ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠴᠡᠭᠡ ᠬᠢᠯᠢ᠎ᠶᠢᠨ ᠪᠣᠭᠣᠮᠲᠠ᠎ᠪᠠᠷ ᠥᠩᠭᠡᠷᠡᠭᠦᠯᠦᠭᠰᠡᠨ ᠪᠠᠷᠠᠭᠠᠨ᠎ᠤ ᠬᠡᠮᠵᠢᠶ᠎ᠡ 3000 ᠲᠦᠮᠡᠨ ᠲᠣᠨ᠎ᠢ ᠳᠠᠪᠠᠪᠠ
ᠨᠡᠶ᠋ᠢᠲᠡᠯᠡᠭᠰᠡᠨ ᠴᠠᠭ᠄ 2025-12-12

12 ᠳ᠋ᠤᠭᠠᠷ ᠰᠠᠷ᠎ᠠ᠎ᠶᠢᠨ 9᠎ᠤ ᠡᠳᠦᠷ᠂ ᠰᠤᠷᠪᠤᠯᠵᠢᠯᠠᠭ᠍ᠴᠢ ᠴᠡᠭᠡ ᠬᠢᠯᠢ᠎ᠶᠢᠨ ᠪᠣᠭᠣᠮᠲᠠ᠎ᠶᠢᠨ ᠠᠵᠤ ᠠᠬᠤᠢ᠎ᠶᠢᠨ ᠨᠡᠭᠡᠭᠡᠯᠲᠡ᠎ᠶᠢᠨ ᠲᠣᠭᠣᠷᠢᠭ᠋᠎ᠤᠨ ᠬᠠᠮᠢᠶᠠᠷᠤᠯᠲᠠ᠎ᠶᠢᠨ ᠵᠥᠪᠯᠡᠯ᠎ᠡᠴᠡ ᠣᠢᠯᠠᠭᠠᠭᠰᠠᠨ᠎ᠢᠶᠠᠷ᠂ ᠡᠨᠡ ᠵᠢᠯ ᠴᠡᠭᠡ ᠬᠢᠯᠢ᠎ᠶᠢᠨ ᠪᠣᠭᠣᠮᠲᠠ᠎ᠪᠠᠷ ᠥᠩᠭᠡᠷᠡᠭᠦᠯᠦᠭᠰᠡᠨ ᠪᠠᠷᠠᠭᠠᠨ᠎ᠤ ᠬᠡᠮᠵᠢᠶ᠎ᠡ ᠲᠡᠦᠬᠡᠲᠦ ᠴᠢᠨᠠᠷᠲᠠᠢ ᠰᠢᠪᠲᠤᠯᠤᠯᠲᠠ᠎ᠶᠢ ᠪᠡᠶᠡᠯᠡᠭᠦᠯᠪᠠ᠂ 12 ᠳ᠋ᠤᠭᠠᠷ ᠰᠠᠷ᠎ᠠ᠎ᠶᠢᠨ 9᠎ᠤ ᠡᠳᠦᠷ ᠪᠣᠯᠲᠠᠯ᠎ᠠ᠂ ᠲᠣᠰ ᠬᠢᠯᠢ᠎ᠶᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 3001.61 ᠲᠦᠮᠡᠨ ᠲᠣᠨ᠎ᠳᠤ ᠬᠦᠷᠴᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ᠎ᠳᠦ ᠲᠣᠭᠲᠠᠭᠠᠭᠰᠠᠨ 3000 ᠲᠦᠮᠡᠨ ᠲᠣᠨ᠎ᠤ ᠬᠠᠷᠠᠯᠲᠠ᠎ᠶᠢᠨ ᠡᠭᠦᠷᠭᠡ᠎ᠶᠢ ᠳᠠᠪᠠᠭᠤᠯᠤᠨ ᠪᠡᠶᠡᠯᠡᠭᠦᠯᠪᠡ; ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠠᠷᠠᠯᠵᠢᠶᠠᠨ᠎ᠤ ᠲᠣᠭ᠎ᠠ 117 ᠳ᠋ᠦᠩᠰᠢᠭᠤᠷ ᠲᠥᠭᠥᠷᠢᠭ᠎ᠲᠦ ᠬᠦᠷᠴᠦ᠂ ᠬᠢᠯᠢ᠎ᠪᠡᠷ ᠣᠷᠣᠵᠤ ᠭᠠᠷᠤᠭᠰᠠᠨ ᠬᠥᠮᠥᠨ᠎ᠦ ᠲᠣᠭ᠎ᠠ  46 ᠲᠦᠮᠡᠨ ᠤᠳᠠᠭ᠎ᠠ᠂ ᠬᠢᠯᠢ᠎ᠪᠡᠷ ᠣᠷᠣᠵᠤ ᠭᠠᠷᠤᠭᠰᠠᠨ ᠮᠠᠰᠢᠨ ᠲᠡᠷᠭᠡ 41 ᠲᠦᠮᠡ ᠤᠳᠠᠭ᠎ᠠ᠎ᠳᠤ ᠬᠦᠷᠴᠡᠢ᠃ ᠳᠡᠭᠡᠷ᠎ᠡ ᠳᠤᠷᠠᠳᠤᠭᠰᠠᠨ ᠭᠣᠣᠯ ᠪᠣᠯᠬᠤ ᠡᠵᠡᠩᠨᠡᠯᠲᠡ᠎ᠶᠢᠨ ᠲᠣᠭ᠎ᠠ ᠪᠠᠷᠢᠮᠲᠠ ᠨᠢ ᠴᠥᠮ ᠴᠡᠭᠡ ᠬᠢᠯᠢ᠎ᠶᠢᠨ ᠪᠣᠭᠣᠮᠲᠠ᠎ᠶᠢ ᠨᠡᠬᠡᠭᠡᠭᠰᠡᠨ 33 ᠵᠢᠯ᠎ᠦᠨ ᠲᠤᠷᠰᠢᠬᠢ ᠲᠡᠦᠬᠡ᠎ᠶᠢᠨ ᠲᠤᠢᠯ᠎ᠤᠨ ᠬᠡᠮᠵᠢᠭᠳᠡᠯ᠎ᠢ ᠰᠢᠨᠡᠳᠬᠡᠵᠦ᠂ ᠳᠤᠮᠳᠠᠳᠤ ᠪᠠ ᠮᠣᠩᠭᠣᠯ᠎ᠤᠨ ᠡᠨᠧᠷᠭᠢ᠎ᠶᠢᠨ ᠠᠷᠠᠯᠵᠢᠶᠠᠨ᠎ᠤ ᠭᠣᠣᠯ ᠨᠡᠪᠲᠡᠷᠡᠬᠦ ᠵᠠᠮ ᠪᠣᠯᠤᠭᠰᠠᠨ ᠵᠠᠩᠭᠢᠯᠠᠭ᠎ᠠ᠎ᠶᠢᠨ ᠴᠢᠳᠠᠪᠦᠷᠢ ᠲᠠᠰ᠎ᠲᠤ ᠳᠠᠪᠠᠯᠲᠠᠲᠤ ᠳᠡᠭᠡᠭᠰᠢᠯᠡᠯᠲᠡ ᠲᠠᠢ ᠪᠣᠯᠣᠬ᠍ᠰᠠᠨ᠎ᠢ ᠬᠠᠷᠠᠭᠤᠯᠵᠤ ᠪᠠᠢᠨ᠎ᠠ᠃ 

ᠪᠣᠭᠣᠮᠲᠠ᠎ᠪᠠᠷ ᠥᠩᠭᠡᠷᠡᠭᠦᠯᠬᠦ ᠬᠡᠮᠵᠢᠶ᠎ᠡ ᠶᠡᠬᠡ᠎ᠪᠠᠷ ᠳᠡᠭᠡᠭᠰᠢᠯᠡᠭᠰᠡᠨ ᠨᠢ ᠪᠣᠭᠣᠮᠲᠠ᠎ᠶᠢᠨ ᠣᠶᠤᠨᠴᠢᠯᠠᠭᠰᠠᠨ ᠲᠡᠰ ᠲᠡᠪᠰᠢᠯᠳᠡ ᠪᠠ ᠬᠠᠮᠲᠤᠷᠠᠭᠰᠠᠨ ᠰᠢᠯᠭᠠᠨ ᠪᠠᠢᠴᠠᠭᠠᠯᠲᠠ᠎ᠶᠢᠨ ᠦᠢᠯᠡᠴᠢᠯᠡᠭᠡ᠎ᠪᠠᠨ ᠭᠦᠨᠵᠡᠭᠡᠢ ᠬᠠᠮᠵᠢᠯᠴᠠᠭᠤᠯᠤᠭᠰᠠᠨ᠎ᠠᠴᠠ ᠪᠣᠯᠣᠭᠰᠠᠨ ᠶᠤᠮ᠃ 2025 ᠣᠨ᠎ᠠᠴᠠ ᠨᠠᠭᠠᠰᠢ᠂ ᠴᠡᠭᠡ ᠬᠢᠯᠢ᠎ᠶᠢᠨ ᠪᠣᠭᠣᠮᠲᠠ᠎ᠶᠢᠨ ᠰᠠᠭᠤᠷᠢ ᠪᠡᠯᠡᠳᠭᠡᠮᠵᠢ ᠬᠢᠭᠡᠳ ᠣᠶᠤᠨᠴᠢ ᠰᠢᠰᠲᠧᠮ᠎ᠤᠨ ᠳᠡᠰ ᠳᠡᠪᠰᠢᠯᠲᠡ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠪᠠᠷᠠᠭᠠᠨ᠎ᠤ ᠲᠡᠭᠡᠭᠡᠪᠦᠷᠢ᠎ᠶᠢᠨ ᠨᠡᠪᠲᠡᠷᠡᠬᠦ ᠵᠠᠮ᠎ᠤᠨ ᠴᠢᠳᠠᠮᠵᠢ᠎ᠶᠢ ᠦᠷᠭᠡᠳᠭᠡᠵᠦ ᠥᠭᠡᠷᠡᠴᠢᠯᠡᠨ ᠰᠠᠢᠵᠢᠷᠠᠭᠤᠯᠵᠤ᠂ AGV ᠵᠢᠯᠣᠭᠣᠴᠢ ᠦᠭᠡᠢ ᠮᠠᠰᠢᠨ ᠲᠡᠷᠭᠡ᠂ 5G ᠣᠶᠤᠨᠴᠢ ᠬᠦᠨᠳᠦ ᠠᠴᠢᠶᠠᠨ᠎ᠤ ᠲᠡᠷᠭᠡ ᠬᠢᠭᠡᠳ ᠤᠯᠠᠮᠵᠢᠯᠠᠯᠲᠤ ᠮᠠᠰᠢᠨ ᠲᠡᠷᠭᠡᠨ᠎ᠦ ᠲᠡᠭᠡᠭᠡᠪᠦᠷᠢ᠎ᠶᠢ ᠨᠢᠭᠡ ᠴᠣᠭᠴᠠᠵᠢᠭᠤᠯᠤᠭᠰᠠᠨ ᠪᠥᠬᠥ ᠴᠤᠪᠤᠷᠠᠯ᠎ᠤᠨ ᠣᠶᠤᠨᠴᠢ᠎ᠪᠠᠷ ᠪᠣᠭᠣᠮᠲᠠ ᠥᠩᠭᠡᠷᠡᠭᠦᠯᠬᠦ ᠳᠣᠭᠲᠠᠯᠴᠠᠭ᠎ᠠ᠎ᠶᠢ ᠪᠠᠢᠭᠤᠯᠤᠨ ᠪᠦᠲᠦᠭᠡᠵᠦ᠂ ᠬᠢᠯᠢ ᠠᠯᠤᠰᠯᠠᠭᠰᠠᠨ ᠲᠡᠭᠡᠭᠡᠪᠦᠷᠢ᠎ᠶᠢᠨ 《ᠠᠵᠢᠯᠯᠠᠭᠠᠨ᠎ᠤ ᠬᠠᠮᠢᠶᠠᠷᠤᠯᠲᠠ᠎ᠶᠢ ᠨᠢᠭᠡ ᠵᠢᠷᠤᠭ᠎ᠲᠠᠢ ᠪᠠᠢᠯᠭᠠᠬᠤ᠂ ᠣᠶᠤᠨᠴᠢ᠎ᠪᠠᠷ ᠰᠢᠯᠭᠠᠵᠤ ᠶᠠᠪᠤᠭᠤᠯᠬᠤ᠎ᠶᠢ ᠨᠢᠭᠡ ᠴᠣᠭᠴᠠᠵᠢᠭᠤᠯᠬᠤ》᠎ᠶᠢ ᠪᠡᠶᠡᠯᠡᠭᠦᠯᠵᠦ᠂ ᠲᠡᠷᠭᠡ ᠬᠥᠰᠬᠡ᠎ᠶᠢᠨ ᠪᠣᠭᠣᠮᠲᠠ᠎ᠪᠠᠷ ᠥᠩᠭᠡᠷᠡᠭᠦᠯᠬᠦ ᠴᠠᠭ᠎ᠢ ᠥᠩᠭᠡᠷᠡᠭᠰᠡᠨ ᠵᠢᠯ᠎ᠦᠳ᠎ᠦᠨ ᠬᠢ᠎ᠡᠴᠡ 40%᠎ᠪᠠᠷ ᠪᠠᠭᠠᠰᠬᠠᠵᠤ᠂ ᠪᠣᠭᠣᠮᠲᠠ᠎ᠪᠠᠷ ᠥᠩᠭᠡᠷᠡᠭᠦᠯᠬᠦ᠎ᠶᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃ ᠡᠭᠦᠨ᠎ᠦ ᠬᠠᠮᠲᠤ᠂ ᠪᠣᠭᠣᠮᠲᠠ᠂ ᠬᠢᠯᠢ᠎ᠶᠢᠨ ᠪᠠᠢᠴᠠᠭᠠᠯᠲᠠ ᠵᠡᠷᠭᠡ ᠰᠠᠯᠠᠭ᠎ᠠ ᠮᠥᠴᠢᠷ ᠯᠦ᠍ᠭᠡ ᠬᠦᠴᠦ᠎ᠪᠡᠨ ᠬᠠᠮᠲᠤᠳᠬᠠᠨ ᠬᠠᠮᠵᠢᠯᠴᠠᠬᠤ᠎ᠶᠢ ᠴᠢᠩᠭᠠᠳᠬᠠᠵᠤ᠂ ᠬᠢᠨᠠᠨ ᠬᠠᠮᠢᠶᠠᠷᠬᠤ ᠬᠡᠪ ᠵᠠᠭᠪᠤᠷ᠎ᠲᠤ ᠰᠢᠨ᠎ᠡ᠎ᠶᠢ ᠡᠭᠦᠳᠴᠦ᠂ 《ᠬᠢᠨᠠᠵᠤ ᠪᠠᠢᠴᠠᠭᠠᠬᠤ᠎ᠶᠢ ᠨᠢᠭᠡᠳᠬᠡᠬᠦ》 《ᠬᠣᠯᠪᠣᠭᠠᠯᠠᠨ ᠪᠠᠢᠴᠠᠭᠠᠨ ᠰᠢᠯᠭᠠᠬᠤ》 ᠲᠣᠭᠲᠠᠴᠠ᠎ᠶᠢ ᠬᠡᠷᠡᠭᠵᠢᠭᠦᠯᠵᠦ᠂ ᠥᠷᠭᠡᠨ ᠬᠡᠷᠡᠭᠯᠡᠭᠡᠨ᠎ᠦ ᠪᠠᠷᠠᠭ᠎ᠠ᠎ᠶᠢ ᠪᠣᠭᠣᠮᠲᠠ᠎ᠪᠠᠷ ᠥᠨᠳᠥᠷ ᠪᠦᠲᠦᠮᠵᠢᠲᠡᠶ ᠥᠩᠭᠡᠷᠡᠭᠦᠯᠬᠦ᠎ᠳᠦ ᠪᠠᠲᠤ ᠪᠡᠬᠢ ᠪᠠᠲᠤᠯᠠᠭ᠎ᠠ ᠪᠣᠶ ᠪᠣᠯᠭᠠᠪᠠ᠃ 

ᠠᠷᠠᠯᠵᠢᠶᠠᠨ᠎ᠤ ᠪᠦᠲᠦᠴᠡ᠎ᠶᠢ ᠰᠢᠯᠢᠳᠡᠭᠵᠢᠭᠦᠯᠬᠦ ᠲᠠᠯ᠎ᠠ᠎ᠪᠠᠷ᠂ ᠴᠡᠭᠡ ᠬᠢᠯᠢ᠎ᠶᠢᠨ ᠪᠣᠭᠣᠮᠲᠠ《ᠭᠠᠳᠠᠭᠠᠳᠤ ᠣᠷᠣᠭᠤᠯᠤᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠂ ᠭᠠᠳᠠᠭᠠᠳᠤ ᠭᠠᠷᠭᠠᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ》ᠬᠣᠣᠰ ᠴᠢᠭᠯᠡᠯ᠎ᠦᠨ ᠰᠢᠪᠲᠤᠯᠤᠯᠲᠠ᠎ᠶᠢ ᠪᠡᠶᠡᠯᠡᠭᠦᠯᠪᠡ᠃ ᠭᠠᠳᠠᠭᠠᠳᠤ᠎ᠠᠴᠠ ᠣᠷᠣᠭᠤᠯᠬᠤ ᠦᠵᠦᠭᠦᠷ᠎ᠲᠤ ᠨᠡᠭᠦᠷᠡᠰᠦᠨ᠎ᠦ ᠠᠷᠠᠯᠵᠢᠶ᠎ᠠ᠎ᠪᠠᠷ ᠤᠳᠤᠷᠢᠳᠤᠮᠵᠢ ᠪᠣᠯᠭᠠᠵᠤ᠂ ᠪᠦᠬᠦ ᠵᠢᠯ᠎ᠦᠨ ᠭᠠᠳᠠᠭᠠᠳᠤ᠎ᠠᠴᠠ ᠣᠷᠣᠭᠤᠯᠤᠭᠰᠠᠨ ᠬᠡᠮᠵᠢᠶ᠎ᠡ 3000 ᠲᠦᠮᠡᠨ ᠲᠣᠨ᠎ᠢ ᠳᠠᠪᠠᠪᠠ᠂ ᠬᠠᠷᠢᠶ᠎ᠠ ᠣᠷᠣᠨ᠎ᠤ᠎ᠪᠠᠨ ᠨᠡᠭᠦᠷᠡᠰᠦ ᠤᠬᠢᠶᠠᠬᠤ 19 ᠦᠢᠯᠡᠳᠪᠦᠷᠢ᠎ᠳᠦ ᠲᠦᠰᠢᠭᠯᠡᠨ᠂ 1132.05 ᠲᠦᠮᠡᠨ ᠲᠣᠨ ᠲᠦᠭᠦᠬᠡᠢ ᠨᠡᠭᠦᠷᠡᠰᠦ᠎ᠶᠢ ᠨᠠᠷᠢᠯᠢᠭ᠋ ᠪᠣᠯᠪᠠᠰᠤᠷᠠᠭᠤᠯᠬᠤ᠎ᠶᠢ ᠪᠡᠶᠡᠯᠡᠭᠦᠯᠵᠦ᠂ 979.77 ᠲᠦᠮᠡᠨ ᠲᠣᠨ ᠥᠨᠳᠥᠷ ᠨᠡᠮᠡᠯᠲᠡ ᠦᠷᠳᠡᠭ ᠪᠦᠬᠦᠢ ᠨᠠᠷᠢᠯᠢᠭ᠋ ᠨᠡᠭᠦᠷᠡᠰᠦ᠎ᠶᠢ ᠦᠢᠯᠡᠳᠪᠦᠷᠢᠯᠡᠵᠦ᠂ ᠲᠤᠬᠠᠢ᠎ᠶᠢᠨ ᠭᠠᠵᠠᠷ᠎ᠤᠨ ᠬᠡᠪᠴᠢᠶᠡᠵᠢᠯ᠎ᠡᠴᠡ ᠳᠡᠭᠡᠭᠰᠢᠬᠢ ᠠᠵᠤ ᠦᠢᠯᠡᠳᠪᠦᠷᠢ᠎ᠶᠢᠨ ᠦᠢᠯᠡᠳᠬᠦᠨ᠎ᠦ ᠶᠡᠷᠦᠩᠬᠡᠢ ᠦᠷᠳᠡᠭ᠎ᠢ ᠰᠢᠭᠤᠳ ᠲᠠᠢ᠍ᠢᠴᠢᠯᠠᠨ 39.07 ᠳ᠋ᠦᠩᠰᠢᠭᠤᠷ ᠲᠥᠭᠥᠷᠢᠭ᠎ᠢ ᠳᠠᠪᠠᠭᠤᠯᠵᠤ᠂ 《ᠬᠢᠯᠢ᠎ᠶᠢᠨ ᠪᠣᠭᠣᠮᠲᠠ᠎ᠪᠠᠷ ᠭᠠᠳᠠᠭᠠᠳᠤ᠎ᠠᠴᠠ ᠣᠷᠣᠭᠤᠯᠬᠤ –– ᠲᠤᠰ ᠭᠠᠵᠠᠷ᠎ᠲᠤ ᠨᠢ ᠤᠯᠠᠷᠢᠭᠤᠯᠬᠤ –– ᠥᠷᠥᠴᠡ ᠭᠠᠵᠠᠷ᠎ᠲᠤ ᠭᠠᠷᠭᠠᠬᠤ》 ᠪᠦᠷᠢᠨ ᠪᠦᠲᠦᠨ ᠠᠵᠤ ᠦᠢᠯᠡᠰ᠎ᠦᠨ ᠬᠡᠯᠬᠢᠶᠡᠨ᠎ᠦ ᠪᠢᠲᠡᠭᠦᠦ ᠴᠠᠭᠠᠷᠢᠭ᠋᠎ᠤᠨ ᠠᠵᠢᠯᠯᠠᠭᠠᠨ᠎ᠢ ᠠᠮᠵᠢᠯᠲᠠ᠎ᠲᠠᠢ᠎ᠪᠠᠷ ᠪᠠᠢᠭᠤᠯᠪᠠ᠃ ᠭᠠᠳᠠᠭᠠᠳᠤ᠎ᠳᠤ ᠭᠠᠷᠭᠠᠬᠤ ᠦᠵᠦᠭᠦᠷ᠎ᠲᠤ ᠥᠩᠭᠡᠷᠡᠭᠰᠡᠨ᠎ᠦ ᠭᠠᠳᠠᠭᠠᠳᠤ᠎ᠳᠤ ᠭᠠᠷᠭᠠᠬᠤ ᠲᠦᠷᠦᠯ ᠵᠦᠢᠯ᠎ᠦᠨ ᠲᠠᠩ ᠴᠤᠯᠭᠤᠢ ᠪᠠᠢᠭᠰᠠᠨ ᠬᠢᠵᠠᠭᠠᠷᠯᠠᠯ᠎ᠢ ᠠᠷᠢᠯᠭᠠᠨ᠂ ᠪᠠᠷᠢᠯᠭ᠎ᠠ᠎ᠶᠢᠨ ᠮᠧᠬᠠᠨᠢᠭ᠋᠂ ᠪᠠᠷᠢᠯᠭ᠎ᠠ᠎ᠶᠢᠨ ᠮᠠᠲᠧᠷᠢᠶᠠᠯ ᠵᠡᠷᠭᠡ ᠲᠠᠸᠠᠷ᠎ᠤᠨ ᠭᠠᠳᠠᠭᠠᠳᠤ᠎ᠳᠤ ᠭᠠᠷᠭᠠᠬᠤ ᠬᠡᠮᠵᠢᠶ᠎ᠡ ᠲᠣᠭᠲᠠᠭᠤᠨ᠎ᠢᠶᠠᠷ ᠨᠡᠮᠡᠭᠳᠡᠵᠦ᠂ 400 ᠲᠣᠨ᠎ᠤ ᠲᠡᠰ᠎ᠤᠨ ᠲᠣᠮᠣ᠌ ᠬᠡᠯᠪᠡᠷᠢ᠎ᠶᠢᠨ ᠠᠭᠤᠷᠬᠠᠢ᠎ᠳᠤ ᠬᠡᠷᠡᠭᠯᠡᠬᠦ ᠲᠥᠬᠦᠭᠡᠷᠦᠮᠵᠢ᠎ᠶᠢ ᠪᠠᠢᠩᠭᠤ ᠭᠠᠳᠠᠭᠠᠳᠤ᠎ᠳᠤ ᠭᠠᠷᠭᠠᠬᠤ᠎ᠶᠢ ᠪᠡᠶᠡᠯᠡᠭᠦᠯᠪᠡ; ᠥᠪᠥᠷ ᠮᠣᠩᠭᠣᠯ᠎ᠤᠨ ᠬᠦᠢᠲᠡᠨ ᠬᠡᠯᠬᠢᠶᠡᠨ᠎ᠦ ᠠᠩᠬᠠᠳᠠᠭ᠍ᠴᠢ ᠵᠤᠷᠪᠤᠰ ᠲᠤᠰᠬᠠᠢ ᠱᠤᠭᠤᠮ᠎ᠤᠨ 10 ᠲᠣᠨ ᠰᠢᠨ᠎ᠡ ᠰᠣᠷᠭᠣᠭ ᠵᠢᠮᠢᠰ ᠨᠣᠭᠣᠭ᠎ᠠ᠎ᠶᠢᠨ ᠬᠢᠯᠢ ᠠᠯᠤᠰᠯᠠᠨ ᠰᠢᠭᠤᠳ ᠲᠡᠭᠡᠭᠡᠪᠦᠷᠢᠯᠡᠬᠦ᠎ᠶᠢ ᠤᠷᠤᠭᠰᠢᠲᠠᠢ ᠪᠡᠶᠡᠯᠡᠭᠦᠯᠵᠦ᠂ ᠣᠯᠠᠨ ᠡᠰᠢᠲᠦ ᠠᠷᠠᠯᠵᠢᠶᠠᠨ᠎ᠤ ᠰᠢᠨ᠎ᠡ  ᠲᠥᠯᠥᠪ ᠪᠠᠢᠳᠠᠯ ᠠᠩᠬ᠎ᠠ ᠠᠯᠬᠤᠮ ᠪᠦᠷᠢᠯᠳᠦᠪᠡ᠃ 

《ᠴᠡᠭᠡ ᠬᠢᠯᠢ᠎ᠶᠢᠨ ᠪᠣᠭᠣᠮᠲᠠ ᠨᠢ ᠣᠷᠣᠨ ᠪᠠᠢᠷᠢ᠎ᠶᠢᠨ ᠳᠠᠪᠠᠭᠤᠯᠢᠭ᠋᠂ ᠨᠡᠪᠲᠡᠷᠡᠬᠦ ᠵᠠᠮ᠎ᠤᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠮᠣᠩᠭᠣᠯ ᠯᠤᠭ᠎ᠠ᠎ᠶᠢᠨ ᠨᠡᠪᠲᠡᠷᠡᠯᠴᠡᠭᠡ ᠵᠣᠬᠢᠴᠠᠭᠤᠯᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ AGV᠂ ᠣᠶᠤᠨᠴᠢ ᠬᠦᠨᠳᠦ ᠠᠴᠢᠶᠠᠨ᠎ᠤ ᠲᠡᠷᠭᠡᠨ᠎ᠦ ᠵᠢᠯᠣᠭᠣᠴᠢ ᠦᠭᠡᠢ ᠲᠡᠭᠡᠭᠡᠪᠦᠷᠢ᠎ᠶᠢᠨ ᠲᠥᠷᠥᠯ ᠵᠦᠢᠯ᠎ᠦᠨ ᠳᠡᠰ ᠳᠠᠪᠰᠢᠯᠲᠠ᠎ᠶᠢ ᠪᠦᠬᠦ ᠲᠠᠯ᠎ᠠ᠎ᠪᠠᠷ ᠠᠬᠢᠭᠤᠯᠵᠤ᠂ ᠵᠠᠰᠠᠮᠠᠯ ᠵᠠᠮ᠎ᠤᠨ ᠲᠡᠭᠡᠭᠡᠪᠦᠷᠢ᠎ᠶᠢᠨ ᠵᠠᠮ᠎ᠤᠨ ᠴᠢᠳᠠᠪᠬᠢ᠎ᠶᠢ ᠦᠷᠭᠡᠳᠭᠡᠵᠦ ᠥᠭᠡᠷᠡᠴᠢᠯᠡᠨ ᠰᠠᠢᠵᠢᠷᠠᠭᠤᠯᠵᠤ᠂ ᠠᠶᠤᠯ ᠲᠠᠢ ᠬᠢᠮᠢ᠎ᠶᠢᠨ ᠪᠣᠳᠠᠰ ᠵᠢᠴᠢ ᠭᠠᠳᠠᠭᠠᠳᠤ᠎ᠳᠤ ᠭᠠᠷᠭᠠᠬᠤ ᠪᠠᠷᠠᠭᠠᠨ᠎ᠤ ᠲᠤᠰᠬᠠᠢ ᠨᠡᠪᠲᠡᠷᠡᠬᠦ ᠵᠠᠮ᠎ᠤᠨ ᠪᠦᠲᠦᠭᠡᠨ ᠪᠠᠢᠭᠤᠯᠤᠯᠲᠠ᠎ᠶᠢ ᠬᠡᠷᠡᠭᠵᠢᠭᠦᠯᠵᠦ᠂ ᠴᠢᠩᠭᠡᠯᠢᠭ᠎ᠦᠨ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ᠎ᠶᠢᠨ ᠥᠭᠡᠷᠡᠴᠢᠯᠡᠯᠲᠡ᠎ᠶᠢ ᠰᠦᠪᠡᠭᠴᠢᠯᠡᠨ ᠠᠬᠢᠭᠤᠯᠵᠤ᠂ ᠡᠷᠬᠢᠨ ᠲᠣᠭᠣᠷᠢᠨ᠎ᠤ ᠭᠠᠵᠠᠷ ᠣᠷᠣᠨ ᠯᠤᠭ᠎ᠠ᠎ᠶᠢᠨ ᠨᠡᠭᠦᠷᠡᠰᠦᠨ᠎ᠦ ᠠᠷᠠᠯᠵᠢᠶ᠎ᠠ᠂ ᠮᠢᠬᠠᠨ᠎ᠤ ᠵᠦᠢᠯ᠎ᠦᠨ ᠣᠷᠣᠭᠤᠯᠤᠯᠲᠠ᠂ ᠬᠤᠳᠠᠯᠳᠤᠭᠠᠨ᠎ᠤ ᠵᠠᠬ᠎ᠠ ᠳᠡᠯᠭᠡᠭᠦᠷ᠎ᠦᠨ ᠠᠷᠠᠯᠵᠢᠶ᠎ᠠ ᠵᠢᠴᠢ ᠣᠷᠭᠠᠨᠢᠭ᠋ ᠢᠳᠡᠰᠢᠨ ᠨᠣᠭᠣᠭ᠎ᠠ᠂ ᠪᠠᠷᠢᠯᠭ᠎ᠠ᠎ᠶᠢᠨ ᠮᠧᠬᠠᠨᠢᠭ᠋᠎ᠤᠨ ᠭᠠᠳᠠᠭᠠᠳᠤ ᠭᠠᠷᠭᠠᠯᠲᠠ ᠵᠡᠷᠭᠡ ᠬᠦᠷᠢᠶᠡᠨ᠎ᠳᠡᠬᠢ ᠣᠯᠠᠨ ᠡᠰᠢᠲᠦ ᠬᠠᠮᠲᠤᠷᠠᠯᠴᠠᠭ᠎ᠠ᠎ᠶᠢ ᠭᠣᠣᠯᠳᠠᠯᠭ᠎ᠠ ᠲᠠᠢ ᠪᠡᠬᠢᠵᠢᠭᠦᠯᠦᠨ ᠭᠦᠨᠵᠡᠭᠡᠢᠷᠡᠭᠦᠯᠵᠦ᠂ 〈ᠪᠣᠭᠣᠮᠲᠠ + ᠥᠷᠥᠴᠡ ᠭᠠᠵᠠᠷ〉᠎ᠤᠨ ᠬᠣᠯᠪᠤᠭᠠᠯᠠᠨ ᠬᠥᠳᠡᠯᠦᠯᠴᠡᠬᠦ ᠬᠥᠭᠵᠢᠯᠲᠡ᠎ᠶᠢᠨ ᠲᠥᠯᠥᠪ ᠪᠠᠢᠳᠠᠯ᠎ᠢ ᠲᠦᠷᠭᠡᠳᠬᠡᠨ ᠪᠠᠢᠭᠤᠯᠵᠤ᠂ 2026 ᠣᠨ᠎ᠤ ᠪᠣᠭᠣᠮᠲᠠ᠎ᠪᠠᠷ ᠥᠩᠭᠡᠷᠡᠭᠦᠯᠬᠦ ᠪᠠᠷᠠᠭᠠᠨ᠎ᠤ ᠬᠡᠮᠵᠢᠶᠡᠨ᠎ᠳᠦ ᠰᠢᠨ᠎ᠡ ᠲᠡᠮᠳᠡᠭᠯᠡᠯ᠎ᠢ ᠡᠭᠦᠳᠬᠦ᠎ᠪᠡᠷ ᠴᠢᠷᠮᠠᠢᠨ᠎ᠠ》 ᠭᠡᠵᠦ ᠴᠡᠭᠡ ᠬᠢᠯᠢ᠎ᠶᠢᠨ ᠪᠣᠭᠣᠮᠲᠠ᠎ᠶᠢᠨ ᠠᠵᠤ ᠠᠬᠤᠢ᠎ᠶᠢᠨ ᠨᠡᠬᠡᠬᠡᠯᠲᠡ᠎ᠶᠢᠨ ᠲᠣᠭᠣᠷᠢᠭ᠎ᠤᠨ ᠬᠢᠯᠢ᠎ᠶᠢᠨ ᠪᠣᠭᠣᠮᠲᠠ᠎ᠶᠢᠨ ᠶᠠᠪᠤᠳᠠᠯ᠎ᠤᠨ ᠲᠣᠪᠴᠢᠶ᠎ᠠ᠎ᠶᠢᠨ ᠳᠡᠳ᠋ ᠳᠠᠷᠤᠭ᠎ᠠ  ᠪᠠᠢᠭᠠᠯᠢ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ