ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠡᠷᠢᠶᠡᠨ ᠬᠣᠲᠠ᠎ᠳᠡᠬᠢ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠶᠢᠨ ᠨᠢᠳᠤᠨᠤᠨ᠎ᠤ ᠬᠢᠯᠢ᠎ᠪᠡᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 3986 ᠴᠤᠪᠤᠭ᠎ᠠ᠎ᠳᠤ ᠬᠦᠷᠴᠦ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠢ
ᠨᠡᠶ᠋ᠢᠲᠡᠯᠡᠭᠰᠡᠨ ᠴᠠᠭ᠄ 2026-01-04

1 ᠳ᠋ᠦ᠍ᠭᠡᠷ ᠰᠠᠷ᠎ᠠ᠎ᠶᠢᠨ 3᠎ᠤ ᠡᠳᠦᠷ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯᠲᠦ ᠺᠣᠮᠫᠠᠨᠢ᠎ᠶᠢᠨ ᠡᠷᠢᠶᠡᠨ᠎ᠳᠡᠬᠢ ᠥᠷᠲᠡᠭᠡ᠎ᠡᠴᠡ ᠣᠢᠯᠠᠭᠠᠭᠰᠠᠨ᠎ᠢᠶᠠᠷ᠂ 2025 ᠣᠨ᠎ᠳᠤ ᠡᠷᠢᠶᠡᠨ ᠬᠣᠲᠠ᠎ᠳᠡᠬᠢ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠣᠷᠣᠵᠤ ᠭᠠᠷᠤᠭᠰᠠᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ 3986 ᠴᠤᠪᠤᠭ᠎ᠠ᠎ᠳᠦ ᠬᠦᠷᠴᠦ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃ 

ᠡᠷᠢᠶᠡᠨ ᠬᠣᠲᠠ᠎ᠳᠡᠬᠢ ᠲᠡᠮᠦᠷ ᠵᠠᠮ᠎ᠤᠨ ᠬᠢᠯᠢ᠎ᠶᠢᠨ ᠪᠣᠭᠣᠮᠲᠠ ᠨᠢ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠲᠥᠪ᠎ᠲᠦ ᠪᠠᠢᠷᠢᠯᠠᠵᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠳᠤᠮᠳᠠᠳᠤ ᠤᠯᠤᠰ ᠯᠤᠭ᠎ᠠ ᠨᠡᠪᠲᠡᠷᠡᠬᠦ ᠵᠠᠮ᠎ᠳᠠᠬᠢ ᠴᠤᠷᠢ᠎ᠶᠢᠨ ᠭᠠᠭᠴᠠ ᠬᠢᠯᠢ᠎ᠪᠡᠷ ᠣᠷᠣᠵᠤ ᠭᠠᠷᠬᠤ ᠲᠡᠮᠦᠷ ᠵᠠᠮ᠎ᠤᠨ ᠬᠢᠯᠢ᠎ᠶᠢᠨ ᠪᠣᠭᠣᠮᠲᠠ ᠪᠣᠯᠣᠨ᠎ᠠ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠰᠠᠨᠠᠭᠠᠴᠢᠯᠠᠭ᠎ᠠ᠎ᠶᠢᠨ ᠠᠬᠢᠭᠤᠯᠤᠯ ᠳᠣᠣᠷ᠎ᠠ᠂ 2013 ᠣᠨ᠎ᠳᠤ ᠠᠩᠬᠠᠳᠠᠭ᠍ᠴᠢ ᠴᠤᠪᠤᠭ᠎ᠠ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢ ᠨᠡᠪᠲᠡᠷᠡᠭᠦᠯᠦᠭᠰᠡᠨ᠎ᠡᠴᠡ ᠨᠠᠭᠠᠰᠢ᠂ ᠡᠷᠢᠶᠡᠨ ᠬᠤᠳᠠ᠎ᠳᠡᠬᠢ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠪᠠᠷ ᠨᠡᠪᠲᠡᠷᠡᠭᠰᠡᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠲᠣᠭ᠎ᠠ᠂ ᠳᠠᠪᠲᠠᠮᠵᠢ ᠨᠢ ᠦᠷᠭᠦᠯᠵᠢᠯᠡᠨ ᠨᠡᠮᠡᠭᠳᠡᠬᠦ ᠬᠠᠨᠳᠤᠰᠢ᠎ᠲᠠᠢ ᠪᠣᠯᠵᠤ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ ᠨᠡᠪᠲᠡᠷᠡᠭᠰᠡᠨ ᠲᠣᠭ᠎ᠠ ᠨᠢ ᠨᠡᠢ᠍ᠢᠳᠡ 2.1 ᠲᠦᠮᠡ᠎ᠶᠢ ᠳᠠᠪᠠᠵᠠᠢ᠃ ᠲᠡᠭᠡᠭᠡᠪᠦᠷᠢᠯᠡᠬᠦ ᠡᠳ᠋ ᠪᠠᠷᠠᠭᠠᠨ᠎ᠤ ᠲᠦᠷᠦᠯ ᠵᠦᠢᠯ ᠨᠢ ᠬᠠᠮᠤᠭ᠎ᠤᠨ ᠠᠩᠬᠠᠨ᠎ᠳᠤ᠎ᠪᠠᠨ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠎ᠶᠢᠨ ᠦᠢᠯᠡᠳᠬᠦᠨ᠂ ᠬᠤᠪᠴᠠᠰᠤ ᠬᠤᠨᠠᠷ ᠱᠠᠬᠠᠢ ᠮᠠᠯᠠᠭᠠᠢ᠎ᠪᠠᠷ ᠭᠣᠣᠯ ᠪᠣᠯᠭᠠᠵᠤ ᠪᠠᠢᠭᠰᠠᠨ᠎ᠠᠴᠠ᠎ᠪᠠᠨ ᠠᠭᠠᠵᠢᠮ᠎ᠢᠶᠠᠷ ᠰᠢᠨ᠎ᠡ ᠡᠨᠧᠷᠭᠢ᠎ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ᠂ ᠭᠡᠷ᠎ᠦᠨ ᠴᠠᠬᠢᠯᠭᠠᠨ ᠬᠡᠷᠡᠭᠰᠡᠯ ᠵᠡᠷᠭᠡ ᠥᠨᠳᠥᠷ ᠨᠡᠮᠡᠯᠲᠡ ᠦᠷᠳᠡᠭ ᠪᠦᠬᠦᠢ ᠦᠢᠯᠡᠳᠬᠦᠨ᠎ᠢᠶᠡᠷ ᠭᠣᠣᠯᠯᠠᠭᠤᠯᠬᠤ ᠪᠣᠯᠵᠤ ᠬᠤᠪᠢᠷᠠᠪᠠ᠃ 

ᠦᠷᠭᠦᠯᠵᠢᠯᠡᠨ ᠨᠡᠮᠡᠭᠳᠡᠵᠦ ᠪᠠᠢᠭ᠎ᠠ ᠬᠢᠯᠢ᠎ᠪᠡᠷ ᠣᠷᠣᠵᠤ ᠭᠠᠷᠬᠤ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠨᠡᠪᠲᠡᠷᠡᠬᠦ ᠱᠠᠭᠠᠷᠳᠠᠯᠭ᠎ᠠ᠎ᠳᠤ ᠴᠢᠭᠯᠡᠭᠦᠯᠦᠨ᠂ ᠡᠷᠢᠶᠡᠨ ᠬᠣᠲᠠ᠎ᠳᠡᠬᠢ ᠲᠡᠮᠦᠷ ᠵᠠᠮ᠎ᠤᠨ ᠬᠢᠯᠢ᠎ᠶᠢᠨ ᠪᠣᠭᠣᠮᠲᠠ᠎ᠶᠢᠨ ᠬᠢᠨ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢ ᠲᠣᠰᠴᠤ ᠲᠡᠭᠡᠭᠡᠪᠦᠷᠢᠯᠡᠬᠦ ᠵᠣᠬᠢᠶᠠᠨ ᠪᠠᠢᠭᠤᠯᠤᠯᠲᠠ᠎ᠶᠢᠨ ᠴᠤᠪᠤᠷᠠᠯ᠎ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ 《ᠡᠳᠦᠷ ᠪᠣᠯᠭᠠᠨ ᠶᠠᠷᠢᠯᠴᠠᠨ ᠵᠣᠬᠢᠴᠠᠭᠤᠯᠬᠤ᠂ ᠰᠠᠷ᠎ᠠ  ᠪᠦᠷᠢ ᠠᠭᠤᠯᠵᠠᠨ ᠲᠦᠯᠦᠪᠵᠢᠭᠦᠯᠬᠦ᠌》 ᠲᠣᠭᠲᠠᠴᠠ᠎ᠶᠢ ᠰᠠᠢᠲᠤᠷ ᠬᠡᠷᠡᠭᠵᠢᠭᠦᠯᠦᠨ᠂ ᠡᠷᠢᠶᠡᠨ ᠥᠷᠲᠡᠭᠡ ᠪᠠ ᠵᠠᠮ᠎ᠤᠨ ᠡᠭᠦᠳᠡ ᠥᠷᠲᠡᠭᠡᠨ᠎ᠦ 《ᠬᠣᠶᠠᠷ ᠥᠷᠲᠡᠭᠡ᠎ᠶᠢ ᠨᠢᠭᠡ ᠴᠣᠭᠴᠠᠵᠢᠭᠤᠯᠬᠤ》 ᠵᠣᠬᠢᠶᠠᠨ ᠪᠠᠢᠭᠤᠯᠤᠯᠲᠠ᠎ᠶᠢᠨ ᠬᠡᠪ ᠵᠠᠭᠪᠤᠷ᠎ᠢ ᠭᠦᠨᠵᠡᠭᠡᠢᠷᠡᠭᠦᠯᠵᠦ᠂ ᠬᠣᠶᠠᠷ ᠥᠷᠲᠡᠭᠡᠨ᠎ᠦ ᠲᠡᠷᠭᠡᠨ᠎ᠦ ᠴᠤᠪᠤᠷᠠᠯ᠎ᠤᠨ ᠪᠦᠲᠦᠴᠡ᠂ ᠥᠷᠲᠡᠭᠡᠨ᠎ᠦ ᠨᠥᠭᠡᠴᠡ᠎ᠶᠢᠨ ᠪᠠᠢᠳᠠᠯ᠎ᠢ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠡᠳ᠋ᠯᠡᠨ᠂ ᠲᠤᠰᠴᠤ ᠶᠠᠪᠤᠭᠤᠯᠬᠤ ᠭᠠᠯᠲᠤ ᠲᠡᠷᠭᠡ᠂ ᠠᠴᠢᠶᠠᠯᠠᠵᠤ ᠪᠠᠭᠤᠯᠭᠠᠬᠤ ᠠᠵᠢᠯ᠂ ᠲᠡᠷᠭᠡᠨ᠎ᠦ ᠴᠤᠪᠤᠷᠠᠯ᠎ᠤᠨ ᠵᠣᠬᠢᠶᠠᠨ ᠪᠠᠢᠭᠤᠯᠤᠯᠲᠠ ᠵᠡᠷᠭᠡ ᠠᠰᠠᠭᠤᠳᠠᠯ᠎ᠤᠳ᠎ᠢ ᠵᠣᠬᠢᠴᠠᠭᠤᠯᠤᠨ ᠰᠢᠢᠳᠪᠦᠷᠢᠯᠡᠵᠦ᠂ ᠥᠷᠭᠡᠨ ᠪᠠᠷᠢᠮᠵᠢᠶᠠᠲᠤ ᠲᠡᠮᠦᠷ ᠵᠠᠮ᠎ᠢᠶᠠᠷ ᠲᠤᠰᠢᠶᠠᠬᠤ ᠪᠠ ᠲᠣᠰᠬᠤ ᠲᠡᠭᠡᠭᠡᠪᠦᠷᠢ᠎ᠶᠢᠨ ᠵᠣᠬᠢᠶᠠᠨ ᠪᠠᠢᠭᠤᠯᠤᠯᠲᠠ᠎ᠶᠢᠨ ᠲᠦᠭᠵᠢᠷᠡᠯ᠂ ᠬᠦᠴᠢᠷᠳᠡᠯ᠎ᠢ ᠠᠷᠢᠯᠭᠠᠵᠠᠢ᠃ ᠡᠭᠦᠨ᠎ᠦ ᠬᠠᠮᠲᠤ᠂ ᠪᠣᠭᠣᠮᠲᠠ᠎ᠶᠢᠨ ᠰᠠᠯᠠᠭ᠎ᠠ ᠮᠥᠴᠢᠷ ᠯᠦ᠍ᠭᠡ᠎ᠶᠢᠨ ᠬᠠᠷᠢᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠬᠠᠵᠤ᠂ ᠣᠯᠠᠨ ᠤᠯᠤᠰ᠎ᠤᠨ ᠬᠠᠮᠲᠤᠷᠠᠭᠰᠠᠨ ᠲᠡᠭᠡᠭᠡᠪᠦᠷᠢ᠎ᠶᠢᠨ ᠮᠡᠳᠡᠭᠡ ᠵᠠᠩᠭᠢ᠎ᠶᠢ ᠬᠣᠯᠪᠣᠯᠳᠤᠨ ᠨᠡᠪᠲᠡᠷᠡᠯᠴᠡᠭᠦᠯᠬᠦ᠂ ᠳᠡᠭᠡᠳᠦ ᠬᠡᠮᠵᠢᠶ᠎ᠡ᠎ᠪᠡᠷ ᠬᠠᠮᠵᠢᠯᠴᠠᠬᠤ᠎ᠪᠡᠨ ᠪᠡᠶᠡᠯᠡᠭᠦᠯᠵᠦ᠂ ᠪᠣᠭᠣᠮᠲᠠ᠎ᠶᠢᠨ ᠪᠠᠢᠴᠠᠭᠠᠨ ᠰᠢᠯᠭᠠᠬᠤ ᠬᠡᠪ ᠵᠠᠭᠪᠤᠷ᠂ ᠳᠠᠪᠲᠠᠮᠵᠢ᠎ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ; ᠬᠢᠯᠢ᠎ᠶᠢᠨ ᠪᠠᠢᠴᠠᠭᠠᠯᠲᠠ᠎ᠶᠢᠨ ᠰᠠᠯᠠᠭ᠎ᠠ ᠮᠥᠴᠢᠷ ᠯᠦ᠍ᠭᠡ ᠡᠭᠡᠯᠵᠢ ᠪᠦᠷᠢ᠎ᠶᠢᠨ ᠲᠣᠰᠴᠤ ᠶᠠᠪᠤᠭᠤᠯᠬᠤ ᠲᠥᠯᠥᠪᠯᠡᠭᠡ᠎ᠶᠢ ᠬᠣᠯᠪᠣᠭ᠎ᠠ ᠠᠪᠴᠤ ᠵᠣᠯᠭᠠᠭᠤᠯᠬᠤ ᠲᠣᠭᠲᠠᠴᠠ᠎ᠶᠢ ᠪᠠᠢᠭᠤᠯᠵᠤ᠂ ᠲᠡᠷᠭᠡᠨ᠎ᠦ ᠴᠤᠪᠤᠷᠠᠯ᠎ᠢ ᠪᠠᠢᠴᠠᠭᠠᠨ ᠰᠢᠯᠭᠠᠬᠤ ᠲᠠᠰ ᠳᠠᠷᠠᠭᠠᠯᠠᠯ᠎ᠢ ᠲᠣᠳᠣᠷᠬᠠᠢᠯᠠᠨ᠂ 《ᠲᠡᠷᠭᠡᠨ᠎ᠦ ᠴᠤᠪᠤᠷᠠᠯ ᠲᠣᠭᠲᠠᠭᠰᠠᠨ ᠭᠠᠵᠠᠷ᠎ᠲᠤ ᠢᠷᠡᠵᠦ ᠪᠤᠴᠠᠬᠤ᠂ ᠬᠢᠯᠢ᠎ᠶᠢᠨ ᠪᠠᠢᠴᠠᠭᠠᠯᠲᠠ᠎ᠶᠢ ᠲᠣᠭᠲᠠᠭᠰᠠᠨ ᠴᠠᠭ᠎ᠲᠤ ᠨᠢ ᠪᠠᠢᠴᠠᠭᠠᠬᠤ》 ᠣᠷᠴᠢᠯᠲᠤ ᠬᠡᠪ ᠵᠠᠭᠪᠤᠷ᠎ᠢ ᠪᠦᠷᠢᠯᠳᠦᠭᠦᠯᠵᠡᠢ; 《ᠳ᠋ᠢᠭᠢᠲ ᠬᠢᠯᠢ᠎ᠶᠢᠨ ᠪᠣᠭᠣᠮᠲᠠ》᠎ᠶᠢᠨ ᠪᠦᠲᠦᠭᠡᠨ ᠪᠠᠢᠭᠤᠯᠤᠯᠲᠠ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠮᠦᠷ ᠵᠠᠮ᠎ᠤᠨ ᠪᠠᠷᠠᠭᠠᠨ᠎ᠤ ᠲᠡᠭᠡᠭᠡᠪᠦᠷᠢ᠎ᠶᠢᠨ 95306 ᠳ᠋ᠢᠭᠢᠲ ᠬᠢᠯᠢ᠎ᠶᠢᠨ ᠪᠣᠭᠣᠮᠲᠠ᠎ᠶᠢᠨ ᠰᠢᠰᠲᠧᠮ᠎ᠢ ᠰᠠᠢᠲᠤᠷ ᠬᠡᠷᠡᠭᠯᠡᠨ᠂ ᠳᠤᠮᠳᠠᠳᠤ ᠡᠸᠦ᠋ᠷᠦᠫᠡ᠎ᠶᠢᠨ ᠵᠢᠰᠢᠶᠠᠨ᠎ᠤ ᠭᠠᠯᠲᠤ ᠲᠡᠷᠭᠡ᠎ᠶᠢᠨ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠪᠦᠲᠦᠮᠵᠢᠲᠡᠶ ᠳᠡᠭᠡᠭᠰᠢᠯᠡᠭᠦᠯᠪᠡ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ