11 ᠳ᠋ᠦ᠍ᠭᠡᠷ ᠰᠠᠷ᠎ᠠ᠎ᠶᠢᠨ 3 ᠤ ᠡᠳᠦᠷ᠂ ᠪᠤᠭᠤᠲᠤ ᠬᠣᠲᠠ᠎ᠶᠢᠨ ᠹᠠᠩ ᠶᠤᠸᠠᠨ ᠨᠣᠣᠯᠣᠭᠤᠷ᠎ᠤᠨ ᠪᠦᠲᠦᠭᠡᠭᠳᠡᠬᠦᠨ᠎ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ 23 ᠲᠦᠮᠡᠨ ᠲᠥᠭᠥᠷᠢᠭ᠎ᠦᠨ ᠥᠷᠲᠡᠭ ᠪᠦᠬᠦᠢ ᠨᠢᠭᠡ ᠪᠦᠯᠦᠭ ᠲᠣᠷᠭᠠᠨ ᠴᠠᠮᠴᠠᠳᠤᠪᠠᠨ RCEP ᠤᠭ ᠭᠠᠷᠤᠯᠲᠠ᠎ᠶᠢᠨ ᠭᠠᠵᠠᠷ᠎ᠤᠨ ᠦᠨᠡᠮᠯᠡᠯ᠎ᠢ ᠠᠮᠵᠢᠯᠲᠠ᠎ᠲᠠᠢ ᠭᠤᠶᠤᠴᠢᠯᠠᠨ ᠣᠯᠵᠠᠢ᠂ ᠡᠨᠡ ᠪᠦᠯᠦᠭ ᠪᠠᠷᠠᠭ᠎ᠠ᠎ᠶᠢ ᠤᠳᠠᠯ ᠦᠭᠡᠢ ᠶᠠᠫᠤᠨ᠎ᠳᠤ ᠪᠣᠷᠣᠯᠠᠭᠤᠯᠬᠤ᠎ᠪᠠᠷ ᠪᠠᠢᠨ᠎ᠠ᠃ ᠪᠤᠭᠤᠲᠤ ᠪᠣᠭᠣᠮᠲᠠ᠎ᠠᠴᠠ ᠭᠠᠷᠤᠨ ᠥᠰᠥᠭ ᠵᠢᠷᠤᠵᠤ ᠣᠯᠭᠣᠭᠰᠠᠨ RCEP (ᠣᠷᠣᠨ ᠪᠦᠰᠡ᠎ᠶᠢᠨ ᠪᠥᠬᠥ ᠲᠠᠯ᠎ᠠ᠎ᠶᠢᠨ ᠠᠵᠤ ᠠᠬᠤᠢ᠎ᠶᠢᠨ ᠬᠠᠨᠢᠲᠠᠨ᠎ᠤ ᠬᠠᠷᠢᠴᠠᠭ᠎ᠠ᠎ᠶᠢᠨ ᠵᠥᠪᠳᠡᠯᠴᠡᠭᠡᠷ)᠎ᠤᠨ ᠤᠭ ᠭᠠᠷᠤᠯᠲᠠ᠎ᠶᠢᠨ ᠭᠠᠵᠠᠷ᠎ᠤᠨ ᠦᠨᠡᠮᠯᠡᠯ ᠬᠥᠷᠲᠡᠭ᠌ᠰᠡᠨᠢᠶᠡᠷᠢᠶᠡᠨ ᠡᠨᠡ ᠪᠦᠯᠦᠭ ᠪᠠᠷᠠᠭ᠎ᠠ ᠨᠢ ᠵᠢᠱ᠌ᠢᠯᠲᠡ᠎ᠪᠡᠷ ᠭᠠᠳᠠᠭᠠᠳᠤ᠎ᠡᠴᠡ ᠣᠷᠣᠭᠤᠯᠬᠤ ᠤᠯᠤᠰ᠎ᠤᠨ ᠲᠤᠬᠠᠢ᠎ᠶᠢᠨ ᠭᠠᠵᠠᠷ᠎ᠤᠨ ᠪᠣᠭᠣᠮᠲᠠ᠎ᠶᠢᠨ ᠭᠠᠢᠯᠢ᠎ᠶᠢᠨ ᠬᠠᠷᠠᠭᠠᠯᠵᠠᠯ᠎ᠢ 7800 ᠲᠥᠭᠥᠷᠢᠭ ᠬᠦᠷᠲᠡᠬᠦ᠌ ᠪᠣᠯᠣᠨ᠎ᠠ᠃
《ᠮᠠᠨ᠎ᠤ ᠦᠢᠯᠡᠳᠪᠦᠷᠢᠯᠡᠭᠰᠡᠨ ᠨᠣᠣᠯᠣᠭᠤᠷ᠎ᠤᠨ ᠪᠦᠲᠦᠭᠡᠭ᠌ᠳᠡᠬᠦᠨ᠎ᠢ ᠭᠣᠣᠯᠳᠠᠭᠤ ᠶᠠᠫᠤᠨ᠎ᠳᠤ ᠪᠣᠷᠣᠯᠠᠭᠤᠯᠵᠤ ᠪᠠᠢᠨ᠎ᠠ᠂ RCEP ᠲᠥᠷᠥ᠎ᠶ᠋ᠢᠨ ᠪᠣᠳᠣᠯᠭ᠎ᠠ ᠨᠢ ᠮᠠᠨ᠎ᠤ ᠪᠦᠲᠦᠭᠡᠭ᠌ᠳᠡᠬᠦᠨ᠎ᠳᠦ ᠬᠣᠯᠪᠣᠭ᠍ᠳᠠᠬᠤ ᠪᠣᠭᠣᠮᠲᠠ᠎ᠶ᠋ᠢᠨ ᠭᠠᠢᠯᠢ᠎ᠶ᠋ᠢ 3.5% ᠣᠷᠴᠢᠮ ᠪᠠᠭᠤᠷᠠᠭᠤᠯᠵᠤ᠂ ᠺᠣᠮᠫᠠᠨᠢ᠎ᠶ᠋ᠢᠨ ᠪᠦᠲᠦᠭᠡᠭ᠌ᠳᠡᠬᠦᠨ᠎ᠦ ᠥᠷᠢᠰᠦᠯᠳᠦᠬᠦ ᠬᠦᠴᠦᠨ᠎ᠢ ᠪᠦᠲᠦᠮᠵᠢᠲᠡᠶ᠎ᠪᠡᠷ ᠳᠡᠭᠡᠭ᠌ᠰᠢᠯᠡᠭᠦᠯᠵᠡᠢ᠂ ᠡᠨᠡ ᠨᠢ ᠪᠢᠳᠡᠨ᠎ᠳᠦ ᠪᠠᠢᠩᠭᠤ᠎ᠶ᠋ᠢᠨ ᠬᠡᠷᠡᠭ᠌ᠯᠡᠭ᠌ᠴᠢ ᠲᠡᠢ ᠪᠣᠯᠭᠠᠭ᠍ᠰᠠᠨ᠎ᠢᠶᠠᠷ ᠪᠠᠷᠠᠬᠤ ᠦᠭᠡᠢ ᠨᠡᠩ ᠶᠡᠬᠡ ᠵᠠᠬ᠎ᠠ ᠳᠡᠯᠭᠡᠭᠦᠷ ᠲᠠᠢ ᠪᠣᠯᠭᠠᠵᠠᠢ》 ᠭᠡᠵᠦ ᠲᠤᠰ ᠺᠣᠮᠫᠠᠨᠢ᠎ᠶᠢᠨ ᠪᠠᠷᠠᠭᠠᠨ᠎ᠤ ᠲᠡᠭᠡᠭᠡᠪᠦᠷᠢ᠎ᠶ᠋ᠢ ᠣᠷᠣᠯᠠᠨ ᠭᠦᠢᠴᠡᠳᠭᠡᠭ᠌ᠴᠢ ᠸᠠᠩ ᠬᠤᠤ ᠲᠠᠨᠢᠯᠴᠠᠭᠤᠯᠪᠠ᠃ RCEP ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠪᠡᠷ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ ᠲᠣᠰ ᠺᠣᠮᠫᠠᠨᠢ᠎ᠶᠢᠨ ᠭᠠᠳᠠᠭᠠᠳᠤ᠎ᠳᠤ ᠭᠠᠷᠭᠠᠭᠰᠠᠨ ᠵᠣᠭᠣᠰ᠎ᠤᠨ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 24.51%᠎ᠪᠠᠷ ᠨᠡᠮᠡᠭᠳᠡᠵᠡᠢ᠃
RCEP ᠲᠥᠷᠥ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ ᠭᠦᠢᠴᠡᠳ ᠪᠠᠳᠠᠷᠠᠭᠤᠯᠵᠤ ᠴᠢᠳᠠᠭ᠍ᠰᠠᠨ ᠶᠠᠪᠤᠳᠠᠯ ᠨᠢ ᠨᠠᠷᠢᠯᠢᠭ᠋ ᠣᠨᠣᠴᠠᠲᠠᠢ ᠪᠦᠭᠡᠳ ᠥᠨᠳᠥᠷ ᠪᠦᠲᠦᠮᠵᠢᠲᠡᠶ ᠦᠢᠯᠡᠴᠢᠯᠡᠭᠡᠨ᠎ᠦ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠡᠨᠡ ᠵᠢᠯ᠎ᠡᠴᠡ ᠨᠠᠭᠠᠰᠢ᠂ ᠪᠤᠭᠤᠲᠤ ᠪᠣᠭᠣᠮᠲᠠ᠎ᠶᠢᠨ ᠬᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ᠎ᠢᠶᠡᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠦᠢᠯᠡᠴᠢᠯᠡᠭᠡ᠎ᠶ᠋ᠢ ᠬᠠᠯᠠᠭᠤᠮᠰᠤᠭ᠎ᠢᠶᠠᠷ ᠬᠠᠩᠭᠠᠵᠤ᠂ ᠢᠳᠡᠪᠬᠢᠲᠡᠢ᠎ᠪᠡᠷ ᠠᠵᠤ ᠠᠬᠤᠢᠯᠠᠯ᠎ᠳᠤ ᠬᠦᠷᠴᠦ᠍ ᠲᠦᠷᠦ᠎ᠶᠢᠨ ᠪᠣᠳᠣᠯᠭ᠎ᠠ᠎ᠶᠢ ᠲᠠᠢᠯᠪᠤᠷᠢᠯᠠᠨ ᠥᠭᠴᠦ᠂ ᠤᠬᠠᠭᠤᠯᠤᠨ ᠲᠠᠢᠯᠪᠤᠷᠢᠯᠠᠭ᠍ᠰᠠᠨᠤ ᠬᠠᠮᠲᠤ ᠳ᠋ᠠᠢᠲ᠋ᠠ᠎ᠶ᠋ᠢᠨ ᠵᠠᠳᠠᠯᠤᠯᠲᠠ᠎ᠶᠢᠨ ᠵᠠᠭᠪᠤᠷ᠎ᠲᠤ ᠲᠦᠰᠢᠭᠯᠡᠨ᠂ 《ᠨᠢᠭᠤᠭ᠍ᠳᠠᠮᠠᠯ ᠬᠦᠴᠦᠨ ᠪᠦᠬᠦᠢ ᠬᠡᠷᠡᠭᠯᠡᠭᠴᠢ》᠎ᠶ᠋ᠢ ᠡᠮᠬᠢᠯᠡᠵᠦ᠂ ᠠᠵᠤ ᠠᠬᠤᠢᠯᠠᠯ᠎ᠳᠤ ᠬᠠᠮᠢᠶ᠎ᠠ ᠪᠦᠬᠦᠢ ᠲᠦᠷᠦ᠎ᠶᠢᠨ ᠪᠣᠳᠣᠯᠭ᠎ᠠ᠎ᠶᠢ ᠬᠠᠨᠳᠤᠯᠭ᠎ᠠ᠎ᠲᠠᠢ᠎ᠪᠠᠷ ᠲᠠᠨᠢᠯᠴᠠᠭᠤᠯᠵᠠᠢ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠪᠣᠭᠣᠮᠲᠠ᠎ᠶᠢᠨ ᠲᠦᠷᠦ᠎ᠶᠢᠨ ᠪᠣᠳᠣᠯᠭ᠎ᠠ᠎ᠶᠢᠨ ᠴᠡᠪᠡᠷ ᠠᠰᠢᠭ᠋ ᠬᠦᠷᠲᠡᠭᠡᠯᠭᠡᠬᠦ᠌ᠪᠡᠷ ᠭᠦᠢᠴᠡᠳ ᠰᠠᠢᠲᠤᠷ ᠠᠵᠢᠯᠯᠠᠭᠤᠯᠵᠤ᠂ ᠠᠵᠤ ᠠᠬᠤᠢᠯᠠᠯ᠎ᠢ ᠬᠠᠪᠰᠤᠷᠤᠨ ᠵᠦᠢ ᠵᠣᠬᠢᠰᠲᠡᠢ᠎ᠪᠠᠷ ᠠᠶᠤᠯ ᠲᠦᠭᠰᠢᠭᠦᠷᠢ᠎ᠡᠴᠡ ᠨᠢ ᠵᠠᠢᠯᠠᠭᠤᠯᠵᠤ᠂ ᠢᠷᠡᠭᠡᠳᠦᠢ᠎ᠶᠢᠨ ᠵᠠᠬ᠎ᠠ ᠳᠡᠯᠭᠡᠭᠦᠷ᠎ᠢ ᠨᠢ ᠤᠷᠢᠳᠴᠢᠯᠠᠨ ᠲᠥᠯᠥᠪᠵᠢᠭᠦᠯᠵᠡᠢ᠃
ᠳ᠋ᠠᠢᠲ᠋ᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ ᠲᠦᠷᠦᠭᠦᠸ᠋ ᠭᠤᠷᠪᠠᠨ ᠤᠯᠠᠷᠢᠯ᠎ᠳᠤ᠂ ᠪᠤᠭᠤᠲᠤ ᠬᠣᠲᠠ᠎ᠶᠢᠨ ᠭᠠᠳᠠᠭᠠᠳᠤ᠎ᠳᠤ ᠭᠠᠷᠭᠠᠭᠰᠠᠨ ᠨᠡᠬᠡᠮᠡᠯ ᠬᠤᠪᠴᠠᠰᠤᠨ᠎ᠤ ᠲᠥᠷᠥᠯ᠎ᠦᠨ ᠲᠠᠸᠠᠷ᠎ᠤᠨ ᠣᠷᠣᠯᠭ᠎ᠠ ᠨᠢ 3.8 ᠳ᠋ᠦᠩᠰᠢᠭᠤᠷ ᠲᠥᠭᠥᠷᠢᠭ᠎ᠲᠦ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠠᠳᠠᠯᠢ ᠲᠥᠷᠥᠯ᠎ᠦᠨ ᠲᠠᠸᠠᠷ᠎ᠤᠨ ᠣᠷᠣᠯᠭ᠎ᠠ᠎ᠶ᠋ᠢᠨ 16.7%᠎ᠶ᠋ᠢ ᠡᠵᠡᠯᠡᠪᠡ᠃ ᠲᠠᠸᠠᠷ ᠨᠢ ᠭᠣᠣᠯᠳᠠᠭᠤ ᠬᠣᠯᠢᠮᠠᠭ ᠨᠡᠬᠡᠮᠡᠯ ᠬᠤᠪᠴᠠᠰᠤ ᠵᠢᠴᠢ ᠨᠡᠬᠡᠮᠡᠯ ᠰᠡᠮᠡᠳᠡᠰᠦᠨ ᠤᠲᠠᠰᠤ᠎ᠪᠡᠷ ᠭᠣᠣᠯᠯᠠᠳᠠᠭ᠃ ᠡᠭᠦᠨ᠎ᠳᠦ ᠨᠡᠬᠡᠮᠡᠯ ᠰᠡᠮᠡᠳᠡᠰᠦ᠎ᠶᠢᠨ ᠭᠠᠳᠠᠭᠠᠳᠤ ᠭᠠᠷᠭᠠᠯᠲᠠ ᠨᠢ 2.7 ᠳ᠋ᠦᠩᠰᠢᠭᠤᠷ ᠲᠥᠭᠥᠷᠢᠭ᠎ᠲᠦ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠠᠳᠠᠯᠢ ᠲᠥᠷᠥᠯ᠎ᠦᠨ ᠲᠠᠸᠠᠷᠲᠠᠬᠢ ᠡᠵᠡᠯᠡᠬᠦ᠌ ᠬᠤᠪᠢ᠎ᠶᠢᠨ ᠵᠢᠩ ᠨᠢ 42.1%᠎ᠳᠦ ᠬᠦᠷᠴᠡᠢ᠃ ᠪᠤᠭᠤᠲᠤ ᠪᠣᠭᠣᠮᠲᠠ ᠨᠢ ᠬᠠᠷᠢᠶ᠎ᠠ ᠭᠠᠵᠠᠷ᠎ᠤᠨ᠎ᠢᠶᠠᠨ ᠠᠵᠤ ᠠᠬᠤᠢᠯᠠᠯ᠎ᠳᠤ ᠨᠡᠶ᠋ᠢᠲᠡ 116 ᠬᠤᠪᠢ RCEP ᠤᠭ ᠭᠠᠷᠤᠯᠲᠠ᠎ᠶᠢᠨ ᠭᠠᠵᠠᠷ᠎ᠤᠨ ᠦᠨᠡᠮᠯᠡᠯ᠎ᠢ ᠭᠠᠷᠤᠨ ᠥᠰᠥᠭ ᠵᠢᠷᠤᠵᠤ ᠣᠯᠭᠣᠨ᠂ ᠬᠣᠯᠪᠣᠭᠳᠠᠬᠤ ᠪᠠᠷᠠᠭᠠᠨ᠎ᠤ ᠥᠷᠲᠡᠭ ᠨᠢ 3500 ᠭᠠᠷᠤᠢ ᠲᠦᠮᠡᠨ ᠲᠥᠭᠥᠷᠢᠭ ᠪᠠᠢᠵᠤ᠂ ᠭᠠᠳᠠᠭᠠᠳᠤ᠎ᠠᠴᠠ ᠣᠷᠣᠭᠤᠯᠬᠤ ᠤᠯᠤᠰ᠎ᠤᠨ ᠪᠣᠭᠣᠮᠲᠠ᠎ᠶᠢᠨ ᠭᠠᠢᠯᠢ᠎ᠶᠢᠨ ᠬᠠᠷᠠᠭᠠᠯᠵᠠᠯ᠎ᠢ 350 ᠲᠦᠮᠡ ᠭᠠᠷᠤᠢ ᠲᠦᠭᠦᠷᠢᠭ ᠬᠦᠷᠲᠡᠬᠦ᠌ ᠪᠣᠯᠣᠨ᠎ᠠ᠃
《ᠲᠠᠷᠠᠭᠠᠴᠢ᠎ᠶᠢᠨ ᠠᠯᠬᠤᠮ᠎ᠳᠤ᠂ ᠪᠢᠳᠡ ᠤᠯᠤᠰ᠎ᠤᠨ ᠬᠠᠮᠢᠶ᠎ᠠ ᠪᠦᠬᠦᠢ ᠴᠢᠭᠯᠡᠯᠲᠡ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠬᠡᠷᠡᠭᠴᠡᠭᠡ ᠵᠢᠴᠢ ᠪᠦᠲᠦᠭᠡᠭ᠌ᠳᠡᠬᠦᠨ᠎ᠦ ᠣᠨᠴᠠᠯᠢᠭ᠋᠎ᠲᠤ᠎ᠪᠡᠨ ᠴᠢᠭᠯᠡᠭᠦᠯᠦᠨ᠂ ᠠᠵᠤ ᠠᠬᠤᠢᠯᠠᠯ᠎ᠳᠤ ᠲᠣᠬᠢᠷᠠᠭᠤᠯᠤᠨ ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠤᠬᠠᠭᠤᠯᠤᠨ ᠲᠠᠢᠯᠪᠤᠷᠢᠯᠠᠵᠤ᠂ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠨᠢ ᠪᠠᠭᠤᠷᠠᠭᠤᠯᠵᠤ ᠦᠷ᠎ᠡ ᠠᠰᠢᠭ᠋᠎ᠢ ᠨᠢ ᠨᠡᠮᠡᠭᠳᠡᠭᠦᠯᠬᠦ᠎ᠳᠦ ᠨᠢ ᠬᠠᠪᠰᠤᠷᠤᠮᠵᠢ ᠪᠣᠯᠵᠤ᠂ ᠨᠠᠩ ᠣᠯᠠᠨ ᠭᠠᠳᠠᠭᠠᠳᠤ᠎ᠶᠢᠨ ᠵᠠᠬ᠎ᠠ ᠳᠡᠯᠭᠡᠭᠦᠷ᠎ᠢ ᠦᠷᠭᠡᠳᠭᠡᠵᠦ᠍᠂ ᠭᠠᠳᠠᠭᠠᠳᠤ ᠠᠷᠠᠯᠵᠢᠶᠠᠨ᠎ᠤ ᠠᠵᠤ ᠠᠬᠤᠢ᠎ᠶᠢᠨ ᠬᠥᠭᠵᠢᠯᠲᠡ᠎ᠳᠦ ᠬᠦᠴᠦᠨ ᠨᠡᠮᠡᠷᠢᠯᠡᠨ᠎ᠡ》 ᠭᠡᠵᠦ ᠪᠤᠭᠤᠲᠤ ᠪᠣᠭᠣᠮᠲᠠ᠎ᠶᠢᠨ ᠶᠡᠷᠦᠩᠬᠡᠢᠯᠡᠭᠰᠡᠨ ᠲᠤᠬᠠᠢᠯᠠᠭᠰᠠᠨ ᠠᠵᠢᠯ᠎ᠤᠨ ᠰᠠᠯᠠᠭᠠᠨ᠎ᠤ ᠳᠡᠳ᠋ ᠰᠠᠯᠠᠭᠠᠨ ᠳᠠᠷᠤᠭ᠎ᠠ ᠦ᠋ ᡁᠢ ᠴᠤᠤ ᠢᠯᠡᠳᠬᠡᠪᠡ᠃