ᠣᠢᠷ᠎ᠠ᠎ᠶᠢᠨ ᠵᠢᠯ᠎ᠦᠳ᠎ᠲᠦ᠂ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠬᠡ ᠠᠩᠭᠢ᠎ᠨᠢ ᠠᠮᠤᠭᠤᠯᠠᠩᠲᠤ ᠬᠢᠯᠢ᠎ᠶᠢᠨ ᠪᠠᠢᠭᠤᠯᠤᠯᠲᠠ᠎ᠶᠢᠨ ᠭᠣᠣᠯᠯᠠᠭ᠍ᠴᠢ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ᠎ᠶᠢᠨ ᠴᠠᠭᠳᠠᠭᠠᠨ᠎ᠤ ᠶᠠᠪᠤᠳᠠᠯ᠎ᠤᠨ ᠬᠡᠪ ᠵᠠᠭᠪᠤᠷ᠎ᠲᠤ ᠰᠢᠨ᠎ᠡ᠎ᠶᠢ ᠡᠭᠦᠳᠴᠦ᠂ ᠳ᠋ᠠᠢᠲ᠋ᠠ᠎ᠶᠢ ᠬᠠᠮᠲᠤ᠎ᠪᠠᠷ ᠡᠳ᠋ᠯᠡᠬᠦ ᠪᠠ ᠬᠠᠮᠵᠢᠯᠴᠠᠨ ᠬᠥᠳᠡᠯᠦᠯᠴᠡᠬᠦ ᠲᠣᠭᠲᠠᠴᠠ᠎ᠶᠢ ᠪᠦᠷᠢᠨᠰᠢᠭᠦᠯᠵᠦ᠂ 《ᠭᠤᠷᠪᠠᠨ ᠰᠢᠨ᠎ᠡ ᠪᠠᠢᠭᠤᠯᠤᠯᠲᠠ》᠎ᠶ᠋ᠢᠨ ᠪᠠᠢᠷᠢᠯᠠᠭᠤᠯᠤᠯᠲᠠ᠎ᠶᠢ ᠭᠦᠨᠵᠡᠭᠡᠢᠷᠡᠭᠦᠯᠦᠨ᠂ ᠬᠢᠯᠢ᠎ᠶᠢᠨ ᠵᠠᠰᠠᠯᠲᠠ᠎ᠶᠢᠨ ᠴᠢᠳᠠᠪᠤᠷᠢ᠎ᠪᠠᠨ ᠪᠦᠬᠦ ᠬᠦᠴᠦᠨ᠎ᠢᠶᠠᠷ᠎ᠢᠶᠠᠨ ᠳᠡᠭᠡᠭᠰᠢᠯᠡᠭᠦᠯᠵᠦ᠂ ᠤᠮᠠᠷᠠᠲᠤ ᠬᠢᠵᠠᠭᠠᠷ᠎ᠤᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠪᠡᠬᠢᠵᠢᠭᠦᠯᠬᠦ᠎ᠳᠦ ᠦᠷᠭᠦᠯᠵᠢᠯᠡᠨ ᠬᠦᠴᠦᠨ ᠨᠡᠮᠡᠷᠢᠯᠡᠪᠡ᠃

ᠰᠡᠷᠭᠡᠢᠯᠡᠨ ᠡᠵᠡᠮᠳᠡᠬᠦ ᠪᠣᠰᠣᠭ᠎ᠠ ᠴᠣᠭ᠍ᠴᠠᠲᠤ ᠲᠣᠣᠷ ᠰᠦᠯᠵᠢᠶ᠎ᠡ᠎ᠶ᠋ᠢ ᠨᠢᠭ᠍ᠲᠠ ᠰᠦᠯᠵᠢᠵᠦ᠂ ᠠᠮᠤᠷ ᠲᠦᠪᠰᠢᠨ᠎ᠦ ᠰᠠᠭᠤᠷᠢ᠎ᠶᠢ ᠪᠠᠲᠤᠳᠬᠠᠪᠠ᠃ ᠬᠢᠯᠢ ᠳᠠᠭᠠᠤ ᠵᠠᠮ ᠱᠤᠭᠤᠮ᠎ᠢᠶᠠᠷ ᠬᠢᠯᠢ᠎ᠶᠢᠨ ᠰᠠᠨᠠᠭᠤᠯᠤᠮᠵᠢ᠎ᠶᠢᠨ ᠫᠠᠶ᠋ᠢᠰᠠ᠎ᠶᠢ 76 ᠪᠣᠰᠭᠠᠵᠤ᠂ ᠬᠢᠯᠢ᠎ᠶᠢᠨ ᠴᠠᠭᠳᠠᠭᠠᠨ᠎ᠤ ᠶᠠᠪᠤᠳᠠᠯ᠎ᠤᠨ ᠲᠠᠰᠤᠭ᠎ᠢ 16 ᠪᠠᠢᠷᠢᠯᠠᠭᠤᠯᠵᠤ᠂ ᠴᠢᠩᠭ᠎ᠠ ᠨᠢᠮᠪᠠᠶ ᠰᠡᠷᠭᠡᠶ᠋ᠢᠯᠡᠨ ᠡᠵᠡᠮᠳᠡᠬᠦ ᠲᠣᠭᠲᠠᠯᠴᠠᠭ᠎ᠠ᠎ᠶᠢ ᠪᠣᠶ ᠪᠣᠯᠭᠠᠵᠤ᠂ ᠪᠥᠬᠦ ᠵᠢᠯ᠎ᠳᠤ ᠨᠡᠢᠲᠡ ᠲᠡᠷᠭᠡ ᠬᠥᠰᠬᠡ᠎ᠶᠢ 18.3 ᠲᠦᠮᠡᠨ ᠰᠠᠤᠷᠢ ᠤᠳᠠᠭ᠎ᠠ ᠪᠠᠢᠴᠠᠭᠠᠨ ᠰᠢᠯᠭᠠᠵᠤ᠂ ᠬᠦᠮᠦᠨ ᠬᠠᠷ᠎ᠠ᠎ᠶᠢ 28.9 ᠲᠦᠮᠡᠨ ᠬᠥᠮᠦᠨ ᠤᠳᠠᠭ᠎ᠠ ᠪᠠᠶ᠋ᠢᠴᠠᠭᠠᠨ ᠰᠢᠯᠭᠠᠵᠤ᠂ ᠵᠠᠬᠢᠷᠤᠨ ᠬᠠᠮᠢᠶᠠᠷᠬᠤ ᠴᠢᠬᠤᠯᠠᠲᠠᠢ ᠢᠷᠲᠦ ᠪᠠᠭᠠᠵᠢ᠎ᠶᠢ 39 ᠬᠤᠷᠢᠶᠠᠨ ᠲᠤᠰᠢᠶᠠᠯᠭᠠᠵᠤ᠂ 310 ᠭᠠᠷᠤᠶ ᠬᠥᠮᠦᠨ ᠤᠳᠠᠭ᠎ᠠ ᠬᠢᠯᠢ᠎ᠪᠡᠷ ᠴᠠᠭ᠍ᠳᠠᠬᠤ ᠠᠵᠢᠯ᠎ᠳᠤ ᠣᠷᠣᠯᠴᠠᠵᠤ ᠬᠢᠯᠢ᠎ᠶᠢᠨ ᠰᠡᠷᠭᠡᠶ᠋ᠢᠯᠡᠯᠲᠡ᠎ᠶᠢᠨ ᠱᠤᠭᠤᠮ᠎ᠢ ᠬᠠᠮᠲᠤ᠎ᠪᠠᠷ ᠪᠠᠬᠢᠵᠢᠭᠦᠯᠪᠡ᠃ ᠡᠮᠡᠭᠲᠡᠶ ᠲᠤᠰᠠᠯᠠᠬᠤ ᠴᠠᠭᠳᠠᠭ᠎ᠠ᠎ᠪᠠᠷ ᠪᠦᠷᠢᠯᠳᠦᠭᠰᠡᠨ 《ᠬᠢᠯᠢ᠎ᠶ᠋ᠢ ᠭᠡᠢᠭᠦᠯᠦᠭ᠌ᠰᠡᠨ ᠤᠯᠠᠭᠠᠨ ᠥᠩᠭᠡᠲᠡᠨ》᠎ᠦ ᠡᠮᠡᠭᠲᠡᠶ᠋ᠢᠴᠦᠳ᠎ᠤᠨ ᠬᠢᠯᠢ᠎ᠶᠢᠨ ᠴᠠᠭᠳᠠᠨ ᠲᠣᠭᠤᠷᠢᠬᠤ ᠠᠩᠭᠢ ᠪᠣᠯ ᠠᠮᠤᠷ ᠲᠦᠪᠰᠢᠨ᠎ᠤ ᠪᠠᠶ᠋ᠢᠭᠤᠯᠤᠯᠲᠠ ᠳᠤᠮᠳᠠᠬᠢ ᠬᠠᠷᠠᠭ᠎ᠠ ᠪᠤᠯᠢᠶᠠᠮ᠎ᠠ ᠭᠢᠯᠠᠰ ᠴᠡᠭ ᠪᠣᠯᠣᠨ᠎ᠠ᠃ ᠲᠡᠳᠡ ᠬᠢᠯᠢ᠎ᠶᠢᠨ ᠭᠤᠣᠯᠳᠠᠯᠭ᠎ᠠ ᠪᠣᠯᠬᠤ ᠣᠷᠣᠨ᠎ᠨᠤᠭᠤᠳ᠎ᠲᠤ ᠪᠠᠶ᠋ᠢᠩᠭᠤ ᠰᠠᠭᠤᠷᠢᠰᠢᠵᠤ᠂ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ᠎ᠶᠢ ᠲᠦᠭᠡᠮᠡᠯᠵᠢᠭᠦᠯᠬᠦ ᠤᠬᠠᠭᠤᠯᠤᠭ᠍ᠴᠢ᠂ ᠵᠥᠷᠢᠴᠡᠯ᠎ᠢ ᠡᠶᠡᠳᠡᠭᠦᠯᠦᠭᠴᠢ ᠪᠠ ᠤᠯᠠᠨ ᠲᠦᠮᠡᠨ᠎ᠤ ᠦᠢᠯᠡᠴᠢᠯᠡᠭᠴᠢ ᠪᠣᠯᠵᠤ᠂ ᠠᠯᠬᠤᠴᠠ᠎ᠪᠠᠷ᠎ᠢᠶᠠᠨ ᠬᠢᠯᠢ᠎ᠶᠢᠨ ᠱᠤᠭᠤᠮ᠎ᠢ ᠬᠡᠮᠵᠢᠶᠡᠯᠡᠵᠦ᠍᠂ ᠬᠠᠷᠢᠶ᠎ᠠ ᠣᠷᠣᠨ᠎ᠤ ᠤᠯᠠᠨ ᠲᠦᠮᠡᠨ᠎ᠳᠤ ᠳᠤᠯᠠᠭᠠᠴᠠ᠎ᠲᠠᠢ᠎ᠪᠠᠷ ᠦᠢᠯᠡᠴᠢᠯᠡᠵᠦ᠂ ᠨᠢᠭᠡ ᠭᠠᠵᠠᠷ ᠨᠤᠲᠤᠭ᠎ᠤᠨ ᠠᠮᠤᠷ ᠲᠦᠪᠰᠢᠨ᠎ᠢ ᠰᠠᠬᠢᠨ ᠬᠠᠮᠠᠭᠠᠯᠠᠬᠤ ᠦᠵᠡᠰᠬᠦᠯᠡᠩᠲᠦ ᠰᠠᠶ᠋ᠢᠬᠠᠨ ᠨᠡᠷ᠎ᠡ᠎ᠶᠢᠨ ᠬᠠᠭᠤᠳᠠᠰᠤ ᠪᠣᠯᠤᠭᠰᠠᠨ ᠪᠠᠶ᠋ᠢᠨ᠎ᠠ᠃
ᠣᠯᠠᠨ ᠡᠰᠢᠲᠦ ᠬᠠᠮᠲᠤ᠎ᠪᠠᠷ ᠵᠠᠰᠠᠬᠤ ᠨᠡᠢᠯᠡᠯ ᠬᠦᠴᠦᠨ᠎ᠢ ᠨᠢᠭ᠍ᠲᠠᠷᠠᠭᠤᠯᠵᠤ᠂ ᠵᠠᠰᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠬᠡ ᠠᠩᠭᠢ᠎ᠨᠢ ᠲᠤᠰᠬᠠᠢ ᠮᠡᠷᠭᠡᠵᠢᠯ᠎ᠤᠨ ᠬᠠᠤᠯᠢ ᠬᠡᠷᠡᠭ᠌ᠵᠢᠭᠦᠯᠦᠯᠲᠡ᠎ᠶ᠋ᠢᠨ ᠡᠩᠨᠡᠭᠡ᠎ᠶᠢ ᠬᠦᠴᠦᠯᠡᠨ ᠳᠠᠪᠲᠠᠨ ᠪᠣᠯᠪᠠᠰᠤᠷᠠᠭᠤᠯᠵᠤ᠂ 7 ᠨᠡᠷᠡᠰ ᠠᠷᠠᠳ᠎ᠤᠨ ᠴᠠᠭᠳᠠᠭ᠎ᠠ ᠨᠢ ᠤᠯᠤᠰ᠎ᠤᠨ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠰᠢᠯᠭᠠᠯᠲᠠ᠎ᠪᠡᠷ ᠳᠠᠮᠵᠢᠨ᠂ ᠬᠠᠤᠯᠢ ᠬᠡᠷᠡᠭᠵᠢᠭᠦᠯᠦᠯᠲᠡ᠎ᠶᠢ ᠵᠢᠷᠤᠮᠵᠢᠭᠤᠯᠬᠤ᠎ᠳᠤ ᠲᠤᠰᠬᠠᠢ ᠮᠡᠷᠭᠡᠵᠢᠯ᠎ᠤᠨ ᠬᠦᠴᠦᠨ ᠨᠡᠮᠡᠷᠢᠯᠡᠪᠡ᠃ ᠪᠠᠴᠢᠮ ᠪᠠᠶ᠋ᠢᠳᠠᠯ᠎ᠢ ᠠᠷᠭᠠᠴᠠᠭᠠᠵᠤ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ ᠴᠢᠳᠠᠪᠤᠷᠢ᠎ᠪᠡᠨ ᠴᠢᠩᠭᠠᠷᠠᠭᠤᠯᠬᠤ᠎ᠶᠢᠨ ᠲᠥᠯᠥᠭᠡ᠂ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠭᠡ ᠠᠩᠭᠢ ᠪᠠᠰᠠ ᠬᠢᠯᠢ᠎ᠶ᠋ᠢᠨ ᠴᠠᠭ᠍ᠳᠠᠨ ᠡᠵᠡᠮᠳᠡᠬᠦ ᠠᠩᠭᠢ ᠪᠠ ᠬᠢᠯᠢ᠎ᠶᠢᠨ ᠪᠠᠶ᠋ᠢᠴᠠᠭᠠᠯᠲᠠ᠎ᠶᠢᠨ ᠥᠷᠲᠡᠭᠡᠨ᠎ᠦ ᠵᠢᠵᠢᠭᠦᠷᠯᠡᠬᠦ ᠠᠩᠭᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠬᠤ ᠬᠦᠴᠦᠨ᠎ᠢ ᠨᠡᠢᠳᠬᠡᠵᠦ᠂ ᠬᠢᠯᠢ᠎ᠶ᠋ᠢᠨ ᠪᠣᠭᠤᠮᠲᠠ᠎ᠶᠢᠨ ᠬᠢᠯᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠬᠤ ᠭᠡᠨᠡᠳᠲᠡ᠎ᠶᠢᠨ ᠬᠡᠷᠡᠭ᠎ᠢ ᠰᠢᠢᠳᠪᠦᠷᠢᠯᠡᠬᠦ ᠡᠩᠨᠡᠭᠡ᠎ᠶᠢ ᠵᠣᠬᠢᠶᠠᠨ ᠪᠠᠶ᠋ᠢᠭᠤᠯᠵᠤ᠂ 5 ᠲᠥᠷᠥᠯ᠎ᠤᠨ 12 ᠵᠦᠢᠯ᠎ᠤᠨ ᠭᠡᠨᠡᠳᠲᠡ᠎ᠶᠢᠨ ᠬᠡᠷᠡᠭ᠎ᠢ ᠬᠠᠮᠲᠤᠷᠠᠨ ᠰᠢᠢᠳᠪᠦᠷᠢᠯᠡᠬᠦ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠳᠠᠭᠠᠷᠢᠯᠲᠠ᠎ᠶᠢᠨ ᠰᠡᠷᠭᠡᠶ᠋ᠢᠯᠡᠯᠲᠡ᠎ᠶᠢᠨ ᠰᠣᠷᠢᠯᠲᠠ᠎ᠶᠢ ᠪᠠᠢᠩᠭᠤᠰᠢᠭᠤᠯᠤᠨ ᠥᠷᠨᠢᠭᠦᠯᠵᠦ᠂ ᠡᠯ᠎ᠡ ᠲᠥᠷᠥᠯ᠎ᠤᠨ ᠭᠡᠨᠡᠳᠲᠡ᠎ᠶᠢᠨ ᠪᠠᠶ᠋ᠢᠳᠠᠯ ᠡᠭᠦᠰᠭᠦ᠎ᠳᠦ ᠲᠦᠷᠭᠡᠨ᠎ᠢᠶᠡᠷ ᠴᠤᠤᠷᠢᠶᠠᠳᠤᠨ ᠳᠠᠭᠠᠵᠤ᠂ ᠲᠣᠬᠢᠲᠠᠶ ᠰᠢᠢᠳᠪᠦᠷᠢᠯᠡᠬᠦ᠎ᠶᠢ ᠦᠨᠡᠨ ᠬᠦ᠌ ᠪᠠᠲᠤᠯᠠᠵᠤ᠂ ᠠᠮᠤᠭᠤᠯᠠᠩᠲᠤ ᠬᠢᠯᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠬᠤ ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ ᠪᠡᠬᠢᠵᠢᠭᠦᠯᠵᠦ᠍ ᠪᠣᠢ᠃
ᠵᠠᠰᠠᠯᠲᠠ᠎ᠶᠢᠨ ᠦᠢᠯᠡᠴᠢᠯᠡᠭᠡᠨ᠎ᠤ ᠬᠡᠪ ᠵᠠᠭᠪᠤᠷ᠎ᠲᠤ ᠰᠢᠨ᠎ᠡ᠎ᠶᠢ ᠡᠭᠦᠳᠴᠦ᠂ ᠬᠢᠯᠢ᠎ᠶᠢᠨ ᠡᠶ᠎ᠡ ᠵᠣᠬᠢᠴᠠᠯ᠎ᠢ ᠰᠠᠬᠢᠨ ᠬᠠᠮᠠᠭᠠᠯᠠᠪᠠ᠃ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠬᠡ ᠠᠩᠭᠢ᠎ᠨᠢ ᠬᠢᠯᠢ᠎ᠶᠢᠨ ᠴᠠᠭᠳᠠᠭᠠᠨ᠎ᠤ ᠶᠠᠪᠤᠳᠠᠯ᠎ᠤᠨ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠭᠦᠨᠵᠡᠭᠡᠢᠷᠡᠭᠦᠯᠵᠦ᠂ ᠬᠠᠤᠯᠢ ᠴᠠᠭᠠᠵᠠ᠎ᠶᠢᠨ ᠭᠠᠵᠠᠷ᠂ ᠬᠥᠳᠡᠯᠮᠦᠷᠢ ᠪᠠᠲᠤᠯᠠᠭ᠎ᠠ᠎ᠶᠢᠨ ᠭᠠᠵᠠᠷ ᠵᠡᠷᠭᠡ ᠣᠯᠠᠨ ᠲᠠᠯ᠎ᠠ᠎ᠶᠢᠨ ᠬᠦᠴᠦᠨ ᠯᠦ᠍ᠭᠡ ᠬᠣᠯᠪᠣᠭᠠᠯᠠᠨ ᠬᠥᠳᠡᠯᠦᠯᠴᠡᠵᠦ᠂ 《ᠳᠣᠯᠣᠭᠠᠨ ᠬᠤᠪᠢ᠎ᠶ᠋ᠢᠨ ᠪᠠᠲᠤᠯᠠᠭ᠎ᠠ᠎ᠲᠠᠢ᠎ᠪᠠᠷ ᠵᠦᠷᠢᠴᠡᠯ᠎ᠢ ᠵᠣᠬᠢᠴᠠᠭᠤᠯᠬᠤ》 ᠵᠥᠷᠢᠴᠡᠯ᠎ᠢ ᠡᠶᠡᠳᠡᠭᠦᠯᠬᠦ᠌ ᠠᠷᠭ᠎ᠠ᠎ᠶᠢ ᠭᠠᠷᠭᠠᠵᠤ᠂ 353 ᠤᠳᠠᠭᠠᠨ᠎ᠤ ᠵᠥᠷᠢᠴᠡᠯ ᠵᠠᠭᠤᠷᠠᠯᠳᠤᠭᠠᠨ᠎ᠢ ᠠᠮᠵᠢᠯᠲᠠ᠎ᠲᠠᠢ ᠨᠠᠮᠳᠠᠭᠤᠯᠪᠠ᠂ ᠡᠭᠦᠨ᠎ᠳᠤ ᠠᠷᠪᠠ ᠭᠠᠷᠤᠢ ᠵᠢᠯ᠎ᠢᠶᠡᠷ ᠦᠷᠭᠦᠯᠵᠢᠯᠡᠭ᠌ᠰᠡᠨ ᠭᠣᠣᠯᠳᠠᠯᠭ᠎ᠠ ᠪᠣᠯᠬᠤ ᠵᠠᠭᠤᠷᠠᠯᠳᠤᠭᠠᠨ᠎ᠢ 3 ᠤᠳᠠᠭ᠎ᠠ᠂ 50 ᠭᠠᠷᠤᠢ ᠬᠥᠮᠦᠨ᠎ᠳᠦ ᠬᠣᠯᠪᠣᠭᠳᠠᠭᠰᠠᠨ ᠵᠠᠭᠤᠷᠠᠯᠳᠤᠭᠠᠨ᠎ᠢ 2 ᠤᠳᠠᠭ᠎ᠠ ᠨᠠᠮᠳᠠᠭᠤᠯᠪᠠ᠂ ᠣᠯᠠᠨ ᠲᠦᠮᠡᠨ᠎ᠳᠤ ᠬᠥᠳᠡᠯᠮᠦᠷᠢ ᠬᠦᠴᠦᠨ᠎ᠤ ᠴᠠᠯᠢᠩ᠂ ᠭᠠᠵᠠᠷ ᠡᠵᠡᠯᠡᠭᠰᠡᠨ ᠨᠥᠬᠥᠪᠥᠷᠢ᠎ᠶᠢᠨ ᠵᠣᠭᠣᠰ ᠵᠡᠷᠭᠡ 550 ᠭᠠᠷᠤᠢ ᠲᠦᠮᠡᠨ ᠲᠥᠭᠥᠷᠢᠭ᠎ᠢ ᠡᠬᠡᠭᠦᠯᠦᠨ ᠠᠪᠴᠢᠷᠠᠵᠤ ᠥᠭᠪᠡ᠃ ᠭᠠᠳᠠᠭᠠᠳᠤ᠎ᠲᠠᠢ ᠬᠤᠯᠪᠣᠭᠳᠠᠬᠤ ᠵᠠᠰᠠᠯᠲᠠ᠎ᠶᠢᠨ ᠬᠡᠷᠡᠭᠴᠡᠭᠡ᠎ᠳᠤ ᠴᠢᠭᠯᠡᠭᠦᠯᠦᠨ᠂ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠭᠡ ᠠᠩᠭᠢ ᠨᠢ ᠭᠠᠳᠠᠭᠠᠳᠤ᠎ᠲᠠᠢ ᠬᠤᠯᠪᠣᠭᠳᠠᠬᠤ ᠵᠦᠷᠢᠴᠡᠯ ᠵᠠᠭᠤᠷᠠᠯᠳᠤᠭᠠᠨ᠎ᠢ ᠡᠶᠡᠳᠡᠭᠦᠯᠬᠦ ᠲᠥᠪ ᠳᠣᠬᠢᠷᠠᠭᠤᠯᠵᠤ᠂ ᠭᠠᠳᠠᠭᠠᠳᠤ᠎ᠲᠠᠢ ᠬᠤᠯᠪᠣᠭᠳᠠᠬᠤ 11 ᠤᠳᠠᠭᠠᠨ᠎ᠤ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠵᠤ᠂ ᠭᠠᠳᠠᠭᠠᠳᠤ᠎ᠲᠠᠢ ᠬᠤᠯᠪᠣᠭᠳᠠᠬᠤ ᠵᠦᠷᠢᠴᠡᠯ᠎ᠢ ᠡᠶᠡᠳᠡᠭᠦᠯᠬᠦ ᠲᠡᠭᠦᠨ᠎ᠤ ᠡᠭᠦᠳᠦᠭᠰᠡᠨ ᠠᠵᠢᠯ᠎ᠤᠨ ᠠᠷᠭ᠎ᠠ ᠨᠢ ᠪᠥᠬᠦ ᠤᠯᠤᠰ᠎ᠤᠨ 《ᠹᠧᠩ ᠴᠢᠶᠣᠤ᠎ᠶᠢᠨ ᠲᠤᠷᠰᠢᠯᠭ᠎ᠠ》᠎ᠶ᠋ᠢᠨ ᠲᠡᠷᠢᠭᠦᠨ᠎ᠤ ᠨᠡᠶ᠋ᠢᠲᠡᠯᠢᠭ ᠬᠡᠷᠡᠭ᠎ᠢᠶᠡᠷ ᠰᠣᠩᠭᠤᠭᠳᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠬᠠᠤᠯᠢᠵᠢᠯ᠎ᠢᠶᠠᠷ ᠠᠷᠠᠳ᠎ᠲᠤ ᠦᠢᠯᠡᠴᠢᠯᠡᠬᠦ᠌ ᠰᠢᠨ᠎ᠡ᠎ᠶᠢ ᠡᠭᠦᠳᠦᠭᠰᠡᠨ ᠬᠡᠷᠡᠭ᠎ᠤᠨ ᠵᠢᠱ᠌ᠢᠶ᠎ᠡ》᠎ᠪᠠᠷ ᠦᠨᠡᠯᠡᠭᠳᠡᠪᠡ᠃ ᠮᠠᠨᠵᠤᠤᠷ᠎ᠤᠨ ᠬᠢᠯᠢ᠎ᠶᠢᠨ ᠬᠠᠮᠢᠶᠠᠷᠤᠯᠲᠠ᠎ᠶᠢᠨ ᠶᠡᠬᠡ ᠠᠩᠭᠢ ᠨᠢ ᠲᠤᠰᠬᠠᠢ ᠦᠢᠯᠡᠴᠢᠯᠡᠭᠡ᠎ᠪᠠᠷ ᠬᠢᠯᠢ ᠬᠢᠵᠠᠭᠠᠷ ᠣᠷᠣᠨ᠎ᠤ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭᠠᠯᠠᠵᠤ᠂ ᠠᠮᠤᠭᠤᠯᠠᠩᠲᠤ ᠬᠢᠯᠢ᠎ᠶᠢᠨ ᠪᠠᠢᠭᠤᠯᠤᠯᠲᠠ᠎ᠳᠤ ᠠᠮᠢᠳᠤᠯᠢᠭ᠋ ᠲᠠᠢᠯᠪᠤᠷᠢᠯᠠᠯᠲᠠ ᠪᠢᠴᠢᠭ᠌ᠯᠡᠭ᠌ᠰᠡᠭᠡᠷ ᠪᠣᠢ᠃