ᠰᠤᠷᠪᠤᠯᠵᠢᠯᠠᠭ᠍ᠴᠢ ᠪᠠᠶᠠᠨᠨᠠᠭᠤᠷ ᠬᠣᠲᠠ᠎ᠶᠢᠨ ᠤᠰᠤᠨ ᠠᠰᠢᠭ᠍ᠯᠠᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ ᠂ 《 ᠪᠠᠶᠠᠨᠨᠠᠭᠤᠷ ᠬᠣᠲᠠ᠎ᠶᠢᠨ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢᠨ ᠳᠦᠷᠢᠮ 》 ( ᠳᠣᠷᠣᠭ᠍ᠰᠢ 《 ᠳᠦᠷᠢᠮ 》 ᠭᠡᠵᠦ ᠲᠣᠪᠴᠢᠯᠠᠨ᠎ᠠ )᠎ᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯᠳᠤᠭᠠᠨ᠎ᠢᠶᠠᠷ ᠵᠥᠪᠰᠢᠶᠡᠷᠡᠭᠦᠯᠦᠭᠡᠳ ᠂ 2026 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠬᠦ᠎ᠪᠡᠷ ᠪᠠᠢᠨ᠎ᠠ᠃ ᠲᠣᠰ 《 ᠳᠦᠷᠢᠮ 》 ᠪᠣᠯ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠳᠤ ᠴᠢᠭᠯᠡᠭᠦᠯᠦᠭᠰᠡᠨ ᠣᠷᠣᠨ ᠨᠤᠲᠤᠭ᠎ᠤᠨ ᠴᠢᠨᠠᠷᠲᠠᠢ ᠠᠩᠬᠠᠳᠠᠭ᠍ᠴᠢ ᠬᠠᠤᠯᠢ ᠲᠣᠭᠲᠠᠭᠠᠯ ᠪᠣᠯᠣᠨ᠎ᠠ ᠂ ᠡᠨᠡ ᠨᠢ ᠤᠰᠤᠯᠠᠯᠲᠠ᠎ᠶᠢᠨ ᠣᠷᠣᠨ᠎ᠤ ᠤᠰᠤ ᠠᠷᠪᠢᠯᠠᠬᠤ ᠬᠠᠮᠢᠶᠠᠷᠤᠯᠲᠠ ᠬᠠᠤᠯᠢ᠎ᠪᠠᠷ ᠵᠠᠰᠠᠬᠤ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ ᠃
《ᠳᠦᠷᠢᠮ》᠎ᠳᠤ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤ ᠵᠠᠯᠠᠬᠤ ᠳᠣᠯᠣᠳᠤᠭᠠᠷ ᠳᠡᠰ᠎ᠤᠨ ᠣᠨᠴᠠᠯᠢᠭ᠋᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢ ᠬᠢᠵᠠᠭᠠᠷᠯᠠᠬᠤ᠂ ᠲᠥᠯᠥᠪᠯᠡᠭᠡ᠎ᠲᠠᠢ᠎ᠪᠡᠷ ᠤᠰᠤ ᠬᠡᠷᠡᠭᠯᠡᠬᠦ᠂ ᠪᠠᠷᠢᠯᠭ᠎ᠠ᠎ᠳᠤ ᠤᠰᠤ ᠠᠷᠪᠢᠯᠠᠬᠤ᠂ ᠲᠠᠷᠢᠶᠠᠯᠠᠩ᠎ᠤᠨ ᠮᠡᠷᠭᠡᠵᠢᠯ᠎ᠢᠶᠠᠷ ᠤᠰᠤ ᠠᠷᠪᠢᠯᠠᠬᠤ ᠵᠡᠷᠭᠡ ᠪᠦᠲᠦᠮᠵᠢᠲᠡᠢ ᠲᠤᠷᠰᠢᠯᠭ᠎ᠠ᠎ᠶᠢ ᠬᠠᠤᠯᠢ ᠴᠠᠭᠠᠵᠠ᠎ᠶᠢᠨ ᠲᠣᠭᠲᠠᠭᠠᠯ ᠪᠣᠯᠭᠠᠨ ᠬᠤᠪᠢᠷᠠᠭᠤᠯᠤᠭᠰᠠᠨ ᠪᠠᠢᠨ᠎ᠠ᠃ ᠢᠯᠠᠩᠭᠤᠶ᠎ᠠ ᠪᠥᠬᠥ ᠬᠣᠲᠠ᠎ᠶᠢᠨ 358 ᠲᠠᠷᠢᠶᠠᠴᠢᠨ ᠡᠷᠦᠬᠡ᠎ᠶᠢᠨ ᠤᠰᠤ ᠬᠡᠷᠡᠭᠯᠡᠬᠦ ᠬᠣᠷᠰᠢᠶᠠᠯᠠᠯ᠎ᠤᠨ ᠵᠣᠬᠢᠶᠠᠨ ᠪᠠᠢᠭᠤᠯᠤᠯᠲᠠ᠎ᠶᠢᠨ ᠡᠭᠦᠷᠭᠡ ᠴᠢᠳᠠᠪᠤᠷᠢ᠎ᠶᠢ ᠲᠣᠳᠣᠷᠬᠠᠢᠯᠠᠵᠤ ᠂ ᠤᠰᠤ ᠠᠷᠪᠢᠯᠠᠬᠤ ᠬᠠᠮᠢᠶᠠᠷᠤᠯᠲᠠ᠎ᠶᠢᠨ 《 ᠡᠴᠦᠰ᠎ᠦᠨ ᠨᠢᠭᠡ ᠺᠢᠯᠣᠮᠧᠲᠷ 》᠎ᠢ ᠨᠡᠪᠲᠡᠷᠡᠭᠦᠯᠪᠡ ᠃
ᠬᠠᠤᠯᠢ ᠲᠣᠭᠲᠠᠭᠠᠬᠤ ᠶᠠᠪᠤᠴᠠ᠎ᠳᠤ ᠂ ᠪᠠᠶᠠᠨᠨᠠᠭᠤᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠨᠢ ᠡᠭᠦᠳᠡ᠎ᠪᠡᠨ ᠨᠡᠭᠡᠭᠡᠵᠦ ᠬᠠᠤᠯᠢ ᠲᠣᠭᠲᠠᠭᠠᠬᠤ᠎ᠶᠢ ᠪᠠᠷᠢᠮᠲᠠᠯᠠᠨ ᠂ ᠦᠨᠳᠦᠰᠦᠨ ᠱᠠᠲᠤᠨ᠎ᠳᠤ ᠭᠦᠨᠵᠡᠭᠡᠢᠷᠡᠨ ᠰᠠᠨᠠᠯ ᠬᠤᠷᠢᠶᠠᠵᠤ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠤᠰᠤ ᠬᠡᠷᠡᠭᠯᠡᠬᠦ ᠡᠷᠦᠬᠡ᠎ᠨᠦᠭᠦᠳ ᠂ ᠲᠤᠰᠬᠠᠢ ᠮᠡᠷᠭᠡᠵᠢᠯᠲᠡᠳ ᠂ ᠦᠨᠳᠦᠰᠦᠨ ᠱᠠᠲᠤᠨ᠎ᠤ ᠲᠥᠯᠥᠭᠡᠯᠡᠭᠴᠢᠳ᠎ᠦᠨ ᠰᠠᠨᠠᠭᠤᠯᠭ᠎ᠠ ᠨᠤᠭᠤᠳ᠎ᠢ ᠥᠷᠭᠡᠨ᠎ᠢᠶᠡᠷ ᠬᠦᠯᠢᠶᠡᠨ ᠠᠪᠴᠤ ᠂ ᠠᠷᠠᠳ᠎ᠤᠨ ᠬᠦᠰᠡᠯ ᠱᠠᠭᠠᠷᠳᠠᠯᠭᠠᠨᠤᠭᠤᠳᠢ ᠪᠣᠳᠠᠲᠠᠢ ᠵᠦᠢᠯ ᠵᠤᠷᠪᠤᠰ ᠪᠣᠯᠭᠠᠨ ᠬᠤᠪᠢᠷᠠᠭᠤᠯᠤᠭᠠᠳ ᠂ 《 ᠬᠠᠤᠯᠢ᠎ᠪᠠᠷ ᠵᠠᠰᠠᠬᠤ + ᠥᠪᠡᠷᠲᠡᠭᠡᠨ ᠵᠠᠰᠠᠬᠤ 》 ᠤᠰᠤ ᠬᠡᠷᠡᠭᠯᠡᠬᠦ ᠬᠠᠮᠢᠶᠠᠷᠤᠯᠲᠠ᠎ᠶᠢᠨ ᠰᠢᠨ᠎ᠡ ᠲᠣᠭᠲᠠᠴᠠ᠎ᠶᠢ ᠪᠣᠶ ᠪᠣᠯᠭᠠᠪᠠ ᠃
ᠲᠣᠰ 《 ᠳᠦᠷᠢᠮ 》 ᠨᠢ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ᠎ᠤ ᠡᠬᠢ ᠰᠤᠷᠪᠤᠯᠵᠢ᠎ᠶᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ ᠪᠠ ᠲᠠᠷᠢᠶᠠᠯᠠᠩ᠎ᠤᠨ ᠤᠨᠠᠯᠲᠠ ᠪᠠ ᠦᠷ᠎ᠡ ᠠᠰᠢᠭ᠎ᠢᠶᠠᠨ ᠨᠡᠮᠡᠭᠳᠡᠭᠦᠯᠬᠦ᠎ᠶᠢ ᠠᠬᠢᠭᠤᠯᠬᠤ ᠬᠠᠤᠯᠢ ᠲᠣᠭᠲᠠᠭᠠᠯᠲᠠ᠎ᠶᠢᠨ ᠬᠣᠭᠣᠰᠤᠨ᠎ᠢ ᠨᠥᠬᠥᠪᠦᠷᠢᠯᠡᠭᠰᠡᠨ᠎ᠢᠶᠡᠷ ᠦᠯᠦ ᠪᠠᠷᠠᠮ᠂ ᠪᠠᠰᠠ ᠬᠠᠲᠤᠨ ᠭᠣᠣᠯ᠎ᠤᠨ ᠰᠠᠪᠠ ᠭᠠᠵᠠᠷ ᠴᠢᠨᠠᠭᠰᠢᠯᠠᠪᠠᠯ ᠪᠥᠬᠥ ᠤᠯᠤᠰ᠎ᠤᠨ ᠣᠨᠴᠠ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠳᠤ ᠲᠠᠷᠢᠶᠠᠨ ᠭᠠᠵᠠᠷ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠠᠮᠢᠶᠠᠷᠤᠯᠲᠠ᠎ᠶᠢᠨ ᠨᠠᠩ ᠥᠨᠳᠥᠷ ᠲᠦᠪᠰᠢᠨ ᠪᠦᠬᠦᠢ ᠲᠣᠭᠲᠠᠯᠴᠠᠭ᠎ᠠ᠎ᠶᠢ ᠪᠠᠶ᠋ᠢᠭᠤᠯᠬᠤ᠎ᠳᠤ ᠬᠠᠤᠯᠢ᠎ᠪᠠᠷ ᠵᠠᠰᠠᠬᠤ ᠦᠯᠢᠭᠡᠷ ᠵᠠᠭᠪᠤᠷ᠎ᠢ ᠬᠠᠩᠭᠠᠭᠰᠠᠨ ᠪᠠᠢᠨ᠎ᠠ ᠃ 《 ᠳᠦᠷᠢᠮ 》 ᠨᠢ ᠪᠠᠰᠠ ᠠᠮᠤ ᠪᠤᠳᠠᠭᠠᠨ᠎ᠤ ᠠᠮᠤᠷ ᠲᠦᠪᠰᠢᠨ᠂ ᠠᠮᠢ ᠠᠬᠤᠢ᠎ᠶᠢᠨ ᠠᠮᠤᠷ ᠲᠦᠪᠰᠢᠨ ᠪᠠ ᠤᠰᠤᠨ᠎ᠤ ᠡᠬᠢ ᠰᠤᠷᠪᠤᠯᠵᠢ᠎ᠶᠢ ᠦᠷᠭᠦᠯᠵᠢᠯᠡᠨ ᠠᠰᠢᠭ᠍ᠯᠠᠬᠤ᠎ᠶᠢ ᠪᠠᠲᠤᠯᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ ᠪᠣᠯ ᠪᠦᠬᠦ ᠤᠯᠤᠰ᠎ᠤᠨ 3 ᠣᠨᠴᠠ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠨᠢᠭᠡ ᠪᠣᠯᠬᠤ ᠪᠥᠭᠡᠳ ᠠᠽᠢᠶ᠎ᠠ ᠲᠢᠪ ᠲᠡᠬᠢ ᠭᠣᠣᠯ᠎ᠤᠨ ᠤᠷᠤᠰᠬᠠᠯ᠎ᠳᠤ ᠳᠣᠭᠲᠠᠪᠤᠷᠢᠲᠠᠢ ᠤᠰᠤ ᠵᠠᠯᠠᠬᠤ ᠨᠢᠭᠡ ᠯᠠ ᠠᠮᠠᠰᠠᠷ ᠲᠠᠢ ᠬᠠᠮᠤᠭ᠎ᠤᠨ ᠲᠣᠮᠣ᠌ ᠤᠰᠤᠯᠠᠯᠲᠠ᠎ᠶᠢᠨ ᠣᠷᠣᠨ ᠪᠣᠯᠣᠨ᠎ᠠ᠂ ᠬᠠᠳᠤᠨ ᠭᠣᠣᠯ ᠤᠰᠤ ᠲᠠᠲᠠᠵᠤ ᠤᠰᠤᠯᠠᠭᠠᠳ ᠨᠢᠭᠡᠨᠲᠡ 2000 ᠭᠠᠷᠤᠢ ᠵᠢᠯ᠎ᠦᠨ ᠲᠡᠦᠬᠡ᠎ᠲᠠᠢ ᠪᠣᠯᠵᠠᠢ᠃ ᠬᠠᠲᠤᠨ ᠭᠣᠣᠯ᠎ᠤᠨ ᠤᠰᠤᠨ᠎ᠤ ᠤᠰᠤᠯᠠᠯᠲᠠ᠎ᠪᠡᠷ᠂ ᠪᠣᠷᠣᠳᠣᠬᠣᠢ᠎ᠶᠢᠨ ᠲᠠᠯ᠎ᠠ ᠭᠠᠵᠠᠷ ᠨᠢ ᠡᠳ᠋ ᠭᠠᠷᠤᠯᠲᠠ ᠡᠯᠪᠡᠭ ᠪᠠᠶᠠᠯᠢᠭ᠋ ᠲᠠᠢ᠂ 《 ᠪᠣᠭᠣᠮᠲᠠ᠎ᠶᠢᠨ ᠭᠠᠳᠠᠨᠠᠬᠢ ᠠᠮᠤ ᠪᠤᠳᠠᠭᠠᠨ᠎ᠤ ᠬᠥᠮᠥᠷᠭᠡ 》 ᠭᠡᠰᠡᠨ ᠰᠠᠢᠬᠠᠨ ᠠᠯᠳᠠᠷ ᠲᠠᠢ ᠪᠠᠢᠵᠤ᠂ ᠤᠯᠤᠰ᠎ᠤᠨ ᠲᠠᠸᠠᠷ᠎ᠤᠨ ᠠᠮᠤ ᠲᠣᠰᠣᠨ᠎ᠤ ᠦᠢᠯᠡᠳᠪᠦᠷᠢᠯᠡᠯ᠎ᠦᠨ ᠴᠢᠬᠤᠯᠠ ᠰᠠᠭᠤᠷᠢᠨ ᠭᠠᠵᠠᠷ ᠪᠠ ᠡᠬᠡ ᠤᠯᠤᠰ᠎ᠤᠨ ᠤᠮᠠᠷᠠᠲᠤ ᠬᠢᠵᠠᠭᠠᠷ᠎ᠤᠨ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠴᠢᠬᠤᠯᠠ ᠪᠦᠷᠢᠯᠳᠦᠭᠦᠨ ᠬᠡᠰᠡᠭ ᠪᠣᠯᠪᠠ᠃