ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
6 ᠳ᠋ᠤᠭ᠋ᠠᠷ ᠰᠠᠷ᠎ᠠ ᠵᠢᠨ 30᠎ᠤ ᠡᠳᠦᠷ 10 ᠳ᠋ᠦᠩᠰᠢᠭᠤᠷ ᠲᠥᠭᠥᠷᠢᠭ᠎ᠤᠨ ᠶᠡᠷᠦᠩᠬᠡᠢ ᠪᠡᠯᠡ ᠣᠷᠣᠭᠤᠯᠤᠯᠲᠠ᠎ᠲᠠᠢ ᠣᠶᠤᠨᠲᠤ ᠬᠣᠭᠣᠯᠠᠢ ᠭᠤᠤᠷᠰᠤ ᠵᠢᠨ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠲᠥᠷᠥᠯ ᠵᠦᠢ᠍ᠯ ᠬᠥᠬᠡᠬᠣᠲᠠ ᠵᠢᠨ ᠰᠠᠢ᠌ᠬᠠᠨ ᠲᠣᠭᠣᠷᠢᠭ᠎ᠲᠤ ᠨᠤᠲᠤᠭᠰᠢᠪᠠ
ᠨᠡᠶ᠋ᠢᠲᠡᠯᠡᠭᠰᠡᠨ ᠴᠠᠭ᠄ 2025-06-30


   ᠲᠦᠷᠦᠯ ᠵᠦᠢ᠍ᠯ᠎ᠢ ᠥᠪᠥᠷ ᠮᠣᠩᠭᠣᠯ᠎ᠤᠨ ᠵᠢᠶᠦ᠋ᠨ ᠷᠦᠢ ᠯᠢᠩ ᠮᠠᠢ ᠤᠰᠤᠲᠥ᠋ᠷᠥᠭᠴᠢ  ᠳᠠᠮᠵᠢᠭᠤᠯᠬᠤ  ᠡᠨᠧᠷᠭᠢ ᠵᠢᠨ ᠬᠢᠵᠠᠭ᠋ᠠᠷᠲᠤ ᠺᠣᠮᠫᠠᠨᠢ᠎ᠠᠴᠠ ᠬᠣᠶᠠᠷ ᠬᠤᠭᠤᠴᠠᠭ᠎ᠠ ᠬᠤᠪᠢᠶᠠᠨ 4 ᠵᠢᠯ᠎ᠤᠨ ᠳᠣᠲᠣᠷ᠎ᠠ ᠪᠡᠯᠡ ᠣᠷᠣᠭᠤᠯᠵᠤ ᠂ ᠰᠠᠢ᠌ᠬᠠᠨ ᠲᠣᠭᠣᠷᠢᠭ ᠵᠢᠴᠢ ᠡᠷᠬᠢᠨ ᠲᠣᠭᠣᠷᠢᠨ᠎ᠤ  ᠭᠡᠷᠡᠯᠴᠢ  ᠴᠡᠨᠡᠭ᠎ᠤᠨ ᠤᠰᠤᠲᠥ᠋ᠷᠥᠭᠴᠢ ᠵᠢᠨ ᠦᠢ᠍ᠯᠡᠳᠪᠦᠷᠢ ᠂ ᠠᠵᠤ ᠦᠢ᠍ᠯᠡᠳᠪᠦᠷᠢ ᠵᠢᠨ  ᠲᠤᠰᠠᠯᠠᠬᠤ  ᠭᠠᠷᠤᠯᠲᠠ ᠵᠢᠨ ᠤᠰᠤᠲᠥ᠋ᠷᠥᠭᠴᠢ ᠵᠢᠨ ᠡᠬᠢ ᠰᠤᠷᠪᠤᠯᠵᠢ  ᠬᠢᠭᠡᠳ  ᠠᠵᠤ ᠦᠢ᠍ᠯᠡᠳᠪᠦᠷᠢ ᠵᠢᠨ  ᠬᠡᠷᠡᠭᠯᠡᠭᠴᠢᠳ᠂ ᠤᠰᠤᠲᠥ᠋ᠷᠥᠭᠴᠢ ᠨᠡᠮᠡᠬᠦ ᠦᠷᠳᠡᠭᠡ ᠵᠢ ᠬᠣᠯᠪᠣᠭᠰᠠᠨ ᠣᠶᠤᠨᠴᠢᠯᠠᠭᠰᠠᠨ ᠣᠢ᠌ᠷ᠎ᠠ  ᠵᠠᠢ᠌ᠲᠤ  ᠤᠰᠤᠲᠥ᠋ᠷᠥᠭᠴᠢ  ᠬᠡᠢ ᠵᠢᠨ ᠬᠣᠭᠣᠯᠠᠢ  ᠭᠤᠤᠷᠰᠤ ᠵᠢᠨ  ᠲᠣᠣᠷ᠎ᠢ ᠪᠠᠢ᠌ᠭᠤᠯᠵᠤ ᠂ ᠠᠮᠤᠷ ᠲᠦᠪᠰᠢᠨ ᠂ ᠥᠨᠳᠥᠷ ᠪᠦᠲᠦᠮᠵᠢᠲᠡᠢ ᠂ ᠣᠶᠤᠨᠴᠢᠯᠠᠭᠰᠠᠨ ᠤᠰᠤᠲᠥ᠋ᠷᠥᠭᠴᠢ ᠵᠢᠨ ᠲᠡᠭᠡᠭᠡᠪᠦᠷᠢ ᠵᠢ ᠪᠡᠶᠡᠯᠡᠭᠦᠯᠦᠨ᠎ᠡ ᠃ ᠨᠢᠭᠡᠳᠦᠭᠡᠷ ᠬᠤᠭᠤᠴᠠᠭ᠋ᠠᠨ᠎ᠤ ᠶᠡᠷᠦᠩᠬᠡᠢ ᠪᠡᠯᠡ ᠣᠷᠣᠭᠤᠯᠤᠯᠲᠠ᠎ᠨᠢ 4 ᠳ᠋ᠦᠩᠰᠢᠭᠤᠷ ᠲᠥᠭᠥᠷᠢᠭ᠎ᠲᠤ ᠬᠦᠷᠴᠦ᠂ 1 - 2 ᠵᠢᠯ᠎ᠤᠨ  ᠪᠠᠷᠢᠯᠭ᠎ᠠ ᠵᠢᠨ  ᠬᠤᠭᠤᠴᠠᠭ᠋ᠠᠨ᠎ᠳᠤ᠂ ᠪᠥᠬᠥ ᠣᠷᠳᠣ᠎ᠨᠢ ᠪᠠᠷᠤᠭ 15 - 20 ᠺᠢᠯᠣᠮᠧᠲᠷ᠎ᠤᠨ ᠣᠢ᠌ᠷ᠎ᠠ  ᠵᠠᠢ᠌ᠲᠤ  ᠤᠰᠤᠲᠥ᠋ᠷᠥᠭᠴᠢ ᠬᠡᠢ ᠵᠢᠨ ᠬᠣᠭᠣᠯᠠᠢ  ᠭᠤᠤᠷᠰᠤ ᠵᠢᠨ ᠲᠣᠣᠷ᠂ ᠣᠶᠤᠨᠴᠢᠯᠠᠭᠰᠠᠨ ᠬᠠᠮᠢᠶᠠᠷᠤᠯᠲᠠ ᠵᠢᠨ ᠰᠢᠰᠲ᠋ᠧᠮ ᠵᠢᠴᠢ ᠠᠵᠢᠯᠯᠠᠭᠤᠯᠵᠤ ᠪᠠᠲᠤᠯᠠᠬᠤ ᠲᠥᠪ᠎ᠢ ᠪᠦᠲᠦᠭᠡᠨ ᠪᠠᠢ᠌ᠭᠤᠯᠤᠨ᠎ᠠ᠃ ᠬᠣᠶᠠᠳᠤᠭ᠋ᠠᠷ ᠬᠤᠭᠤᠴᠠᠭ᠋ᠠᠨ᠎ᠤ ᠶᠡᠷᠦᠩᠬᠡᠢ ᠪᠡᠯᠡ ᠣᠷᠣᠭᠤᠯᠤᠯᠲᠠ᠎ᠨᠢ 6 ᠳ᠋ᠦᠩᠰᠢᠭᠤᠷ ᠲᠥᠭᠥᠷᠢᠭ᠎ᠲᠤ ᠬᠦᠷᠴᠦ᠂ 3 - 4 ᠵᠢᠯ᠎ᠤᠨ  ᠪᠠᠷᠢᠯᠭ᠎ᠠ ᠵᠢᠨ  ᠬᠤᠭᠤᠴᠠᠭ᠋ᠠᠨ᠎ᠳᠤ᠂ ᠪᠥᠬᠥ ᠣᠷᠳᠣ᠎ᠨᠢ ᠪᠠᠷᠤᠭ 50 - 80 ᠺᠢᠯᠣᠮᠧᠲᠷ᠎ᠤᠨ ᠬᠣᠭᠣᠯᠠᠢ  ᠭᠤᠤᠷᠰᠤ ᠵᠢᠨ ᠲᠣᠣᠷ᠎ᠢ ᠦᠷᠭᠡᠳᠬᠡᠨ  ᠪᠠᠢ᠌ᠭᠤᠯᠵᠤ᠂ ᠣᠶᠤᠨᠴᠢᠯᠠᠭᠰᠠᠨ ᠰᠢᠰᠲ᠋ᠧᠮ᠎ᠢ ᠲᠠᠰ ᠳᠡᠪᠰᠢᠭᠦᠯᠬᠦ ᠵᠢᠨ ᠬᠠᠮᠲᠤ ᠪᠣᠬᠢᠷᠲᠤᠯ ᠦᠭᠡᠢ ᠪᠣᠯᠭ᠋ᠠᠨ  ᠵᠠᠰᠠᠨ  ᠥᠭᠡᠷᠡᠴᠢᠯᠡᠬᠦ ᠵᠢ ᠪᠡᠶᠡᠯᠡᠭᠦᠯᠦᠨ᠎ᠡ᠃


ᠢᠷᠡᠯᠲᠡ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ