[2021] 3 ᠳ᠋ᠤᠭ᠋ᠠᠷ ᠲᠣᠭ᠋ᠠᠲᠤ
ᠮᠠᠨ᠎ᠤ ᠣᠷᠣᠨ᠎ᠤ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠤᠯᠠᠮ ᠰᠠᠶ᠋ᠢᠲᠤᠷ ᠬᠢᠵᠦ᠂ ᠬᠢᠵᠢᠭ᠎ᠤᠨ ᠥᠷᠭᠡᠵᠢᠨ ᠳᠡᠯᠭᠡᠷᠡᠬᠦ ᠵᠢ ᠴᠢᠩᠭ᠎ᠠ ᠰᠡᠷᠭᠡᠶ᠋ᠢᠯᠡᠬᠦ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠤᠴᠢᠷ᠎ᠢ ᠳᠣᠤᠷᠠᠬᠢ ᠮᠡᠲᠦ ᠵᠠᠷᠯᠠᠪᠠ᠃
ᠨᠢᠭᠡ᠂ 2021 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠨᠠᠭ᠋ᠠᠰᠢ ᠠᠯᠠᠱ᠌ᠠ ᠠᠶ᠋ᠢᠮᠠᠭ᠎ᠤᠨ ᠡᠵᠡᠨ᠎ᠡ ᠬᠣᠰᠢᠭᠤ ᠪᠣᠯᠤᠨ ᠡᠷᠢᠶᠡᠨ ᠬᠣᠲᠠ᠎ᠳᠤ ᠵᠢᠭᠤᠯᠴᠢᠯᠠᠨ ᠰᠠᠭᠤᠭᠰᠠᠨ ᠲᠡᠤᠬᠡ᠎ᠲᠠᠢ ᠬᠥᠮᠦᠰ ᠰᠠᠨᠠᠭ᠋ᠠᠴᠢᠯᠠᠭ᠎ᠠ᠎ᠠᠴᠠ᠎ᠪᠠᠨ ᠣᠳᠣ ᠵᠢᠨ ᠪᠠᠶ᠋ᠢᠭ᠎ᠠ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠂ ᠨᠢᠭᠡᠴᠢ᠂ ᠪᠠᠭᠤᠳᠠᠯ᠎ᠳᠤ ᠮᠡᠳᠡᠭᠦᠯᠦᠨ ᠳᠠᠩᠰᠠᠯᠠᠭᠤᠯᠵᠤ᠂ ᠲᠤᠬᠠᠶ ᠵᠢᠨ ᠭᠠᠵᠠᠷ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠲᠠᠢ ᠬᠠᠮᠵᠢᠯᠴᠠᠨ ᠪᠥᠭᠡᠮ ᠬᠦᠴᠢᠯ᠎ᠤᠨ ᠪᠠᠢ᠌ᠴᠠᠭ᠋ᠠᠯᠲᠠ᠂ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠬᠡᠷᠪᠡ ᠮᠡᠳᠡᠭᠦᠯᠬᠦ ᠥᠬᠡᠶ ᠨᠢᠭᠤᠬᠤ ᠪᠠ ᠤᠳᠠᠭ᠋ᠠᠰᠢᠷᠠᠭᠤᠯᠤᠨ ᠮᠡᠳᠡᠭᠦᠯᠦᠭᠰᠡᠨ᠎ᠠᠴᠠ ᠪᠣᠯᠵᠤ᠂ ᠮᠠᠭᠤ ᠦᠷ᠎ᠡ ᠳ᠋ᠦᠩ ᠭᠠᠷᠭ᠋ᠠᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠥᠬᠥᠶ ᠬᠥᠮᠦᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
ᠬᠣᠶᠠᠷ᠂ ᠣᠶ᠋ᠢᠷ᠎ᠠ ᠵᠢᠨ ᠬᠤᠭᠤᠴᠠᠭ᠋ᠠᠨ᠎ᠳᠤ ᠲᠤᠬᠠᠢ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ ᠡᠭᠦᠰᠦᠭᠰᠡᠨ ᠬᠣᠲᠠ ᠪᠠ ᠭᠠᠵᠠᠷ ᠣᠷᠣᠨ᠎ᠳᠤ ᠴᠢᠬᠤᠯᠠ ᠦᠭᠡᠢ ᠪᠣᠯ ᠵᠢᠭᠤᠯᠴᠢᠯᠠᠬᠤ᠂ ᠠᠯᠪᠠᠨ ᠠᠵᠢᠯ ᠵᠶ᠋ᠠᠷ ᠭᠠᠳᠠᠭᠰᠢ ᠭᠠᠷᠬᠤ᠂ ᠲᠥᠷᠥᠯ ᠰᠠᠳᠤᠨ ᠨᠠᠶ᠋ᠢᠵᠠ ᠨᠥᠬᠥᠳ ᠵᠶ᠋ᠠᠨ ᠡᠷᠭᠢᠵᠦ ᠦᠵᠡᠬᠦ ᠦᠭᠡᠢ ᠪᠠᠢ᠌ᠵᠤ᠂ ᠵᠠᠪᠠᠯ ᠣᠴᠢᠬᠤ ᠴᠢᠬᠤᠯᠠᠲᠠᠢ ᠪᠣᠯ ᠬᠢᠵᠢᠭ᠎ᠤᠨ ᠪᠠᠶ᠋ᠢᠳᠠᠯ᠎ᠤᠨ ᠰᠡᠷᠭᠡᠶ᠋ᠢᠯᠡᠯᠲᠡ᠎ᠪᠠᠨ ᠰᠠᠶ᠋ᠢᠲᠤᠷ ᠬᠢᠵᠦ᠂ ᠥᠪᠥᠷ ᠮᠣᠩᠭᠣᠯ᠎ᠳᠤ ᠪᠤᠴᠠᠬᠤ᠎ᠠᠴᠠ ᠡᠮᠦᠨ᠎ᠡ᠂ ᠪᠠᠶ᠋ᠢᠭ᠎ᠠ ᠨᠢᠭᠡᠴᠢ ᠪᠠ ᠬᠠᠷᠢᠶ᠎ᠠ ᠣᠷᠣᠨ᠎ᠳᠤ᠎ᠪᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠬᠠᠷᠢᠶ᠎ᠠ ᠭᠠᠵᠠᠷ᠎ᠤᠨ ᠰᠡᠷᠭᠡᠶ᠋ᠢᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃
ᠭᠤᠷᠪᠠ᠂ ᠪᠥᠬᠥ ᠣᠷᠣᠨ᠎ᠤ ᠡᠯ᠎ᠡ ᠲᠥᠷᠥᠯ᠎ᠤᠨ ᠬᠤᠳᠠᠯᠳᠤᠭ᠋ᠠᠨ᠎ᠤ ᠲᠠᠯᠠᠪᠤᠷ ᠬᠡᠲᠦ ᠳᠡᠯᠭᠡᠭᠦᠷ᠂ ᠬᠣᠭᠣᠯᠠ ᠤᠮᠳᠠ ᠬᠣᠨᠣᠭ ᠪᠠᠭᠤᠳᠠᠯ᠂ ᠲᠠᠷᠢᠶᠠᠯᠠᠩ (ᠴᠤᠭᠯᠠᠭ᠎ᠠ ᠮᠠᠶ᠋ᠢᠮᠠᠶ)᠎ᠤᠨ ᠵᠠᠬ᠎ᠠ᠂ ᠰᠣᠶᠣᠯ ᠵᠤᠭ᠎ᠠ ᠴᠡᠩᠭᠡᠯ ᠵᠡᠷᠭᠡ ᠭᠣᠤᠯᠳᠠᠯᠭ᠎ᠠ᠎ᠲᠠᠢ ᠲᠠᠯᠠᠪᠤᠷ ᠭᠠᠵᠠᠷ ᠵᠢᠴᠢ ᠨᠢᠰᠬᠡᠯ᠎ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ᠂ ᠮᠠᠰᠢᠨ ᠲᠡᠷᠭᠡᠨ᠎ᠤ ᠥᠷᠲᠡᠭᠡ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠲᠤ ᠰᠠᠯᠬᠢ ᠨᠡᠪᠲᠡᠷᠡᠭᠦᠯᠬᠦ᠂ ᠠᠷᠢᠭᠤᠳᠬᠠᠬᠤ᠂ ᠠᠷᠢᠭᠤᠨ ᠴᠡᠪᠡᠷ ᠪᠠᠢ᠌ᠯᠭ᠋ᠠᠬᠤ᠂ ᠲᠠᠯᠠᠪᠤᠷ᠎ᠲᠤ ᠣᠷᠣᠬᠤ᠎ᠳᠤ ᠪᠡᠶ᠎ᠡ ᠵᠢᠨ ᠳᠤᠯᠠᠭ᠋ᠠᠨ᠎ᠢ ᠬᠡᠮᠵᠢᠬᠦ᠂ ᠠᠮᠠᠪᠴᠢ ᠵᠡᠭᠦᠬᠦ᠂ ᠡᠷᠡᠭᠦᠯ ᠮᠡᠨᠳᠦ ᠵᠢᠨ ᠺᠣᠳ᠋᠎ᠢ ᠰᠢᠯᠭ᠋ᠠᠬᠤ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃
ᠲᠦᠷᠪᠡ᠂ ᠤᠯᠠᠨ ᠲᠦᠮᠡᠨ 《ᠠᠮᠠᠪᠴᠢ ᠵᠡᠭᠦᠬᠦ (ᠢᠯᠠᠩᠭᠤᠶ᠎ᠠ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ ᠪᠠ ᠨᠡᠶ᠋ᠢᠲᠡ ᠵᠢᠨ ᠲᠠᠯᠠᠪᠤᠷ᠎ᠲᠤ ᠠᠵᠢᠯᠯᠠᠭ᠎ᠠ ᠬᠢᠬᠦ᠎ᠳᠤ)᠂ ᠭᠠᠷ ᠵᠶ᠋ᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠳᠤᠲᠠᠭᠤ ᠴᠤᠭᠯᠠᠬᠤ᠂ ᠨᠢᠭᠡ ᠮᠧᠲᠷ᠎ᠤᠨ ᠵᠠᠢ ᠵᠢ ᠪᠠᠲᠤᠯᠠᠬᠤ᠂ ᠨᠡᠶ᠋ᠢᠲᠡ ᠵᠢᠨ ᠰᠠᠪᠬ᠎ᠠ ᠬᠡᠷᠡᠭᠯᠡᠬᠦ᠂ ᠬᠤᠪᠢᠶᠠᠵᠤ ᠬᠣᠭᠣᠯᠠᠯᠠᠬᠤ》 ᠵᠡᠷᠭᠡ ᠰᠠᠢ᠍ᠢ᠍ᠨ ᠰᠠᠶ᠋ᠢᠬᠠᠨ ᠳᠠᠳᠬᠠᠯ᠎ᠢ ᠪᠠᠷᠢᠮᠲᠠᠯᠠᠬᠤ ᠬᠡᠷᠡᠭᠲᠡᠶ᠃ ᠬᠡᠷ ᠳᠣᠲᠣᠷᠠᠬᠢ ᠠᠷᠢᠭᠤᠨ ᠴᠡᠪᠡᠷ᠎ᠢ ᠪᠠᠲᠤᠯᠠᠵᠤ᠂ ᠡᠷᠡᠭᠦᠯ ᠰᠠᠷᠠᠭᠤᠯ ᠠᠮᠢᠳᠤᠷᠠᠯ᠎ᠤᠨ ᠬᠡᠯᠪᠡᠷᠢ ᠵᠢ ᠰᠠᠨᠠᠭ᠋ᠠᠴᠢᠯᠠᠬᠤ ᠬᠡᠷᠡᠭᠲᠡᠢ᠃ ᠬᠥᠮᠦᠨ ᠣᠯᠠᠨ ᠭᠠᠵᠠᠷ᠎ᠲᠤ ᠣᠴᠢᠬᠤ᠎ᠠᠴᠠ ᠠᠯᠢ ᠴᠢᠳᠠᠬᠤ᠎ᠪᠠᠷ ᠵᠠᠢ᠌ᠯᠠᠰᠬᠢᠬᠦ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭ᠋ᠠᠬᠤ᠂ ᠲᠠᠮᠢᠷᠳᠠᠬᠤ ᠵᠡᠷᠭᠡ ᠢᠯᠡᠷᠡᠯ ᠭᠠᠷᠪᠠᠯ᠂ ᠠᠮᠠᠪᠴᠢ ᠵᠡᠭᠦᠬᠦ ᠵᠢ ᠳᠦᠷᠢᠮᠵᠢᠭᠦᠯᠵᠦ᠂ ᠴᠠᠭ ᠲᠤᠬᠠᠢᠳᠤᠨᠢ ᠤᠢ᠍ᠢ᠍ᠷ᠎ᠠ ᠬᠠᠪᠢ ᠵᠢᠨ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠵᠢᠭᠰᠠᠭ᠋ᠠᠨ ᠪᠠᠢ᠌ᠴᠠᠭ᠋ᠠᠯᠭ᠋ᠠᠬᠤ ᠪᠠ ᠣᠨᠣᠰᠢᠭᠤᠯᠤᠨ ᠡᠮᠴᠢᠯᠡᠭᠦᠯᠬᠦ ᠬᠡᠷᠡᠭᠲᠡᠢ᠂ ᠡᠪᠡᠳᠴᠢᠨ ᠦᠵᠡᠭᠦᠯᠬᠦ ᠶᠠᠪᠤᠴᠠ᠎ᠳᠤ ᠠᠯᠢ ᠴᠢᠳᠠᠬᠤ᠎ᠪᠠᠷ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ᠎ᠠᠴᠠ ᠵᠠᠶ᠋ᠢᠯᠠᠰᠬᠢᠬᠦ ᠬᠡᠷᠡᠭᠲᠡᠢ᠃