ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠲᠣᠣᠷ᠎ᠤᠨ ᠬᠢᠩᠭ᠋ᠠᠨ ᠠᠢ᠌ᠮᠠᠭ᠎ᠲᠠᠬᠢ ᠬᠣᠶᠠᠷ ᠵᠦᠢ᠍ᠯ᠎ᠤᠨ ᠭᠣᠣᠯᠳᠠᠯᠭ᠎ᠠ ᠪᠣᠯᠬᠤ ᠰᠢᠨ᠎ᠡ ᠡᠨᠧᠷᠭᠢ ᠵᠢᠨ ᠴᠠᠬᠢᠯᠭ᠋ᠠᠨ ᠳᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠵᠤ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠪᠣᠬᠢᠷᠲᠤᠯ ᠦᠭᠡᠢ ᠴᠠᠬᠢᠯᠭ᠋ᠠᠨ ᠳᠠᠮᠵᠢᠭᠤᠯᠬᠤ ᠨᠡᠪᠲᠡᠷᠡᠯ ᠵᠠᠮ᠎ᠢ ᠨᠡᠪᠲᠡᠷᠡᠭᠦᠯᠬᠦ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2025-07-01


  6 ᠳ᠋ᠤᠭ᠋ᠠᠷ ᠰᠠᠷ᠎ᠠ ᠵᠢᠨ 30᠎ᠤ ᠡᠳᠦᠷ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠬᠢᠩᠭ᠋ᠠᠨ᠎ᠤ ᠲᠣᠬᠣᠮ᠎ᠤᠨ 500 ᠺᠢᠯᠣᠸᠤᠯᠲ᠎ᠤᠨ ᠰᠢᠨ᠎ᠡ ᠡᠨᠧᠷᠭᠢ ᠵᠢ ᠴᠤᠭᠯᠠᠭᠤᠯᠤᠨ ᠴᠠᠬᠢᠯᠭ᠋ᠠᠨ ᠳᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ ᠬᠢᠭᠡᠳ ᠥᠪᠥᠷ ᠮᠣᠩᠭᠣᠯ᠎ᠤᠨ ᠵᠡᠭᠦᠨ ᠬᠡᠰᠡᠭ᠎ᠤᠨ ᠯᠢᠤᠢ ᠳ᠋ᠦ᠋ — ᠫᠢᠩ ᠴᠤᠸᠠᠨ ᠬᠦᠷᠬᠦ 500 ᠺᠢᠯᠣᠸᠤᠯᠲ᠎ᠤᠨ ᠵᠠᠮ ᠱᠤᠭᠤᠮ᠎ᠤᠨ ᠢᠨᠵᠧᠨᠧᠷᠢᠩ (ᠬᠢᠩᠭ᠋ᠠᠨ᠎ᠤ ᠬᠡᠰᠡᠭ)᠎ᠨᠢ ᠪᠥᠬᠥ ᠲᠠᠯ᠎ᠠ᠎ᠪᠠᠷ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠪᠠ᠃ ᠰᠢᠨ᠎ᠡ ᠡᠨᠧᠷᠭᠢ ᠵᠢ ᠴᠤᠭᠯᠠᠭᠤᠯᠤᠨ ᠴᠠᠬᠢᠯᠭ᠋ᠠᠨ ᠳᠠᠮᠵᠢᠭᠤᠯᠵᠤ ᠬᠦᠴᠦᠳᠡᠯ ᠥᠭᠡᠷᠡᠴᠢᠯᠡᠬᠦ ᠢᠨᠵᠧᠨᠧᠷᠢᠩ᠎ᠳᠤ ᠨᠡᠶ᠋ᠢᠲᠡ 4.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠭᠣᠣᠯᠳᠠᠭᠤ ᠨᠢᠭᠡ ᠰᠠᠭᠤᠷᠢ 500 ᠺᠢᠯᠣᠸᠤᠯᠲ᠎ᠤᠨ ᠬᠦᠴᠦᠳᠡᠯ ᠥᠭᠡᠷᠡᠴᠢᠯᠡᠬᠦ ᠥᠷᠲᠡᠭᠡ ᠵᠢᠴᠢ ᠢᠵᠢ ᠲᠦᠬᠦᠷ ᠪᠡᠯᠡᠳᠬᠡᠮᠵᠢ ᠵᠢ ᠪᠦᠲᠦᠭᠡᠨ ᠪᠠᠢ᠌ᠭᠤᠯᠵᠤ᠂ 20.4 ᠺᠢᠯᠣᠮᠧᠲᠷ ᠴᠠᠬᠢᠯᠭ᠋ᠠᠨ ᠳᠠᠮᠵᠢᠭᠤᠯᠬᠤ ᠵᠠᠮ ᠱᠤᠭᠤᠮ᠎ᠢ ᠵᠡᠷᠭᠡ᠎ᠳᠤ᠎ᠨᠢ ᠪᠠᠢ᠌ᠭᠤᠯᠪᠠ᠃ ᠥᠪᠥᠷ ᠮᠣᠩᠭᠣᠯ᠎ᠤᠨ ᠵᠡᠭᠦᠨ ᠬᠡᠰᠡᠭ᠎ᠤᠨ ᠯᠢᠤᠢ ᠳ᠋ᠦ᠋ — ᠫᠢᠩ ᠴᠤᠸᠠᠨ ᠬᠦᠷᠬᠦ ᠱᠤᠭᠤᠮ᠎ᠤᠨ ᠢᠨᠵᠧᠨᠧᠷᠢᠩ (ᠬᠢᠩᠭ᠋ᠠᠨ᠎ᠤ ᠬᠡᠰᠡᠭ)᠎ᠳᠤ ᠨᠡᠶ᠋ᠢᠲᠡ 6.1 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ 170.9 ᠺᠢᠯᠣᠮᠧᠲᠷ᠎ᠤᠨ ᠵᠠᠮ ᠱᠤᠭᠤᠮ᠂ 426 ᠲᠡᠮᠦᠷ ᠰᠤᠪᠤᠷᠭ᠎ᠠ ᠵᠢ ᠰᠢᠨ᠎ᠡ᠎ᠪᠠᠷ ᠪᠠᠢ᠌ᠭᠤᠯᠤᠭᠰᠠᠨ ᠪᠥᠭᠡᠳ ᠫᠢᠩ ᠴᠤᠸᠠᠨ᠎ᠤ ᠬᠦᠴᠦᠳᠡᠯ ᠥᠭᠡᠷᠡᠴᠢᠯᠡᠬᠦ ᠥᠷᠲᠡᠭᠡ᠎ᠳᠤ ᠥᠷᠭᠡᠳᠬᠡᠨ ᠪᠠᠶ᠋ᠢᠭᠤᠯᠬᠤ ᠢᠨᠵᠧᠨᠧᠷᠢᠩ᠎ᠢ ᠪᠡᠶᠡᠯᠡᠭᠦᠯᠪᠡ᠃ ᠬᠣᠶᠠᠷ ᠵᠦᠢ᠍ᠯ᠎ᠤᠨ ᠢᠨᠵᠧᠨᠧᠷᠢᠩ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠴᠠᠬᠢᠯᠭ᠋ᠠᠨ ᠬᠦᠴᠦᠨ᠎ᠤ ᠲᠣᠣᠷ᠎ᠤᠨ ᠳᠠᠭ᠋ᠠᠭ᠋ᠠᠴᠠ ᠪᠠ ᠣᠷᠣᠨ ᠪᠦᠰᠡ ᠠᠯᠤᠰᠯᠠᠨ ᠲᠣᠬᠢᠷᠠᠭᠤᠯᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠂ ᠬᠢᠩᠭ᠋ᠠᠨ ᠠᠢ᠌ᠮᠠᠭ᠎ᠤᠨ ᠡᠮᠦᠨᠡᠲᠦ ᠬᠡᠰᠡᠭ᠂ ᠲᠦᠩᠯᠢᠶᠣᠣ ᠵᠢᠨ ᠬᠣᠢ᠌ᠲᠤ ᠬᠡᠰᠡᠭ ᠵᠡᠷᠭᠡ ᠭᠠᠵᠠᠷ ᠣᠷᠣᠨ᠎ᠤ ᠳᠠᠮᠵᠢᠭᠤᠯᠬᠤ ᠪᠠᠭᠲᠠᠭ᠋ᠠᠮᠵᠢ ᠵᠢ 200 ᠲᠦᠮᠡᠨ ᠺᠢᠯᠣᠸᠤᠯᠲ ᠨᠡᠮᠡᠭᠳᠡᠭᠦᠯᠬᠦ᠎ᠳᠤ ᠬᠦᠴᠦᠨ ᠨᠡᠮᠡᠷᠢᠯᠡᠵᠦ᠂ ᠴᠠᠬᠢᠯᠭ᠋ᠠᠨ ᠳᠠᠮᠵᠢᠭᠤᠯᠬᠤ ᠴᠢᠳᠠᠪᠤᠷᠢ ᠵᠢ 130%᠎ᠠᠴᠠ ᠳᠡᠭᠡᠭᠰᠢ ᠳᠡᠭᠡᠭᠰᠢᠯᠡᠭᠦᠯᠵᠦ᠂ ᠵᠢᠱ᠌ᠢᠯᠲᠡ᠎ᠪᠠᠷ ᠵᠢᠯ ᠪᠦᠷᠢ ᠳᠤᠮᠳᠠᠴᠢ᠎ᠪᠠᠷ 36 ᠳ᠋ᠦᠩᠰᠢᠭᠤᠷ ᠺᠢᠯᠣᠸᠠᠲ ᠴᠠᠭ᠎ᠤᠨ ᠴᠡᠪᠡᠷ ᠴᠠᠬᠢᠯᠭ᠋ᠠᠨ᠎ᠢ ᠳᠠᠮᠵᠢᠭᠤᠯᠬᠤ ᠪᠣᠯᠣᠨ᠎ᠠ᠂ ᠡᠨᠡ᠎ᠨᠢ ᠪᠠᠷᠢᠮᠵᠢᠶᠠᠲᠤ ᠨᠡᠭᠦᠷᠡᠰᠦ ᠵᠢ 120 ᠭᠠᠷᠤᠢ ᠲᠦᠮᠡᠨ ᠲᠣᠨ ᠠᠷᠪᠢᠯᠠᠭᠰᠠᠨ᠎ᠲᠠᠢ ᠲᠡᠩᠴᠡᠨ᠎ᠡ᠃ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠴᠠᠬᠢᠯᠭ᠋ᠠᠨ ᠬᠦᠴᠦᠨ᠎ᠤ ᠬᠥᠭᠵᠢᠯᠲᠡ ᠵᠢᠨ ᠲᠥᠯᠦᠪᠵᠢᠭᠦᠯᠭᠡ ᠵᠢᠨ ᠭᠣᠣᠯᠳᠠᠯᠭ᠎ᠠ ᠪᠣᠯᠬᠤ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠢᠨᠵᠧᠨᠧᠷᠢᠩ᠎ᠤᠨ ᠪᠠᠷᠢᠯᠭ᠎ᠠ ᠳᠠᠭᠤᠰᠴᠤ ᠠᠰᠢᠭᠯᠠᠯᠲᠠ᠎ᠳᠤ ᠣᠷᠣᠭᠰᠠᠨ᠎ᠨᠢ ᠬᠢᠩᠭ᠋ᠠᠨ ᠠᠢ᠌ᠮᠠᠭ᠎ᠠᠴᠠ ᠲᠦᠩᠯᠢᠶᠣᠣ᠎ᠳᠤ ᠴᠡᠪᠡᠷ ᠡᠨᠧᠷᠭᠢ ᠳᠠᠮᠵᠢᠭᠤᠯᠬᠤ ᠨᠡᠪᠲᠡᠷᠡᠯ ᠵᠠᠮ᠎ᠢ ᠨᠠᠪᠲᠠᠷᠡᠭᠦᠯᠵᠦ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠰᠢᠨ᠎ᠡ ᠡᠨᠧᠷᠭᠢ ᠵᠢ ᠴᠠᠬᠢᠯᠭ᠋ᠠᠨ ᠬᠦᠴᠦᠨ᠎ᠤ ᠲᠣᠣᠷ᠎ᠲᠤ ᠨᠡᠢ᠌ᠯᠡᠭᠦᠯᠬᠦ ᠪᠠ ᠳᠠᠮᠵᠢᠭᠤᠯᠬᠤ ᠪᠣᠭᠣᠮᠢ ᠵᠢ ᠪᠦᠲᠦᠮᠵᠢᠲᠡᠶ ᠨᠠᠮᠳᠠᠭᠤᠯᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠲᠣᠣᠷ᠎ᠤᠨ 《ᠬᠣᠶᠠᠷ ᠭᠤᠯᠳᠤ ᠨᠠᠢ᠍ᠮᠠᠨ ᠬᠥᠨᠳᠡᠯᠡᠨ》᠎ᠤ ᠨᠢᠷᠤᠭᠤᠪᠴᠢ ᠦᠢ᠍ᠯᠡᠳᠦᠯ ᠪᠦᠬᠦᠢ ᠲᠣᠣᠷ᠎ᠤᠨ ᠵᠢᠶᠠᠰᠠ ᠵᠢ ᠲᠦᠷᠭᠡᠳᠬᠡᠨ ᠪᠣᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠠᠯᠬᠢ ᠭᠡᠷᠡᠯᠴᠢ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠵᠠᠩᠭᠢᠯᠠᠭ᠎ᠠ ᠵᠢᠨ ᠲᠤᠯᠭ᠋ᠠᠭᠤᠷᠢᠯᠠᠯ ᠬᠠᠩᠭ᠋ᠠᠨ᠎ᠠ᠃ 


ᠢᠷᠡᠯᠲᠡ᠄ ᠬᠢᠩᠭ᠋ᠠᠨ ᠠᠢ᠌ᠮᠠᠭ᠎ᠤᠨ ᠵᠠᠬᠢᠷᠭ᠎ᠠ