᠢᠯ᠎ᠢ ᠳᠠᠲᠠᠬᠤ — ᠲᠥᠷᠥᠯ ᠵᠦᠢᠯ᠎ᠢᠶᠡᠷ ᠠᠵᠤ ᠦᠢᠯᠡᠰ᠎ᠢ ᠳᠠᠢᠴᠢᠯᠠᠬᠤ — ᠠᠵᠤ ᠦᠢᠯᠡᠰ᠎ᠢᠶᠠᠷ ᠨᠣᠭᠣᠭᠠᠨ ᠴᠠᠬᠢᠯᠭᠠᠨ᠎ᠢ ᠠᠰᠢᠭ᠍ᠯᠠᠬᠤ᠎ᠪᠠᠨ ᠠᠬᠢᠭᠤᠯᠬᠤ》 ᠰᠠᠢᠨ ᠣᠷᠴᠢᠯ᠎ᠢ ᠪᠣᠶ ᠪᠣᠯᠭᠠᠪᠠ᠃
ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋᠎ᠤᠨ ᠬᠠᠢᠨ ᠪᠠᠢᠴᠠᠭᠠᠯᠲᠠ᠎ᠳᠤ ᠲᠡᠦᠬᠡᠲᠦ ᠴᠢᠨᠠᠷᠲᠠᠢ ᠰᠢᠪᠲᠤᠯᠤᠯᠲᠠ᠎ᠲᠠᠢ ᠪᠣᠯᠪᠠ᠃ ᠨᠠᠢ᠍ᠮᠠᠨ ᠬᠣᠰᠢᠭᠤᠨ᠎ᠡᠴᠡ ᠬᠠᠢᠨ ᠲᠣᠳᠣᠯᠠᠭᠰᠠᠨ ᠪᠠᠢᠭᠠᠯᠢ᠎ᠶᠢᠨ ᠬᠤᠵᠢᠷ᠎ᠤᠨ ᠡᠬᠢ ᠪᠠᠶᠠᠯᠢᠭ᠋᠎ᠤᠨ ᠬᠡᠮᠵᠢᠶ᠎ᠡ 20.77 ᠳ᠋ᠦᠩᠰᠢᠭᠤᠷ ᠲᠣᠨ᠎ᠳᠤ ᠬᠦᠷᠴᠦ᠂ ᠴᠢᠯᠠᠭᠤᠨ ᠳᠠᠪᠤᠰᠤᠨ᠎ᠤ ᠡᠬᠢ ᠪᠠᠶᠠᠯᠢᠭ᠋᠎ᠤᠨ ᠬᠡᠮᠵᠢᠶ᠎ᠡ 13.74 ᠳ᠋ᠦᠩᠰᠢᠭᠤᠷ ᠲᠣᠨ᠎ᠳᠤ ᠬᠥᠷᠥᠭᠰᠡᠨ ᠪᠣᠯᠬᠣᠷ ᠣᠳᠣᠬᠠᠨ᠎ᠳᠤ ᠠᠽᠢᠶ᠎ᠠ ᠲᠢᠪᠲᠠᠬᠢ ᠪᠠᠢᠴᠠᠭᠠᠨ ᠲᠣᠳᠣᠯᠠᠭᠰᠠᠨ ᠡᠬᠢ ᠪᠠᠶᠠᠯᠢᠭ᠋᠎ᠤᠨ ᠬᠠᠳᠠᠭᠠᠯᠠᠭᠳᠠᠴᠠ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠬᠤᠵᠢᠷ᠎ᠤᠨ ᠠᠭᠤᠷᠬᠠᠢ ᠪᠣᠯᠵᠠᠢ᠂ ᠲᠣᠰ ᠠᠭᠤᠷᠬᠠᠢ᠎ᠶᠢᠨ ᠡᠷᠬᠡ᠎ᠶᠢ 2025 ᠣᠨ᠎ᠤ 6 ᠳ᠋ᠤᠭᠠᠷ ᠰᠠᠷ᠎ᠠ᠎ᠳᠤ 68 ᠳ᠋ᠦᠩᠰᠢᠭᠤᠷ ᠲᠥᠭᠥᠷᠢᠭ᠎ᠢᠶᠡᠷ ᠠᠮᠵᠢᠯᠲᠠ᠎ᠲᠠᠢ ᠰᠢᠯᠵᠢᠭᠦᠯᠦᠨ ᠬᠤᠳᠠᠯᠳᠤᠵᠤ᠂ ᠮᠢᠩᠭᠠᠨ ᠳ᠋ᠦᠩᠰᠢᠭᠤᠷ᠎ᠤᠨ ᠲᠠᠰ᠎ᠤᠨ ᠠᠵᠤ ᠦᠢᠯᠡᠰ᠎ᠦᠨ ᠪᠦᠯᠦᠭᠵᠢᠯ ᠪᠠᠢᠭᠤᠯᠬᠤ᠎ᠳᠦ ᠰᠠᠭᠤᠷᠢ ᠲᠠᠯᠪᠢᠵᠤ ᠥᠭᠭᠦᠭᠰᠡᠨ ᠪᠠᠢᠨ᠎ᠠ᠃ ᠬᠤᠤᠯᠢᠩᠭᠣᠣᠯ᠎ᠤᠨ ᠠᠭᠤᠷᠬᠠᠢ᠎ᠶᠢᠨ ᠣᠷᠣᠨ᠎ᠤ ᠨᠦᠬᠡᠨᠦ ᠠᠭᠤᠷᠬᠠᠢ᠎ᠶᠢᠨ ᠠᠢ ᠰᠠᠪᠠ᠎ᠶᠢ ᠵᠠᠬ᠎ᠠ ᠳᠡᠯᠭᠡᠭᠦᠷᠴᠢᠯᠡᠨ ᠬᠤᠳᠠᠯᠳᠤᠭᠰᠠᠨ ᠠᠰᠢᠭ᠋ ᠣᠷᠣᠯᠭ᠎ᠠ 65 ᠳ᠋ᠦᠩᠰᠢᠭᠤᠷ ᠲᠥᠭᠥᠷᠢᠭ᠎ᠲᠦ ᠬᠦᠷᠴᠦ᠂ ᠨᠡᠭᠦᠷᠡᠰᠦᠨ᠎ᠦ ᠡᠬᠢ ᠪᠠᠶᠠᠯᠢᠭ᠋᠎ᠤᠨ ᠬᠠᠳᠠᠭᠠᠯᠠᠭᠳᠠᠴᠠ᠎ᠶᠢ 20.1 ᠳ᠋ᠦᠩᠰᠢᠭᠤᠷ ᠲᠣᠨ ᠰᠢᠨ᠎ᠡ᠎ᠪᠡᠷ ᠨᠡᠮᠡᠭᠳᠡᠭᠦᠯᠵᠦ᠂ ᠵᠢᠯ᠎ᠦᠨ ᠦᠢᠯᠡᠳᠪᠦᠷᠢᠯᠡᠬᠦ ᠴᠢᠳᠠᠮᠵᠢ᠎ᠶᠢ 1100 ᠲᠦᠮᠡᠨ ᠲᠣᠨ ᠰᠢᠨ᠎ᠡ᠎ᠪᠡᠷ ᠨᠡᠮᠡᠭᠳᠡᠭᠦᠯᠪᠡ᠃
ᠡᠨᠧᠷᠭᠢ᠎ᠶᠢᠨ ᠬᠥᠭᠵᠢᠯᠲᠡ᠎ᠶᠢᠨ ᠦᠷ᠎ᠡ ᠪᠦᠲᠦᠭᠡᠯ᠎ᠢᠶᠠᠷ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠲᠦᠩᠯᠢᠶᠣᠣ ᠬᠤᠳᠠ ᠨᠡᠢ᠍ᠢᠳᠡ 27.53 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ ᠬᠥᠳᠡᠭᠡ ᠲᠣᠰᠬᠣᠨ᠎ᠤ ᠴᠠᠬᠢᠯᠭᠠᠨ ᠬᠦᠴᠦᠨ᠎ᠦ ᠲᠣᠣᠷ᠎ᠢ ᠳᠡᠰ ᠳᠡᠪᠰᠢᠭᠦᠯᠵᠦ᠂ ᠴᠠᠬᠢᠯᠭᠠᠨ ᠬᠦᠴᠦᠨ᠎ᠦ ᠬᠠᠩᠭᠠᠯᠭ᠎ᠠ᠎ᠶᠢᠨ ᠨᠠᠢᠳᠠᠪᠤᠷᠢᠲᠠᠢ ᠨᠤᠷᠮ᠎ᠠ᠂ ᠴᠠᠬᠢᠯᠭᠠᠨ ᠬᠦᠴᠦᠳᠡᠯ᠎ᠦᠨ ᠬᠢᠷᠢ ᠲᠡᠩᠴᠡᠭᠰᠡᠨ ᠨᠤᠷᠮ᠎ᠠ ᠳᠤᠮᠳᠠᠴᠢ᠎ᠪᠠᠷ 99.9%᠎ᠳᠤ ᠬᠦᠷᠴᠦ᠂ 《ᠬᠠᠯᠠᠮᠵᠢ᠎ᠶᠢᠨ ᠨᠡᠭᠦᠷᠡᠰᠦ》᠎ᠶ᠋ᠢ ᠨᠡᠢ᠍ᠢᠳᠡ 193.3 ᠲᠦᠮᠡᠨ ᠲᠣᠨ ᠬᠠᠩᠭᠠᠵᠤ᠂ ᠮᠠᠯᠴᠢᠨ ᠲᠠᠷᠢᠶᠠᠴᠢᠳ᠎ᠤᠨ ᠳᠤᠯᠠᠭᠠᠬᠠᠨ ᠡᠪᠦᠯᠵᠢᠬᠦ᠎ᠶᠢ ᠪᠠᠲᠤᠯᠠᠪᠠ᠃