ᠲᠣᠰ ᠲᠥᠷᠥᠯ ᠵᠦᠢ᠍ᠯ᠎ᠤᠨ ᠭᠣᠣᠯ ᠱᠤᠭᠤᠮ᠎ᠤᠨ ᠪᠥᠬᠥ ᠣᠷᠳᠣᠨ᠎ᠢ 97.61lkm ᠪᠠᠢ᠌ᠵᠤ᠂ ᠵᠢᠷᠤᠵᠤ ᠲᠦᠯᠦᠪᠯᠡᠭᠰᠡᠨ ᠪᠠᠷᠢᠮᠵᠢᠶ᠎ᠠ ᠨᠢ II ᠲᠠᠰ᠎ᠤᠨ ᠲᠠᠩ ᠱᠤᠭᠤᠮ᠎ᠲᠦ ᠲᠦᠮᠡᠨ ᠲᠣᠨ᠎ᠤ ᠴᠠᠬᠢᠯᠭ᠋ᠠᠨᠵᠢᠭᠤᠯᠤᠭᠰᠠᠨ ᠲᠡᠮᠦᠷ ᠵᠠᠮ ᠪᠣᠯᠣᠨ᠎ᠠ ᠂ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠂ ᠣᠷᠳᠣᠰ ᠬᠣᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠲᠡᠮᠦᠷ ᠵᠠᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢᠨ ᠲᠦᠷᠦᠯ ᠵᠦᠢ᠍ᠯ ᠪᠣᠯᠣᠨ᠎ᠠ ᠂ ᠤᠯᠤᠰ᠎ᠤᠨ ᠡᠨᠧᠷᠭᠢ ᠵᠢᠨ ᠪᠦᠯᠦᠭᠯᠡᠯ᠎ᠤᠨ 《ᠨᠡᠭᠦᠷᠡᠰᠦ ᠴᠠᠬᠢᠯᠭ᠋ᠠᠨ ᠬᠢᠮᠢ ᠵᠢᠨ ᠲᠡᠭᠡᠭᠡᠪᠦᠷᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠨᠢᠭᠡ ᠴᠣᠭᠴᠠᠵᠢᠭᠤᠯᠬᠤ》 ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ ᠲᠤᠢ᠌ᠭ ᠰᠦᠮ᠎ᠡ᠂ ᠴᠠᠭ᠋ᠠᠨᠰᠤᠭᠤ ᠵᠢᠨ ᠨᠡᠭᠦᠷᠡᠰᠦ ᠵᠢ ᠭᠠᠳᠠᠭᠰᠢ ᠲᠡᠭᠡᠭᠡᠪᠦᠷᠢᠯᠡᠬᠦ ᠪᠠᠢ᠌ᠯᠳᠤᠬᠤ ᠪᠣᠳᠣᠯᠭ᠎ᠠ ᠵᠢᠨ ᠨᠡᠪᠲᠡᠷᠡᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠢᠨᠵᠧᠨᠧᠷᠢᠩ ᠪᠣᠯᠣᠨ᠎ᠠ ᠃ ᠲᠣᠰ ᠤᠳᠠᠭ᠋ᠠᠨ᠎ᠤ ᠡᠬᠢᠯᠡᠭᠦᠯᠦᠭᠰᠡᠨ ᠡᠵᠡᠮᠳᠡᠯ᠎ᠤᠨ ᠴᠢᠨᠠᠷᠲᠠᠢ ᠢᠨᠵᠧᠨᠧᠷᠢᠩ᠎ᠤᠨ ᠮᠡᠳᠡᠭᠦᠯᠦᠯᠲᠡ᠎ᠳᠤ ᠪᠣᠷᠣ ᠲᠡᠭᠡᠭ ᠲᠣᠰᠬᠣᠨ᠎ᠤ ᠨᠦᠬᠡᠨ ᠵᠠᠮ᠂ ᠰᠢᠨ᠎ᠡ ᠵᠡᠭᠡᠯᠢ ᠵᠢᠨ ᠨᠦᠬᠡᠨ ᠵᠠᠮ ᠵᠢᠴᠢ ᠲᠡᠭᠦᠨ ᠵᠶ᠋ᠠᠷ ᠣᠷᠣᠵᠤ ᠭᠠᠷᠬᠤ ᠬᠡᠰᠡᠭ᠎ᠤᠨ ᠵᠠᠮ ᠳᠡᠪᠢᠰᠬᠦ ᠢᠨᠵᠧᠨᠧᠷᠢᠩ ᠪᠠᠭᠲᠠᠨ᠎ᠠ᠂ ᠡᠨᠡ ᠪᠣᠯ ᠪᠦᠬᠦᠶ᠋ᠢᠯᠡ ᠲᠥᠷᠥᠯ ᠵᠦᠢ᠍ᠯ᠎ᠤᠨ 《ᠪᠠᠭ᠋ᠠᠯᠵᠠᠭᠤᠷ》 ᠢᠨᠵᠧᠨᠧᠷᠢᠩ ᠪᠠ ᠵᠠᠩᠭᠢᠯᠠᠭ᠎ᠠ ᠵᠢᠨ ᠡᠵᠡᠮᠳᠡᠯ᠎ᠤᠨ ᠴᠡᠭ ᠮᠥᠨ᠂ ᠵᠠᠮ ᠱᠤᠭᠤᠮ᠎ᠤᠨ ᠪᠥᠬᠥ ᠣᠷᠳᠣᠨ᠎ᠢ 10.898 ᠺᠢᠯᠣᠮᠧᠲᠷ ᠪᠠᠢ᠌ᠵᠤ᠂ ᠮᠡᠷᠭᠡᠵᠢᠯ᠎ᠤᠨ ᠱᠠᠭ᠋ᠠᠷᠳᠠᠯᠭ᠎ᠠ᠎ᠨᠢ ᠨᠡᠯᠢᠶᠡᠳ ᠥᠨᠳᠥᠷ ᠪᠠᠢ᠌ᠳᠠᠭ᠃ ᠲᠣᠰ ᠢᠨᠵᠧᠨᠧᠷᠢᠩ᠎ᠢ ᠤᠷᠤᠭᠰᠢᠲᠠᠢ ᠡᠬᠢᠯᠡᠭᠦᠯᠦᠭᠰᠡᠨ ᠪᠠ ᠪᠦᠲᠦᠭᠡᠨ ᠪᠠᠢ᠌ᠭᠤᠯᠤᠭᠰᠠᠨ᠎ᠨᠢ ᠳ᠋ᠦᠩᠱ᠌ᠧᠩ᠎ᠤᠨ ᠵᠡᠭᠦᠨ ᠪᠡᠶ᠎ᠡ᠎ᠠᠴᠠ ᠲᠤᠢ᠌ᠭ ᠰᠦᠮ᠎ᠡ ᠬᠦᠷᠬᠦ (ᠳ᠋ᠦᠩ ᠶᠤᠸᠠᠢ) ᠲᠡᠮᠦᠷ ᠵᠠᠮ᠎ᠤᠨ ᠲᠥᠷᠥᠯ ᠵᠦᠢ᠍ᠯ᠎ᠢ ᠲᠣᠭᠲᠠᠭᠰᠠᠨ ᠬᠤᠭᠤᠴᠠᠭ᠋ᠠᠨ᠎ᠳᠤ ᠪᠠᠢ᠌ᠭᠤᠯᠵᠤ ᠠᠰᠢᠭᠯᠠᠯᠲᠠ᠎ᠳᠤ ᠣᠷᠣᠭᠤᠯᠬᠤ ᠵᠢᠨ ᠵᠠᠩᠭᠢᠯᠠᠭ᠎ᠠ ᠵᠢᠨ ᠭᠣᠭᠴᠣᠭ᠎ᠠ ᠵᠢ ᠨᠠᠪᠲᠠᠷᠡᠭᠦᠯᠵᠦ᠂ ᠣᠷᠣᠨ ᠪᠦᠰᠡ ᠵᠢᠨ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠬᠦ᠎ᠳᠤ ᠴᠢᠬᠤᠯᠠ ᠶᠡᠬᠡ ᠪᠥᠭᠡᠳ ᠠᠯᠤᠰ ᠬᠡᠲᠦ ᠵᠢᠨ ᠠᠴᠢ ᠬᠣᠯᠪᠣᠭᠳᠠᠯ᠎ᠲᠠᠢ ᠶᠤᠮ᠃