ᠲᠡᠷᠢᠭᠦᠨ ᠬᠠᠭᠤᠳᠠᠰᠤ   -   ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2021-01-27

      ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠮᠠᠨ᠎ᠤ ᠣᠷᠣᠨ᠎ᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠬᠢᠵᠦ᠂ ᠠᠷᠠᠳ ᠣᠯᠠᠨ᠎ᠤ ᠠᠮᠤᠷ ᠲᠦᠪᠰᠢᠨ᠂ ᠡᠶ᠎ᠡ ᠨᠠᠢ᠌ᠷᠠᠮᠳᠠᠭᠤ᠎ᠪᠠᠷ ᠪᠠᠶᠠᠷ᠎ᠤᠨ ᠡᠳᠦᠷ ᠵᠶ᠋ᠡᠨ ᠥᠩᠭᠡᠷᠡᠭᠦᠯᠬᠦ ᠵᠢ ᠪᠠᠲᠤᠯᠠᠬᠤ ᠵᠢᠨ ᠲᠥᠯᠥᠭᠡ᠂ ᠡᠳᠦᠭᠡ ᠬᠣᠯᠪᠣᠭᠳᠠᠯ ᠪᠥᠬᠥᠶ ᠵᠦᠢᠯᠡᠰ᠎ᠢ ᠳᠣᠤᠷᠠᠬᠢ ᠮᠡᠲᠦ ᠵᠠᠷᠯᠠᠪᠠ᠃
      ᠨᠢᠭᠡ᠂ ᠥᠷᠭᠡᠨ ᠣᠯᠠᠨ ᠲᠦᠮᠡᠨ ᠠᠯᠢ ᠴᠢᠳᠠᠬᠤ᠎ᠪᠠᠷ ᠲᠤᠬᠠᠶ ᠵᠢᠨ ᠭᠠᠵᠠᠷ᠎ᠲᠤ᠎ᠪᠠᠨ ᠰᠢᠨᠡᠯᠡᠵᠦ᠂ ᠣᠨᠴᠠᠭ᠋ᠠᠢ ᠶᠠᠪᠤᠳᠠᠯ ᠦᠭᠡᠢ ᠪᠤᠯ ᠭᠠᠳᠠᠭᠰᠢ ᠭᠠᠷᠬᠤ ᠥᠬᠡᠶ᠂ ᠬᠢᠯᠢ᠎ᠠᠴᠠ ᠭᠠᠷᠬᠤ ᠥᠬᠡᠶ᠂ ᠤᠯᠤᠰ᠎ᠤᠨ ᠳᠣᠲᠣᠭ᠋ᠠᠳᠤ ᠵᠢᠨ ᠳᠤᠮᠳᠠ ᠥᠨᠳᠥᠷ ᠳᠡᠰ᠎ᠤᠨ ᠲᠦᠭᠰᠢᠭᠦᠷᠢᠲᠡᠶ ᠭᠠᠵᠠᠷ ᠣᠷᠣᠨ᠎ᠳᠤ ᠣᠴᠢᠬᠤ ᠥᠬᠡᠶ ᠪᠠᠢ᠌ᠬᠤ ᠬᠡᠷᠡᠭᠲᠡᠢ᠃ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠭ᠎ᠠ᠂ ᠠᠵᠢᠯ ᠦᠢᠯᠡᠰ᠎ᠤᠨ ᠨᠢᠭᠡᠴᠢ ᠵᠢᠴᠢ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠺᠠᠳ᠋ᠷᠴᠤᠳ ᠠᠵᠢᠯᠲᠠᠳ ᠠᠵᠢᠯᠴᠢᠳ ᠲᠦᠷᠦᠭᠦᠯᠡᠨ ᠲᠤᠬᠠᠶ ᠵᠢᠨ ᠭᠠᠵᠠᠷ᠎ᠲᠤ᠎ᠪᠠᠨ ᠰᠢᠨᠡᠯᠡᠨ᠂ ᠬᠥᠮᠦᠨ ᠬᠠᠷ᠎ᠠ ᠵᠢᠨ ᠶᠠᠪᠤᠯᠴᠠᠭ᠎ᠠ᠎ᠠᠴᠠ ᠪᠣᠯᠵᠤ ᠬᠢᠵᠢᠭ ᠳᠡᠯᠭᠡᠷᠡᠬᠦ ᠠᠶᠤᠯ ᠲᠦᠭᠰᠢᠭᠦᠷᠢ ᠵᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠢ᠃ ᠦᠨᠡᠨ ᠬᠦ᠌ ᠭᠠᠳᠠᠭᠰᠢ ᠭᠠᠷᠬᠤ ᠶᠤᠮ ᠪᠤᠯ᠂ ᠪᠠᠢ᠌ᠭᠤᠯᠭ᠎ᠠ ᠨᠢᠭᠡᠴᠢ᠎ᠳᠤ᠎ᠪᠠᠨ ᠡᠷᠬᠡᠪᠰᠢ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠂ ᠡᠷᠬᠡᠪᠰᠢ ᠬᠤᠪᠢ ᠬᠥᠮᠦᠨ᠎ᠤ ᠬᠠᠮᠠᠭ᠋ᠠᠯᠠᠯᠲᠠ ᠵᠢ ᠰᠠᠢ᠌ᠲᠤᠷ ᠬᠢᠵᠦ᠂ ᠥᠪᠡᠷ᠎ᠤᠨ ᠠᠵᠢᠯᠯᠠᠭ᠋ᠠᠨ᠎ᠤ ᠵᠠᠮ ᠮᠥᠷ ᠵᠶ᠋ᠡᠨ ᠣᠨᠣᠪᠴᠢᠲᠠᠢ ᠰᠠᠢ᠌ᠲᠤᠷ ᠲᠡᠮᠳᠡᠭᠯᠡᠬᠦ ᠬᠡᠷᠡᠭᠲᠡᠢ᠃
      ᠬᠣᠶᠠᠷ᠂ ᠬᠢᠯᠢ ᠵᠢᠨ ᠭᠠᠳᠠᠨᠠᠬᠢ ᠪᠠ ᠤᠯᠤᠰ᠎ᠤᠨ ᠳᠣᠲᠤᠭ᠋ᠠᠳᠤ ᠵᠢᠨ ᠳᠤᠮᠳᠠ ᠦᠨᠳᠦᠷ ᠳᠡᠰ᠎ᠤᠨ ᠠᠶᠤᠯ ᠲᠦᠭᠰᠢᠭᠦᠷᠢ᠎ᠲᠠᠢ ᠭᠠᠵᠠᠷ᠎ᠤᠨ ᠬᠦᠮᠦᠰ ᠣᠨᠴᠠ ᠴᠢᠬᠤᠯᠠ ᠦᠭᠡᠢ ᠪᠣᠯ ᠮᠠᠨ᠎ᠤ ᠣᠷᠣᠨ᠎ᠳᠤ ᠢᠷᠡᠬᠦ᠎ᠪᠠᠨ ᠲᠦᠷ ᠬᠣᠢ᠌ᠰᠢᠯᠠᠭᠤᠯᠬᠤ ᠬᠡᠷᠡᠭᠲᠡᠢ᠃   ᠮᠠᠨ᠎ᠤ ᠣᠷᠤᠨ᠎ᠳᠤ ᠦᠨᠡᠨ ᠬᠦ᠌ ᠢᠷᠡᠬᠦ (ᠪᠤᠴᠠᠬᠤ) ᠴᠢᠬᠤᠯᠠᠲᠠᠶ ᠬᠢᠯᠢ ᠵᠢᠨ ᠭᠠᠳᠠᠨᠠᠬᠢ ᠬᠥᠮᠦᠰ᠎ᠲᠤ 《14 ᠬᠣᠨᠤᠭ ᠲᠥᠪᠯᠡᠷᠡᠭᠦᠯᠦᠨ ᠲᠤᠰᠠᠭ᠋ᠠᠷᠯᠠᠬᠤ + 7 ᠬᠣᠨᠤᠭ ᠬᠡᠷ᠎ᠲᠤ᠎ᠨᠢ ᠲᠤᠰᠠᠭ᠋ᠠᠷᠯᠠᠬᠤ + 3 ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠯᠲᠡ ᠬᠢᠬᠦ (ᠲᠣᠰ ᠲᠣᠰ 1᠂ 14᠂ 21 ᠳ᠋ᠦ᠍ᠭᠡᠷ ᠬᠣᠨᠤᠭ᠎ᠲᠤ ᠪᠠᠢ᠌ᠴᠠᠭ᠋ᠠᠨ ᠬᠡᠮᠵᠢᠯᠲᠡ ᠬᠢᠬᠦ)》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠤᠯᠤᠰ᠎ᠤᠨ ᠳᠣᠲᠣᠭ᠋ᠠᠳᠤ ᠵᠢᠨ ᠦᠨᠳᠦᠷ ᠳᠡᠰ᠎ᠤᠨ ᠠᠶᠤᠯ ᠲᠦᠭᠰᠢᠭᠦᠷᠢ᠎ᠲᠠᠢ ᠭᠠᠵᠠᠷ ᠣᠷᠣᠨ ᠪᠤᠶᠤ ᠣᠢ᠌ᠷ᠎ᠠ ᠵᠢᠨ 14 ᠬᠣᠨᠤᠭ᠎ᠲᠤ ᠤᠯᠤᠰ᠎ᠤᠨ ᠳᠣᠲᠣᠭ᠋ᠠᠳᠤ ᠵᠢᠨ   ᠦᠨᠳᠦᠷ ᠳᠡᠰ᠎ᠤᠨ ᠠᠶᠤᠯ ᠲᠦᠭᠰᠢᠭᠦᠷᠢ᠎ᠲᠠᠢ ᠭᠠᠵᠠᠷ ᠣᠷᠣᠨ᠎ᠳᠤ ᠵᠢᠭᠤᠯᠴᠢᠯᠠᠨ ᠰᠠᠭᠤᠭᠰᠠᠨ ᠬᠥᠮᠦᠰ᠎ᠲᠤ 《14 ᠬᠣᠨᠤᠭ ᠲᠥᠪᠯᠡᠷᠡᠭᠦᠯᠦᠨ ᠲᠤᠰᠠᠭ᠋ᠠᠷᠯᠠᠬᠤ + 2 ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠯᠲᠡ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ; ᠤᠯᠤᠰ᠎ᠤᠨ ᠳᠣᠲᠣᠭ᠋ᠠᠳᠤ ᠵᠢᠨ ᠳᠤᠮᠳᠠ ᠳᠡᠰ᠎ᠤᠨ ᠠᠶᠤᠯ ᠲᠦᠭᠰᠢᠭᠦᠷᠢ᠎ᠲᠠᠢ ᠭᠠᠵᠠᠷ ᠣᠷᠣᠨ ᠪᠤᠶᠤ ᠣᠢ᠌ᠷ᠎ᠠ ᠵᠢᠨ 14 ᠬᠣᠨᠤᠭ᠎ᠲᠤ ᠤᠯᠤᠰ᠎ᠤᠨ ᠳᠣᠲᠣᠭ᠋ᠠᠳᠤ ᠵᠢᠨ ᠳᠤᠮᠳᠠ ᠳᠡᠰ᠎ᠤᠨ ᠠᠶᠤᠯ ᠲᠦᠭᠰᠢᠭᠦᠷᠢ᠎ᠲᠠᠢ ᠭᠠᠵᠠᠷ ᠣᠷᠣᠨ᠎ᠳᠤ ᠵᠢᠭᠤᠯᠴᠢᠯᠠᠨ ᠰᠠᠭᠤᠭᠰᠠᠨ ᠬᠥᠮᠦᠰ᠎ᠲᠤ 《14 ᠬᠣᠨᠤᠭ ᠬᠡᠷ᠎ᠲᠤ᠎ᠨᠢ ᠲᠤᠰᠠᠭ᠋ᠠᠷᠯᠠᠬᠤ + 2 ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠯᠲᠡ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃
      ᠭᠤᠷᠪᠠ᠂ ᠡᠯ᠎ᠡ ᠱᠠᠲᠤᠨ᠎ᠤ ᠨᠠᠮ ᠵᠠᠰᠠᠭ᠎ᠤᠨ ᠪᠠᠢ᠌ᠭᠤᠯᠭ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠨᠦᠭᠦᠳ ᠶᠡᠬᠡ ᠬᠡᠪᠴᠢᠶᠡᠨ᠎ᠤ ᠬᠤᠷᠠᠯᠳᠤᠭ᠋ᠠᠨ᠎ᠤ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠳᠠᠯᠠᠵᠤ᠂ ᠵᠠᠷᠴᠢᠮ ᠳᠡᠭᠡᠷ᠎ᠡ᠎ᠪᠠᠨ ᠶᠡᠬᠡ ᠬᠡᠪᠴᠢᠶᠡᠨ᠎ᠤ ᠲᠥᠪᠯᠡᠷᠡᠯ᠎ᠤᠨ ᠴᠢᠨᠠᠷᠲᠠᠶ ᠬᠤᠷᠠᠯᠳᠤᠭ᠋ᠠᠨ᠎ᠤ ᠠᠵᠢᠯᠯᠠᠭ᠎ᠠ ᠡᠷᠬᠢᠯᠡᠬᠦ ᠦᠭᠡᠶ ᠪᠠᠢ᠌ᠬᠤ ᠬᠡᠷᠡᠭᠲᠡᠶ᠂ ᠦᠨᠡᠨ ᠬᠦ᠌ ᠡᠷᠬᠢᠯᠡᠬᠦ ᠴᠢᠬᠤᠯᠠᠲᠠᠢ ᠪᠣᠯ ᠰᠦᠯᠵᠢᠢ᠎ᠡ᠂ ᠸᠢᠳᠢᠣ᠋᠂ ᠰᠦᠯᠵᠢᠶᠡᠨ ᠳᠡᠭᠡᠷᠡᠬᠢ ᠲᠠᠪᠴᠠᠩ ᠵᠡᠷᠭᠡ ᠬᠡᠯᠪᠡᠷᠢ᠎ᠪᠠᠷ ᠡᠷᠬᠢᠯᠡᠬᠦ ᠵᠢ ᠰᠠᠨᠠᠭ᠋ᠠᠴᠢᠯᠠᠨ᠎ᠠ᠂ 50 ᠬᠥᠮᠦᠨ᠎ᠠᠴᠠ ᠳᠡᠭᠡᠭᠰᠢᠬᠢ ᠬᠤᠷᠠᠯ᠎ᠤᠨ ᠠᠵᠢᠯᠯᠠᠭ᠎ᠠ ᠡᠷᠬᠢᠯᠡᠬᠦ᠎ᠳᠤ᠂ ᠭᠣᠣᠯᠯᠠᠨ ᠡᠷᠭᠢᠯᠡᠬᠦ ᠲᠠᠯ᠎ᠠ᠎ᠨᠢ ᠲᠤᠬᠠᠢ ᠵᠢᠨ ᠭᠠᠵᠠᠷ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠵᠢᠯᠤᠭᠤᠳᠤᠯᠭ᠎ᠠ᠎ᠤᠨ ᠳᠠᠭ᠋ᠠᠤ᠂ ᠰᠡᠷᠭᠡᠢ᠌ᠯᠡᠨ ᠡᠵᠡᠮᠳᠡᠬᠦ ᠲᠥᠰᠦᠯ ᠲᠣᠭᠲᠠᠭ᠋ᠠᠬᠤ ᠵᠢᠨ ᠬᠠᠮᠲᠤ ᠬᠣᠯᠪᠣᠭᠳᠠᠯ ᠪᠦᠬᠦᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠢ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ᠃ ᠡᠯ᠎ᠡ ᠨᠢᠭᠡᠴᠢ ᠬᠠᠮᠲᠤ ᠵᠢᠨ ᠵᠣᠯᠭ᠋ᠠᠯᠲᠠ ᠪᠠ ᠲᠣᠮᠣ ᠬᠡᠯᠪᠡᠷᠢ ᠵᠢᠨ ᠲᠣᠬᠣᠨᠢᠭᠤᠯᠬᠤ ᠠᠵᠢᠯᠯᠠᠭ᠎ᠠ᠂ ᠬᠠᠮᠲᠤᠷᠠᠭᠰᠠᠨ ᠨᠠᠢ᠌ᠷ᠂ ᠬᠠᠮᠲᠤ ᠵᠢᠨ ᠬᠣᠭᠣᠯᠠᠯᠠᠭ᠎ᠠ᠂ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠵᠢ ᠴᠥᠮ ᠡᠷᠬᠢᠯᠡᠵᠦ ᠪᠣᠯᠬᠤ ᠥᠬᠡᠶ᠃
      ᠳᠥᠷᠪᠡ᠂ ᠡᠯ᠎ᠡ ᠭᠠᠵᠠᠷ ᠰᠦᠮ᠎ᠡ ᠵᠢᠨ ᠬᠤᠷᠠᠯ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠣᠨ᠎ᠤ ᠴᠤᠭᠯᠠᠭ᠋ᠠᠨ ᠪᠤᠶᠤ ᠴᠤᠭᠯᠠᠭ᠋ᠠᠨ ᠵᠡᠷᠭᠡ ᠲᠣᠮᠣ ᠬᠡᠯᠪᠡᠷᠢ ᠵᠢᠨ ᠠᠵᠢᠯᠯᠠᠭ᠎ᠠ ᠵᠢ ᠴᠥᠮ ᠡᠷᠬᠢᠯᠡᠵᠦ ᠪᠣᠯᠬᠤ ᠦᠭᠡᠢ᠂ ᠡᠯ᠎ᠡ ᠲᠥᠷᠥᠯ᠎ᠤᠨ ᠰᠦᠯᠵᠢᠶᠡᠨ ᠭᠠᠳᠠᠨᠠᠬᠢ ᠲᠣᠮᠣ ᠬᠡᠯᠪᠡᠷᠢ ᠵᠢᠨ ᠴᠤᠭᠯᠠᠷᠠᠯ᠎ᠤᠨ ᠴᠢᠨᠠᠷᠲᠠᠶ ᠳᠡᠯᠭᠡᠨ ᠪᠣᠷᠣᠯᠠᠭᠤᠯᠬᠤ᠂ ᠤᠷᠮᠠᠰᠢᠭᠤᠯᠤᠨ ᠪᠣᠷᠤᠯᠠᠭᠤᠯᠬᠤ ᠵᠡᠷᠭᠡ ᠠᠵᠢᠯᠯᠠᠭ᠎ᠠ᠎ᠨᠤᠭᠤᠳ᠎ᠢ ᠡᠷᠬᠢᠯᠡᠵᠦ ᠪᠤᠯᠬᠤ ᠥᠬᠡᠶ᠃ 《ᠪᠠᠶᠠᠷ᠎ᠤᠨ ᠶᠠᠪᠤᠳᠠᠯ᠎ᠢ ᠬᠣᠢ᠌ᠰᠢᠯᠠᠭᠤᠯᠤᠨ ᠪᠡᠯᠭᠡᠯᠡᠵᠦ᠂ ᠣᠷᠣᠰᠢᠭᠤᠯᠭ᠎ᠠ ᠵᠢᠨ ᠶᠠᠪᠤᠳᠠᠯ᠎ᠢ ᠳᠦᠭᠦᠮᠴᠢᠯᠡᠬᠦ᠂ ᠳᠠᠢ᠌ᠯᠠᠯᠭ᠎ᠠ ᠦᠯᠦ ᠬᠢᠬᠦ》 ᠵᠢ ᠰᠠᠨᠠᠭ᠋ᠠᠴᠢᠯᠠᠨ᠎ᠠ᠃
      ᠲᠠᠪᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠤᠭᠤᠳ ᠤᠷᠢᠳᠴᠢᠯᠠᠨ ᠪᠠᠢ᠌ᠴᠠᠭ᠋ᠠᠵᠤ ᠰᠠᠯᠭ᠋ᠠᠨ ᠡᠮᠨᠡᠬᠦ ᠪᠠ ᠠᠩᠬ᠎ᠠ ᠡᠮᠨᠡᠬᠦ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠠᠯᠠᠭᠤᠷᠠᠵᠤ ᠪᠠᠢ᠌ᠭ᠎ᠠ ᠡᠪᠡᠳᠴᠢᠲᠡᠨ ᠪᠠ ᠡᠮᠨᠡᠯᠭᠡ᠎ᠳᠤ ᠰᠠᠭᠤᠵᠤ ᠪᠠᠢ᠌ᠭ᠎ᠠ ᠡᠪᠡᠳᠴᠢᠲᠡᠨ᠎ᠤ ᠬᠠᠮᠢᠶᠠᠷᠤᠯᠲᠠ ᠵᠢ ᠴᠢᠩᠭ᠋ᠠᠳᠬᠠᠨ᠂ ᠪᠣᠯᠵᠣᠵᠤ ᠣᠨᠣᠰᠢᠯᠠᠨ ᠡᠮᠨᠡᠬᠦ᠂ ᠴᠠᠭ ᠬᠤᠪᠢᠶᠠᠷᠢᠯᠠᠨ ᠡᠮᠴᠢᠯᠡᠬᠦ᠂ ᠰᠦᠯᠵᠢᠶᠡᠨ ᠳᠡᠭᠡᠷ᠎ᠡ ᠯᠠᠪᠯᠠᠬᠤ ᠵᠡᠷᠭᠡ ᠡᠮᠨᠡᠯᠭᠡ ᠵᠢᠨ ᠬᠠᠮᠢᠶᠠᠷᠤᠯᠲᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠶ᠃ ᠠᠷᠠᠳ᠎ᠠᠴᠠ ᠡᠵᠡᠩᠨᠡᠭᠰᠡᠨ ᠡᠮᠨᠡᠯᠭᠡ ᠵᠢᠨ ᠬᠣᠷᠢᠶ᠎ᠠ᠂ ᠬᠤᠪᠢ ᠵᠢᠨ ᠡᠮᠨᠡᠯᠭᠡ ᠵᠢᠨ ᠭᠠᠵᠠᠷ ᠪᠣᠯᠤᠨ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠤᠭᠤᠳ ᠬᠠᠯᠠᠭᠤᠷᠠᠵᠤ ᠪᠠᠢ᠌ᠭ᠎ᠠ ᠡᠪᠡᠳᠴᠢᠲᠡᠨ᠎ᠢ ᠰᠢᠭᠰᠢᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠬᠡᠷᠪᠡ ᠰᠢᠯᠲᠠᠭ᠋ᠠᠨ᠎ᠨᠢ ᠲᠣᠳᠣᠷᠬᠠᠶ ᠥᠬᠡᠶ ᠬᠠᠯᠠᠭᠤᠷᠠᠵᠤ ᠪᠠᠢ᠌ᠭ᠎ᠠ ᠡᠪᠡᠳᠴᠢᠲᠡᠨ᠎ᠢ ᠣᠯᠵᠤ ᠮᠡᠳᠡᠪᠡᠯ᠂ ᠳᠠᠷᠤᠢ᠌ᠬᠠᠨ ᠲᠤᠰᠠᠭ᠋ᠠᠷᠯᠠᠬᠤ ᠵᠢᠨ ᠬᠠᠮᠲᠤ ᠬᠠᠷᠢᠶ᠎ᠠ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠲᠤ ᠮᠡᠳᠡᠭᠦᠯᠵᠦ᠂ ᠬᠠᠯᠠᠭᠤᠷᠠᠯ᠎ᠤᠨ ᠡᠭᠦᠳᠡᠨ ᠡᠮᠨᠡᠯᠭᠡ᠎ᠲᠠᠢ ᠡᠮᠨᠡᠯᠭᠡ ᠵᠢᠨ ᠬᠣᠷᠢᠶᠠᠨ᠎ᠳᠤ ᠰᠢᠯᠵᠢᠭᠦᠯᠦᠨ ᠪᠠᠢ᠌ᠴᠠᠭ᠋ᠠᠯᠭ᠋ᠠᠬᠤ ᠬᠡᠷᠡᠭᠲᠡᠢ᠃
      ᠵᠢᠷᠭᠤᠭ᠎ᠠ᠂ ᠵᠢᠵᠢᠭᠯᠡᠨ ᠬᠤᠳᠠᠯᠳᠤᠬᠤ ᠡᠮ᠎ᠤᠨ ᠳᠡᠯᠭᠡᠭᠦᠷ᠎ᠤᠳ ᠬᠠᠯᠠᠭᠤᠨ᠎ᠢ ᠪᠠᠭᠤᠷᠠᠭᠤᠯᠬᠤ ᠡᠮ᠂ ᠬᠠᠨᠢᠶᠠᠳᠤ ᠵᠢ ᠵᠣᠭᠰᠣᠭ᠋ᠠᠬᠤ ᠡᠮ᠂ ᠸᠢᠷᠦ᠋ᠰ᠎ᠢ ᠳᠠᠷᠤᠬᠤ ᠡᠮ᠂ ᠪᠠᠺᠲ᠋ᠧᠷᠢ ᠳᠠᠷᠤᠬᠤ ᠡᠮ ᠵᠡᠷᠭᠡ ᠡᠮ᠎ᠤᠨ ᠲᠦᠷᠦᠯ᠎ᠤᠳ᠎ᠢ ᠬᠤᠳᠠᠯᠳᠤᠨ ᠠᠪᠬᠤ᠎ᠳᠤ ᠦᠨᠡᠨ ᠨᠡᠷ᠎ᠡ᠎ᠪᠠᠷ᠎ᠨᠢ ᠳᠠᠩᠰᠠᠯᠠᠬᠤ ᠳᠦᠷᠢᠮ᠎ᠢ ᠴᠢᠩᠭ᠎ᠠ ᠬᠡᠷᠡᠭᠵᠢᠭᠦᠯᠦᠨ᠂ ᠬᠡᠷᠪᠡ ᠬᠠᠯᠠᠭᠤᠷᠠᠵᠤ᠂ ᠬᠠᠨᠢᠶᠠᠵᠤ ᠪᠠᠢ᠌ᠭ᠎ᠠ ᠡᠪᠡᠳᠴᠢᠲᠡᠨ ᠪᠠᠢ᠌ᠬᠤ ᠵᠢ ᠣᠯᠵᠤ ᠮᠡᠳᠡᠪᠡᠯ 2 ᠴᠠᠭ᠎ᠤᠨ ᠳᠣᠲᠣᠷ᠎ᠠ ᠲᠤᠬᠠᠶ ᠵᠢᠨ ᠭᠠᠵᠠᠷ᠎ᠤᠨ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ (ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ)᠎ᠳᠤ ᠮᠡᠳᠡᠭᠦᠯᠬᠦ ᠬᠡᠷᠡᠭᠲᠡᠶ᠃
      ᠳᠣᠯᠣᠭ᠎ᠠ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠂ ᠪᠣᠯᠪᠠᠰᠤᠷᠠᠭᠤᠯᠤᠯ᠎ᠤᠨ ᠪᠠᠢ᠌ᠭᠤᠯᠤᠮᠵᠢ᠎ᠨᠤᠭᠤᠳ ᠪᠠᠭᠰᠢ ᠰᠤᠷᠤᠭᠴᠢᠳ᠎ᠲᠤ᠎ᠪᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠮᠡᠳᠡᠯᠭᠡ ᠵᠢᠨ ᠤᠬᠠᠭᠤᠯᠭ᠎ᠠ ᠬᠥᠮᠦᠵᠢᠯ ᠬᠢᠬᠦ ᠵᠢ ᠴᠢᠩᠭ᠋ᠠᠳᠬᠠᠵᠤ᠂ ᠪᠠᠭᠰᠢ ᠰᠤᠷᠤᠭᠴᠢᠳ᠎ᠲᠤ ᠬᠤᠪᠢ ᠬᠥᠮᠦᠨ ᠵᠢᠴᠢ ᠬᠡᠷ ᠪᠦᠯᠢ ᠵᠢᠨ ᠬᠠᠮᠠᠭ᠋ᠠᠯᠠᠯᠲᠠ ᠵᠢ ᠴᠢᠩᠭ᠎ᠠ ᠰᠠᠢ᠌ᠲᠤᠷ ᠬᠢᠬᠦ ᠵᠢ ᠴᠠᠭ ᠲᠤᠬᠠᠶ᠎ᠳᠤ᠎ᠨᠢ ᠰᠠᠨᠠᠭᠤᠯᠬᠤ ᠬᠡᠷᠡᠭᠲᠡᠶ᠃
      ᠨᠠᠢᠮᠠ᠂ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠺᠢᠨᠣ᠋ ᠵᠦᠴᠦᠭᠡ ᠵᠢᠨ ᠲᠢᠶᠠᠲᠷ᠂ ᠰᠦᠯᠵᠢᠶᠡᠨ ᠪᠠᠭ᠋ᠠᠷ᠂ ᠳᠠᠭᠤᠤ ᠪᠥᠵᠢᠭ ᠵᠤᠭ᠎ᠠ ᠴᠡᠩᠭᠡᠯ᠎ᠤᠨ ᠲᠠᠯᠠᠪᠤᠷ ᠵᠡᠷᠭᠡ᠎ᠨᠢ ᠬᠦᠮᠦᠰ᠎ᠢ ᠬᠦᠯᠢᠶᠡᠨ ᠠᠪᠬᠤ᠎ᠳᠤ᠎ᠪᠠᠨ ᠬᠢᠨᠠᠨ ᠲᠣᠭᠲᠠᠭ᠋ᠠᠭᠰᠠᠨ ᠬᠥᠮᠦᠨ᠎ᠤ ᠲᠣᠭ᠎ᠠ ᠵᠢᠨ 75%᠎ᠠᠴᠠ ᠬᠡᠲᠦᠷᠡᠭᠦᠯᠵᠦ ᠪᠣᠯᠬᠤ ᠥᠬᠡᠶ᠂ ᠤᠬᠢᠶᠠᠯᠭ᠎ᠠ ᠵᠢᠨ ᠥᠷᠥᠭᠡ᠂ ᠪᠡᠶ᠎ᠡ ᠤᠬᠢᠶᠠᠬᠤ ᠭᠠᠵᠠᠷ ᠵᠡᠷᠭᠡ ᠨᠢᠭᠲᠠ ᠪᠢᠲᠡᠭᠦᠮᠵᠢᠯᠡᠭᠰᠡᠨ ᠲᠠᠯᠠᠪᠤᠷ᠎ᠤᠳ ᠬᠦᠮᠦᠰ᠎ᠢ ᠬᠦᠯᠢᠶᠡᠨ ᠠᠪᠬᠤ᠎ᠳᠤ᠎ᠪᠠᠨ ᠣᠷᠤᠨ ᠲᠣᠭ᠎ᠠ ᠳᠦᠭᠦᠷᠬᠦ ᠬᠥᠮᠦᠨ᠎ᠤ ᠲᠣᠭ᠎ᠠ ᠵᠢᠨ 50 %᠎ᠠᠴᠠ ᠬᠡᠲᠦᠷᠡᠭᠦᠯᠵᠦ ᠪᠣᠯᠬᠤ ᠥᠬᠡᠶ᠃
      ᠶᠢᠰᠦ᠂ ᠬᠤᠳᠠᠯᠳᠤᠭ᠋ᠠᠨ᠎ᠤ ᠬᠡᠲᠦ ᠳᠡᠯᠭᠡᠭᠦᠷ᠂ ᠢᠳᠡᠭᠡᠨ ᠤᠮᠳᠠᠭ᠋ᠠᠨ ᠵᠣᠴᠢᠳ ᠪᠠᠭᠤᠳᠠᠯ᠂ ᠲᠠᠷᠢᠶᠠᠯᠠᠩ᠎ᠤᠨ ᠠᠷᠠᠯᠵᠢᠶ᠎ᠠ (ᠴᠤᠭᠯᠠᠭ᠎ᠠ ᠮᠠᠢ᠌ᠮᠠᠶ) ᠵᠢᠨ ᠵᠠᠬ᠎ᠠ ᠳᠡᠯᠭᠡᠭᠦᠷ᠂ ᠰᠣᠶᠣᠯ ᠵᠤᠭ᠎ᠠ ᠴᠡᠩᠭᠡᠯ ᠵᠡᠷᠭᠡ ᠭᠣᠤᠯᠳᠠᠯᠭ᠎ᠠ᠎ᠲᠠᠢ ᠲᠠᠯᠠᠪᠤᠷ ᠵᠢᠴᠢ ᠨᠢᠰᠬᠡᠯ᠎ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ᠎ᠤ ᠥᠷᠲᠡᠭᠡ ᠵᠡᠷᠭᠡ ᠣᠯᠠᠨ ᠨᠡᠢ᠌ᠲᠡ ᠵᠢᠨ ᠲᠠᠯᠠᠪᠤᠷ᠎ᠨᠢ ᠲᠦᠷ ᠵᠠᠭᠤᠷ᠎ᠠ ᠵᠢᠨ ᠬᠥᠮᠦᠰ᠎ᠤᠨ ᠣᠷᠣᠵᠤ ᠭᠠᠷᠬᠤ ᠲᠣᠭ᠎ᠠ ᠬᠡᠮᠵᠢᠶ᠎ᠡ ᠵᠢ ᠡᠵᠡᠮᠳᠡᠬᠦ᠎ᠪᠠᠨ ᠴᠢᠩᠭ᠋ᠠᠳᠬᠠᠨ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠴᠡᠪᠡᠷᠯᠡᠬᠦ᠂ ᠲᠠᠯᠠᠪᠤᠷ᠎ᠲᠤ ᠣᠷᠣᠬᠤ ᠬᠦᠮᠦᠰ᠎ᠤᠨ ᠪᠡᠶ᠎ᠡ ᠵᠢᠨ ᠬᠠᠯᠠᠭᠤᠨ᠎ᠢ ᠬᠡᠮᠵᠢᠬᠦ᠂ ᠠᠮᠠᠪᠴᠢ ᠵᠡᠭᠦᠬᠦ᠂ 《ᠡᠷᠡᠭᠦᠯ ᠮᠡᠨᠳᠦ ᠵᠢᠨ ᠺᠣᠳ᠋》᠎ᠢ ᠪᠠᠢ᠌ᠴᠠᠭ᠋ᠠᠨ ᠰᠢᠯᠭ᠋ᠠᠬᠤ ᠵᠡᠷᠭᠡ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠶ᠃
      ᠠᠷᠪᠠ᠂ ᠦᠷᠭᠡᠨ ᠣᠯᠠᠨ ᠲᠦᠮᠡᠨ 《ᠠᠮᠠᠪᠴᠢ ᠵᠡᠭᠦᠬᠦ (ᠢᠯᠠᠩᠭᠤᠶ᠎ᠠ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠮᠠᠰᠢᠨ᠎ᠳᠤ ᠰᠠᠭᠤᠬᠤ ᠪᠠ ᠣᠯᠠᠨ ᠨᠡᠢ᠌ᠲᠡ ᠵᠢᠨ ᠲᠠᠯᠠᠪᠤᠷ᠎ᠲᠤ ᠣᠴᠢᠬᠤ᠎ᠳᠤ᠎ᠪᠠᠨ) ᠵᠢ ᠪᠠᠷᠢᠮᠲᠠᠯᠠᠨ᠂ ᠭᠠᠷ ᠵᠶ᠋ᠠᠨ ᠦᠷᠭᠦᠯᠵᠢ ᠣᠬᠢᠶᠠᠨ᠂ ᠦᠷᠭᠦᠯᠵᠢ ᠰᠠᠯᠬᠢ ᠨᠡᠪᠲᠡᠷᠡᠭᠦᠯᠦᠨ᠂ ᠴᠥᠭᠡᠨ ᠴᠤᠭᠯᠠᠷᠠᠬᠤ᠂ ᠨᠢᠭᠡ ᠮᠧᠲᠷ᠎ᠤᠨ ᠵᠠᠢ᠌ᠲᠠᠢ ᠪᠠᠢ᠌ᠬᠤ᠂ ᠨᠡᠢ᠌ᠲᠡ ᠵᠢᠨ ᠰᠠᠪᠬ᠎ᠠ ᠬᠡᠷᠡᠭᠯᠡᠬᠦ᠂ ᠬᠤᠪᠢᠳᠠᠨ ᠬᠣᠭᠣᠯᠠᠯᠠᠬᠤ ᠳᠦᠷᠢᠮ》 ᠵᠡᠷᠭᠡ ᠰᠠᠢ᠌ᠨ ᠰᠠᠢ᠌ᠬᠠᠨ ᠡᠷᠡᠭᠦᠯ ᠬᠠᠮᠠᠭ᠋ᠠᠯᠠᠯ᠎ᠤᠨ ᠳᠠᠳᠬᠠᠯ᠎ᠢ ᠪᠠᠷᠢᠮᠲᠠᠯᠠᠬᠤ ᠬᠡᠷᠡᠭᠲᠡᠶ᠃ ᠲᠥᠷᠥᠯ ᠰᠠᠳᠤᠨ ᠨᠠᠢ᠌ᠵᠠ ᠨᠥᠬᠥᠳ ᠵᠶ᠋ᠡᠨ ᠡᠷᠭᠢᠨ ᠦᠵᠡᠬᠦ᠎ᠪᠠᠨ ᠴᠥᠬᠡᠳᠬᠡᠨ᠂ ᠪᠥᠭᠡᠮᠨᠡᠷᠡᠯᠳᠦᠬᠦ ᠦᠭᠡᠢ ᠪᠠᠢ᠌ᠬᠤ᠂ ᠬᠥᠮᠦᠨ ᠣᠯᠠᠨ ᠴᠤᠭᠯᠠᠷᠠᠬᠤ ᠲᠠᠯᠠᠪᠤᠷ᠎ᠲᠤ ᠠᠯᠢ ᠴᠢᠳᠠᠬᠤ᠎ᠪᠠᠷ ᠣᠴᠢᠬᠤ ᠦᠭᠡᠢ ᠪᠠᠢ᠌ᠬᠤ ᠬᠡᠷᠡᠭᠲᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭ᠋ᠠᠬᠤ᠂ ᠲᠠᠮᠢᠷᠳᠠᠬᠤ ᠵᠡᠷᠭᠡ ᠡᠪᠡᠳᠴᠢᠨ᠎ᠤ ᠪᠠᠢ᠌ᠳᠠᠯ ᠢᠯᠡᠷᠡᠪᠡᠯ ᠠᠮᠠᠪᠴᠢ ᠵᠡᠭᠦᠬᠦ᠎ᠪᠠᠨ ᠪᠠᠷᠢᠮᠲᠠᠯᠠᠨ᠂ ᠣᠢ᠌ᠷ᠎ᠠ ᠬᠠᠪᠢ ᠵᠢᠨ ᠡᠮᠴᠢᠯᠡᠭᠡᠨ᠎ᠤ ᠪᠠᠢ᠌ᠭᠤᠯᠤᠮᠵᠢ᠎ᠳᠤ ᠴᠠᠭ ᠲᠤᠬᠠᠶ᠎ᠳᠤ᠎ᠨᠢ ᠬᠦᠷᠴᠦ ᠪᠠᠢ᠌ᠴᠠᠭ᠋ᠠᠯᠭ᠋ᠠᠬᠤ ᠪᠠ ᠣᠨᠤᠰᠢᠯᠠᠨ ᠡᠮᠴᠢᠯᠡᠭᠦᠯᠬᠦ ᠬᠡᠷᠡᠭᠲᠡᠢ᠂ ᠡᠮᠨᠡᠭᠦᠯᠬᠦ ᠶᠠᠪᠤᠴᠠ᠎ᠳᠤ᠎ᠪᠠᠨ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠮᠠᠰᠢᠨ᠎ᠳᠤ ᠠᠯᠢ ᠴᠢᠳᠠᠬᠤ᠎ᠪᠠᠷ ᠰᠠᠭᠤᠬᠤ ᠦᠭᠡᠢ ᠪᠠᠢ᠌ᠬᠤ ᠬᠡᠷᠡᠭᠲᠡᠶ᠃


                                                                             2021 ᠣᠨ᠎ᠤ 1 ᠳ᠋ᠦ᠍ᠭᠡᠷ ᠰᠠᠷ᠎ᠠ ᠵᠢᠨ 22᠎ᠤ ᠡᠳᠦᠷ

                  ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ

ᠢᠷᠡᠯᠲᠡ᠄ ᠥᠪᠦᠷ ᠮᠣᠩᠭᠤᠯ᠎ᠤᠨ ᠵᠠᠰᠠᠭ᠎ᠤᠨ ᠣᠷᠳᠤᠨ