ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠶᠢᠨ ᠡᠷᠢᠶᠡᠨ ᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡᠨ᠎ᠦ ᠪᠦᠷᠢᠳᠬᠡᠯ᠎ᠢ ᠦᠨᠳᠦᠰᠦᠯᠡᠪᠡᠯ᠂ 2025 ᠣᠨ᠎ᠤ 8 ᠳ᠋ᠤᠭᠠᠷ ᠰᠠᠷ᠎ᠠ᠎ᠶᠢᠨ 9᠎ᠦ ᠡᠳᠦᠷ᠂ ᠲᠣᠰ ᠥᠷᠲᠡᠭᠡ᠎ᠪᠡᠷ ᠬᠢᠯᠢ ᠣᠷᠣᠵᠤ ᠭᠠᠷᠤᠭ᠍ᠰᠠᠨ ᠬᠥᠮᠥᠰ᠎ᠢ ᠨᠡᠶ᠋ᠢᠲᠡ 13928 ᠬᠥᠮᠥᠨ ᠤᠳᠠᠭ᠎ᠠ ᠰᠢᠯᠭᠠᠨ ᠦᠩᠭᠡᠷᠡᠭᠡᠵᠤ᠂ ᠨᠢᠭᠡ ᠡᠳᠦᠷ᠎ᠦᠨ ᠰᠢᠯᠭᠠᠨ ᠦᠩᠭᠡᠷᠡᠭᠡᠭ᠌ᠰᠡᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃ 8 ᠳ᠋ᠤᠭᠠᠷ ᠰᠠᠷ᠎ᠠ ᠪᠣᠯᠬᠤ᠎ᠳᠤ᠂ ᠡᠷᠢᠶᠡᠨ ᠬᠢᠯᠢ᠎ᠶᠢᠨ ᠪᠣᠭᠣᠮᠲᠠ᠎ᠶᠢᠨ ᠡᠳᠦᠷ ᠳᠤᠮᠳᠠᠴᠢ᠎ᠶᠢᠨ ᠪᠣᠭᠣᠮᠲᠠ᠎ᠪᠠᠷ ᠥᠩᠭᠡᠷᠡᠬᠦ ᠠᠶᠠᠨᠴᠢᠳ 1.2 ᠲᠦᠮᠡᠨ ᠬᠥᠮᠥᠨ ᠤᠳᠠᠭ᠎ᠠ᠎ᠳᠤ ᠬᠦᠷᠴᠦ᠂ 《ᠭᠡᠷ ᠪᠦᠯᠢ᠎ᠶᠢᠨ ᠵᠢᠭᠤᠯᠴᠢᠯᠠᠯ》᠂《ᠰᠤᠳᠤᠯᠤᠨ ᠰᠤᠷᠤᠯᠴᠠᠬᠤ ᠵᠢᠭᠤᠯᠴᠢᠯᠠᠯ》 ᠪᠣᠯᠣᠨ 《ᠵᠢᠭᠤᠯᠴᠢᠯᠠᠯ᠎ᠤᠨ ᠪᠦᠯᠬᠦᠮ》 ᠵᠡᠷᠭᠡ᠎ᠶᠢᠨ ᠬᠡᠷᠡᠭᠴᠡᠭᠡ ᠨᠡᠮᠡᠭᠳᠡᠵᠦ᠂ ᠬᠢᠯᠢ᠎ᠶ᠋ᠢᠨ ᠪᠣᠭᠣᠮᠲᠠ ᠬᠦᠷ ᠨᠠᠷᠭᠢᠶᠠᠨ ᠪᠣᠯᠣᠨ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
ᠡᠨᠡ ᠵᠢᠯ᠎ᠡᠴᠡ ᠨᠠᠭᠠᠰᠢ᠂ ᠳᠤᠮᠳᠠᠳᠤ ᠮᠣᠩᠭᠣᠯ᠎ᠤᠨ ᠣᠯᠠᠨ ᠤᠯᠤᠰ᠎ᠤᠨ ᠠᠶᠠᠨᠴᠢᠳ᠎ᠤᠨ ᠭᠠᠯᠲᠤ ᠲᠡᠷᠭᠡ᠎ᠶᠢ ᠪᠥᠬᠥ ᠲᠠᠯ᠎ᠠ᠎ᠪᠠᠷ ᠰᠡᠷᠭᠦᠭᠡᠨ ᠠᠵᠢᠯᠯᠠᠭᠤᠯᠵᠤ᠂ ᠡᠷᠢᠶᠡᠨ ᠬᠣᠲᠠ᠎ᠶᠢᠨ ᠠᠭᠠᠷ ᠠᠶᠠᠯᠠᠯ᠎ᠤᠨ ᠬᠢᠯᠢ᠎ᠶ᠋ᠢᠨ ᠪᠣᠭᠣᠮᠲᠠ᠎ᠶᠢ ᠵᠢᠩᠬᠢᠨᠢ᠎ᠪᠡᠷ ᠨᠡᠭᠡᠭᠡᠵᠦ᠂ 《ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ》᠎ᠦᠨ ᠪᠣᠰᠣᠭ᠎ᠠ ᠴᠣᠭᠴᠠᠲᠤ ᠨᠡᠭᠡᠭᠡᠯᠲᠡ᠎ᠶᠢᠨ ᠰᠢᠨ᠎ᠡ ᠪᠠᠢᠷᠢᠰᠢᠯ᠎ᠢ ᠪᠣᠶ ᠪᠣᠯᠭᠠᠵᠤ᠂ ᠳᠤᠮᠳᠠᠳᠤ ᠮᠣᠩᠭᠣᠯ᠎ᠤᠨ 《ᠰᠢᠵᠢᠷ ᠠᠯᠲᠠᠨ ᠨᠡᠪᠲᠡᠷᠡᠯ ᠵᠠᠮ》᠎ᠤᠨ ᠬᠦᠭ᠌ᠵᠢᠶᠡᠨ᠎ᠲᠦ ᠪᠠᠢᠳᠠᠯ᠎ᠢᠶᠡᠷ ᠪᠢᠯᠬᠠᠵᠤ ᠪᠠᠢᠪᠠ᠃ 8 ᠳ᠋ᠤᠭᠠᠷ ᠰᠠᠷ᠎ᠠ᠎ᠶᠢᠨ 10᠎ᠤ ᠡᠳᠦᠷ ᠪᠣᠯᠲᠠᠯ᠎ᠠ᠂ ᠡᠨᠡ ᠵᠢᠯ ᠲᠣᠰ ᠦᠷᠳᠡᠭᠡ᠎ᠪᠠᠷ ᠬᠢᠯᠢ ᠣᠷᠣᠵᠤ ᠭᠠᠷᠤᠭ᠍ᠰᠠᠨ ᠬᠥᠮᠥᠨ᠎ᠢ ᠨᠡᠶ᠋ᠢᠲᠡ 173.1 ᠲᠦᠮᠡᠨ ᠬᠥᠮᠥᠨ ᠤᠳᠠᠭ᠎ᠠ ᠰᠢᠯᠭᠠᠨ ᠦᠩᠭᠡᠷᠡᠭᠡᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠪᠠᠭᠠᠵᠢ᠎ᠶᠢ ᠨᠡᠶ᠋ᠢᠲᠡ 5.4 ᠲᠦᠮᠡᠨ ᠲᠡᠷᠭᠡ (ᠴᠤᠪᠤᠭ᠎ᠠ/ ᠰᠠᠭᠤᠷᠢ) ᠤᠳᠠᠭ᠎ᠠ ᠰᠢᠯᠭᠠᠨ ᠦᠩᠭᠡᠷᠡᠭᠡᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 15.8% ᠪᠠ 19.1% ᠪᠡᠷ ᠨᠡᠮᠡᠭ᠌ᠳᠡᠨ᠂ ᠴᠥᠮ ᠲᠡᠦᠬᠡ᠎ᠶᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ᠃
ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠠᠶᠠᠨᠴᠢᠳ᠎ᠤᠨ ᠴᠤᠪᠤᠷᠠᠯ᠎ᠤᠨ ᠣᠷᠭᠢᠯ ᠦᠶ᠎ᠡ᠎ᠶᠢ ᠠᠷᠭᠠᠴᠠᠬᠤ᠎ᠶᠢᠨ ᠲᠥᠯᠥᠭᠡ᠂ ᠡᠷᠢᠶᠡᠨ ᠬᠣᠲᠠ᠎ᠶ᠋ᠢᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠥᠷᠲᠡᠭᠡ᠎ᠡᠴᠡ ᠵᠢᠵᠢᠭᠦᠷᠯᠡᠬᠦ᠌ ᠠᠵᠢᠯ᠎ᠢᠶᠠᠨ ᠰᠢᠨᠵᠢᠯᠡᠬᠦ ᠤᠬᠠᠭᠠᠨᠴᠢ᠎ᠪᠠᠷ ᠵᠣᠬᠢᠶᠠᠨ ᠪᠠᠢᠭᠤᠯᠵᠤ᠂ ᠴᠠᠭᠳᠠᠭᠠᠨ᠎ᠤ ᠬᠦᠴᠦᠨ᠎ᠢ ᠭᠦᠢᠴᠡᠳ ᠲᠣᠬᠢᠷᠠᠭᠤᠯᠤᠨ᠂ ᠦᠷᠳᠡᠭᠡᠨ᠎ᠤ ᠭᠠᠳᠠᠨᠠᠬᠢ ᠪᠠᠢᠴᠠᠭᠠᠭ᠍ᠴᠢ᠎ᠶᠢ ᠨᠡᠮᠡᠨ ᠲᠣᠬᠢᠷᠠᠭᠤᠯᠤᠨ ᠪᠠᠢᠴᠠᠭᠠᠯᠭᠠᠬᠤ᠎ᠪᠠᠷ ᠬᠦᠯᠢᠶᠡᠵᠤ ᠪᠠᠢᠭ᠎ᠠ ᠬᠦᠮᠦᠰ᠎ᠦᠨ ᠡᠮᠬᠢ ᠵᠢᠷᠤᠮ᠎ᠢ ᠬᠠᠮᠠᠭᠠᠯᠠᠨ᠂ ᠪᠣᠭᠣᠮᠲᠠ᠎ᠪᠠᠷ ᠥᠩᠭᠡᠷᠡᠬᠦ ᠯᠠᠪᠯᠠᠯᠲᠠ᠎ᠳᠤ ᠬᠠᠷᠢᠭᠤᠯᠲᠠ ᠥᠭᠴᠦ᠂ ᠬᠥᠭᠰᠢᠨ ᠵᠡᠮᠳᠡᠭ ᠶᠠᠳᠠᠷ ᠡᠪᠡᠳᠴᠢᠨ ᠵᠢᠷᠮᠦᠰᠦᠨ ᠵᠢᠴᠢ ᠣᠨᠴᠠᠭᠠᠶ ᠬᠡᠷᠡᠭᠴᠡᠭᠡ᠎ᠲᠠᠢ ᠠᠶᠠᠨᠴᠢᠳ᠎ᠲᠤ ᠪᠣᠭᠣᠮᠲᠠ᠎ᠪᠠᠷ ᠥᠩᠭᠡᠷᠡᠬᠦ᠎ᠳᠦ ᠳᠦᠭᠦᠮᠯᠡᠪᠡ᠃ ᠡᠭᠦᠨ᠎ᠦ ᠬᠠᠮᠲᠤ᠂ ᠬᠢᠯᠢ᠎ᠶ᠋ᠢᠨ ᠪᠣᠭᠣᠮᠲᠠ᠎ᠶᠢᠨ ᠣᠷᠭᠢᠯ ᠬᠤᠭᠤᠴᠠᠭᠠᠨ᠎ᠳᠠᠬᠢ ᠪᠣᠭᠣᠮᠲᠠ᠎ᠪᠠᠷ ᠥᠩᠭᠡᠷᠡᠬᠦ ᠳ᠋ᠠᠢᠲ᠋ᠠ ᠪᠠ ᠵᠢᠮ᠎ᠡ ᠶᠣᠰᠣᠨ᠎ᠤ ᠣᠨᠴᠠᠯᠢᠭ᠋᠎ᠲᠠᠢ ᠤᠶᠠᠯᠳᠤᠭᠤᠯᠤᠨ᠂ 《ᠬᠣᠶᠠᠷ᠎ᠢ ᠨᠡᠢᠲᠡᠯᠡᠵᠦ ᠨᠢᠭᠡ᠎ᠶᠢ ᠰᠠᠨᠠᠭᠤᠯᠬᠤ》 ᠤᠷᠢᠳᠴᠢᠯᠠᠨ ᠮᠡᠳᠡᠭᠳᠡᠬᠦ ᠦᠢᠯᠡᠴᠢᠯᠡᠭᠡ᠎ᠶᠢ ᠠᠬᠢᠭᠤᠯᠵᠤ᠂ ᠠᠶᠠᠨᠴᠢᠳ᠎ᠢ ᠬᠥᠲᠥᠯᠥᠨ ᠵᠢᠯᠤᠭᠣᠳᠴᠤ ᠪᠠᠢᠭᠠᠳ ᠠᠶᠠᠨ᠎ᠤ ᠵᠠᠮ᠎ᠢᠶᠠᠨ ᠵᠦᠢ ᠵᠣᠬᠢᠰᠲᠠᠢ ᠲᠣᠬᠢᠷᠠᠭᠤᠯᠤᠨ᠂ ᠣᠷᠬᠢᠯ ᠬᠤᠭᠤᠴᠠᠭ᠎ᠠ᠎ᠠᠴᠠ ᠨᠢ ᠵᠠᠢᠯᠠᠰᠭᠢᠨ ᠦᠩᠭᠡᠷᠡᠭᠡᠨ ᠨᠠᠪᠲᠠᠷᠡᠭᠦᠯᠵᠦ᠂ ᠬᠢᠯᠢ᠎ᠶ᠋ᠢᠨ ᠪᠣᠭᠣᠮᠲᠠ᠎ᠪᠠᠷ ᠥᠩᠭᠡᠷᠡᠬᠦ᠎ᠳᠤ ᠠᠮᠤᠷ ᠲᠦᠪᠰᠢᠨ᠎ᠦ ᠰᠠᠭᠠᠳ ᠦᠭᠡᠢ ᠪᠠᠢᠬᠤ᠎ᠶᠢ ᠪᠥᠬᠥ ᠬᠦᠴᠦᠨ᠎ᠢᠶᠡᠷ᠎ᠢᠶᠡᠨ ᠪᠠᠳᠤᠯᠠᠵᠤ ᠪᠠᠢᠨ᠎ᠠ᠃