ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠵᠢᠨ ᠠᠯᠪᠠᠨ ᠬᠡᠷ᠎ᠲᠤ᠄
《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠨᠠᠷᠢᠨ ᠪᠢᠴᠢᠭ᠎ᠤᠨ ᠲᠣᠪᠴᠢᠶ᠎ᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠶ᠋ᠢᠴᠠᠭ᠋ᠠᠬᠤ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠶ᠋ᠢᠷ᠎ᠠ ᠵᠢᠨ ᠬᠤᠭᠤᠴᠠᠭ᠋ᠠᠨ᠎ᠳᠤ 2021 ᠣᠨ᠎ᠤ ᠭᠤᠷᠪᠠᠳᠤᠭ᠋ᠠᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠭᠡ ᠬᠣᠯᠪᠣᠭᠳᠠᠯ ᠪᠥᠬᠥᠶ ᠪᠠᠶ᠋ᠢᠳᠠᠯ᠎ᠤᠨ ᠮᠡᠳᠡᠭᠡᠯᠡᠯ᠎ᠨᠢ ᠳᠣᠤᠷᠠᠬᠢ ᠮᠡᠲᠦ᠄
ᠨᠢᠭᠡ᠂ ᠠᠵᠢᠯ ᠥᠷᠨᠢᠭᠦᠯᠦᠭᠰᠡᠨ ᠪᠠᠶ᠋ᠢᠳᠠᠯ
(ᠨᠢᠭᠡ) ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠭᠤᠷᠪᠠᠳᠤᠭ᠋ᠠᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠠᠵᠢᠯᠯᠠᠵᠤ ᠪᠠᠶ᠋ᠢᠭ᠎ᠠ 544 ᠵᠠᠰᠠᠭ᠎ᠤᠨ ᠣᠷᠳᠣᠨ᠎ᠤ ᠰᠦᠯᠵᠢᠶ᠎ᠡ᠎ᠠᠴᠠ 289 ᠵᠢ ᠰᠤᠭᠤᠴᠢᠨ ᠪᠠᠶ᠋ᠢᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100%᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠦᠯᠵᠢᠶ᠎ᠡ᠎ᠠᠴᠠ 44 ᠵᠢ ᠪᠠᠶ᠋ᠢᠴᠠᠭ᠋ᠠᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ᠎ᠠᠴᠠ 115 ᠵᠢ ᠪᠠᠢ᠌ᠴᠠᠭ᠋ᠠᠪᠠ; ᠡᠯ᠎ᠡ ᠠᠶ᠋ᠢᠮᠠᠭ ᠬᠣᠲᠠ ᠵᠢᠨ ᠰᠠᠯᠠᠭ᠎ᠠ ᠮᠥᠴᠢᠷ᠎ᠤᠨ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 33.8% ᠪᠠᠶ᠋ᠢᠵᠤ᠂ ᠨᠡᠶ᠋ᠢᠲᠡ 130 ᠵᠢ ᠰᠤᠭᠤᠴᠢᠨ ᠪᠠᠢ᠌ᠴᠠᠭ᠋ᠠᠪᠠ᠃ ᠰᠣᠩᠭᠣᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠲᠣᠪᠣᠶ᠋ᠢᠮ᠎ᠠ ᠠᠰᠠᠭᠤᠳᠠᠯ ᠣᠷᠣᠰᠢᠵᠤ ᠪᠠᠶ᠋ᠢᠭ᠎ᠠ ᠵᠠᠰᠠᠭ᠎ᠤᠨ ᠣᠷᠳᠣᠨ᠎ᠤ ᠰᠦᠯᠵᠢᠶ᠎ᠡ 5 ᠪᠠᠶ᠋ᠢᠵᠤ᠂ ᠰᠣᠩᠭᠣᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠨᠣᠷᠮ᠎ᠠ᠎ᠨᠢ 98.3%᠎ᠳᠤ ᠬᠦᠷᠴᠦ᠂ ᠬᠥᠬᠡᠬᠣᠲᠠ᠂ ᠪᠤᠭᠤᠲᠤ ᠬᠣᠲᠠ᠂ ᠲᠦᠩᠯᠢᠶᠣᠤ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠶ᠋ᠢᠮᠠᠭ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠣᠩᠭᠣᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠨᠣᠷᠮ᠎ᠠ᠎ᠨᠢ 100%᠎ᠳᠤ ᠬᠦᠷᠪᠡ᠃
(ᠬᠣᠶᠠᠷ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠭᠤᠷᠪᠠᠳᠤᠭ᠋ᠠᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ 5147 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ 2380 ᠵᠢ ᠰᠤᠭᠤᠴᠢᠨ ᠪᠠᠢ᠌ᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100%᠂ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 42.35% ᠪᠠᠶ᠋ᠢᠵᠤ᠂ ᠡᠭᠦᠨ᠎ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ 187 ᠪᠠᠶ᠋ᠢᠵᠤ᠂ ᠬᠢᠷᠢ ᠲᠡᠩᠴᠡᠭᠰᠡᠨ ᠶᠡᠷᠦᠩᠬᠡᠢ ᠨᠣᠷᠮ᠎ᠠ᠎ᠨᠢ 92.14%᠎ᠳᠤ ᠬᠦᠷᠴᠦ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠣᠷᠳᠣᠰ ᠬᠣᠲᠠ ᠵᠡᠷᠭᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ᠎ᠨᠢ ᠬᠢᠷᠢ ᠲᠡᠩᠴᠡᠭᠰᠡᠨ ᠶᠡᠷᠦᠩᠬᠡᠢ ᠨᠣᠷᠮ᠎ᠠ᠎ᠠᠴᠠ ᠥᠨᠳᠥᠷ ᠪᠠᠶ᠋ᠢᠨ᠎ᠠ᠃
ᠬᠣᠶᠠᠷ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ
(ᠨᠢᠭᠡ) ᠠᠵᠢᠯᠯᠠᠭᠤᠯᠤᠨ ᠪᠠᠲᠤᠯᠠᠵᠤ ᠬᠢᠨᠠᠵᠤ ᠬᠠᠮᠢᠶᠠᠷᠬᠤ ᠤᠬᠠᠮᠰᠠᠷ ᠵᠶ᠋ᠠᠨ ᠲᠦᠷᠭᠡᠨ ᠳᠡᠭᠡᠭᠰᠢᠯᠡᠭᠦᠯᠬᠦ ᠴᠢᠬᠤᠯᠠᠲᠠᠶ᠃ ᠬᠡᠰᠡᠭ ᠰᠦᠯᠵᠢᠶ᠎ᠡ ᠵᠢᠨ ᠠᠵᠢᠯᠯᠠᠭᠤᠯᠤᠨ ᠪᠠᠲᠤᠯᠠᠵᠤ ᠬᠢᠨᠠᠵᠤ ᠬᠠᠮᠢᠶᠠᠷᠤᠭᠰᠠᠨ ᠵᠶ᠋ᠠᠷ ᠬᠦᠷᠦᠯᠴᠡᠬᠦ ᠥᠬᠡᠶ ᠪᠠᠶ᠋ᠢᠵᠤ᠂ ᠭᠣᠣᠯᠯᠠᠨ ᠬᠠᠮᠢᠶᠠᠷᠬᠤ ᠨᠢᠭᠡᠴᠢ ᠮᠡᠳᠡᠭᠡ ᠵᠠᠩᠭᠢ ᠨᠡᠢ᠌ᠲᠡᠯᠡᠬᠦ ᠵᠢ ᠬᠢᠨᠠᠨ ᠪᠠᠶ᠋ᠢᠴᠠᠭ᠋ᠠᠬᠤ᠂ ᠵᠢᠵᠢᠭᠦᠷᠯᠡᠵᠦ 《ᠰᠦᠯᠵᠢᠶ᠎ᠡ ᠤᠩᠰᠢᠬᠤ》 ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠭᠰᠠᠨ ᠥᠬᠡᠶ᠂ ᠰᠦᠯᠵᠢᠶ᠎ᠡ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠰᠢᠨᠡᠳᠬᠡᠭᠰᠡᠨ ᠥᠬᠡᠶ᠂ ᠪᠤᠷᠤᠭᠤ ᠲᠠᠰᠢᠶ᠎ᠠ᠂ ᠬᠤᠷᠴᠠ ᠰᠡᠷᠭᠡᠭ ᠥᠰᠥᠭ ᠪᠠ ᠬᠦᠴᠦᠨ ᠥᠬᠡᠶ ᠴᠥᠷᠬᠡᠯᠡᠭᠡ ᠵᠡᠷᠭᠡ ᠪᠠᠶ᠋ᠢᠳᠠᠯ ᠪᠠᠶ᠋ᠢᠨ ᠪᠠᠶ᠋ᠢᠨ ᠢᠯᠡᠷᠡᠵᠦ ᠪᠠᠶ᠋ᠢᠨ᠎ᠠ᠃ ᠵᠢᠱ᠌ᠢᠶᠡᠯᠡᠪᠡᠯ ᠦᠬᠠᠶ ᠬᠣᠲᠠ ᠵᠢᠨ ᠴᠡᠴᠡᠷᠯᠢᠭ᠎ᠤᠨ ᠲᠣᠪᠴᠢᠶ᠎ᠠ ᠵᠢᠨ ᠰᠦᠯᠵᠢᠶ᠎ᠡ ᠲᠡᠷᠢᠭᠦᠨ ᠨᠢᠭᠤᠷ ᠵᠶ᠋ᠡᠨ ᠣᠷᠳᠣ ᠬᠤᠭᠤᠴᠠᠭ᠎ᠠ᠎ᠪᠠᠷ ᠰᠢᠨᠡᠳᠬᠡᠭᠰᠡᠨ ᠥᠬᠡᠶ ᠪᠠᠶ᠋ᠢᠵᠤ᠂ ᠬᠥᠯᠥᠨ ᠪᠣᠶ᠋ᠢᠷ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠰᠦᠯᠵᠢᠶ᠎ᠡ᠎ᠳᠤ ᠣᠯᠠᠨ ᠬᠣᠭᠣᠰᠣᠨ ᠪᠤᠯᠤᠩ ᠣᠷᠣᠰᠢᠵᠤ ᠪᠠᠶ᠋ᠢᠨ᠎ᠠ᠃
(ᠬᠣᠶᠠᠷ) ᠵᠠᠰᠠᠭ᠎ᠤᠨ ᠣᠷᠳᠣᠨ᠎ᠤ ᠰᠦᠯᠵᠢᠶ᠎ᠡ ᠵᠢᠨ ᠪᠥᠲᠥᠭᠡᠨ ᠪᠠᠶ᠋ᠢᠭᠤᠯᠤᠯᠲᠠ ᠵᠢ ᠵᠢᠷᠤᠮᠵᠢᠭᠤᠯᠬᠤ ᠴᠢᠬᠤᠯᠠᠲᠠᠶ᠃ ᠪᠠᠶ᠋ᠢᠴᠠᠭ᠋ᠠᠯᠲᠠ᠎ᠪᠠᠷ ᠢᠯᠡᠷᠡᠭᠦᠯᠦᠭᠰᠡᠨ᠎ᠨᠢ᠂ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠪᠠ ᠲᠠᠶ᠋ᠢᠯᠤᠮᠵᠢ᠎ᠨᠢ ᠬᠣᠯᠪᠣᠭᠳᠠᠯ ᠥᠬᠡᠶ᠃ ᠵᠢᠱ᠌ᠢᠶᠡᠯᠡᠪᠡᠯ ᠵᠠᠷᠤᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠵᠡᠷᠭᠡ᠃ ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠡᠯᠧᠮᠧᠨ᠋ᠲ ᠠᠭᠤᠯᠭ᠎ᠠ᠎ᠨᠢ ᠲᠡᠭᠦᠯᠳᠡᠷ ᠪᠤᠰᠤ ᠪᠠᠶ᠋ᠢᠨ᠎ᠠ᠃ ᠵᠢᠱ᠌ᠢᠶᠡᠯᠡᠪᠡᠯ ᠠᠯᠠᠱ᠌ᠠ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠦᠨᠭ᠋ᠠᠷ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠵᠡᠷᠭᠡ᠃ ᠵᠠᠯᠠᠶ᠋ᠢᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠮᠡᠲᠦ ᠵᠢᠨ ᠵᠠᠷᠢᠮ ᠵᠠᠰᠠᠭ᠎ᠤᠨ ᠣᠷᠳᠣᠨ᠎ᠤ ᠰᠦᠯᠵᠢᠶᠡᠨ᠎ᠤ ᠪᠤᠯᠤᠩ᠂ ᠨᠢᠭᠤᠷ᠎ᠲᠤ ᠰᠦᠯᠵᠢᠶᠡᠨ᠎ᠤ ᠨᠡᠷ᠎ᠡ᠎ᠪᠠᠨ ᠢᠯᠡ ᠭᠠᠵᠠᠷ᠎ᠲᠤ ᠲᠠᠯᠪᠢᠭᠰᠠᠨ ᠥᠬᠡᠶ᠃
(ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠮᠥᠨ ᠬᠦ᠌ ᠴᠢᠩᠭ᠋ᠠᠳᠬᠠᠬᠤ ᠴᠢᠬᠤᠯᠠᠲᠠᠶ᠃ ᠪᠠᠶ᠋ᠢᠴᠠᠭ᠋ᠠᠯᠲᠠ᠎ᠪᠠᠷ ᠢᠯᠡᠷᠡᠭᠦᠯᠦᠭᠰᠡᠨ᠎ᠨᠢ᠂ ᠵᠠᠷᠢᠮ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠨᠢ ᠤᠷᠲᠤ ᠬᠤᠭᠤᠴᠠᠭ᠎ᠠ ᠠᠭᠤᠯᠭ᠎ᠠ᠎ᠪᠠᠨ ᠰᠢᠨᠡᠳᠬᠡᠭᠰᠡᠨ ᠥᠬᠡᠶ᠃ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠬᠥᠬᠡᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ》᠂ 《ᠲᠦᠮᠡᠳ ᠵᠡᠭᠦᠨ ᠬᠣᠰᠢᠭᠤᠨ᠎ᠤ ᠰᠣᠶᠣᠯ ᠲᠠᠮᠢᠷ᠎ᠤᠨ ᠲᠣᠪᠴᠢᠶ᠎ᠠ》᠂ 《ᠲᠦᠩᠯᠢᠶᠣᠤ ᠵᠢᠨ ᠠᠵᠤ ᠠᠬᠤᠶ ᠵᠢᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠶ᠋ᠢᠯᠡᠭᠰᠡᠨ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ》᠂ ᠰᠢᠨ ᠯᠠᠩ ᠪᠢᠴᠢᠯ ᠪᠯᠤᠭ 《ᠷᠠᠰᠢᠶᠠᠨ ᠬᠣᠲᠠ ᠵᠢᠨ ᠣᠷᠴᠢᠨ ᠠᠬᠤᠶ ᠵᠢᠨ ᠬᠠᠮᠠᠭ᠋ᠠᠯᠠᠯᠲᠠ》᠂ ᠥᠨᠥᠳᠦᠷ᠎ᠤᠨ ᠲᠡᠷᠢᠭᠦᠨ ᠵᠤᠷᠪᠤᠰ 《ᠠᠮᠤᠭᠤᠯᠠᠩ ᠰᠢᠯᠢ ᠵᠢᠨ ᠭᠣᠤᠯ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠭᠤᠯᠭ᠎ᠠ᠎ᠪᠠᠨ ᠣᠷᠳᠣ ᠬᠤᠭᠤᠴᠠᠭ᠎ᠠ ᠰᠢᠨᠡᠳᠬᠡᠭᠰᠡᠨ ᠥᠬᠡᠶ᠃ ᠬᠡᠰᠡᠭ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠤᠨ ᠬᠠᠷᠢᠯᠴᠠᠨ ᠦᠢ᠍ᠯᠡᠳᠦᠯᠴᠡᠬᠦ ᠵᠢ ᠪᠠᠲᠤᠯᠠᠬᠤ ᠴᠢᠳᠠᠪᠤᠷᠢ ᠬᠦᠷᠦᠯᠴᠡᠬᠦ ᠥᠬᠡᠶ ᠪᠠᠶ᠋ᠢᠨ᠎ᠠ᠃ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠣᠲᠣᠭ᠎ᠤᠨ ᠡᠮᠦᠨᠡᠲᠦ ᠬᠣᠰᠢᠭᠤᠨ᠎ᠤ ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ》᠂ 《ᠲᠦᠩᠯᠢᠶᠣᠤ ᠬᠣᠲᠠ ᠵᠢᠨ ᠮᠥᠩᠭᠥᠨ ᠭᠦᠢ᠍ᠯᠭᠡᠭᠡᠨ᠎ᠤ ᠠᠵᠢᠯ᠎ᠤᠨ ᠠᠯᠪᠠᠨ ᠬᠡᠷ》᠂ 《ᠵᠢᠨᠢᠩ᠎ᠤᠨ ᠬᠣᠶᠠᠷ᠎ᠢ ᠬᠦᠷᠢᠶᠡᠯᠡᠬᠦ ᠠᠯᠪᠠᠨ ᠬᠡᠷ》᠎ᠨᠢ ᠬᠠᠷᠢᠯᠴᠠᠨ ᠦᠢ᠍ᠯᠡᠳᠦᠯᠴᠡᠬᠦ ᠪᠦᠲᠦᠮᠵᠢᠲᠡᠶ ᠴᠢᠳᠠᠮᠵᠢ ᠬᠠᠩᠭ᠋ᠠᠭᠰᠠᠨ ᠥᠬᠡᠶ᠃
ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ
(ᠨᠢᠭᠡ) ᠴᠢᠳᠠᠮᠵᠢ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠠᠭᠤᠯᠭ᠎ᠠ ᠵᠢ ᠨᠢᠭᠡᠳᠬᠡᠨ ᠲᠥᠪᠯᠡᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨ᠎ᠡ ᠮᠡᠷᠭᠡᠵᠢᠯ ᠰᠢᠨ᠎ᠡ ᠬᠡᠷᠡᠭᠯᠡᠭᠡ ᠵᠢ ᠭᠦᠢ᠍ᠴᠡᠳ ᠬᠡᠷᠡᠭᠯᠡᠨ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠨᠢᠭᠡ ᠴᠤᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠵᠤ᠂ ᠬᠠᠷᠢᠯᠴᠠᠨ ᠦᠢ᠍ᠯᠡᠳᠦᠯᠴᠡᠵᠦ ᠬᠠᠷᠢᠭᠤ ᠲᠤᠰᠬᠠᠬᠤ ᠠᠷᠭ᠎ᠠ ᠵᠠᠮ᠎ᠢ ᠪᠥᠬᠥ ᠲᠠᠯ᠎ᠠ᠎ᠪᠠᠷ ᠤᠷᠤᠭᠰᠢᠲᠠᠢ ᠨᠡᠪᠲᠡᠷᠡᠭᠦᠯᠵᠦ᠂ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ᠎ᠨᠢ ᠢᠨᠲ᠋ᠧᠷ ᠰᠦᠯᠵᠢᠶᠡᠨ᠎ᠤ ᠬᠡᠯᠡᠯᠴᠡᠭᠡᠷ᠎ᠤᠨ ᠵᠢᠷᠭᠤᠳᠤᠭ᠋ᠠᠷ ᠬᠡᠪᠯᠡᠯ (IPv6)᠎ᠢ ᠥᠭᠡᠷᠡᠴᠢᠯᠡᠬᠦ ᠠᠵᠢᠯ᠎ᠢ ᠲᠦᠷᠭᠡᠪᠴᠢᠯᠡᠨ ᠠᠬᠢᠭᠤᠯᠬᠤ ᠬᠡᠷᠡᠭᠲᠡᠶ᠃
(ᠬᠣᠶᠠᠷ) ᠮᠡᠳᠡᠭᠡ ᠵᠠᠩᠭᠢ ᠵᠢᠨ ᠠᠭᠤᠯᠭ᠎ᠠ ᠵᠢ ᠠᠵᠢᠯᠯᠠᠭᠤᠯᠵᠤ ᠪᠠᠲᠤᠯᠠᠬᠤ ᠪᠠᠲᠤᠯᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠭᠣᠤᠯ ᠠᠵᠢᠯ᠎ᠤᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠰᠦᠯᠵᠢᠶᠡᠨ ᠪᠤᠯᠤᠩ᠎ᠤᠨ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠵᠦ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠴᠢᠳᠠᠮᠵᠢ ᠵᠢᠨ ᠲᠣᠪᠶᠣᠭ᠎ᠢ ᠵᠣᠬᠢᠰᠲᠠᠶ ᠨᠡᠭᠡᠭᠡᠵᠦ᠂ ᠠᠭᠤᠯᠭ᠎ᠠ ᠵᠢ ᠪᠠᠲᠤᠯᠠᠬᠤ ᠲᠣᠭᠲᠠᠴᠠ ᠵᠢ ᠵᠡᠷᠭᠡ᠎ᠳᠤ᠎ᠨᠢ ᠪᠠᠶ᠋ᠢᠭᠤᠯᠬᠤ ᠬᠡᠷᠡᠭᠲᠡᠶ᠃ ᠪᠠᠶ᠋ᠢᠩᠭᠤᠵᠢᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠭᠤᠯᠭ᠎ᠠ ᠵᠢ ᠴᠠᠭ ᠲᠤᠬᠠᠢᠳᠤᠨᠢ ᠰᠢᠨᠡᠳᠬᠡᠭᠰᠡᠨ ᠦᠭᠡᠢ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠨᠠᠷᠢᠯᠢᠭ ᠣᠨᠣᠪᠴᠢᠲᠠᠢ ᠲᠠᠢ᠌ᠯᠤᠮᠵᠢ ᠬᠢᠬᠦ ᠵᠢ ᠤᠯᠠᠮ ᠨᠢᠭᠡ ᠠᠯᠬᠤᠮ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢᠨ ᠮᠠᠲ᠋ᠧᠷᠢᠶᠠᠯ (ᠦᠢ᠍ᠯᠡᠳᠬᠦᠨ)᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠬᠢᠭᠡᠳ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢ ᠬᠠᠷᠢᠯᠴᠠᠨ ᠬᠣᠯᠪᠣᠭᠳᠠᠭᠤᠯᠬᠤ ᠵᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠵᠢ ᠴᠢᠩᠭ᠋ᠠᠷᠠᠭᠤᠯᠤᠨ᠂ ᠨᠡᠶ᠋ᠢᠲᠡᠯᠡᠭᠰᠡᠨ ᠠᠭᠤᠯᠭ᠎ᠠ ᠵᠢ ᠴᠠᠭ ᠲᠤᠬᠠᠶ᠎ᠳᠤᠨᠢ᠂ ᠣᠨᠣᠪᠴᠢᠲᠠᠶ᠂ ᠪᠦᠷᠢᠨ ᠪᠦᠲᠦᠨ᠂ ᠵᠢᠷᠤᠮᠵᠢᠯ᠎ᠲᠠᠢ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
(ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠠᠵᠢᠯᠯᠠᠭᠤᠯᠤᠨ ᠬᠠᠮᠠᠭ᠋ᠠᠯᠠᠵᠤ ᠬᠢᠨᠠᠵᠤ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠨᠡᠭᠡᠭᠡᠨ ᠡᠷᠭᠢᠯᠡᠬᠦ᠂ ᠬᠤᠪᠢᠷᠠᠭᠤᠯᠬᠤ᠂ ᠬᠠᠭ᠋ᠠᠵᠤ ᠵᠣᠭᠰᠣᠭ᠋ᠠᠬᠤ᠂ ᠬᠦᠴᠦᠨ ᠥᠬᠡᠶ ᠪᠣᠯᠭ᠋ᠠᠬᠤ ᠵᠡᠷᠭᠡ ᠬᠠᠮᠢᠶᠠᠷᠤᠯᠲᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ 《ᠪᠥᠬᠥ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢ ᠮᠡᠳᠡᠭᠦᠯᠦᠨ ᠬᠦᠷᠭᠡᠬᠦ ᠰᠢᠰᠲ᠋ᠧᠮ》 ᠳᠤᠮᠳᠠᠬᠢ ᠮᠡᠳᠡᠭᠡ ᠵᠠᠩᠭᠢ ᠵᠢ ᠬᠠᠮᠠᠭ᠋ᠠᠯᠠᠨ ᠪᠠᠲᠤᠯᠠᠬᠤ ᠠᠵᠢᠯ᠎ᠢ ᠴᠢᠩᠭ᠋ᠠᠳᠬᠠᠵᠤ᠂ ᠮᠡᠳᠡᠭᠦᠯᠦᠨ ᠬᠢᠨᠠᠭᠤᠯᠵᠤ ᠳᠠᠩᠰᠠᠯᠠᠭᠤᠯᠬᠤ ᠲᠠᠰ ᠳᠠᠷᠠᠭ᠋ᠠᠯᠠᠯ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠤᠨ ᠦᠨᠳᠦᠰᠦᠨ ᠮᠡᠳᠡᠭᠡ ᠵᠠᠩᠭᠢ ᠵᠢᠨ ᠦᠨᠡᠨ ᠪᠣᠳᠠᠲᠠᠶ᠂ ᠣᠨᠣᠪᠴᠢᠲᠠᠶ᠂ ᠵᠢᠷᠤᠮᠵᠢᠯ᠎ᠲᠠᠢ᠂ ᠪᠦᠷᠢᠨ ᠪᠦᠲᠦᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠴᠡᠭᠴᠡᠯᠡᠨ ᠨᠢᠭᠡᠳᠬᠡᠬᠦ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠠᠳᠠᠯᠢ ᠨᠢᠭᠡᠨ ᠲᠠᠪᠴᠠᠩ ᠳᠡᠭᠡᠷ᠎ᠡ ᠴᠢᠳᠠᠮᠵᠢ᠎ᠪᠠᠷ ᠣᠶ᠋ᠢᠷᠠᠯᠴᠠᠭ᠎ᠠ ᠣᠯᠠᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ ᠳᠠᠩᠰᠠᠯᠠᠭᠤᠯᠪᠠᠯ᠂ ᠠᠯᠢ ᠲᠦᠷᠭᠡᠨ ᠵᠶ᠋ᠠᠷ ᠴᠣᠮᠬᠠᠳᠬᠠᠨ ᠨᠢᠭᠡᠳᠬᠡᠵᠦ᠂ ᠬᠦᠴᠦᠨ ᠵᠶ᠋ᠠᠨ ᠲᠥᠪᠯᠡᠷᠡᠭᠦᠯᠦᠨ ᠭᠣᠤᠯ ᠲᠠᠩᠰᠠᠨ ᠳ᠋ᠤᠭ᠋ᠠᠷ᠎ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠦᠨᠡᠨ ᠬᠦ᠌ ᠬᠠᠮᠠᠭ᠋ᠠᠯᠠᠨ ᠪᠠᠲᠤᠯᠠᠵᠤ ᠳᠡᠶ᠋ᠢᠯᠬᠦ ᠦᠭᠡᠢ ᠰᠢᠨ᠎ᠡ ᠵᠠᠭᠤᠴᠢᠯᠠᠭᠤᠷ᠎ᠤᠨ ᠳᠠᠩᠰᠠᠨ ᠳ᠋ᠤᠭ᠋ᠠᠷ᠎ᠢ ᠡᠷᠡᠰ ᠬᠠᠭ᠋ᠠᠵᠤ ᠵᠣᠭᠰᠣᠭ᠋ᠠᠬᠤ ᠬᠡᠷᠡᠭᠲᠡᠢ᠃
2021 ᠣᠨ᠎ᠤ ᠭᠤᠷᠪᠠᠳᠤᠭ᠋ᠠᠷ ᠤᠯᠠᠷᠢᠯ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠰᠤᠭᠤᠴᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠡᠯᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠴᠠᠭ᠎ᠢ ᠠᠮᠵᠢᠨ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠵᠶ᠋ᠠᠨ ᠵᠠᠷᠯᠠᠨ ᠨᠡᠶ᠋ᠢᠲᠡᠯᠡᠭᠰᠡᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠠᠷᠢᠭᠤ ᠲᠤᠰᠬᠠᠬᠤ ᠬᠡᠷᠡᠭᠲᠡᠶ᠃
ᠳᠠᠭ᠋ᠠᠯᠳᠤᠭᠤᠯᠤᠯ᠄
1. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ
2. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ᠎ᠳᠤ ᠬᠢᠷᠢ ᠲᠡᠩᠴᠡᠭᠰᠡᠨ ᠦᠭᠡᠢ ᠪᠠᠢ᠌ᠳᠠᠯ
3. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ