ᠡᠨᠡ ᠵᠢᠯ᠎ᠦᠨ 1 - 8 ᠳ᠋ᠤᠭᠠᠷ ᠰᠠᠷ᠎ᠠ᠎ᠳᠤ᠂ ᠮᠠᠨᠵᠤᠤᠷ ᠬᠢᠯᠢ᠎ᠶ᠋ᠢᠨ ᠪᠣᠭᠣᠮᠲᠠ᠎ᠪᠠᠷ ᠭᠠᠳᠠᠭᠠᠳᠤ᠎ᠳᠤ ᠭᠠᠷᠭᠠᠵᠤ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠤᠯᠤᠰ᠎ᠲᠤ ᠬᠦᠷᠭᠡᠭ᠌ᠰᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ (9610 ᠬᠡᠪ ᠵᠠᠭᠪᠤᠷ)᠎ᠶ᠋ᠢᠨ ᠲᠠᠸᠠᠷ᠎ᠤᠨ ᠶᠡᠷᠦᠩᠬᠡᠢ ᠥᠷᠲᠡᠭ 7 ᠳ᠋ᠦᠩᠰᠢᠭᠤᠷ ᠲᠥᠭᠥᠷᠢᠭ᠎ᠢ ᠳᠠᠪᠠᠵᠤ᠂ ᠠᠳᠠᠯᠢ ᠬᠤᠭᠤᠴᠠᠭᠠᠨ᠎ᠤ ᠬᠢ᠎ᠡᠴᠡ 140.4% ᠪᠠᠷ ᠨᠡᠮᠡᠭᠳᠡᠨ᠂ ᠦᠳᠲᠡᠷ ᠲᠦᠷᠭᠡᠨ ᠨᠡᠮᠡᠭᠳᠡᠬᠦ ᠬᠠᠨᠳᠤᠰᠢ᠎ᠲᠠᠢ ᠪᠣᠯᠤᠭᠰᠠᠨ ᠪᠠᠢᠨ᠎ᠠ᠃
《9610》 ᠪᠣᠯ 《ᠬᠢᠯᠢ ᠠᠯᠤᠰᠯᠠᠭᠰᠠᠨ ᠠᠷᠠᠯᠵᠢᠶᠠᠨ᠎ᠤ ᠡᠯᠧᠺᠲᠷᠣᠨ ᠬᠤᠳᠠᠯᠳᠤᠭᠠᠨ᠎ᠤ ᠶᠠᠪᠤᠳᠠᠯ》᠎ᠦᠨ ᠪᠣᠭᠣᠮᠲᠠ᠎ᠶᠢᠨ ᠬᠢᠨᠠᠯᠲᠠ ᠬᠠᠮᠢᠶᠠᠷᠤᠯᠲᠠ᠎ᠶ᠋ᠢᠨ ᠺᠣᠳ᠋ ᠪᠣᠯᠣᠨ᠎ᠠ᠂ B2C ᠭᠠᠳᠠᠭᠠᠳᠤ ᠭᠠᠷᠭᠠᠯᠲᠠ᠎ᠶ᠋ᠢᠨ ᠬᠡᠪ ᠵᠠᠭᠪᠤᠷ᠎ᠲᠤ ᠲᠣᠬᠢᠷᠠᠨ᠎ᠠ᠃ ᠲᠣᠰ ᠬᠡᠪ ᠵᠠᠭ᠍ᠪᠤᠷ᠎ᠢ ᠬᠡᠷᠡᠭ᠌ᠯᠡᠨ᠂ ᠬᠢᠯᠢ᠎ᠶᠢᠨ ᠭᠠᠳᠠᠨᠠᠬᠢ ᠬᠡᠷᠡᠭᠯᠡᠭᠴᠢᠳ ᠡᠯᠧᠺᠲᠷᠣᠨ ᠬᠤᠳᠠᠯᠳᠤᠭᠠᠨ᠎ᠤ ᠲᠠᠪᠴᠠᠩ᠎ᠢᠶᠠᠷ ᠳᠠᠮᠵᠢᠭᠤᠯᠤᠨ ᠤᠯᠤᠰ᠎ᠤᠨ ᠳᠣᠲᠣᠭᠠᠳᠤᠬᠢ ᠬᠤᠳᠠᠯᠳᠤᠭ᠍ᠴᠢᠳᠠᠴᠠ ᠰᠢᠭᠤᠳ ᠵᠠᠬᠢᠶᠠᠯᠠᠭ᠎ᠠ ᠠᠪᠴᠤ᠌ ᠪᠣᠯᠣᠨ᠎ᠠ᠂ ᠲᠠᠸᠠᠷ᠎ᠢ ᠨᠢ ᠰᠢᠤᠳᠠᠨ᠎ᠤ ᠪᠣᠭᠣᠳᠠᠯ᠎ᠤᠨ ᠬᠡᠯᠪᠡᠷᠢ᠎ᠪᠡᠷ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡ᠎ᠪᠡᠷ ᠳᠠᠮᠵᠢᠭᠤᠯᠤᠨ ᠭᠠᠳᠠᠭᠠᠳᠤ᠎ᠳᠤ ᠶᠠᠪᠤᠭᠤᠯᠤᠨ᠎ᠠ᠂ ᠡᠭᠦᠨ᠎ᠳᠤ ᠴᠥᠷᠬᠡᠯᠡᠭᠡ ᠨᠢ ᠣᠬᠣᠷ᠂ ᠪᠣᠭᠣᠮᠲᠠ ᠥᠩᠭᠡᠷᠡᠬᠦ ᠨᠢ ᠲᠦᠷᠭᠡᠨ᠂ ᠬᠢᠵᠠᠭᠠᠷᠯᠠᠯ ᠨᠢ ᠴᠥᠭᠡᠨ ᠵᠡᠷᠭᠡ ᠣᠨᠴᠠᠯᠢᠭ᠋᠎ᠲᠠᠢ᠂ ᠢᠯᠠᠩᠭᠤᠶ᠎ᠠ ᠪᠠᠭ᠎ᠠ ᠬᠡᠮᠵᠢᠶᠡᠨ᠎ᠦ᠂ ᠣᠯᠠᠨ ᠪᠦᠯᠦᠭ ᠤᠳᠠᠭᠠᠨ᠎ᠤ ᠡᠳᠦᠷ ᠲᠤᠲᠤᠮ᠎ᠤᠨ ᠬᠡᠷᠡᠭᠯᠡᠭᠡᠨ᠎ᠦ ᠲᠠᠸᠠᠷ᠎ᠢ ᠭᠠᠳᠠᠭᠠᠳᠤ᠎ᠳᠤ ᠭᠠᠷᠭᠠᠬᠤ᠎ᠳᠤ ᠲᠣᠬᠢᠷᠠᠨ᠎ᠠ᠃
ᠮᠠᠨᠵᠤᠤᠷ ᠪᠣᠭᠣᠮᠲᠠ᠎ᠶᠢᠨ ᠬᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠤᠨ ᠬᠥᠭᠵᠢᠯᠲᠡ᠎ᠶᠢ ᠳᠡᠮᠵᠢᠬᠦ᠎ᠶᠢᠨ ᠲᠤᠯᠠᠳᠠ᠂ ᠳᠦᠭᠦᠮᠴᠢᠯᠡᠭ᠌ᠰᠡᠨ ᠠᠷᠭ᠎ᠠ ᠬᠡᠮᠵᠢᠶ᠎ᠡ᠎ᠨᠦᠭᠦᠳ᠎ᠢ ᠬᠡᠷᠡᠭᠵᠢᠭᠦᠯᠵᠦ᠂ 《ᠰᠠᠭᠠᠳ ᠦᠭᠡᠢ ᠨᠡᠪᠲᠡᠷᠡᠬᠦ ᠵᠠᠮ》᠎ᠢ ᠲᠤᠰᠬᠠᠢ ᠨᠡᠭᠡᠭᠡᠨ᠂ ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠠᠵᠤ ᠠᠬᠤᠢᠯᠠᠯ᠎ᠤᠨ ᠳᠠᠩᠰᠠᠯᠠᠭᠤᠯᠤᠯᠲᠠ᠎ᠶ᠋ᠢ 《ᠨᠢᠭᠡ᠎ᠡᠴᠡ ᠨᠢᠭᠡ᠎ᠳᠦ ᠨᠢ》 ᠬᠠᠪᠰᠤᠷᠤᠨ ᠵᠢᠯᠣᠭᠣᠳᠴᠤ᠌᠂ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ ᠪᠠ ᠴᠤᠪᠤᠷᠠᠯ᠎ᠤᠨ ᠪᠣᠯᠪᠠᠰᠤᠷᠠᠯ᠎ᠢᠶᠠᠷ ᠳᠠᠮᠵᠢᠭᠤᠯᠤᠨ᠂ ᠠᠵᠤ ᠠᠬᠤᠢᠯᠠᠯ᠎ᠤᠨ ᠲᠣᠭᠲᠠᠭᠠᠯ᠎ᠳᠤ ᠨᠡᠢᠴᠡᠬᠦ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠳᠡᠭᠡᠭ᠌ᠰᠢᠯᠡᠭᠦᠯᠵᠡᠢ᠃
ᠳᠠᠷᠠᠭᠠᠴᠢ᠎ᠪᠠᠷ᠂ ᠮᠠᠨᠵᠤᠤᠷ ᠪᠣᠭᠣᠮᠲᠠ ᠦᠷᠭᠦᠯᠵᠢᠯᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡ᠎ᠪᠠᠨ ᠰᠢᠯᠢᠳᠡᠭᠵᠢᠭᠦᠯᠵᠦ᠂ ᠪᠣᠭᠣᠮᠲᠠ᠎ᠪᠠᠷ ᠥᠩᠭᠡᠷᠡᠬᠦ ᠥᠨᠳᠥᠷ ᠪᠦᠲᠦᠮᠵᠢᠲᠡᠢ ᠪᠦᠭᠡᠳ ᠳᠦᠭᠦᠮ ᠲᠦᠳᠡ ᠣᠷᠴᠢᠨ ᠨᠦᠬᠦᠴᠡᠯ᠎ᠢ ᠤᠯᠠᠮ ᠨᠢᠭᠡ ᠠᠯᠬᠤᠮ ᠪᠣᠢ ᠪᠣᠯᠭᠠᠵᠤ᠂ ᠨᠡᠩ ᠤᠯᠠᠨ ᠳᠤᠮᠳᠠ ᠵᠢᠵᠢᠭ ᠲᠠᠸᠠᠷ᠎ᠤᠨ ᠠᠵᠤ ᠠᠬᠤᠢᠯᠠᠯ᠎ᠤᠨ 《ᠨᠢᠭᠡ ᠪᠦᠰᠡ ᠨᠢᠭᠡ ᠵᠠᠮ》᠎ᠤᠨ ᠵᠠᠬ᠎ᠠ ᠳᠡᠯᠭᠡᠭᠦᠷ᠎ᠢᠶᠠᠨ ᠨᠡᠭᠡᠭᠡᠬᠦ᠎ᠳᠦ ᠬᠦᠴᠦᠨ ᠨᠡᠮᠡᠷᠢᠯᠡᠵᠦ᠂ ᠣᠷᠣᠨ ᠪᠦᠰᠡ᠎ᠶᠢᠨ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠢ ᠬᠥᠭᠵᠢᠯᠲᠡ᠎ᠳᠦ ᠰᠢᠨ᠎ᠡ ᠬᠦᠳᠡᠯᠭᠡᠭ᠌ᠴᠢ ᠬᠦᠴᠦᠨ ᠨᠡᠮᠡᠷᠢᠯᠡᠨ᠎ᠡ᠃