ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠷᠠᠰᠢᠶᠠᠨ᠎ᠤ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶᠢᠨ ᠨᠡᠭᠡᠭᠡᠯᠲᠡ᠎ᠪᠠᠨ ᠥᠷᠭᠡᠳᠬᠡᠬᠦ ᠠᠵᠢᠯ ᠤᠯᠤᠰ᠎ᠤᠨ ᠰᠢᠯᠭᠠᠨ ᠪᠠᠢᠴᠠᠭᠠᠯᠲᠠ᠎ᠳᠤ ᠪᠠᠲᠤᠯᠠᠭ᠍ᠳᠠᠵᠤ ᠥᠪᠥᠷ ᠮᠣᠩᠭᠣᠯ᠎ᠤᠨ ᠪᠠᠢᠩᠭᠤ ᠨᠡᠭᠡᠭᠡᠵᠦ᠍ ᠪᠠᠢᠬᠤ ᠣᠯᠠᠨ ᠤᠯᠤᠰ᠎ᠤᠨ ᠬᠠᠭᠤᠷᠠᠢ ᠵᠠᠮ᠎ᠤᠨ ᠳᠥᠷᠪᠡᠳᠡᠬᠢ ᠬᠢᠯᠢ᠎ᠶ᠋ᠢᠨ ᠪᠣᠭᠣᠮᠲᠠ ᠪᠣᠯᠬᠤ ᠪᠣᠯᠣᠨ᠎ᠠ
ᠨᠡᠶ᠋ᠢᠲᠡᠯᠡᠭᠰᠡᠨ ᠴᠠᠭ᠄ 2025-09-18

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠪᠣᠭᠣᠮᠲᠠ᠎ᠶᠢᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ 9 ᠳ᠋ᠦ᠍ᠭᠡᠷ ᠰᠠᠷ᠎ᠠ᠎ᠶᠢᠨ 17 ᠎ᠤ ᠡᠳᠦᠷ᠂ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠢᠶᠡᠷ ᠪᠦᠷᠢᠯᠳᠦᠭᠰᠡᠨ ᠬᠣᠯᠪᠣᠭᠠᠯᠠᠨ ᠰᠢᠯᠭᠠᠨ ᠠᠪᠬᠤ ᠳᠤᠭᠤᠢᠯᠠᠩ ᠨᠢ ᠥᠪᠥᠷ ᠮᠣᠩᠭᠣᠯ᠎ᠳᠤ ᠪᠠᠢᠭ᠎ᠠ ᠷᠠᠰᠢᠶᠠᠨ᠎ᠤ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶᠢᠨ ᠨᠡᠭᠡᠭᠡᠯᠲᠡ᠎ᠪᠠᠨ ᠥᠷᠭᠡᠳᠬᠡᠬᠦ ᠠᠵᠢᠯ᠎ᠢ ᠲᠤᠬᠠᠢ᠎ᠶᠢᠨ ᠭᠠᠵᠠᠷ᠎ᠲᠤ ᠨᠢ ᠰᠢᠯᠭᠠᠨ ᠪᠠᠢᠴᠠᠭᠠᠪᠠ᠃ ᠰᠢᠯᠭᠠᠨ ᠠᠪᠬᠤ ᠳᠤᠭᠤᠢᠯᠠᠩ᠎ᠠᠴᠠ ᠠᠬᠤᠢ ᠲᠠᠯᠠᠪᠠᠢ᠎ᠳᠤ ᠨᠢ ᠪᠠᠢᠴᠠᠭᠠᠨ ᠱᠢᠯᠭᠠᠬᠤ᠂ ᠬᠠᠷᠢᠭᠤ ᠮᠡᠳᠡᠭᠦᠯᠦᠯᠲᠡ᠎ᠶᠢ ᠰᠣᠨᠣᠰᠭᠤ᠂ ᠮᠠᠲᠧᠷᠢᠶᠠᠯ᠎ᠢ ᠰᠢᠯᠵᠢᠭᠦᠯᠦᠨ ᠠᠪᠴᠤ᠌ ᠦᠵᠡᠬᠦ᠌᠂ ᠲᠥᠪᠯᠡᠷᠡᠭᠦᠯᠦᠨ ᠬᠢᠨᠠᠨ ᠱᠢᠯᠭᠠᠷᠠᠭᠤᠯᠬᠤ᠎ᠪᠠᠷ ᠳᠠᠮᠵᠢᠭᠤᠯᠤᠨ᠂ ᠲᠣᠰ ᠬᠢᠯᠢ᠎ᠶ᠋ᠢᠨ ᠪᠣᠭᠣᠮᠲᠠ ᠨᠢ ᠨᠡᠭᠡᠭᠡᠯᠲᠡ᠎ᠪᠠᠨ ᠥᠷᠭᠡᠳᠬᠡᠬᠦ ᠰᠠᠭᠤᠷᠢ ᠨᠥᠬᠥᠴᠡᠯ᠎ᠢ ᠪᠦᠷᠢᠯᠳᠦᠭᠦᠯᠵᠦ᠍᠂ ᠤᠯᠤᠰ᠎ᠤᠨ ᠬᠠᠮᠢᠶ᠎ᠠ ᠪᠦᠬᠦᠢ ᠱᠠᠭᠠᠷᠳᠠᠯᠭ᠎ᠠ᠎ᠳᠤ ᠨᠡᠢᠴᠡᠭᠰᠡᠨ ᠪᠥᠭᠡᠳ ᠰᠢᠯᠭᠠᠨ ᠪᠠᠢᠴᠠᠭᠠᠯᠲᠠ᠎ᠪᠠᠷ ᠪᠠᠲᠤᠯᠠᠭ᠍ᠳᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃ 

ᠷᠠᠰᠢᠶᠠᠨ᠎ᠤ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ ᠨᠢ ᠬᠢᠩᠭᠠᠨ ᠠᠢᠮᠠᠭ᠎ᠤᠨ ᠷᠠᠰᠢᠶᠠᠨ ᠬᠣᠲᠠ᠎ᠡᠴᠡ ᠪᠠᠷᠠᠭᠤᠨ ᠬᠣᠢᠰᠢ 45 ᠺᠢᠯᠣᠮᠧᠲᠷ᠂ ᠳᠤᠮᠳᠠᠳᠤ ᠪᠠ ᠮᠣᠩᠭᠣᠯ᠎ᠤᠨ ᠬᠢᠯᠢ᠎ᠶᠢᠨ 1382 ― 1383 ᠳ᠋ᠤᠭᠠᠷ ᠬᠢᠯᠢ᠎ᠶᠢᠨ ᠬᠥᠰᠢᠶ᠎ᠡ᠎ᠶᠢᠨ ᠬᠣᠭᠣᠷᠣᠨᠳᠤ ᠪᠠᠢᠳᠠᠭ᠃ ᠮᠣᠩᠭᠣᠯ ᠤᠯᠤᠰ᠎ᠤᠨ ᠳᠣᠷᠣᠨᠠᠲᠤ ᠠᠢᠮᠠᠭ᠎ᠤᠨ ᠰᠦᠮᠪᠦᠷ ᠬᠢᠯᠢ᠎ᠶ᠋ᠢᠨ ᠪᠣᠭᠣᠮᠲᠠ ᠯᠤᠭ᠎ᠠ ᠲᠣᠬᠢᠷᠠᠯᠴᠠᠨ ᠠᠵᠢᠯᠯᠠᠬᠤ ᠬᠠᠷᠢᠴᠠᠭ᠎ᠠ ᠲᠠᠢ᠂ ᠳᠣᠮᠳᠠᠳᠤ ᠤᠯᠤᠰ᠎ᠠᠴᠠ ᠮᠣᠩᠭᠣᠯ ᠤᠯᠤᠰ᠎ᠲᠤ ᠨᠡᠪᠲᠡᠷᠡᠬᠦ ᠬᠠᠮᠤᠭ᠎ᠤᠨ ᠳᠥᠭᠥᠮ ᠬᠠᠭᠤᠷᠠᠢ ᠵᠠᠮ᠎ᠤᠨ ᠬᠢᠯᠢ᠎ᠶ᠋ᠢᠨ ᠪᠣᠭᠣᠮᠲᠠ᠎ᠨᠤᠭᠤᠳ᠎ᠤᠨ ᠨᠢᠭᠡ ᠪᠣᠯᠬᠤ ᠪᠥᠭᠡᠳ ᠪᠠᠰᠠ ᠴᠤ᠌ 《ᠨᠢᠭᠡ ᠪᠦᠰᠡ ᠨᠢᠭᠡ ᠵᠠᠮ》 ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠴᠢᠬᠤᠯᠠ ᠵᠠᠩᠭᠢᠶᠠᠰᠤ ᠪᠣᠯᠣᠨ᠎ᠠ᠂ ᠨᠠᠩ ᠴᠤ᠌ ᠳᠤᠮᠳᠠᠳᠤ ᠤᠯᠤᠰ ᠬᠢᠭᠡᠳ ᠮᠣᠩᠭᠣᠯ ᠤᠯᠤᠰ᠎ᠤᠨ ᠬᠣᠭᠣᠷᠣᠨᠳᠣᠬᠢ ᠠᠷᠠᠯᠵᠢᠶᠠᠨ᠎ᠤ ᠶᠠᠪᠤᠯᠴᠠᠭ᠎ᠠ᠎ᠶᠢ ᠬᠣᠯᠪᠣᠨ ᠨᠡᠪᠲᠡᠷᠡᠭᠦᠯᠬᠦ᠌᠂ ᠵᠢᠭᠤᠯᠴᠢᠯᠠᠯ᠎ᠢᠶᠠᠨ ᠨᠡᠭᠡᠭᠡᠨ ᠬᠥᠭ᠌ᠵᠢᠭᠦᠯᠬᠦ᠌᠎ᠶ᠋ᠢ ᠲᠦᠯᠬᠢᠨ ᠠᠬᠢᠭᠤᠯᠬᠤ᠂ ᠣᠷᠣᠨ ᠪᠦᠰᠡ᠎ᠶᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠨᠢᠭᠡᠨ ᠴᠢᠬᠤᠯᠠ ᠬᠠᠭᠤᠷᠠᠢ ᠵᠠᠮ᠎ᠤᠨ ᠨᠡᠪᠲᠡᠷᠡᠯ ᠵᠠᠮ ᠪᠣᠯᠬᠤ ᠶᠤᠮ᠃ 

ᠣᠢᠷ᠎ᠠ᠎ᠶᠢᠨ ᠵᠢᠯ᠎ᠦᠳ᠎ᠲᠦ ᠮᠠᠨ᠎ᠤ ᠣᠷᠣᠨ ᠬᠢᠩᠭᠠᠨ ᠠᠢᠮᠠᠭ᠎ᠤᠨ ᠷᠠᠰᠢᠶᠠᠨ ᠬᠢᠯᠢ᠎ᠶ᠋ᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢᠨ ᠠᠯᠬᠤᠴᠠ᠎ᠪᠠᠨ ᠲᠦᠷᠭᠡᠳᠬᠡᠬᠦ᠎ᠶᠢ ᠢᠳᠡᠪᠬᠢᠲᠡᠢ ᠳᠡᠮᠵᠢᠵᠦ᠂ ᠪᠦᠲᠦᠭᠡᠨ ᠪᠠᠢᠭᠤᠯᠤᠯᠲᠠ᠎ᠳᠤ ᠨᠡᠶ᠋ᠢᠲᠡ 7 ᠳ᠋ᠦᠩᠰᠢᠭᠤᠷ ᠰᠢᠬᠠᠮ ᠲᠥᠭᠥᠷᠢᠭ᠎ᠦᠨ ᠪᠡᠯᠡ ᠮᠥᠩᠭᠥ ᠣᠷᠣᠭᠤᠯᠤᠨ᠂ ᠬᠣᠯᠪᠣᠭᠠᠯᠠᠨ ᠱᠢᠯᠭᠠᠨ ᠪᠠᠢᠴᠠᠭᠠᠬᠤ ᠠᠰᠠᠷ᠂ ᠠᠶᠠᠨᠴᠢᠳ᠎ᠲᠤ ᠱᠢᠯᠭᠠᠨ ᠪᠠᠢᠴᠠᠭᠠᠯᠲᠠ ᠬᠢᠬᠦ᠌ ᠠᠰᠠᠷ ᠵᠡᠷᠭᠡ ᠨᠢᠭᠡ ᠪᠦᠯᠦᠭ ᠭᠣᠣᠯᠳᠠᠯᠭ᠎ᠠ ᠪᠣᠯᠬᠤ ᠲᠥᠷᠥᠯ ᠵᠦᠢᠯ᠎ᠢ ᠵᠠᠯᠭᠠᠭ᠎ᠠ᠎ᠪᠠᠷ ᠬᠡᠷᠡᠭᠵᠢᠭᠦᠯᠵᠦ᠂ ᠬᠢᠯᠢ᠎ᠶ᠋ᠢᠨ ᠪᠣᠭᠣᠮᠲᠠ᠎ᠶᠢᠨ ᠰᠠᠭᠤᠷᠢ ᠪᠡᠯᠡᠳᠬᠡᠮᠵᠢ᠎ᠶᠢᠨ ᠨᠥᠬᠥᠴᠡᠯ ᠪᠠ ᠢᠵᠢ ᠲᠦᠬᠦᠷ ᠦᠢᠯᠡᠴᠢᠯᠡᠭᠡᠨ᠎ᠦ ᠴᠢᠳᠠᠮᠵᠢ᠎ᠶᠢ ᠨᠢ ᠢᠯᠡᠳᠲᠡ ᠰᠠᠢᠵᠢᠷᠠᠭᠤᠯᠪᠠ᠃ ᠬᠢᠯᠢ᠎ᠶᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠲᠣᠭᠣᠷᠢᠭ᠋ ᠨᠢ ᠪᠣᠭᠣᠮᠲᠠ᠎ᠳᠦ᠎ᠪᠠᠨ ᠪᠢᠲᠡᠭᠦᠮᠵᠢᠲᠦ ᠬᠡᠪ ᠵᠠᠭ᠍ᠪᠤᠷ ᠲᠠᠢ ᠠᠵᠢᠯᠯᠠᠵᠤ᠂ ᠳᠤᠮᠳᠠᠳᠤ ᠪᠠ ᠮᠣᠩᠭᠣᠯ ᠬᠣᠶᠠᠷ ᠲᠠᠯ᠎ᠠ᠎ᠶᠢᠨ 8᠎ᠠᠴᠠ ᠴᠥᠬᠡᠨ ᠰᠠᠭᠤᠳᠠᠯ ᠲᠠᠢ ᠵᠢᠵᠢᠭ ᠬᠡᠯᠪᠡᠷᠢ᠎ᠶᠢᠨ ᠮᠠᠰᠢᠨ ᠲᠡᠷᠭᠡ ᠨᠡᠪᠲᠡᠷᠡᠯᠴᠡᠬᠦ᠎ᠶᠢ ᠪᠡᠶᠡᠯᠡᠭᠦᠯᠪᠡ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠷᠠᠰᠢᠶᠠᠨ᠎ᠢᠶᠠᠷ ᠳᠡᠮᠵᠢᠨ ᠮᠣᠩᠭᠣᠯ ᠤᠯᠤᠰ᠎ᠲᠤ ᠬᠦᠷᠬᠦ ᠣᠯᠠᠨ ᠤᠯᠤᠰ᠎ᠤᠨ ᠠᠶᠠᠨᠴᠢᠳ᠎ᠤᠨ ᠵᠥᠭᠡᠭᠡᠪᠦᠷᠢ᠎ᠶ᠋ᠢᠨ ᠡᠭᠡᠯᠵᠢ᠎ᠶᠢᠨ ᠱᠤᠭᠤᠮ᠎ᠢ ᠪᠠᠢᠩᠭᠤᠱᠢᠭᠤᠯᠤᠨ ᠡᠵᠡᠩᠨᠡᠵᠦ᠂ ᠬᠢᠯᠢ᠎ᠶᠢᠨ ᠠᠷᠠᠯᠵᠢᠶ᠎ᠠ ᠪᠠ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠢᠯᠢ ᠬᠢᠵᠠᠭᠠᠷ ᠣᠷᠣᠨ᠎ᠢ ᠬᠥᠭᠵᠢᠭᠦᠯᠵᠦ ᠬᠢᠯᠢ᠎ᠶ᠋ᠢᠨ ᠠᠷᠠᠳ᠎ᠢ ᠪᠠᠶᠠᠵᠢᠭᠤᠯᠬᠤ ᠠᠵᠤ ᠦᠢᠯᠡᠰ ᠦᠷᠨᠢᠵᠦ᠍ ᠡᠬᠢᠯᠡᠪᠡ᠃ 

ᠤᠯᠤᠰ᠎ᠤᠨ ᠬᠢᠯᠢ᠎ᠶ᠋ᠢᠨ ᠪᠣᠭᠣᠮᠲᠠ᠎ᠶᠢᠨ ᠬᠠᠮᠢᠶᠠᠷᠤᠯᠲᠠ᠎ᠶᠢᠨ ᠠᠯᠪᠠᠨ ᠭᠡᠷ᠎ᠦᠨ ᠬᠦᠴᠦᠲᠡᠢ ᠳᠡᠮᠵᠢᠯᠭᠡ ᠳᠣᠣᠷ᠎ᠠ᠂ ᠷᠠᠰᠢᠶᠠᠨ ᠬᠢᠯᠢ᠎ᠶ᠋ᠢᠨ ᠪᠣᠭᠣᠮᠲᠠ᠎ᠶᠢ 2024 ᠣᠨ᠎ᠤ 3 ᠳ᠋ᠤᠭᠠᠷ ᠰᠠᠷ᠎ᠠ᠎ᠳᠤ ᠤᠯᠤᠰ᠎ᠤᠨ ᠬᠢᠯᠢ᠎ᠶ᠋ᠢᠨ ᠪᠣᠭᠣᠮᠲᠠ᠎ᠶᠢᠨ ᠨᠡᠭᠡᠭᠡᠯᠲᠡ ᠬᠢᠬᠦ᠌ ᠣᠨ᠎ᠤ ᠬᠢᠨᠠᠵᠤ ᠱᠢᠢᠳᠪᠦᠷᠢᠯᠡᠬᠦ᠌ ᠲᠥᠯᠥᠪᠯᠡᠭᠡ᠎ᠳᠦ ᠣᠷᠣᠭᠤᠯᠵᠤ᠂ ᠲᠣᠰ ᠵᠢᠯ᠎ᠦᠨ 7 ᠳ᠋ᠤᠭᠠᠷ ᠰᠠᠷ᠎ᠠ᠎ᠳᠤ ᠲᠥᠷᠥ᠎ᠶᠢᠨ ᠶᠠᠪᠤᠳᠠᠯ᠎ᠤᠨ ᠬᠣᠷᠢᠶ᠎ᠠ᠎ᠠᠴᠠ ᠨᠡᠭᠡᠭᠡᠯᠲᠡ᠎ᠪᠡᠨ ᠥᠷᠭᠡᠳᠬᠡᠬᠦ᠎ᠶᠢ ᠨᠢ ᠴᠣᠬᠣᠯᠠᠪᠤᠷᠢᠯᠠᠨ ᠵᠦᠪᠱᠢᠶᠡᠷᠡᠪᠡ᠃ 2024 ᠣᠨ᠎ᠳᠤ ᠬᠢᠯᠢ᠎ᠶ᠋ᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠠᠷᠠᠯᠵᠢᠶᠠᠨ᠎ᠤ ᠲᠣᠭ᠎ᠠ 1.3 ᠳ᠋ᠦᠩᠰᠢᠭᠤᠷ ᠲᠥᠭᠥᠷᠢᠭ᠎ᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 75 ᠲᠠᠬᠢᠨ ᠨᠡᠮᠡᠭᠳᠡᠵᠦ᠂ ᠬᠢᠯᠢ ᠠᠯᠤᠰᠯᠠᠭᠰᠠᠨ ᠵᠢᠭᠤᠯᠴᠢᠯᠠᠭ᠍ᠰᠠᠳ 1 ᠲᠦᠮᠡ᠎ᠶᠢ ᠳᠠᠪᠠᠵᠤ᠂ 8.7 ᠲᠠᠬᠢᠨ ᠨᠡᠮᠡᠭ᠌ᠳᠡᠨ᠂ ᠬᠢᠯᠢ᠎ᠪᠡᠷ ᠣᠷᠣᠵᠤ ᠭᠠᠷᠤᠭ᠍ᠰᠠᠨ ᠮᠠᠰᠢᠨ ᠲᠡᠷᠭᠡ 1000 ᠲᠡᠷᠭᠡ ᠤᠳᠠᠭ᠎ᠠ᠎ᠶᠢ ᠳᠠᠪᠠᠵᠤ᠂ 2.5 ᠲᠠᠬᠢᠨ ᠨᠡᠮᠡᠭᠳᠡᠵᠡᠢ᠃ 

ᠡᠨᠡ ᠤᠳᠠᠭ᠎ᠠ ᠤᠯᠤᠰ᠎ᠤᠨ ᠱᠢᠯᠭᠠᠨ ᠪᠠᠢᠴᠠᠭᠠᠯᠲᠠ᠎ᠳᠤ ᠪᠠᠲᠤᠯᠠᠭ᠍ᠳᠠᠭ᠍ᠰᠠᠨ᠎ᠤ ᠳᠠᠷᠠᠭ᠎ᠠ᠂ ᠷᠠᠰᠢᠶᠠᠨ ᠬᠢᠯᠢ᠎ᠶ᠋ᠢᠨ ᠪᠣᠭᠣᠮᠲᠠ᠎ᠶᠢᠨ ᠨᠡᠭᠡᠭᠡᠯᠲᠡ ᠬᠢᠬᠦ᠌ ᠴᠠᠭ ᠨᠢ ᠤᠤᠯ᠎ᠳᠤ᠎ᠪᠠᠨ ᠵᠢᠯ ᠪᠦᠷᠢ 8 ᠰᠠᠷ᠎ᠠ ᠪᠠᠢᠭ᠍ᠰᠠᠨ᠎ᠠᠴᠠ᠎ᠪᠠᠨ ᠪᠠᠢᠩᠭᠤ ᠨᠡᠭᠡᠭᠡᠯᠲᠡ ᠬᠢᠬᠦ᠌ ᠪᠣᠯᠵᠤ᠂ ᠥᠪᠥᠷ ᠮᠣᠩᠭᠣᠯ᠎ᠤᠨ ᠪᠠᠢᠩᠭᠤ ᠨᠡᠭᠡᠭᠡᠵᠦ᠍ ᠪᠠᠢᠬᠤ ᠣᠯᠠᠨ ᠤᠯᠤᠰ᠎ᠤᠨ ᠴᠢᠨᠠᠷᠲᠠᠢ ᠳᠦᠷᠪᠡᠳᠡᠬᠢ ᠬᠠᠭᠤᠷᠠᠢ ᠵᠠᠮ᠎ᠤᠨ ᠬᠢᠯᠢ᠎ᠶ᠋ᠢᠨ ᠪᠣᠭᠣᠮᠲᠠ ᠪᠣᠯᠵᠤ᠂ ᠳᠤᠮᠳᠠᠳᠤ ᠪᠠ ᠮᠣᠩᠭᠣᠯ ᠬᠣᠶᠠᠷ ᠤᠯᠤᠰ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ ᠪᠠ ᠰᠣᠯᠢᠯᠴᠠᠭ᠎ᠠ ᠬᠠᠮᠲᠤᠷᠠᠯᠴᠠᠭ᠎ᠠ᠎ᠶᠢ ᠪᠦᠬᠦ ᠵᠢᠯ᠎ᠢᠶᠡᠷ ᠨᠢ ᠲᠠᠰᠤᠯᠳᠠᠭᠤᠯᠬᠤ ᠦᠭᠡᠢ ᠪᠠᠢᠬᠤ᠎ᠳᠤ ᠴᠢᠬᠤᠯᠠ ᠲᠤᠯᠭᠠᠭᠤᠷᠢᠯᠠᠯ ᠬᠠᠩᠭᠠᠨ᠎ᠠ᠂ ᠡᠨᠡ ᠨᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠭᠠᠳᠠᠭᠠᠳᠤ ᠨᠡᠭᠡᠭᠡᠯᠲᠡ ᠪᠠ ᠣᠷᠣᠨ ᠪᠦᠰᠡ᠎ᠶᠢᠨ ᠬᠠᠮᠲᠤᠷᠠᠯᠴᠠᠭ᠎ᠠ ᠰᠢᠨ᠎ᠡ ᠨᠢᠭᠡᠨ ᠳᠡᠭᠲᠡᠷ᠎ᠲᠦ ᠭᠠᠷᠤᠭᠰᠠᠨ᠎ᠢ ᠬᠠᠷᠠᠭᠤᠯᠵᠤ ᠪᠠᠢᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ