9 ᠳ᠋ᠦ᠍ᠭᠡᠷ ᠰᠠᠷ᠎ᠠ᠎ᠶᠢᠨ 24 ᠦ ᠡᠳᠦᠷ᠂ ᠥᠪᠥᠷ ᠮᠣᠩᠭᠣᠯ᠎ᠤᠨ ᠲᠠᠪᠤᠳᠤᠭᠠᠷ ᠬᠤᠭᠤᠴᠠᠭᠠᠨ᠎ᠤ ᠤᠷᠲᠤ ᠴᠠᠭᠠᠨ ᠬᠡᠷᠡᠮ᠎ᠦᠨ ᠰᠣᠶᠣᠯ᠎ᠦᠨ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠪᠠᠶᠠᠨᠨᠠᠭᠤᠷ ᠬᠣᠲᠠ᠎ᠶᠢᠨ ᠤᠷᠠᠳ᠎ᠤᠨ ᠡᠮᠦᠨᠡᠲᠦ ᠬᠣᠰᠢᠭᠤᠨ᠎ᠳᠤ ᠬᠤᠷᠠᠯᠳᠤᠪᠠ᠃ ᠪᠥᠬᠥ ᠤᠯᠤᠰ᠎ᠤᠨ ᠣᠷᠳᠣ᠌ ᠴᠠᠭᠠᠨ ᠬᠡᠷᠡᠮ ᠳᠠᠭᠠᠤ᠎ᠶᠢᠨ 10 ᠭᠠᠷᠤᠢ ᠮᠤᠵᠢ ᠣᠷᠣᠨ ᠬᠣᠲᠠ᠎ᠶᠢᠨ ᠵᠠᠭᠤᠨ ᠲᠤᠰᠬᠠᠢ ᠮᠡᠷᠭᠡᠵᠢᠯᠲᠡᠨ ᠡᠷᠳᠡᠮᠲᠡᠨ ᠨᠢᠭᠡ ᠲᠠᠩᠬᠢᠮ᠎ᠳᠤ ᠴᠤᠭᠯᠠᠷᠠᠵᠤ᠂ ᠣᠷᠳᠣ᠌ ᠴᠠᠭᠠᠨ ᠬᠡᠷᠡᠮ᠎ᠦᠨ ᠲᠡᠦᠬᠡ ᠰᠣᠶᠣᠯ᠎ᠤᠨ ᠰᠤᠳᠤᠯᠭᠠᠨ᠂ ᠥᠪ ᠬᠥᠷᠥᠩᠭᠡ᠎ᠶᠢᠨ ᠬᠠᠮᠠᠭᠠᠯᠠᠯᠲᠠ᠎ᠶᠢᠨ ᠦᠢᠯᠡᠳᠦᠯᠭᠡ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ᠂ ᠣᠶᠤᠨ ᠰᠠᠨᠠᠭᠠᠨ᠎ᠤ ᠦᠨ᠎ᠡ ᠥᠷᠲᠡᠭ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠰᠡᠳᠦᠪ᠎ᠦᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠭᠰᠠᠨ ᠪᠥᠭᠡᠳ 《ᠣᠷᠳᠣ᠌ ᠴᠠᠭᠠᠨ ᠬᠡᠷᠡᠮ᠎ᠦᠨ ᠪᠠᠬᠠᠷᠬᠠᠯ》 《ᠶᠠᠭᠤ᠎ᠶ᠋ᠢ ᠣᠷᠳᠣ᠌ ᠴᠠᠭᠠᠨ ᠬᠡᠷᠡᠮ ᠬᠡᠮᠡᠬᠦ ᠪᠤᠢ》 ᠭᠡᠬᠦ ᠰᠢᠨ᠎ᠡ ᠨᠣᠮ᠎ᠢ ᠨᠡᠢᠲᠡᠯᠡᠪᠡ᠃
ᠣᠢᠯᠠᠭᠠᠭᠰᠠᠨ᠎ᠢᠶᠠᠷ᠂ ᠪᠠᠶᠠᠨᠨᠠᠭᠤᠷ ᠬᠣᠲᠠ᠎ᠶᠢᠨ ᠬᠢᠵᠠᠭᠠᠷᠲᠤ ᠨᠡᠶ᠋ᠢᠲᠡ ᠣᠷᠳᠣ᠌ ᠴᠠᠭᠠᠨ ᠬᠡᠷᠡᠮ᠎ᠦᠨ 5 ᠬᠡᠰᠡᠭ ᠪᠠᠭᠤᠷᠢ ᠪᠣᠶ᠂ ᠪᠥᠬᠥ ᠣᠷᠳᠣ᠌ ᠨᠢ 1020.864 ᠺᠢᠯᠣᠮᠧᠲᠷ ᠪᠠᠢᠵᠤ᠂ ᠲᠣᠰ ᠲᠣᠰ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠ᠎ᠶᠢᠨ ᠬᠣᠷᠮᠣᠢ᠎ᠳᠠᠬᠢ ᠵᠣᠣ ᠤᠯᠤᠰ᠎ᠤᠨ ᠬᠣᠢ᠎ᠲᠦ ᠣᠷᠳᠣ᠌ ᠴᠠᠭᠠᠨ ᠬᠡᠷᠡᠮ (ᠣᠷᠳᠣ᠌ ᠨᠢ 53.243 ᠺᠢᠯᠣᠮᠧᠲᠷ)᠂ ᠮᠤᠨᠠ ᠠᠭᠤᠯᠠ᠎ᠶᠢ ᠰᠤᠨᠳᠠᠯᠠᠨ ᠳᠠᠪᠠᠭ᠍ᠰᠠᠨ ᠮᠢᠩᠭᠠᠨᠤ ᠬᠠᠨ ᠤᠯᠤᠰ᠎ᠤᠨ ᠣᠷᠳᠣ᠌ ᠴᠠᠭᠠᠨ ᠬᠡᠷᠡᠮ (ᠣᠷᠳᠣ᠌ ᠨᠢ 16.382 ᠺᠢᠯᠣᠮᠧᠲᠷ); ᠤᠷᠠᠳ᠎ᠤᠨ ᠡᠮᠦᠨᠡᠲᠦ ᠬᠣᠰᠢᠭᠤ᠂ ᠤᠷᠠᠳ᠎ᠤᠨ ᠳᠤᠮᠳᠠᠳᠤ ᠬᠣᠰᠢᠭᠤ᠂ ᠤᠷᠠᠳ᠎ᠤᠨ ᠬᠣᠢᠲᠤ ᠬᠣᠰᠢᠭᠤ ᠬᠢᠭᠡᠳ ᠳ᠋ᠸᠡᠭ᠌ᠺᠸᠤ ᠰᠢᠶᠠᠨ᠎ᠤ ᠬᠢᠵᠠᠭᠠᠷ᠎ᠲᠠᠬᠢ ᠮᠤᠨᠢ ᠠᠭᠤᠯᠠ ᠨᠢᠷᠤᠭᠤ᠎ᠪᠠᠷ ᠲᠠᠷᠬᠠᠵᠤ ᠪᠠᠢᠭ᠎ᠠ ᠴᠢᠨ ᠤᠯᠤᠰ ᠬᠠᠨ ᠤᠯᠤᠰ᠎ᠤᠨ ᠣᠷᠳᠣ᠌ ᠴᠠᠭᠠᠨ ᠬᠡᠷᠡᠮ (ᠣᠷᠳᠣ᠌ ᠨᠢ 248.973 ᠺᠢᠯᠣᠮᠧᠲᠷ); ᠤᠷᠠᠳ᠎ᠤᠨ ᠳᠤᠮᠳᠠᠳᠤ ᠬᠣᠰᠢᠭᠤ᠂ ᠤᠷᠠᠳ᠎ᠤᠨ ᠬᠣᠢᠲᠤ ᠬᠣᠰᠢᠭᠤᠨ᠎ᠤ ᠬᠢᠵᠠᠭᠠᠷ᠎ᠲᠠᠬᠢ ᠮᠤᠨᠢ ᠠᠭᠤᠯᠠ᠎ᠶᠢᠨ ᠠᠷᠦ᠍ᠪᠠᠷ ᠲᠠᠷᠬᠠᠵᠤ ᠪᠠᠢᠭ᠎ᠠ ᠬᠠᠨ ᠤᠯᠤᠰ᠎ᠤᠨ ᠭᠠᠳᠠᠨ᠎ᠠ ᠤᠷᠲᠤ ᠴᠠᠭᠠᠨ ᠭᠡᠷᠡᠮ᠎ᠦᠨ ᠡᠮᠦᠨ᠎ᠡ ᠬᠡᠰᠡᠭ (ᠣᠷᠳᠣ᠌ ᠨᠢ 356.487 ᠺᠢᠯᠣᠮᠧᠲᠷ )᠂ ᠬᠠᠨ ᠤᠯᠤᠰ᠎ᠤᠨ ᠭᠠᠳᠠᠨ᠎ᠠ ᠤᠷᠲᠤ ᠴᠠᠭᠠᠨ ᠬᠡᠷᠡᠮ᠎ᠦᠨ ᠬᠣᠢᠲᠤ ᠬᠡᠰᠡᠭ (ᠣᠷᠳᠣ᠌ ᠨᠢ 345.779 ᠺᠢᠯᠣᠮᠧᠲᠷ ) ᠪᠣᠯᠣᠨ᠎ᠠ᠃ ᠡᠭᠦᠨ᠎ᠡᠴᠡ ᠭᠠᠳᠠᠨ᠎ᠠ ᠵᠶ᠋ᠢ ᠯᠦ᠍ ᠰᠠᠢ ᠂ ᠭᠣᠴᠣᠷ᠂ ᠭᠤᠸᠠᠩ ᠯᠦ᠍ ᠰᠠᠢ ᠵᠡᠷᠭᠡ ᠭᠠᠵᠠᠷ᠎ᠢ ᠪᠠᠭ᠍ᠲᠠᠭᠠᠭᠠᠳ ᠪᠠᠶᠠᠨᠨᠠᠭᠤᠷ᠎ᠤᠨ ᠥᠪᠡᠷᠮᠢᠴᠡ ᠣᠨᠴᠠᠯᠢᠭ ᠪᠦᠬᠦᠢ ᠣᠷᠳᠣ᠌ ᠴᠠᠭᠠᠨ ᠬᠡᠷᠡᠮ᠎ᠦᠨ ᠰᠣᠶᠣᠯ᠎ᠤᠨ ᠦᠵᠡᠮᠵᠢ᠎ᠶᠢ ᠪᠣᠶ ᠪᠣᠯᠭᠠᠭᠰᠠᠨ ᠪᠠᠢᠨ᠎ᠠ᠃ ᠠᠭᠤᠯᠠ᠎ᠶᠢᠨ ᠣᠷᠣᠢ᠎ᠳᠤ ᠵᠣᠭᠰᠣᠨ ᠠᠯᠤᠰ᠎ᠢ ᠪᠠᠷᠠᠯᠠᠬᠤᠶ᠎ᠠ᠂ ᠤᠷᠳᠤ ᠴᠠᠭᠠᠨ ᠬᠡᠷᠡᠮ ᠨᠢ ᠶᠠᠭ ᠨᠢᠭᠡᠨ ᠳᠡᠭᠦᠯᠢᠨ ᠨᠢᠰᠬᠦ ᠠᠪᠤᠷᠭᠤ ᠯᠣᠣ ᠱᠢᠭ᠋ ᠬᠠᠶᠠ ᠰᠦᠮᠡᠯᠵᠡᠨ ᠬᠠᠶᠠ ᠲᠣᠳᠣᠷᠠᠨ᠎ᠠ᠂ ᠠᠭᠤᠯᠠᠨ᠎ᠠ ᠮᠠᠴᠤᠬᠤ᠎ᠳᠤ ᠪᠠᠷᠲᠠᠭ᠎ᠠ ᠶᠡᠬᠡᠲᠡᠢ᠂ ᠮᠤᠷᠤᠢ ᠰᠠᠷᠤᠢ ᠥᠭᠡᠳᠡ ᠲᠠᠢ ᠤᠷᠤᠭᠤ ᠲᠠᠢ᠂ ᠰᠦᠷ ᠵᠢᠪᠬᠤᠭ᠎ᠠ᠎ᠲᠠᠢ ᠪᠦᠭᠡᠳ ᠰᠦᠷᠯᠢᠭ ᠰᠠᠢᠬᠠᠨ ᠬᠠᠷᠠᠭᠳᠠᠨ᠎ᠠ᠃
ᠣᠢᠷ᠎ᠠ᠎ᠶᠢᠨ ᠵᠢᠯ᠎ᠦᠳ᠎ᠲᠦ᠂ ᠪᠠᠶᠠᠨᠨᠠᠭᠤᠷ ᠬᠤᠳᠠ᠎ᠶᠢᠨ ᠬᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠢᠨᠵᠧᠨᠧᠷᠢᠩ᠎ᠦᠨ ᠲᠦᠷᠦᠯ ᠵᠦᠢᠯ ᠪᠠᠶ᠋ᠢᠭᠤᠯᠬᠤ᠎ᠶᠢ ᠢᠳᠡᠪᠬᠢᠲᠡᠢ ᠭᠤᠶᠤᠴᠢᠯᠠᠭᠰᠠᠨ ᠪᠥᠭᠡᠳ ᠠᠯᠢ ᠤᠯᠠᠨ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠤᠷᠢᠳ ᠬᠣᠵᠢᠳ ᠤᠷᠠᠳ᠎ᠤᠨ ᠡᠮᠦᠨᠡᠲᠦ ᠬᠣᠰᠢᠭᠤ᠂ ᠤᠷᠠᠳ᠎ᠤᠨ ᠳᠤᠮᠳᠠᠳᠤ ᠬᠣᠰᠢᠭᠤ᠂ ᠤᠷᠠᠳ᠎ᠤᠨ ᠬᠣᠢᠲᠤ ᠬᠣᠰᠢᠭᠤ ᠪᠠ ᠳ᠋ᠧᠩᠺᠧᠦ ᠰᠢᠶᠠᠨ᠎ᠳᠤ ᠤᠷᠳᠤ ᠴᠠᠭᠠᠨ ᠬᠡᠷᠡᠮ᠎ᠦᠨ ᠬᠠᠮᠠᠭᠠᠯᠠᠯᠲᠠ᠎ᠶᠢᠨ ᠠᠵᠢᠯ᠎ᠤᠨ ᠦᠷᠲᠡᠭᠡ᠎ᠶ᠋ᠢ ᠪᠠᠢᠭᠤᠯᠵᠠᠢ; ᠣᠷᠳᠣ᠌ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ᠂ ᠪᠠᠶᠠᠨᠨᠠᠭᠤᠷ ᠬᠣᠲᠠ᠎ᠶᠢᠨ ᠴᠢᠨ ᠤᠯᠤᠰ ᠬᠠᠨ ᠤᠯᠤᠰ᠎ᠤᠨ ᠣᠷᠳᠣ᠌ ᠴᠠᠭᠠᠨ ᠬᠡᠷᠡᠮ᠎ᠦᠨ ᠭᠤᠸᠠᠩ ᠱᠧᠨ ᠯᠦᠩ᠎ᠤᠨ ᠬᠡᠰᠡᠭ᠂ ᠲᠦᠩ ᠾᠧ ᠲᠠᠢ — ᠵᠡᠭᠦᠨ ᠰᠢᠷ᠎ᠠ ᠴᠢᠯᠠᠭᠤ ᠬᠦᠷᠬᠦ᠌ ᠬᠡᠰᠡᠭ᠂ ᠬᠠᠨ ᠤᠯᠤᠰ᠎ᠤᠨ ᠣᠷᠳᠣ᠌ ᠴᠠᠭᠠᠨ ᠬᠡᠷᠡᠮ᠎ᠦᠨ ᠱᠢᠨ᠎ᠡ ᠤᠰᠤ᠎ᠶ᠋ᠢᠨ ᠬᠡᠰᠡᠭ᠂ ᠬᠠᠨ ᠤᠯᠤᠰ᠎ᠤᠨ ᠦᠶ᠎ᠡ᠎ᠶᠢᠨ ᠵᠢᠢ ᠯᠦ᠍ ᠰᠠᠢ ᠬᠠᠯᠬᠠᠪᠴᠢ ᠬᠣᠲᠠ᠎ᠶᠢᠨ ᠪᠠᠭᠤᠷᠢ᠎ᠶᠢ ᠨᠢᠭᠡᠳᠦᠭᠡᠷ ᠪᠦᠯᠦᠭ᠎ᠦᠨ ᠤᠯᠤᠰ᠎ᠤᠨ ᠲᠠᠰ᠎ᠤᠨ ᠣᠷᠳᠣ᠌ ᠴᠠᠭᠠᠨ ᠬᠡᠷᠡᠮ᠎ᠦᠨ ᠴᠢᠬᠤᠯᠠ ᠴᠡᠭ ᠬᠡᠰᠡᠭ᠎ᠲᠦ ᠣᠷᠣᠭᠤᠯᠪᠠ; ᠪᠠᠶᠠᠨᠨᠠᠭᠤᠷ᠎ᠡᠴᠡ ᠪᠤᠭᠤᠲᠤ ᠬᠦᠷᠲᠡᠯᠡᠬᠢ ᠴᠢᠨ ᠤᠯᠤᠰ᠎ᠤᠨ ᠣᠷᠳᠣ᠌ ᠴᠠᠭᠠᠨ ᠬᠡᠷᠡᠮ ᠨᠢ ᠲᠦᠮᠡᠨ ᠭᠠᠵᠠᠷ᠎ᠤᠨ ᠣᠷᠳᠣ᠌ ᠴᠠᠭᠠᠨ ᠬᠡᠷᠡᠮ᠎ᠦᠨ ᠳᠦᠷᠢ ᠲᠥᠷᠬᠦ᠎ᠶ᠋ᠢᠨ ᠢᠯᠡᠷᠬᠡᠢᠯᠡᠯᠲᠦ ᠬᠡᠰᠡᠭ᠎ᠲᠦ ᠵᠢᠭ᠍ᠰᠠᠭᠠᠭ᠍ᠳᠠᠵᠤ᠂ ᠭᠣᠴᠣᠷ᠂ ᠵᠶ᠋ᠢ ᠯᠦ᠍ ᠰᠠᠢ᠂ ᠭᠤᠸᠠᠩ ᠯᠦ᠍ ᠰᠠᠢ ᠵᠡᠷᠭᠡ ᠬᠠᠯᠬᠠᠪᠴᠢ ᠪᠣᠭᠣᠮᠲᠠ ᠨᠢ ᠲᠦᠮᠡᠨ ᠭᠠᠵᠠᠷ᠎ᠤᠨ ᠣᠷᠳᠣ᠌ ᠴᠠᠭᠠᠨ ᠬᠡᠷᠡᠮ᠎ᠦᠨ ᠳᠦᠷᠢ ᠳᠥᠷᠬᠦ᠌ᠶ᠋ᠢᠨ ᠢᠯᠡᠷᠬᠡᠢᠯᠡᠯᠲᠦ ᠴᠡᠭ᠎ᠲᠦ ᠵᠢᠭ᠍ᠰᠠᠭᠠᠭ᠍ᠳᠠᠭᠠᠳ᠂ ᠤᠷᠲᠤ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠲᠥᠯᠦᠪᠵᠢᠭᠦᠯᠭᠡ᠎ᠳᠦ ᠵᠢᠭ᠍ᠰᠠᠭᠠᠭ᠍ᠳᠠᠪᠠ᠃
ᠲᠤᠰ ᠤᠳᠠᠭᠠᠨ᠎ᠤ ᠰᠤᠳᠤᠯᠤᠨ ᠶᠠᠷᠢᠯᠴᠠᠬᠤ ᠬᠤᠷᠠᠯ ᠨᠢ 2 ᠡᠳᠦᠷ ᠶᠠᠪᠤᠭᠳᠠᠵᠤ᠂ 《ᠳᠤᠮᠳᠠᠳᠤ᠎ᠶᠢᠨ ᠪᠣᠯᠪᠠᠰᠤᠨ ᠤᠮᠠᠷᠠᠲᠤ ᠬᠢᠵᠠᠭᠠᠷ᠎ᠢ ᠭᠡᠢᠭᠦᠯᠵᠦ᠂ ᠤᠷᠳᠤ ᠴᠠᠭᠠᠨ ᠬᠡᠷᠡᠮ᠎ᠦᠨ ᠡᠮᠦᠨ᠎ᠡ ᠤᠮᠠᠷ᠎ᠠ ᠪᠣᠯᠪᠠᠰᠤ ᠦᠯᠦᠭᠡᠢ ᠨᠤᠲᠤᠭ》 ᠭᠡᠰᠡᠨ᠎ᠢᠶᠡᠷ ᠭᠣᠣᠯ ᠰᠡᠳᠦᠪ ᠪᠣᠯᠭᠠᠵᠤ᠂ ᠤᠮᠠᠷᠠᠲᠤ ᠬᠢᠵᠠᠭᠠᠷ᠎ᠤᠨ ᠰᠣᠶᠣᠯ᠎ᠢ ᠶᠡᠬᠡᠪᠡᠷ ᠪᠠᠳᠠᠷᠠᠭᠤᠯᠵᠤ᠂ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭ᠍ᠴᠠᠯᠠᠵᠤ᠂ ᠡᠷᠳᠡᠮ ᠰᠢᠨᠵᠢᠯᠡᠭᠡᠨ᠎ᠦ ᠰᠤᠳᠤᠯᠭᠠᠨ᠎ᠢᠶᠠᠷ ᠤᠷᠳᠤ ᠴᠠᠭᠠᠨ ᠬᠡᠷᠡᠮ᠎ᠦᠨ ᠰᠣᠶᠣᠯ᠎ᠤᠨ ᠥᠪ᠎ᠦᠨ ᠱᠢᠰᠲ᠋ᠧᠮᠲᠦ ᠴᠢᠨᠠᠷᠲᠠᠢ ᠬᠠᠮᠠᠭᠠᠯᠠᠯᠲᠠ᠎ᠶᠢ ᠦᠨᠡᠨ ᠬᠦ᠌ ᠡᠷᠴᠢᠮᠯᠡᠵᠦ᠍ ᠪᠠᠢᠨ᠎ᠠ᠃