ᠣᠯᠠᠨ ᠨᠡᠢ᠌ᠲᠡ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠨᠥᠯᠦᠭᠡ ᠮᠠᠭᠤᠲᠠᠢ ᠬᠡᠷᠡᠭ ᠡᠭᠦᠰᠬᠦ ᠵᠢ ᠰᠡᠷᠭᠡᠢ᠌ᠯᠡᠬᠦ ᠵᠢᠨ ᠲᠤᠯᠠᠳᠠ ᠳᠠᠷᠠᠭ᠋ᠠᠬᠢ ᠵᠦᠢ᠍ᠯᠡᠰ᠎ᠢ ᠰᠠᠨᠠᠭᠤᠯᠤᠶ᠎ᠠ᠄
ᠨᠢᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠴᠣᠷ᠎ᠤᠨ ᠭᠠᠭᠴᠠ ᠬᠠᠤᠯᠢ ᠶᠣᠰᠣᠨ᠎ᠤ ᠰᠦᠯᠵᠢᠶᠡᠨ ᠬᠠᠶᠢᠭ ᠪᠣᠯ https᠄//www.nmg.gov.cn/ ᠪᠣᠯᠤᠨ᠎ᠠ᠂ ᠬᠡᠷᠡᠭᠯᠡᠭᠴᠢ ᠬᠣᠶᠠᠷ ᠬᠡᠮᠵᠢᠯᠳᠦ ᠺᠣᠳ᠋᠂ ᠬᠡᠲᠦ ᠴᠥᠷᠬᠡ ᠵᠡᠷᠭᠡ ᠲᠠᠨᠢᠯ ᠪᠤᠰᠤ ᠢᠷᠡᠯᠲᠡ᠎ᠪᠠᠷ ᠰᠦᠯᠵᠢᠶᠡᠨ᠎ᠳᠤ ᠣᠷᠣᠬᠤ᠎ᠳᠤ᠎ᠪᠠᠨ ᠵᠠᠪᠠᠯ ᠰᠦᠯᠵᠢᠶᠡᠨ᠎ᠤ ᠨᠡᠷ᠎ᠡ ᠵᠢ ᠲᠠᠨᠢᠵᠤ᠂ ᠢᠯᠭ᠋ᠠᠨ ᠳᠣᠲᠣᠯᠠᠬᠤ ᠵᠢ ᠠᠩᠬᠠᠷᠴᠤ᠂ ᠮᠡᠬᠡᠯᠡᠭᠳᠡᠬᠦ᠎ᠠᠴᠠ ᠪᠣᠯᠭᠣᠮᠵᠢᠯᠠᠬᠤ ᠬᠡᠷᠡᠭᠲᠡᠶ᠃
ᠬᠣᠶᠠᠷ᠂ ᠰᠦᠯᠵᠢᠶ᠎ᠡ ᠵᠢᠨ ᠰᠡᠭᠦᠯ᠎ᠤᠨ ᠬᠡᠰᠡᠭ᠎ᠳᠠᠬᠢ ᠰᠦᠯᠵᠢᠶ᠎ᠡ ᠵᠢᠨ ᠪᠦᠷᠢᠳᠬᠡᠨ ᠳᠠᠩᠰᠠᠯᠠᠭᠤᠯᠤᠭᠰᠠᠨ ᠨᠣᠮᠧᠷ ᠵᠢᠴᠢ ᠴᠥᠷᠬᠡᠯᠡᠭᠡ᠎ᠪᠠᠷ ᠳᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠠᠪᠴᠠᠩ᠎ᠤᠨ ᠰᠦᠯᠵᠢᠶᠡᠨ᠎ᠳᠤ ᠣᠷᠤᠭ᠋ᠠᠳ ᠭᠣᠤᠯᠯᠠᠨ ᠡᠷᠬᠢᠯᠡᠭᠰᠡᠨ ᠪᠠᠢ᠌ᠭᠤᠯᠤᠮᠵᠢ ᠵᠢᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠵᠤ ᠪᠣᠯᠤᠨ᠎ᠠ᠃
ᠭᠤᠷᠪᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠳᠤ ᠨᠡᠢ᠌ᠲᠡᠯᠡᠭᠰᠡᠨ ᠪᠦᠬᠦᠢ᠌ᠯᠡ ᠮᠡᠳᠡᠭᠡ ᠵᠠᠩᠭᠢ᠎ᠠᠴᠠ ᠶᠠᠮᠠᠷ ᠴᠤ᠌ ᠰᠦᠢ᠍ᠳᠬᠡᠯ ᠬᠤᠷᠢᠶᠠᠬᠤ ᠦᠭᠡᠶ᠂ ᠬᠡᠷᠪᠡ ᠲᠤᠰ ᠰᠦᠯᠵᠢᠶᠡᠨ᠎ᠤ ᠨᠡᠷ᠎ᠡ᠎ᠪᠠᠷ ᠰᠦᠢ᠍ᠳᠬᠡᠯ ᠬᠤᠷᠢᠶᠠᠵᠤ ᠪᠤᠢ ᠪᠠᠢ᠌ᠳᠠᠯ ᠲᠣᠬᠢᠶᠠᠯᠳᠤᠪᠠᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠪᠣᠯᠪᠠᠤ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ
2021 ᠣᠨ᠎ᠤ 11 ᠳ᠋ᠦ᠍ᠭᠡᠷ ᠰᠠᠷ᠎ᠠ ᠵᠢᠨ 10᠎ᠤ ᠡᠳᠦᠷ