ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠠᠬᠢ ᠬᠣᠪᠣᠷ ᠰᠢᠷᠣᠢ᠎ᠶᠢᠨ ᠠᠵᠤ ᠦᠢᠯᠡᠰ᠎ᠦᠨ ᠬᠠᠮᠵᠢᠯᠴᠠᠨ ᠰᠢᠨ᠎ᠡ᠎ᠶᠢ ᠡᠭᠦᠳᠬᠦ ᠰᠦᠯᠵᠢᠶ᠎ᠡ ᠪᠤᠭᠤᠲᠤ ᠬᠤᠳᠠ᠎ᠳᠤ ᠪᠠᠢᠭᠤᠯᠤᠭᠳᠠᠪᠠ
ᠨᠡᠶ᠋ᠢᠲᠡᠯᠡᠭᠰᠡᠨ ᠴᠠᠭ᠄ 2025-09-18

9 ᠳ᠋ᠦ᠍ᠭᠡᠷ ᠰᠠᠷ᠎ᠠ᠎ᠶᠢᠨ 16 ᠎ᠤ ᠡᠳᠦᠷ᠂ ᠪᠤᠭᠤᠲᠤ᠎ᠶᠢᠨ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠭᠣᠣᠯᠴᠢᠯᠠᠨ ᠡᠷᠬᠢᠯᠡᠭᠰᠡᠨ 《ᠳᠡᠭᠡᠳᠦ ᠰᠢᠨ᠎ᠡ ᠮᠡᠷᠭᠡᠵᠢᠯ᠎ᠦᠨ ᠬᠦᠴᠦᠨ᠎ᠢ ᠨᠢᠭ᠍ᠲᠠᠷᠠᠭᠤᠯᠵᠤ  ᠬᠣᠪᠣᠷ ᠰᠢᠷᠣᠢ᠎ᠶᠢᠨ ᠢᠷᠡᠭᠡᠳᠦᠢ᠎ᠶᠢ ᠬᠥᠲᠥᠯᠥᠨ ᠳᠠᠭᠠᠭᠤᠯᠤᠨᠠᠮ》 ᠭᠡᠬᠦ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠠᠬᠢ ᠬᠣᠪᠣᠷ ᠰᠢᠷᠣᠢ᠎ᠶᠢᠨ ᠠᠵᠤ ᠦᠢᠯᠡᠰ᠎ᠦᠨ ᠬᠠᠮᠵᠢᠯᠴᠠᠨ ᠰᠢᠨ᠎ᠡ᠎ᠶᠢ ᠡᠭᠦᠳᠬᠦ ᠰᠦᠯᠵᠢᠶᠡᠨ᠎ᠦ ᠠᠵᠢᠯᠯᠠᠵᠤ ᠡᠬᠢᠯᠡᠬᠦ ᠶᠡᠬᠡ ᠬᠤᠷᠠᠯ ᠬᠢᠭᠡᠳ ᠠᠵᠢᠯ᠎ᠤᠨ ᠠᠬᠢᠭᠤᠯᠬᠤ ᠬᠤᠷᠠᠯ ᠬᠤᠷᠠᠯᠳᠤᠵᠠᠢ᠃

ᠬᠤᠷᠠᠯ ᠳᠡᠭᠡᠷ᠎ᠡ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠨᠢ ᠵᠥᠩ ᠭᠤᠸᠠᠨ ᠼᠦᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠷᠢᠶᠡᠯᠡᠩ᠂ ᠱᠧᠨᠵᠧᠨ᠎ᠦ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠂ ᠭᠠᠨᠵᠸᠦ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠂ ᠨᠢᠩᠪᠦ᠋ᠸᠧ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠂ ᠮᠢᠶᠠᠨᠶᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠂ ᠺᠦᠨᠮᠢᠩ᠎ᠦᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠵᠡᠷᠭᠡ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠦᠨ 6 ᠲᠣᠭᠣᠷᠢᠭ᠋ ᠯᠤᠭ᠎ᠠ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠠᠬᠢ ᠬᠣᠪᠣᠷ ᠰᠢᠷᠣᠢ᠎ᠶᠢᠨ ᠠᠵᠤ ᠦᠢᠯᠡᠰ᠎ᠦᠨ ᠬᠠᠮᠵᠢᠯᠴᠠᠨ ᠰᠢᠨ᠎ᠡ᠎ᠶᠢ ᠡᠭᠦᠳᠬᠦ ᠰᠦᠯᠵᠢᠶ᠎ᠡ᠎ᠶᠢ ᠬᠠᠮᠲᠤ᠎ᠪᠠᠷ ᠪᠠᠢᠭᠤᠯᠪᠠ᠂ ᠡᠨᠡ ᠨᠢ ᠮᠠᠨ᠎ᠤ ᠤᠯᠤᠰ᠎ᠤᠨ ᠬᠣᠪᠣᠷ ᠰᠢᠷᠣᠢ᠎ᠶᠢᠨ ᠠᠵᠤ ᠦᠢᠯᠡᠰ 《ᠭᠠᠭᠴᠠᠭᠠᠷ᠎ᠢᠶᠠᠨ ᠤᠷᠤᠭᠰᠢᠯᠠᠵᠤ》 ᠪᠠᠢᠭᠰᠠᠨ᠎ᠠᠴᠠ᠎ᠪᠠᠨ 《ᠪᠦᠯᠦᠭᠯᠡᠨ ᠰᠢᠪᠲᠤᠯᠬᠤ》 ᠲᠡᠢᠰᠢ᠎ᠪᠡᠨ ᠵᠠᠩᠭᠢᠯᠠᠭ᠎ᠠ᠎ᠶᠢᠨ ᠠᠯᠬᠤᠮ ᠠᠯᠬᠤᠭᠰᠠᠨ᠎ᠢ ᠬᠠᠷᠠᠭᠤᠯᠵᠤ ᠪᠠᠢᠨ᠎ᠠ᠃

ᠡᠨᠡ ᠤᠳᠠᠭ᠎ᠠ᠎ᠶᠢᠨ ᠪᠠᠢᠭᠤᠯᠤᠭᠰᠠᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠲᠠᠬᠢ ᠬᠣᠪᠣᠷ ᠰᠢᠷᠣᠢ᠎ᠶᠢᠨ ᠠᠵᠤ ᠦᠢᠯᠡᠰ᠎ᠦᠨ ᠬᠠᠮᠵᠢᠯᠴᠠᠨ ᠰᠢᠨ᠎ᠡ᠎ᠶᠢ ᠡᠭᠦᠳᠬᠦ ᠰᠦᠯᠵᠢᠶ᠎ᠡ ᠪᠣᠯ ᠮᠠᠨ᠎ᠤ ᠤᠯᠤᠰ᠎ᠤᠨ ᠵᠣᠬᠢᠶᠠᠮᠠᠯ ᠣᠶᠤᠨ᠂ ᠨᠠᠨᠦᠮᠧᠲᠷ᠎ᠤᠨ ᠰᠢᠨ᠎ᠡ ᠮᠠᠲᠧᠷᠢᠶᠠᠯ᠂ ᠬᠤᠷᠠᠮᠠᠯ ᠴᠠᠬᠢᠯᠭᠠᠨ ᠬᠡᠯᠬᠢᠶ᠎ᠡ᠂ ᠪᠠᠷᠠᠭ᠎ᠠ᠎ᠶᠢᠨ ᠰᠦᠯᠵᠢᠶ᠎ᠡ ᠵᠡᠷᠭᠡ᠎ᠶᠢᠨ ᠳᠠᠷᠠᠭᠠᠴᠢ᠎ᠪᠠᠷ ᠪᠠᠢᠭᠤᠯᠤᠭᠰᠠᠨ ᠠᠵᠤ ᠦᠢᠯᠡᠰ᠎ᠦᠨ ᠬᠠᠮᠵᠢᠯᠴᠠᠨ ᠰᠢᠨ᠎ᠡ᠎ᠶᠢ ᠡᠭᠦᠳᠬᠦ᠎ᠶᠢᠨ ᠳᠣᠯᠣᠳᠤᠭᠠᠷ ᠰᠦᠯᠵᠢᠶ᠎ᠡ ᠪᠣᠯᠣᠨ᠎ᠠ᠃ ᠡᠨᠡ ᠬᠦ᠌ ᠲᠠᠪᠴᠠᠩ᠎ᠢᠶᠠᠷ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ᠂ ᠭᠣᠣᠯ ᠴᠣᠭᠴᠠ ᠠᠯᠤᠰᠯᠠᠭᠰᠠᠨ ᠬᠣᠪᠣᠷ ᠰᠢᠷᠣᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠠᠪᠴᠠᠩ᠎ᠢ ᠬᠠᠮᠵᠢᠯᠴᠠᠨ ᠪᠠᠶ᠋ᠢᠭᠤᠯᠬᠤ ᠵᠢᠴᠢ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ᠂ ᠦᠷ᠎ᠡ ᠪᠦᠲᠦᠭᠡᠯ᠎ᠢ ᠤᠯᠠᠷᠢᠭᠤᠯᠬᠤ᠎ᠪᠠᠨ ᠪᠡᠶᠡᠯᠡᠭᠦᠯᠵᠦ᠂ 《ᠬᠣᠪᠣᠷ ᠰᠢᠷᠣᠢ + ᠰᠢᠨ᠎ᠡ ᠡᠨᠧᠷᠭᠢ》᠂ 《ᠬᠣᠪᠣᠷ ᠰᠢᠷᠣᠢ + ᠳᠡᠭᠡᠳᠦ ᠲᠡᠰ᠎ᠤᠨ ᠲᠣᠨᠣᠭᠯᠠᠯ》᠂ 《ᠬᠣᠪᠣᠷ ᠰᠢᠷᠣᠢ + ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ》 ᠵᠡᠷᠭᠡ ᠬᠦᠷᠢᠶ᠎ᠡ ᠠᠯᠤᠰᠯᠠᠨ ᠠᠭᠤᠰᠤᠯᠴᠠᠬᠤ᠎ᠶᠢ ᠠᠬᠢᠭᠤᠯᠬᠤ ᠪᠣᠯᠣᠨ᠎ᠠ᠃

ᠢᠷᠡᠯᠲᠡ᠄    