ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠠᠷᠠᠭᠤᠨ ᠡᠮᠦᠨᠡᠲᠦ ᠣᠷᠣᠨ᠎ᠳᠠᠬᠢ ᠠᠯᠠᠱᠠ᠎ᠶᠢᠨ ᠲᠡᠮᠡᠭᠡᠨ ᠰᠦᠨ᠎ᠦ ᠠᠵᠤ ᠦᠢᠯᠡᠰ᠎ᠦᠨ ᠲᠠᠨᠢᠯᠴᠠᠭᠤᠯᠭ᠎ᠠ᠎ᠶᠢᠨ ᠬᠤᠷᠠᠯ ᠴᠧᠩᠳᠦ᠋᠎ᠳᠦ ᠶᠠᠪᠤᠭᠳᠠᠪᠠ
ᠨᠡᠶ᠋ᠢᠲᠡᠯᠡᠭᠰᠡᠨ ᠴᠠᠭ᠄ 2025-12-12

12 ᠳ᠋ᠤᠭᠠᠷ ᠰᠠᠷ᠎ᠠ᠎ᠶᠢᠨ 10 ᠎ᠤ ᠡᠳᠦᠷ᠂ ᠪᠠᠷᠠᠭᠤᠨ ᠡᠮᠦᠨᠡᠲᠦ ᠣᠷᠣᠨ᠎ᠳᠠᠬᠢ ᠠᠯᠠᠱᠠ᠎ᠶᠢᠨ ᠲᠡᠮᠡᠭᠡᠨ ᠰᠦᠨ᠎ᠦ ᠠᠵᠤ ᠦᠢᠯᠡᠰ᠎ᠦᠨ ᠲᠠᠨᠢᠯᠴᠠᠭᠤᠯᠭ᠎ᠠ᠎ᠶᠢᠨ ᠬᠤᠷᠠᠯ ᠰᠧᠴᠤᠸᠠᠨ ᠮᠤᠵᠢ᠎ᠶᠢᠨ ᠴᠧᠩᠳᠦ᠋ ᠬᠣᠲᠠᠨ᠎ᠠ ᠶᠠᠪᠤᠭᠳᠠᠪᠠ᠃ ᠪᠥᠬᠥ ᠤᠯᠤᠰ᠎ᠤᠨ ᠡᠯ᠎ᠡ ᠭᠠᠵᠠᠷ᠎ᠤᠨ ᠬᠠᠮᠢᠶ᠎ᠠ ᠪᠦᠬᠦᠢ ᠠᠵᠤ ᠠᠬᠤᠢᠯᠠᠯ᠎ᠤᠨ ᠲᠥᠯᠥᠭᠡᠯᠡᠭᠴᠢ᠂ ᠠᠵᠢᠯ ᠲᠥᠷᠥᠯ᠎ᠦᠨ ᠵᠣᠴᠢᠨ᠂ ᠲᠤᠰᠬᠠᠢ ᠮᠡᠷᠭᠡᠵᠢᠯᠲᠡᠨ ᠡᠷᠳᠡᠮᠲᠡᠨ ᠵᠡᠷᠭᠡ ᠨᠡᠶ᠋ᠢᠲᠡ 500 ᠭᠠᠷᠤᠢ ᠬᠥᠮᠥᠨ ᠷᠦᠩ ᠴᠧᠩ᠎ᠳᠦ ᠴᠤᠭᠯᠠᠷᠠᠵᠤ᠂ ᠠᠵᠤ ᠦᠢᠯᠡᠰ᠎ᠦᠨ ᠲᠠᠨᠢᠯᠴᠠᠭᠤᠯᠭ᠎ᠠ᠂ ᠰᠢᠨ᠎ᠡ ᠪᠦᠲᠦᠭᠡᠭᠳᠡᠬᠦᠨ᠎ᠦ ᠨᠡᠢᠲᠡᠯᠡᠯ᠂ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭ᠎ᠠ ᠬᠢᠬᠦ ᠵᠡᠷᠭᠡ ᠣᠯᠠᠨ ᠡᠰᠢᠲᠦ ᠬᠡᠯᠪᠡᠷᠢ᠎ᠪᠡᠷ ᠲᠡᠮᠡᠭᠡᠨ ᠰᠦᠨ᠎ᠦ ᠣᠷᠣᠨ ᠪᠦᠰᠡ ᠠᠯᠤᠰᠯᠠᠭᠰᠠᠨ ᠠᠵᠤ ᠦᠢᠯᠡᠰ᠎ᠦᠨ ᠬᠠᠮᠵᠢᠯᠴᠠᠨ ᠬᠥᠭᠵᠢᠬᠦ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠭᠰᠡᠨ ᠪᠠᠢᠨ᠎ᠠ᠃

ᠲᠣᠰ ᠤᠳᠠᠭᠠᠨ᠎ᠤ ᠲᠠᠨᠢᠯᠴᠠᠭᠤᠯᠭ᠎ᠠ᠎ᠶᠢᠨ ᠬᠤᠷᠠᠯ ᠨᠢ ᠠᠯᠠᠱᠠ᠎ᠶᠢᠨ ᠲᠡᠮᠡᠭᠡᠨ ᠰᠦᠨ᠎ᠦ ᠣᠷᠣᠨ ᠪᠦᠰᠡ᠎ᠶᠢᠨ ᠣᠯᠠᠨ ᠨᠡᠶ᠋ᠢᠲᠡ᠎ᠶᠢᠨ ᠨᠠᠷᠠᠲᠤ ᠲᠡᠮᠳᠡᠭ᠎ᠦᠨ ᠪᠠᠷᠠᠭᠤᠨ ᠡᠮᠦᠨᠡᠲᠦ ᠣᠷᠣᠨ᠎ᠤ ᠵᠠᠬ᠎ᠠ ᠳᠡᠯᠭᠡᠭᠦᠷ᠎ᠲᠡᠬᠢ ᠨᠡᠷ᠎ᠡ ᠠᠯᠳᠠᠷ᠎ᠢ ᠨᠡᠮᠡᠭᠳᠡᠭᠦᠯᠬᠦ᠎ᠪᠡᠷ ᠵᠣᠷᠢᠯᠭ᠎ᠠ ᠪᠣᠯᠭᠠᠭᠰᠠᠨ᠎ᠤ ᠬᠠᠮᠲᠤ ᠠᠯᠠᠱᠠ᠎ᠶᠢᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠲᠠᠨᠢᠯᠴᠠᠭᠤᠯᠵᠤ᠂ ᠣᠷᠣᠨ ᠪᠦᠰᠡ᠎ᠶᠢᠨ ᠰᠣᠯᠢᠯᠴᠠᠭ᠎ᠠ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠪᠡ᠃ ᠲᠠᠨᠢᠯᠴᠠᠭᠤᠯᠭ᠎ᠠ᠎ᠶᠢᠨ ᠬᠤᠷᠠᠯ ᠳᠡᠭᠡᠷ᠎ᠡ᠂ ᠠᠯᠠᠱᠠ ᠠᠢᠮᠠᠭ᠎ᠤᠨ ᠲᠡᠮᠡᠭᠡᠨ᠎ᠦ ᠠᠵᠤ ᠦᠢᠯᠡᠰ᠎ᠦᠨ ᠬᠠᠮᠢᠶ᠎ᠠ ᠪᠦᠬᠦᠢ ᠬᠥᠮᠥᠰ ᠠᠯᠠᠱᠠ᠎ᠶᠢᠨ ᠲᠡᠮᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢᠨ ᠣᠳᠣᠬᠢ ᠪᠠᠢᠳᠠᠯ᠂ ᠣᠷᠣᠨ ᠪᠦᠰᠡ᠎ᠶᠢᠨ ᠡᠬᠢ ᠪᠠᠶᠠᠯᠢᠭ᠋᠎ᠤᠨ ᠪᠣᠳᠠᠲᠤ ᠬᠦᠴᠦᠨ᠂ ᠠᠮᠢ ᠠᠬᠤᠢ ᠰᠣᠶᠣᠯ ᠵᠢᠭᠤᠯᠴᠢᠯᠠᠯ ᠥᠩᠭᠡ ᠦᠵᠡᠮᠵᠢ᠂ ᠣᠯᠠᠨ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠡᠬᠢ ᠪᠠᠶᠠᠯᠢᠭ᠋᠎ᠤᠨ ᠨᠡᠢᠯᠡᠯ ᠵᠡᠷᠭᠡ ᠲᠠᠯ᠎ᠠ᠎ᠪᠠᠷ ᠨᠠᠷᠢᠨ ᠨᠢᠮᠪᠠᠢ ᠣᠢᠯᠠᠭᠠᠭᠤᠯᠵᠤ ᠬᠤᠪᠢᠶᠠᠯᠴᠠᠪᠠ; ᠲᠤᠰᠬᠠᠢ ᠮᠡᠷᠭᠡᠵᠢᠯᠲᠡᠨ ᠡᠷᠳᠡᠮᠲᠡᠨ ᠲᠡᠮᠡᠭᠡᠨ ᠰᠦᠨ᠎ᠦ ᠥᠪᠡᠷᠮᠢᠴᠡ ᠰᠢᠮ᠎ᠡ ᠲᠡᠵᠢᠭᠡᠯ᠎ᠦᠨ ᠥᠷᠲᠡᠭ ᠵᠢᠴᠢ ᠪᠥᠬᠥ ᠬᠡᠯᠬᠢᠶᠡᠨ᠎ᠦ ᠴᠢᠨᠠᠷ ᠴᠢᠨᠰᠠᠭ᠎ᠠ᠎ᠶᠢ ᠬᠠᠮᠢᠶᠠᠷᠤᠨ ᠡᠵᠡᠮᠳᠡᠬᠦ ᠲᠣᠭᠲᠠᠯᠴᠠᠭᠠᠨ᠎ᠤ ᠲᠤᠬᠠᠢ ᠡᠷᠬᠡ ᠰᠦᠷᠲᠦ ᠲᠠᠢᠯᠤᠮᠵᠢ ᠬᠢᠪᠡ᠃ ᠲᠠᠨᠢᠯᠴᠠᠭᠤᠯᠭ᠎ᠠ᠎ᠶᠢᠨ ᠬᠤᠷᠠᠯ᠎ᠤᠨ ᠲᠤᠬᠠᠢ᠎ᠶᠢᠨ ᠲᠠᠯᠠᠪᠠᠢ᠎ᠳᠤ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠤ᠂ ᠰᠢᠳᠢᠲᠦ ᠲᠡᠮᠡᠭᠡ ᠰᠦᠨ᠎ᠦ ᠦᠢᠯᠡᠰ᠎ᠦᠨ 《ᠴᠠᠭᠠᠨ ᠭᠣᠶᠣᠣ ᠲᠠᠢ ᠲᠡᠮᠡᠭᠡᠨ ᠰᠦᠨ᠎ᠦ ᠲᠠᠯᠬ᠎ᠠ》 ᠨᠢ ᠤᠯᠠᠨ ᠵᠦᠢᠯ᠎ᠦᠨ ᠡᠷᠬᠡ ᠰᠦᠷᠲᠦ ᠭᠡᠷᠡᠴᠢᠯᠡᠭᠡ᠎ᠪᠡᠨ ᠤᠯᠠᠨ᠎ᠳᠤ ᠲᠠᠨᠢᠯᠴᠠᠭᠤᠯᠵᠤ᠂ ᠵᠠᠰᠠᠭ ᠠᠵᠤ ᠠᠬᠤᠢᠯᠠᠯ᠂ ᠬᠤᠳᠠᠯᠳᠤᠭᠠᠴᠢᠳ᠎ᠤᠨ ᠨᠡᠢᠭᠡᠮᠯᠢᠭ ᠬᠣᠭᠣᠷᠣᠨᠳᠤ ᠤᠯᠠᠨ ᠵᠦᠢᠯ᠎ᠦᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠬᠢᠷᠠᠯᠴᠠᠵᠠᠢ᠃ 《ᠠᠯᠠᠱᠠ᠎ᠶᠢᠨ ᠲᠡᠮᠡᠭᠡᠨ ᠰᠦ》 ᠬᠡᠮᠡᠬᠦ ᠣᠷᠣᠨ ᠪᠦᠰᠡ᠎ᠶᠢᠨ ᠣᠯᠠᠨ ᠨᠡᠶ᠋ᠢᠲᠡ᠎ᠶᠢᠨ ᠨᠠᠷᠠᠲᠤ ᠲᠡᠮᠳᠡᠭ᠎ᠢ ᠠᠩᠬ᠎ᠠ ᠨᠡᠢᠲᠡᠯᠡᠵᠦ᠂ ᠰᠢᠳᠢᠲᠦ ᠲᠡᠮᠡᠭᠡ ᠰᠦᠨ ᠰᠠᠭᠠᠯᠢ᠎ᠶᠢᠨ ᠦᠢᠯᠡᠰ᠎ᠦᠨ ᠴᠧᠩᠳᠦ᠋᠎ᠳᠡᠬᠢ ᠡᠵᠡᠩᠨᠡᠯᠲᠡ᠎ᠶᠢᠨ ᠲᠥᠪ ᠫᠠᠢᠰᠠ᠎ᠪᠠᠨ ᠰᠡᠬᠦᠭᠰᠡᠨ ᠵᠢᠴᠢ 《ᠵᠠᠭᠤᠨ ᠬᠣᠲᠠ ᠮᠢᠩᠭᠠᠨ ᠳᠡᠯᠭᠡᠭᠦᠷ》᠎ᠤᠨ ᠲᠥᠯᠥᠪᠯᠡᠭᠡ᠎ᠶᠢ ᠡᠬᠢᠯᠡᠭᠦᠯᠦᠭᠰᠡᠨ ᠨᠢ ᠪᠠᠷᠠᠭᠤᠨ ᠡᠮᠦᠨᠡᠲᠦ ᠣᠷᠣᠨ᠎ᠤ ᠵᠠᠬ᠎ᠠ ᠳᠡᠯᠭᠡᠭᠦᠷ᠎ᠲᠡᠬᠢ ᠠᠯᠠᠱᠠ᠎ᠶᠢᠨ ᠲᠡᠮᠡᠭᠡᠨ ᠰᠦ ᠪᠠᠢᠷᠢᠯᠠᠭᠤᠯᠤᠯᠲᠠ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃ 

ᠣᠳᠣᠬᠠᠨ᠎ᠳᠤ᠂ ᠪᠠᠷᠠᠭᠤᠨ ᠡᠮᠦᠨᠡᠲᠦ ᠣᠷᠣᠨ᠎ᠳᠠᠬᠢ ᠠᠯᠠᠱᠠ᠎ᠶᠢᠨ ᠲᠡᠮᠡᠭᠡᠨ ᠰᠦᠨ᠎ᠦ ᠪᠦᠲᠦᠭᠡᠭᠳᠡᠬᠦᠨ᠎ᠦ ᠪᠣᠷᠤᠯᠠᠭᠤᠯᠭ᠎ᠠ᠎ᠶᠢᠨ ᠬᠡᠮᠵᠢᠶ᠎ᠡ 3 ᠳ᠋ᠦᠩᠰᠢᠭᠤᠷ ᠲᠥᠭᠥᠷᠢᠭ᠎ᠢ ᠳᠠᠪᠠᠵᠤ᠂ ᠪᠣᠷᠤᠯᠠᠭᠤᠯᠭ᠎ᠠ᠎ᠶᠢᠨ ᠲᠣᠣᠷ 18 ᠬᠣᠲᠠ᠎ᠶᠢ ᠬᠠᠮᠤᠷᠴᠤ᠂ ᠬᠡᠷᠡᠭᠯᠡᠭᠴᠢᠳ᠎ᠦᠨ ᠲᠣᠭ᠎ᠠ 2.1 ᠲᠦᠮᠡ᠎ᠶᠢ ᠳᠠᠪᠠᠵᠤ᠂ ᠵᠢᠱ᠌ᠢᠯᠲᠡ᠎ᠪᠡᠷ ᠢᠷᠡᠭᠡᠳᠦᠢ᠎ᠶᠢᠨ ᠪᠣᠷᠤᠯᠠᠭᠤᠯᠭ᠎ᠠ᠎ᠶᠢᠨ ᠬᠡᠮᠵᠢᠶ᠎ᠡ ᠨᠢ 6 ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠨ᠎ᠠ᠃ ᠲᠠᠷᠠᠭᠠᠴᠢ᠎ᠶᠢᠨ ᠠᠯᠬᠤᠮ᠎ᠳᠤ ᠪᠠᠷᠠᠭᠤᠨ ᠡᠮᠦᠨᠡᠲᠦ ᠣᠷᠣᠨ᠎ᠳᠤ 300 ᠭᠠᠷᠤᠢ ᠰᠢᠳᠢᠲᠦ ᠲᠡᠮᠡᠭᠡ ᠲᠡᠮᠡᠭᠡᠨ ᠰᠦᠨ᠎ᠦ ᠰᠢᠭᠤᠳ ᠡᠵᠡᠩᠨᠡᠯᠲᠡ᠎ᠶᠢᠨ ᠳᠡᠯᠭᠡᠭᠦᠷ᠎ᠢ ᠨᠡᠭᠡᠭᠡᠵᠦ᠂ ᠨᠠᠩ ᠣᠯᠠᠨ ᠪᠠᠷᠠᠭᠤᠨ ᠡᠮᠦᠨᠡᠲᠦ᠎ᠶᠢᠨ ᠬᠡᠷᠡᠭᠯᠡᠭᠴᠢᠳ᠎ᠲᠦ ᠵᠢᠩᠬᠢᠨᠢ ᠠᠯᠠᠱᠠ᠎ᠶᠢᠨ ᠲᠡᠮᠡᠭᠡᠨ ᠰᠦ ᠠᠮᠰᠠᠭᠤᠯᠬᠤ᠎ᠪᠠᠷ ᠲᠥᠯᠥᠪᠯᠡᠵᠦ ᠪᠣᠶ᠃

ᠢᠷᠡᠯᠲᠡ᠄    