ᠲᠡᠷᠢᠭᠦᠨ ᠬᠠᠭᠤᠳᠠᠰᠤ   -   ᠠᠯᠪᠠᠨ ᠵᠠᠷ
ᠲᠦᠪ᠎ᠤᠨ ᠨᠠᠢ᠍ᠮᠠᠳᠤᠭ᠋ᠠᠷ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ ᠲᠤᠭᠤᠷᠢᠨ ᠪᠠᠢ᠍ᠢ᠍ᠴᠠᠭ᠋ᠠᠬᠰᠠᠨ ᠪᠠᠢ᠍ᠢ᠍ᠳᠠᠯ ᠵᠶ᠋ᠠᠨ ᠬᠠᠷᠢᠭᠤ ᠲᠤᠰᠬᠠᠪᠠ
ᠨᠡᠶ᠋ᠢᠲᠡᠯᠡᠭᠰᠡᠨ ᠴᠠᠭ᠄ 2021-02-18


    ᠲᠦᠪ᠎ᠤᠨ ᠨᠠᠢ᠍ᠮᠠᠳᠤᠭ᠋ᠠᠷ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ ᠲᠤᠭᠤᠷᠢᠨ ᠪᠠᠢ᠍ᠢ᠍ᠴᠠᠭ᠋ᠠᠭᠰᠠᠨ ᠪᠠᠢ᠍ᠢ᠍ᠳᠠᠯ ᠵᠶ᠋ᠠᠨ ᠬᠠᠷᠢᠭᠤ ᠲᠤᠰᠬᠠᠵᠤ ᠪᠠᠢ᠌ᠭ᠎ᠠ᠎ᠨᠢ

      ᠨᠠᠮ᠎ᠤᠨ ᠲᠦᠪ ᠬᠤᠷᠢᠶᠠᠨ᠎ᠤ ᠪᠠᠢ᠍ᠢ᠍ᠷᠢᠯᠠᠭᠤᠯᠤᠯᠳᠠ ᠵᠢ ᠦᠨᠳᠦᠰᠦᠯᠡᠵᠦ᠂ 2 ᠰᠠᠷ᠎ᠠ ᠵᠢᠨ 3᠎ᠤ ᠡᠳᠦᠷ᠂ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ ᠠᠷᠪᠡ ᠶᠢᠰᠦᠳᠦᠭᠡᠷ ᠬᠤᠭᠤᠴᠠᠭ᠋ᠠᠨ᠎ᠤ ᠲᠦᠪ᠎ᠤᠨ ᠵᠢᠷᠭᠤᠳᠤᠭ᠋ᠠᠷ ᠡᠭᠡᠯᠵᠢ ᠵᠢᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠦ᠂ ᠶᠡᠷᠦᠩᠭᠡᠢ ᠱᠦᠵᠢ ᠰᠢ ᠵᠢᠨ ᠫᠢᠩ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠶᠡᠷᠦᠩᠭᠡᠢ ᠪᠠᠢ᠍ᠢ᠍ᠳᠠᠯ᠎ᠤᠨ ᠬᠠᠷᠢᠭᠤ ᠮᠡᠳᠡᠬᠦᠯᠦᠯᠳᠠ ᠵᠢ ᠰᠤᠨᠤᠰᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠦ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠪᠠ ᠴᠡᠭᠴᠡᠯᠡᠨ ᠰᠠᠢ᠍ᠢ᠍ᠵᠢᠷᠠᠭᠤᠯᠤᠯᠳᠠ᠎ᠳᠠᠬᠢ ᠡᠳᠦᠷ ᠳᠤᠳᠤᠮ᠎ᠤᠨ ᠬᠢᠨᠠᠯᠳᠠ ᠵᠢ ᠰᠠᠢ᠍ᠢ᠍ᠳᠤᠷ ᠠᠳᠬᠤᠬᠤ ᠲᠤᠬᠠᠢ ᠲᠦᠪᠯᠡᠷᠡᠬᠦᠯᠦᠨ ᠪᠠᠢ᠍ᠢ᠍ᠷᠢᠯᠠᠭᠤᠯᠤᠯᠳᠠ ᠬᠢᠵᠦ᠂ ᠳᠤᠳᠤᠷᠬᠠᠢ ᠱᠠᠭ᠋ᠠᠷᠳᠠᠯᠭ᠎ᠠ ᠳᠤᠷᠠᠳᠴᠠᠢ᠃ 2 ᠰᠠᠷ᠎ᠠ ᠵᠢᠨ 5᠎ᠤ ᠡᠳᠦᠷ᠂ ᠲᠦᠪ᠎ᠤᠨ ᠨᠠᠢ᠍ᠮᠠᠳᠤᠭ᠋ᠠᠷ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ ᠲᠤᠭᠤᠷᠢᠨ ᠪᠠᠢ᠍ᠢ᠍ᠴᠠᠭ᠋ᠠᠭᠰᠠᠨ ᠪᠠᠢ᠍ᠢ᠍ᠳᠠᠯ ᠵᠶ᠋ᠠᠨ ᠬᠠᠷᠢᠭᠤ ᠲᠤᠰᠬᠠᠪᠠ᠃ ᠲᠤᠭᠤᠢ᠍ᠢ᠍ᠯᠠᠩ᠎ᠤᠨ ᠳᠠᠷᠤᠭ᠎ᠠ ᠨᠢᠩ ᠶᠠᠨ ᠯᠢᠩ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠩᠭᠤ ᠵᠢᠨ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠩ ᠪᠠ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠳᠤᠷᠢᠳᠬᠤ ᠪᠠᠭ᠎ᠲᠤ ᠲᠤᠰ ᠲᠤᠰ ᠲᠤᠭᠤᠷᠢᠨ ᠪᠠᠢ᠍ᠢ᠍ᠴᠠᠭ᠋ᠠᠭᠰᠠᠨ ᠪᠠᠢ᠍ᠢ᠍ᠳᠠᠯ᠎ᠢ ᠬᠠᠷᠢᠭᠤ ᠲᠤᠰᠬᠠᠬᠤ ᠵᠢᠨ ᠬᠠᠮᠳᠦ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠤᠨ ᠲᠤᠬᠠᠢ ᠱᠠᠭ᠋ᠠᠷᠳᠠᠯᠭ᠎ᠠ ᠵᠢ ᠤᠯᠠᠮᠵᠢᠯᠠᠪᠠ᠃ ᠱ᠌ᠢ᠎ᠲᠠᠢ ᠹᠸᠩ ᠤᠳᠤᠷᠢᠳᠬᠤ ᠪᠠᠭ᠎ᠲᠤ ᠬᠠᠷᠢᠭᠤ ᠲᠤᠰᠬᠠᠬᠤ ᠬᠤᠷᠠᠯ᠎ᠢ ᠡᠷᠬᠢᠯᠡᠬᠦ ᠵᠢᠨ ᠬᠠᠮᠳᠦ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠢ ᠰᠠᠢ᠍ᠢ᠍ᠳᠤᠷ ᠬᠢᠬᠦ ᠲᠤᠬᠠᠢ ᠶᠠᠷᠢᠶ᠎ᠠ ᠲᠠᠯᠪᠢᠪᠠ᠃
      ᠨᠢᠩ ᠶᠠᠨ ᠯᠢᠩ ᠬᠠᠷᠢᠭᠤ ᠲᠤᠰᠬᠠᠬᠤ᠎ᠳᠠᠭᠠᠨ᠂ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠦ᠂ ᠨᠠᠮ᠎ᠢ ᠬᠠᠮᠢᠶᠠᠷᠬᠤ ᠨᠠᠮ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠢᠯᠵᠠᠷᠠᠯ᠎ᠢ ᠲᠦᠪ ᠴᠢᠩᠭ᠎ᠠ᠎ᠪᠠᠷ ᠵᠠᠯᠬᠠᠭ᠋ᠠᠨ ᠰᠢᠢ᠍ᠳᠭᠡᠵᠤ᠂ ᠠᠵᠤ ᠠᠬᠤᠢ ᠨᠡᠢ᠍ᠢ᠍ᠭᠡᠮ᠎ᠤᠨ ᠬᠦᠭᠵᠢᠯᠳᠠ ᠵᠢ ᠠᠬᠢᠭᠤᠯᠤᠨ᠂ ᠠᠵᠢᠯ᠎ᠨᠢ ᠰᠢᠨ᠎ᠠ ᠠᠬᠢᠴᠠ᠎ᠲᠠᠢ ᠪᠤᠯᠵᠠᠢ᠃ ᠲᠤᠭᠤᠷᠢᠨ ᠪᠠᠢ᠍ᠢ᠍ᠴᠠᠭ᠋ᠠᠯᠳᠠ᠎ᠳᠤ ᠪᠠᠰᠠ ᠵᠠᠷᠢᠮ ᠠᠰᠠᠭᠤᠳᠠᠯ᠎ᠢ ᠢᠯᠠᠷᠡᠬᠦᠯᠪᠡ᠂ ᠭᠤᠤᠯᠳᠠᠭᠤ᠄ ᠨᠠᠮ᠎ᠤᠨ ᠱᠤᠭᠤᠮ ᠴᠢᠭᠯᠡᠯᠳᠠ ᠲᠦᠷᠦ ᠵᠢᠨ ᠪᠤᠳᠤᠯᠭ᠎ᠠ ᠪᠠ ᠨᠠᠮ᠎ᠤᠨ ᠲᠦᠪ ᠬᠤᠷᠢᠶᠠᠨ᠎ᠤ ᠴᠢᠬᠤᠯᠠ ᠶᠡᠭᠡ ᠰᠢᠢ᠍ᠳᠪᠤᠷᠢᠳᠦ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠲᠠᠯ᠎ᠠ᠎ᠪᠠᠷ ᠪᠠᠰᠠ ᠵᠦᠷᠢᠶ᠎ᠠ᠎ᠲᠠᠢ ᠪᠠᠢ᠍ᠢ᠍ᠵᠤ᠂ ᠲᠦᠪ᠎ᠤᠨ ᠦᠨᠳᠦᠰᠦᠳᠡᠨ᠎ᠤ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠨᠠᠢ᠍ᠢ᠍ᠳᠠᠪᠤᠷᠢᠵᠢᠭᠤᠯᠤᠭᠰᠠᠨ ᠲᠠᠯ᠎ᠠ᠎ᠪᠠᠷ ᠠᠨᠠᠢ ᠪᠠᠢ᠍ᠢ᠍ᠨ᠎ᠠ; ᠶᠡᠷᠦᠩᠭᠡᠢ ᠱᠦᠵᠢ ᠰᠢ ᠵᠢᠨ ᠫᠢᠩ᠎ᠤᠨ ᠥᠪᠦᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠤᠭᠰᠠᠨ᠎ᠨᠢ ᠯᠠᠪᠳᠠᠭᠤᠨ ᠪᠤᠲᠠᠲᠠᠢ ᠪᠢᠰᠢ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠭᠰᠠᠨ ᠴᠢᠨᠠᠷ ᠰᠠᠢ᠍ᠢ᠍ᠳᠠᠢ ᠬᠦᠭᠵᠢᠯᠳᠠ ᠵᠢᠨ ᠰᠢᠨ᠎ᠠ ᠵᠠᠮ᠎ᠢ ᠰᠦᠪᠡᠭᠴᠢᠯᠡᠬᠦ ᠲᠠᠯ᠎ᠠ᠎ᠪᠠᠷ ᠪᠠᠰᠠ ᠵᠦᠷᠢᠶ᠎ᠠ᠎ᠲᠠᠢ ᠪᠠᠢ᠍ᠢ᠍ᠵᠤ᠂ ᠵᠠᠰᠠᠯᠳᠠ ᠵᠢᠨ ᠰᠢᠰᠲᠸᠮ ᠪᠠ ᠵᠠᠰᠠᠯᠳᠠ ᠵᠢᠨ ᠴᠢᠳᠠᠪᠤᠷᠢ ᠵᠢᠨ ᠤᠳᠤᠬᠢᠴᠢᠯᠠᠯᠳᠠ ᠵᠢᠨ ᠪᠦᠳᠦᠭᠡᠨ ᠪᠠᠢ᠍ᠢ᠍ᠭᠤᠯᠤᠯᠳᠠ ᠬᠦᠷᠦᠯᠴᠡᠬᠦ ᠦᠭᠡᠢ ᠪᠠᠢ᠍ᠢ᠍ᠨ᠎ᠠ; ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠬᠦᠢ᠍ᠴᠡᠳᠭᠡᠭᠰᠡᠨ ᠲᠠᠯ᠎ᠠ᠎ᠪᠠᠷ ᠠᠨᠠᠢ ᠪᠠᠢ᠍ᠢ᠍ᠵᠦ᠂ ᠡᠷᠭᠡ ᠵᠢᠨ ᠠᠵᠢᠯᠯᠠᠭ᠎ᠠ ᠵᠢ ᠬᠢᠵᠠᠭ᠋ᠠᠷᠯᠠᠬᠤ ᠬᠢᠨᠠᠯᠳᠠ ᠲᠠᠯᠪᠢᠬᠤ ᠲᠤᠭᠳᠠᠴᠠ ᠪᠦᠷᠢᠨ ᠪᠤᠰᠤ᠂ ᠵᠠᠷᠢᠮ ᠭᠤᠤᠯᠳᠠᠯᠭ᠎ᠠ᠎ᠲᠠᠢ ᠬᠦᠷᠢᠶᠠᠨ᠎ᠤ ᠢᠯᠵᠠᠷᠠᠯ᠎ᠤᠨ ᠪᠠᠢ᠍ᠢ᠍ᠲᠠᠯ ᠭᠠᠷᠴᠤ ᠮᠡᠳᠡᠬᠦ ᠠᠶᠦᠯ ᠲᠦᠭᠰᠢᠬᠦᠷᠢ ᠵᠢ ᠰᠡᠷᠭᠡᠢ᠍ᠢ᠍ᠯᠡᠨ ᠡᠵᠡᠮᠳᠡᠬᠦ ᠲᠠᠯ᠎ᠠ᠎ᠪᠠᠷ ᠡᠷᠴᠢᠮ ᠰᠤᠯᠠ᠂ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠬᠦᠯᠬᠦ ᠬᠦᠴᠦᠯᠡᠴᠡ ᠰᠤᠯᠠ᠂ 《ᠲᠦᠷᠪᠡᠨ ᠰᠤᠷᠳᠠᠯ》᠎ᠤᠨ ᠠᠰᠠᠭᠤᠳᠠᠯ ᠮᠦᠨ ᠬᠦ᠌ ᠡᠬᠦᠰᠴᠦ᠂ ᠭᠡᠯᠪᠡᠷᠢᠴᠢ ᠦᠵᠡᠯ᠂ ᠨᠤᠶᠠᠨᠴᠢ ᠰᠤᠷᠳᠠᠯ᠎ᠢ ᠴᠡᠭᠴᠡᠯᠡᠨ ᠵᠠᠰᠠᠬᠤ ᠡᠷᠴᠢᠮ ᠬᠦᠴᠦᠨ ᠦᠭᠡᠢ ᠪᠠᠢ᠍ᠢ᠍ᠨ᠎ᠠ; ᠰᠢᠨ᠎ᠠ ᠴᠠᠭ ᠦᠶ᠎ᠠ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠨᠠᠢ᠍ᠢ᠍ᠳᠠᠪᠤᠷᠢᠵᠢᠭᠤᠯᠬᠤ ᠲᠠᠯ᠎ᠠ᠎ᠪᠠᠷ ᠵᠦᠷᠢᠶ᠎ᠠ᠎ᠲᠠᠢ ᠪᠠᠢ᠍ᠢ᠍ᠵᠤ᠂ ᠤᠳᠤᠷᠢᠳᠬᠤ ᠪᠠᠭ ᠪᠠ ᠺᠠᠳ᠋ᠷ ᠴᠢᠳᠠᠪᠤᠷᠢᠳᠠᠨ᠎ᠤ ᠡᠩᠨᠡᠭᠡᠨ᠎ᠤ ᠪᠠᠢ᠍ᠢ᠍ᠭᠤᠯᠤᠯᠳᠠ ᠲᠤᠳᠠᠭᠤᠳᠠᠯ᠎ᠲᠠᠢ᠂ ᠬᠦᠮᠦᠨ ᠰᠤᠩᠭᠤᠬᠤ ᠬᠦᠮᠦᠨ ᠭᠡᠷᠡᠭᠯᠡᠬᠦ ᠲᠤᠭᠳᠠᠭ᠋ᠠᠯ᠎ᠢ ᠭᠡᠷᠡᠭᠵᠢᠬᠦᠯᠦᠭᠰᠡᠨ᠎ᠨᠢ ᠲᠦᠪ ᠴᠢᠩᠭ᠎ᠠ ᠪᠤᠰᠤ᠂ ᠺᠠᠳ᠋ᠷ᠎ᠤᠨ ᠬᠠᠷᠢᠭᠤᠴᠠᠯᠭ᠎ᠠ ᠡᠬᠦᠷᠭᠡᠯᠡᠯ᠎ᠢ ᠵᠤᠷᠢᠬ᠍ᠵᠢᠭᠤᠯᠬᠤ ᠲᠠᠯ᠎ᠠ᠎ᠪᠠᠷ ᠬᠦᠷᠦᠯᠴᠡᠬᠦ ᠦᠭᠡᠢ᠂ ᠦᠨᠳᠦᠰᠦᠨ ᠱᠠᠳᠤᠨ᠎ᠤ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠴᠤᠬ᠍ᠴᠠᠯᠠᠯᠳᠠ ᠨᠡᠯᠢᠶᠡᠳ ᠪᠠᠭᠤᠷᠠᠢ ᠪᠠᠢ᠍ᠢ᠍ᠨ᠎ᠠ; ᠲᠤᠭᠤᠷᠢᠨ ᠪᠠᠢ᠍ᠢ᠍ᠴᠠᠭ᠋ᠠᠯᠳᠠ᠂ ᠬᠢᠨᠡᠨ ᠪᠤᠳᠤᠯᠳᠠ ᠵᠡᠷᠭᠡ ᠬᠢᠨᠠᠯᠳᠠ ᠲᠠᠯᠪᠢᠬᠤ ᠳᠤᠮᠳᠠ ᠠᠰᠠᠭᠤᠳᠠᠯ᠎ᠢ ᠢᠯᠡᠷᠡᠬᠦᠯᠬᠦ ᠪᠠ 《ᠤᠬ ᠰᠠᠨᠠᠭ᠎ᠠ᠎ᠪᠠᠨ ᠦᠯᠦ ᠮᠠᠷᠳᠠᠵᠦ᠂ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ》 ᠭᠤᠤᠯ ᠰᠡᠳᠦᠪᠳᠦ ᠬᠦᠮᠦᠵᠢᠯ᠎ᠤᠨ ᠠᠰᠠᠭᠤᠳᠠᠯ᠎ᠢ ᠰᠢᠨᠵᠢᠯᠡᠨ ᠪᠠᠢ᠍ᠢ᠍ᠴᠠᠭ᠋ᠠᠵᠦ ᠴᠡᠭᠴᠡᠯᠡᠨ ᠰᠠᠢ᠍ᠢ᠍ᠵᠢᠷᠠᠭᠤᠯᠵᠦ ᠨᠠᠢ᠍ᠢ᠍ᠳᠠᠪᠤᠷᠢᠵᠢᠭᠤᠯᠬᠤ ᠲᠠᠯ᠎ᠠ᠎ᠪᠠᠷ ᠵᠦᠷᠢᠶ᠎ᠠ᠎ᠲᠠᠢ ᠪᠠᠢ᠍ᠢ᠍ᠨ᠎ᠠ᠃ ᠡᠬᠦᠨ᠎ᠤ ᠵᠡᠷᠭᠡ᠎ᠪᠠᠷ᠂ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ ᠪᠠᠰᠠ ᠵᠠᠷᠢᠮ ᠤᠳᠤᠷᠢᠳᠬᠤ ᠺᠠᠳ᠋ᠷ᠎ᠤᠨ ᠠᠰᠠᠭᠤᠳᠠᠯ᠎ᠢ ᠲᠤᠰᠬᠠᠭᠰᠠᠨ ᠰᠦᠪᠡᠭᠴᠢ ᠵᠢ ᠬᠦᠯᠢᠶᠡᠨ ᠠᠪᠴᠦ᠂ ᠬᠤᠯᠪᠤᠭᠳᠠᠯ ᠪᠦᠬᠦᠢ ᠲᠤᠭᠳᠠᠭ᠋ᠠᠯ ᠵᠶ᠋ᠠᠷ ᠲᠦᠪ᠎ᠤᠨ ᠰᠠᠬᠢᠯᠭ᠎ᠠ ᠪᠠᠳᠤ ᠪᠠᠢ᠍ᠢ᠍ᠴᠠᠭ᠋ᠠᠬᠤ ᠬᠤᠷᠢᠶ᠎ᠠ ᠤᠯᠤᠰ᠎ᠤᠨ ᠬᠢᠨᠡᠨ ᠪᠠᠢ᠍ᠢ᠍ᠴᠠᠭ᠋ᠠᠬᠤ ᠵᠦᠪᠯᠡᠯ᠂ ᠲᠦᠪ᠎ᠤᠨ ᠵᠤᠬᠢᠶᠠᠨ ᠪᠠᠢ᠍ᠢ᠍ᠭᠤᠯᠬᠤ ᠭᠡᠯᠳᠡᠰ ᠵᠡᠷᠭᠡ ᠬᠤᠯᠪᠤᠭᠳᠠᠯ ᠪᠦᠬᠦᠢ ᠲᠠᠯ᠎ᠠ᠎ᠳᠤ ᠰᠢᠢ᠍ᠳᠪᠦᠷᠢᠯᠡᠬᠦᠯᠬᠦ᠎ᠪᠠᠷ ᠰᠢᠯᠵᠢᠬᠦᠯᠦᠨ ᠦᠭᠴᠡᠢ ᠭᠡᠵᠦ ᠵᠢᠭ᠋ᠠᠵᠦ ᠭᠠᠷᠭ᠋ᠠᠵᠠᠢ᠃
      ᠨᠢᠩ ᠶᠠᠨ ᠯᠢᠩ ᠲᠠᠪᠤᠨ ᠲᠠᠯ᠎ᠠ ᠵᠢᠨ ᠴᠡᠭᠴᠡᠯᠡᠨ ᠰᠠᠢ᠍ᠢ᠍ᠵᠢᠷᠠᠭᠤᠯᠬᠤ ᠰᠠᠨᠠᠯ ᠰᠠᠨᠠᠭᠤᠯᠭ᠎ᠠ ᠳᠤᠷᠠᠳᠪᠠ᠄ ᠨᠢᠭᠡ᠎ᠳᠤ ᠤᠯᠤᠰ ᠲᠦᠷᠦ ᠵᠢᠨ ᠪᠠᠢ᠍ᠢ᠍ᠭᠤᠯᠤᠯᠳᠠ ᠵᠢ ᠴᠢᠨᠠᠬᠰᠢᠳᠠ ᠴᠢᠩᠭ᠋ᠠᠳᠬᠠᠵᠦ᠂ ᠤᠯᠤᠰ ᠲᠦᠷᠦ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠦ ᠵᠢᠨ ᠤᠢ᠍ᠢ᠍ᠯᠠᠭ᠋ᠠᠬᠤ ᠴᠢᠳᠠᠪᠤᠷᠢ᠂ ᠤᠯᠤᠰ ᠲᠦᠷᠦ ᠵᠢᠨ ᠭᠡᠷᠡᠭᠵᠢᠬᠦᠯᠬᠦ ᠴᠢᠳᠠᠪᠤᠷᠢ ᠵᠢ ᠳᠡᠭᠡᠭᠰᠢᠯᠡᠬᠦᠯᠬᠦ ᠭᠡᠷᠡᠭᠲᠡᠢ᠃ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢ᠍ᠢ᠍ᠭᠡᠮ ᠵᠢᠷᠤᠮ᠎ᠤᠨ ᠦᠵᠡᠯ ᠰᠠᠨᠠᠭ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠵᠢᠨ ᠫᠢᠩ᠎ᠤᠨ ᠥᠪᠦᠷ ᠮᠤᠩᠭᠤᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠠ ᠵᠢᠭ᠋ᠠᠪᠤᠷᠢ ᠴᠤᠬᠤᠯᠠᠪᠤᠷᠢ ᠵᠢᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠦ᠂ 《ᠲᠦᠷᠪᠡᠨ ᠤᠬᠠᠮᠰᠠᠷ》᠎ᠢ ᠴᠢᠩᠭ᠋ᠠᠳᠬᠠᠨ᠂ 《ᠲᠦᠷᠪᠡᠨ ᠢᠳᠡᠭᠡᠯ》᠎ᠢ ᠪᠠᠳᠤᠳᠬᠠᠵᠦ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠬᠦ ᠵᠢ ᠥᠪᠦᠷ ᠮᠤᠩᠭᠤᠯ᠎ᠤᠨ ᠦᠭᠡᠷᠡᠴᠢᠯᠡᠯᠳᠠ ᠬᠦᠭᠵᠢᠯᠳᠠ ᠲᠤᠭᠳᠠᠭᠤᠨ᠎ᠤ ᠡᠯ᠎ᠠ ᠲᠠᠯ᠎ᠠ ᠵᠢᠨ ᠠᠵᠢᠯ ᠳᠤᠮᠳᠠ ᠨᠠᠢ᠍ᠢ᠍ᠳᠠᠪᠤᠷᠢᠵᠢᠭᠤᠯᠬᠤ ᠭᠡᠷᠡᠭᠲᠡᠢ᠃ ᠰᠢᠨ᠎ᠠ ᠬᠦᠭᠵᠢᠯᠳᠠ ᠵᠢᠨ ᠱᠠᠳᠤ ᠵᠢ ᠤᠨᠤᠪᠴᠢᠳᠠᠢ ᠡᠵᠡᠮᠳᠡᠵᠦ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠬᠳᠠᠬᠤᠨ᠎ᠢ ᠲᠤᠭᠤᠰᠢᠯᠠᠭᠤᠯᠤᠨ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠢ ᠪᠠᠢ᠍ᠢ᠍ᠭᠤᠯᠵᠦ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠭᠰᠠᠨ ᠴᠢᠨᠠᠷ ᠰᠠᠢ᠍ᠢ᠍ᠳᠠᠢ ᠬᠦᠭᠵᠢᠯᠳᠠ ᠵᠢᠨ ᠰᠢᠨ᠎ᠠ ᠵᠠᠮ ᠵᠶ᠋ᠠᠷ ᠡᠷᠡᠰ ᠭᠤᠢ᠍ᠢ᠍ᠪᠢᠰᠢ ᠦᠭᠡᠢ ᠵᠠᠮᠨᠠᠨ᠂ 《ᠬᠤᠶᠠᠷ ᠬᠠᠯᠬᠠᠪᠴᠢ》 《ᠬᠤᠶᠠᠷ ᠰᠠᠭᠤᠷᠢᠨ》 《ᠨᠢᠭᠡ ᠪᠡᠬᠢᠯᠡᠯᠳᠠ》 ᠵᠢᠨ ᠪᠦᠳᠦᠭᠡᠨ ᠪᠠᠢ᠍ᠢ᠍ᠭᠤᠯᠤᠯᠳᠠ ᠵᠢ ᠯᠠᠪᠳᠠᠭᠤᠨ ᠪᠠᠳᠤᠳᠠᠢ ᠠᠬᠢᠭᠤᠯᠵᠦ᠂ ᠠᠷᠠᠳ ᠤᠯᠠᠨ᠎ᠤ ᠲᠤᠰᠬᠠᠯ ᠴᠢᠩᠭ᠎ᠠ ᠪᠠᠢ᠍ᠢ᠍ᠭ᠎ᠠ ᠲᠤᠪᠤᠢ᠍ᠢ᠍ᠮ᠎ᠠ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠬᠦ ᠭᠡᠷᠡᠭᠲᠡᠢ᠃ ᠬᠤᠶᠠᠷ᠎ᠲᠤ ᠦᠨᠳᠤᠰᠤᠳᠠᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠨᠠᠬᠰᠢᠳᠠ ᠴᠢᠩᠭ᠋ᠠᠳᠬᠠᠵᠤ᠂ ᠳᠤᠮᠳᠠᠳᠤ ᠵᠢᠨ ᠦᠨᠳᠤᠰᠤᠳᠠᠨ᠎ᠤ ᠬᠠᠮᠳᠤ ᠴᠤᠬ᠍ᠴᠠ ᠵᠢᠨ ᠤᠬᠠᠮᠰᠠᠷ᠎ᠢ ᠪᠠᠳᠤ ᠴᠤᠬ᠍ᠴᠠᠯᠠᠬᠤ ᠠᠵᠢᠯ᠎ᠢ ᠬᠦᠨᠵᠡᠬᠡᠢ ᠨᠠᠷᠢᠯᠢᠬ ᠪᠤᠳᠠᠳᠠᠢ ᠬᠢᠬᠦ ᠭᠡᠷᠡᠭᠳᠠᠢ᠃ ᠭᠤᠷᠪᠠ᠎ᠳᠤ ᠪᠦᠬᠦ ᠲᠠᠯ᠎ᠠ᠎ᠪᠠᠷ ᠨᠡᠮ᠎ᠢ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠴᠢᠨᠠᠬᠰᠢᠳᠠ ᠪᠤᠳᠠᠳᠠᠢ᠍ᠢ᠍ᠵᠢᠭᠤᠯᠵᠦ᠂ ᠴᠢᠩᠭ᠎ᠠ ᠪᠠᠢ᠍ᠢ᠍ᠯᠭ᠋ᠠᠬᠤ ᠭᠤᠤᠯ ᠬᠦᠭ ᠠᠶᠠᠰ᠎ᠢ ᠭᠤᠢ᠍ᠢ᠍ᠪᠢᠰᠢ ᠦᠬᠡᠢ ᠪᠠᠷᠢᠮᠳᠠᠯᠠᠬᠤ ᠭᠡᠷᠡᠭᠳᠠᠢ᠃ 《ᠨᠢᠬᠡᠳᠤᠭᠡᠷ ᠬᠠᠷᠢᠭᠤᠴᠠᠯᠭ᠋ᠠᠲᠠᠨ》᠎ᠳᠠᠬᠢ ᠬᠢᠨᠠᠯᠳᠠ ᠲᠠᠯᠪᠢᠯᠲᠠ᠎ᠪᠠᠨ ᠴᠢᠩᠭ᠋ᠠᠳᠬᠠᠵᠤ᠂ ᠢᠯᠵᠠᠷᠠᠯ᠎ᠢ ᠵᠠᠯᠬᠠᠭ᠋ᠠᠨ ᠰᠢᠢ᠍ᠳᠬᠡᠬᠦ ᠰᠦᠷ ᠬᠦᠴᠤᠳᠤ ᠪᠠᠢ᠍ᠢ᠍ᠳᠠᠯ᠎ᠢ ᠪᠠᠲᠤᠯᠠᠵᠤ᠂ ᠰᠠᠬᠢᠯᠭ᠎ᠠ ᠪᠠᠳᠤ ᠬᠠᠤᠯᠢ ᠴᠠᠭ᠋ᠠᠵᠠ᠎ᠠᠴᠠ ᠵᠦᠷᠢᠴᠡᠭᠰᠡᠨ ᠭᠡᠷᠡᠭ᠎ᠢ ᠲᠦᠪ ᠴᠢᠩᠭ᠎ᠠ᠎ᠪᠠᠷ ᠪᠠᠢ᠍ᠢ᠍ᠴᠠᠭ᠋ᠠᠨ ᠰᠢᠢ᠍ᠳᠪᠤᠷᠢᠯᠠᠵᠤ᠂ ᠭᠤᠤᠯᠳᠠᠭ᠎ᠠ᠎ᠲᠠᠢ ᠬᠦᠷᠢᠶᠠᠨ᠎ᠤ ᠢᠯᠵᠠᠷᠠᠯ᠎ᠤᠨ ᠠᠰᠠᠭᠤᠳᠠᠯ᠎ᠢ ᠴᠢᠭᠯᠡᠬᠦᠯᠦᠯᠳᠤ ᠴᠢᠨᠠᠷ᠎ᠲᠠᠢ᠎ᠪᠠᠷ ᠰᠢᠢ᠍ᠳᠪᠤᠷᠢᠯᠠᠵᠤ᠂ ᠲᠦᠪ᠎ᠤᠨ ᠨᠠᠢ᠍ᠮᠠᠨ ᠲᠤᠭᠳᠠᠭ᠋ᠠᠯ᠎ᠤᠨ ᠵᠤᠷᠢᠬ ᠰᠠᠨᠠᠭ᠎ᠠ᠎ᠠᠴᠠ ᠵᠦᠷᠢᠴᠡᠭᠰᠡᠨ ᠪᠠ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠤ᠂ ᠤᠯᠠᠨ ᠲᠦᠮᠡᠨ᠎ᠤ ᠲᠡᠷᠬᠡᠳᠡᠬᠢ ᠢᠯᠵᠠᠷᠠᠯ᠎ᠤᠨ ᠠᠰᠠᠭᠤᠳᠠᠯ ᠪᠤᠯᠤᠨ ᠰᠤᠷᠳᠠᠯ᠎ᠤᠨ ᠠᠰᠠᠭᠤᠳᠠᠯ᠎ᠢ ᠦᠷᠬᠦᠯᠵᠢᠯᠠᠨ ᠴᠡᠭᠴᠡᠯᠡᠨ ᠵᠠᠰᠠᠵᠤ᠂ ᠢᠯᠵᠠᠷᠠᠬᠤ᠎ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠍ᠢ᠍ᠬᠤ ᠵᠢ ᠨᠢᠬᠡ ᠴᠤᠬ᠍ᠴᠠᠵᠢᠭᠤᠯᠤᠨ ᠠᠬᠢᠭᠤᠯᠵᠤ᠂ ᠤᠯᠤᠰ ᠲᠦᠷᠤ ᠵᠢᠨ ᠠᠮᠢ ᠠᠬᠤᠢ ᠵᠢ ᠲᠠᠰᠤᠷᠠᠯᠳᠠ ᠦᠬᠡᠢ ᠵᠠᠰᠠᠨ ᠰᠡᠷᠬᠦᠭᠡᠵᠦ ᠴᠡᠪᠡᠷᠰᠢᠬᠦᠯᠬᠦ ᠭᠡᠷᠡᠭᠳᠠᠢ᠃ ᠲᠦᠷᠪᠡ᠎ᠳᠤ ᠰᠢᠨ᠎ᠠ ᠴᠠᠬ ᠦᠶ᠎ᠠ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠴᠢᠨᠠᠬᠰᠢᠳᠠ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠭᠡᠷᠡᠭᠳᠠᠢ᠃ ᠤᠳᠤᠷᠢᠳᠬᠤ ᠪᠠᠬ᠎ᠤᠨ ᠪᠠᠢ᠍ᠢ᠍ᠭᠤᠯᠤᠯᠳᠠ ᠪᠤᠯᠤᠨ ᠺᠠᠳ᠋ᠷ ᠴᠢᠳᠠᠪᠤᠷᠢᠳᠠᠨ᠎ᠤ ᠡᠩᠨᠡᠬᠡᠨ᠎ᠤ ᠪᠠᠢ᠍ᠢ᠍ᠭᠤᠯᠤᠯᠳᠠ ᠵᠢ ᠴᠢᠩᠭ᠋ᠠᠳᠬᠠᠵᠤ᠂ ᠬᠦᠮᠤᠨ ᠰᠤᠩᠭᠤᠬᠤ ᠬᠦᠮᠤᠨ ᠭᠡᠷᠡᠭᠯᠡᠬᠦ ᠲᠠᠯ᠎ᠠ᠎ᠪᠠᠷ᠎ᠬᠢ ᠲᠦᠪ ᠪᠤᠰᠤ ᠰᠤᠷᠳᠠᠯ᠎ᠢ ᠡᠷᠡᠰ ᠴᠡᠭᠴᠡᠯᠡᠨ ᠵᠠᠰᠠᠵᠤ᠂ 《ᠮᠤᠩᠭᠤᠯ ᠮᠤᠷᠢᠨ᠎ᠤ ᠵᠤᠷᠢᠬ ᠰᠠᠨᠠᠭ᠎ᠠ》 ᠵᠢ ᠪᠠᠳᠠᠷᠠᠭᠤᠯᠵᠤ᠂ ᠺᠠᠳ᠋ᠷ᠎ᠤᠨ ᠡᠷᠴᠢ ᠵᠤᠷᠢᠬ᠎ᠢ ᠬᠦᠪᠴᠢᠯᠡᠬᠦ ᠭᠡᠷᠡᠭᠳᠠᠢ᠃ ᠬᠤᠭᠤᠴᠠᠭ᠎ᠠ ᠰᠤᠯᠢᠬᠤ ᠠᠵᠢᠯ᠎ᠲᠠᠢ ᠤᠶᠠᠯᠳᠤᠭᠤᠯᠵᠤ ᠬᠦᠳᠡᠭᠡ ᠲᠤᠰᠬᠤᠨ ᠪᠤᠯᠤᠨ ᠨᠡᠢ᠍ᠢ᠍ᠬᠡᠮ ᠲᠤᠭᠤᠷᠢᠬ᠎ᠤᠨ ᠦᠨᠳᠤᠰᠤᠨ ᠱᠠᠳᠤᠨ᠎ᠤ ᠨᠠᠮ᠎ᠤᠨ ᠪᠠᠢ᠍ᠢ᠍ᠭᠤᠯᠤᠯᠳᠠ ᠵᠢᠨ ᠴᠤᠬ᠍ᠴᠠᠯᠠᠯᠳᠠ ᠵᠢ ᠴᠢᠩᠭ᠋ᠠᠳᠬᠠᠬᠤ ᠭᠡᠷᠡᠭᠳᠠᠢ᠃ ᠲᠠᠪᠤ᠎ᠳᠤ ᠴᠡᠭᠴᠡᠯᠠᠨ ᠰᠠᠢ᠍ᠢ᠍ᠵᠢᠷᠠᠭᠤᠯᠬᠤ ᠵᠢᠨ 《ᠰᠡᠬᠦᠯᠴᠢ ᠵᠢᠨ ᠠᠵᠢᠯ》᠎ᠢ ᠴᠢᠨᠠᠬᠰᠢᠳᠠ ᠰᠠᠢ᠍ᠢ᠍ᠳᠤᠷ ᠬᠢᠬᠦ ᠭᠡᠷᠡᠭᠳᠠᠢ᠃ ᠴᠡᠭᠴᠡᠯᠠᠨ ᠰᠠᠢ᠍ᠢ᠍ᠵᠢᠷᠠᠭᠤᠯᠬᠤ ᠭᠤᠤᠯ ᠴᠤᠬ᠍ᠴᠠ ᠵᠢᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠢ᠍ᠢ᠍ᠳᠠᠪᠤᠷᠢᠵᠢᠭᠤᠯᠵᠤ᠂ 《ᠲᠦᠷᠪᠡ ᠵᠢ ᠠᠭᠤᠰᠤᠯᠴᠠᠭᠤᠯᠬᠤ》 ᠱᠠᠭ᠋ᠠᠷᠳᠠᠯᠭ᠎ᠠ᠎ᠪᠠᠷ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠵᠢ ᠨᠢᠬᠡᠳᠤᠯᠳᠠᠢ ᠲᠦᠯᠤᠪᠵᠢᠬᠦᠯᠤᠨ ᠰᠠᠢ᠍ᠢ᠍ᠳᠤᠷ ᠠᠳᠬᠤᠵᠤ᠂ ᠤᠷᠳᠤ ᠬᠤᠭᠤᠴᠠᠭ᠋ᠠᠨ᠎ᠤ ᠪᠦᠳᠤᠮᠵᠢᠳᠠᠢ ᠲᠤᠭᠳᠠᠴᠠ ᠵᠢ ᠪᠠᠢ᠍ᠢ᠍ᠭᠤᠯᠬᠤ ᠭᠡᠷᠡᠭᠳᠠᠢ᠃
      ᠬᠤᠷᠠᠯ᠎ᠠᠴᠠ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠬᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠲᠤᠬᠠᠢ ᠠᠵᠢᠯ᠎ᠤᠨ ᠱᠠᠭ᠋ᠠᠷᠳᠠᠯᠭ᠎ᠠ ᠵᠢ ᠤᠯᠠᠮᠵᠢᠯᠠᠵᠦ᠂ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ᠎ᠬᠢᠨ ᠰᠢ ᠵᠢᠨ ᠫᠢᠩ᠎ᠤᠨ ᠰᠢᠨ᠎ᠠ ᠴᠠᠬ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢ᠍ᠢ᠍ᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠦ᠂ ᠶᠠᠷᠤᠩᠬᠡᠢ ᠱᠦᠵᠢ ᠰᠢ ᠵᠢᠨ ᠫᠢᠩ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠠᠵᠢᠯ᠎ᠤᠨ ᠬᠠᠷᠢᠭᠤ ᠮᠡᠳᠡᠬᠦᠯᠤᠯᠳᠠ ᠵᠢ ᠰᠤᠨᠤᠰᠬᠤ ᠦᠶ᠎ᠠ ᠵᠢᠨ ᠴᠢᠬᠤᠯᠠ ᠶᠠᠷᠢᠶᠠᠨ᠎ᠤ ᠵᠤᠷᠢᠬ ᠰᠠᠨᠠᠭ᠎ᠠ ᠵᠢ ᠬᠦᠨᠵᠡᠬᠡᠢ ᠰᠤᠷᠤᠯᠴᠠᠨ ᠲᠤᠭᠤᠰᠢᠯᠠᠭᠤᠯᠵᠦ᠂ ᠤᠯᠤᠰ ᠲᠦᠷᠤ ᠵᠢᠨ ᠵᠤᠬᠰᠤᠴᠠ᠎ᠪᠠᠨ ᠲᠡᠭᠡᠭᠰᠢᠯᠡᠬᠦᠯᠵᠤ᠂ 《ᠲᠦᠷᠪᠡᠨ ᠤᠬᠠᠮᠰᠠᠷ》᠎ᠢ ᠴᠢᠩᠭ᠋ᠠᠳᠬᠠᠬᠤ᠂ 《ᠲᠦᠷᠪᠡᠨ ᠢᠳᠡᠬᠡᠯ》᠎ᠢ ᠪᠠᠳᠤᠳᠬᠠᠬᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠬᠦᠯᠬᠦ ᠤᠯᠤᠰ ᠲᠦᠷᠤ ᠵᠢᠨ ᠦᠨᠳᠦᠷᠴᠡ᠎ᠠᠴᠠ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠬᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠵᠦ ᠨᠠᠢ᠍ᠢ᠍ᠳᠠᠪᠤᠷᠢᠵᠢᠭᠤᠯᠬᠤ ᠠᠵᠢᠯ᠎ᠢ ᠰᠠᠢ᠍ᠢ᠍ᠳᠤᠷ ᠠᠳᠬᠤᠵᠤ᠂ ᠤᠯᠤᠰ ᠲᠦᠷᠤ ᠵᠢᠨ ᠮᠠᠭ᠋ᠠᠳᠯᠠᠬᠤ ᠴᠢᠳᠠᠪᠤᠷᠢ᠂ ᠤᠯᠤᠰ ᠲᠦᠷᠤ ᠵᠢᠨ ᠤᠢ᠍ᠢ᠍ᠯᠠᠭ᠋ᠠᠬᠤ ᠴᠢᠳᠠᠪᠤᠷᠢ᠂ ᠤᠯᠤᠰ ᠲᠦᠷᠤ ᠵᠢᠨ ᠬᠡᠷᠡᠭᠵᠢᠬᠦᠯᠬᠦ ᠴᠢᠳᠠᠪᠤᠷᠢ᠎ᠪᠠᠨ ᠴᠢᠨᠠᠬᠰᠢᠳᠠ ᠲᠡᠭᠡᠭᠰᠢᠯᠡᠬᠦᠯᠵᠤ᠂ ᠲᠤᠰ ᠭᠠᠵᠠᠷ ᠤᠷᠤᠨ᠎ᠤ᠎ᠪᠠᠨ ᠰᠢᠨ᠎ᠠ ᠬᠦᠭᠵᠢᠯᠳᠠ ᠵᠢᠨ ᠱᠠᠳᠤ᠂ ᠰᠢᠨ᠎ᠠ ᠬᠦᠭᠵᠢᠯᠳᠠ ᠵᠢᠨ ᠪᠠᠢ᠍ᠢ᠍ᠷᠢᠰᠢᠯ᠎ᠳᠠᠬᠢ ᠤᠷᠤᠨ ᠪᠠᠢ᠍ᠢ᠍ᠷᠢ᠎ᠪᠠᠨ ᠤᠨᠤᠪᠴᠢᠳᠠᠢ ᠡᠵᠡᠮᠳᠡᠵᠤ᠂ ᠰᠢᠨ᠎ᠠ ᠬᠦᠭᠵᠢᠯᠳᠠ ᠵᠢᠨ ᠤᠢ᠍ᠢ᠍ᠯᠠᠭ᠋ᠠᠭᠳᠠᠬᠤᠨ᠎ᠢ ᠪᠦᠷᠢᠨ ᠪᠦᠲᠦᠨ᠂ ᠤᠨᠤᠴᠠᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠠᠷᠪᠠᠨ ᠲᠦᠷᠪᠡᠳᠤᠭᠡᠷ ᠲᠠᠪᠤᠨ ᠵᠢᠯ》᠎ᠤᠨ ᠲᠦᠯᠤᠪᠵᠢᠬᠦᠯᠬᠡ ᠵᠢ ᠰᠠᠢ᠍ᠢ᠍ᠨ ᠡᠬᠢᠯᠠᠯᠳᠠ᠎ᠲᠠᠢ ᠪᠤᠯᠭ᠋ᠠᠬᠤ ᠵᠢ ᠪᠠᠳᠤᠯᠠᠬᠤ ᠭᠡᠷᠡᠭᠳᠠᠢ᠃ ᠦᠬᠡᠷᠡᠴᠢᠯᠠᠯᠳᠠ ᠵᠢ ᠪᠦᠬᠦ ᠲᠠᠯ᠎ᠠ᠎ᠪᠠᠷ ᠬᠦᠨᠵᠡᠬᠡᠢ᠍ᠢ᠍ᠷᠡᠬᠦᠯᠬᠦ ᠰᠢᠢ᠍ᠳᠪᠤᠷᠢᠳᠤ ᠪᠤᠳᠤᠯᠭ᠎ᠠ ᠪᠠᠢ᠍ᠢ᠍ᠷᠢᠯᠠᠭᠤᠯᠤᠯᠳᠠ ᠵᠢ ᠨᠠᠢ᠍ᠢ᠍ᠳᠠᠪᠤᠷᠢᠵᠢᠭᠤᠯᠤᠨ ᠦᠷ᠎ᠠ ᠪᠦᠳᠤᠮᠵᠢ ᠭᠠᠷᠭ᠋ᠠᠬᠤ ᠵᠢ ᠠᠬᠢᠭᠤᠯᠵᠤ᠂ ᠦᠬᠡᠷᠡᠴᠢᠯᠠᠯᠳᠠ ᠵᠢᠨ ᠦᠢ᠍ᠯᠡᠳᠦᠯ ᠴᠢᠳᠠᠪᠬᠢ ᠵᠢ ᠬᠦᠢ᠍ᠴᠡᠳ ᠪᠠᠳᠠᠷᠠᠭᠤᠯᠵᠤ᠂ ᠵᠠᠰᠠᠯᠳᠠ ᠵᠢᠨ ᠴᠢᠳᠠᠪᠤᠷᠢ ᠵᠢ ᠲᠡᠭᠡᠭᠰᠢᠯᠡᠬᠦᠯᠬᠦ ᠭᠡᠷᠡᠭᠳᠠᠢ᠃ ᠬᠦᠨᠳᠤ ᠶᠡᠬᠡ ᠠᠶᠤᠯ ᠲᠦᠭᠰᠢᠬᠦᠷᠢ ᠵᠢ ᠰᠡᠷᠬᠡᠢ᠍ᠢ᠍ᠯᠡᠨ ᠰᠢᠢ᠍ᠳᠪᠤᠷᠢᠯᠡᠬᠦ ᠤᠬᠠᠮᠰᠠᠷ ᠪᠤᠯᠤᠨ ᠴᠢᠳᠠᠪᠤᠷᠢ᠎ᠪᠠᠨ ᠴᠢᠩᠭ᠋ᠠᠳᠬᠠᠵᠤ᠂ ᠬᠦᠭᠵᠢᠯᠳᠠ ᠪᠤᠯᠤᠨ ᠠᠮᠤᠷ ᠲᠦᠪᠰᠢᠨ ᠬᠤᠶᠠᠷ ᠶᠡᠬᠡ ᠶᠠᠪᠤᠳᠠᠯ᠎ᠢ ᠨᠢᠬᠡᠳᠤᠯᠳᠠᠢ ᠲᠦᠯᠤᠪᠵᠢᠬᠦᠯᠤᠨ ᠰᠠᠢ᠍ᠢ᠍ᠳᠤᠷ ᠠᠳᠬᠤᠬᠤ ᠭᠡᠷᠡᠭᠳᠠᠢ᠃ ᠪᠦᠬᠦ ᠲᠠᠯ᠎ᠠ᠎ᠪᠠᠷ ᠨᠡᠮ᠎ᠢ ᠴᠢᠩᠭ᠎ᠠ ᠵᠠᠰᠠᠬᠤ ᠵᠢᠨ ᠬᠦᠳᠤᠯᠤᠨ ᠵᠢᠯᠤᠭᠤᠳᠴᠤ ᠪᠠᠳᠤᠯᠠᠬᠤ ᠤᠢ᠍ᠢ᠍ᠯᠡᠳᠤᠯ᠎ᠢ ᠬᠦᠢ᠍ᠴᠡᠳ ᠪᠠᠳᠠᠷᠠᠭᠤᠯᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ 《ᠬᠤᠶᠠᠷ ᠬᠠᠷᠢᠭᠤᠴᠠᠯᠭ᠎ᠠ》 ᠵᠢ ᠡᠷᠡᠰ ᠨᠠᠢ᠍ᠢ᠍ᠳᠠᠪᠤᠷᠢᠵᠢᠭᠤᠯᠵᠤ᠂ ᠱᠠᠳᠤ ᠱᠠᠳᠤ᠎ᠪᠠᠷ ᠲᠠᠷᠤᠯᠲᠠ ᠦᠭᠴᠤ ᠪᠠᠢ᠍ᠢ᠍ᠭ᠋ᠠᠳ ᠪᠤᠳᠠᠳᠠᠢ᠍ᠢ᠍ᠵᠢᠭᠤᠯᠤᠨ᠂ ᠴᠢᠩᠭ᠎ᠠ ᠪᠠᠢ᠍ᠢ᠍ᠯᠭ᠋ᠠᠬᠤ ᠭᠤᠤᠯ ᠬᠦᠭ ᠠᠶᠠᠰ᠎ᠢ ᠤᠷᠳᠤ ᠬᠤᠭᠤᠴᠠᠭ᠎ᠠ ᠪᠠᠷᠢᠮᠳᠠᠯᠠᠬᠤ ᠭᠡᠷᠡᠭᠳᠠᠢ᠃ ᠢᠯᠵᠠᠷᠡᠯ᠎ᠢ ᠡᠰᠡᠷᠬᠦᠴᠡᠬᠦ ᠲᠡᠮᠡᠴᠡᠯ᠎ᠢ ᠡᠷᠡᠰ ᠭᠤᠢ᠍ᠢ᠍ᠪᠢᠰᠢ ᠦᠬᠡᠢ᠎ᠪᠠᠷ ᠬᠦᠨᠵᠡᠬᠡᠢ᠍ᠢ᠍ᠷᠡᠬᠦᠯᠵᠤ᠂ ᠡᠷᠬᠡ᠎ᠳᠤ ᠬᠢᠨᠠᠯᠳᠠ ᠲᠠᠯᠪᠢᠵᠦ ᠬᠢᠵᠠᠭ᠋ᠠᠷᠯᠠᠬᠤ ᠲᠤᠭᠳᠠᠴᠠ ᠵᠢ ᠲᠡᠬᠦᠯᠳᠡᠷᠵᠢᠬᠦᠯᠵᠤ᠂ 《ᠵᠠᠩᠬᠢᠯᠠᠭ᠎ᠠ ᠵᠢᠨ ᠴᠦᠬᠡᠨ ᠲᠤᠭ᠋ᠠᠳᠠᠨ》 ᠢᠯᠠᠩᠭᠤᠶ᠎ᠠ 《ᠨᠢᠬᠡᠳᠤᠭᠡᠷ ᠬᠠᠷᠢᠭᠤᠴᠠᠯᠭ᠋ᠠᠳᠠᠨ》᠎ᠳᠠᠬᠢ ᠬᠢᠨᠠᠯᠳᠠ ᠲᠠᠯᠪᠢᠯᠲᠠ ᠵᠢ ᠲᠤᠪᠤᠢ᠍ᠢ᠍ᠮ᠎ᠠ ᠴᠢᠩᠭ᠋ᠠᠳᠬᠠᠵᠦ᠂ ᠭᠤᠤᠯᠳᠠᠯᠭ᠎ᠠ᠎ᠲᠠᠢ ᠬᠦᠷᠢᠶᠠᠨ᠎ᠤ ᠢᠯᠵᠠᠷᠠᠯ᠎ᠤᠨ ᠠᠰᠠᠭᠤᠳᠠᠯ᠎ᠢ ᠲᠦᠪᠯᠡᠷᠡᠬᠦᠯᠤᠨ ᠴᠡᠭᠴᠡᠯᠡᠨ ᠵᠠᠰᠠᠬᠤ ᠭᠡᠷᠡᠭᠳᠠᠢ᠃ 《ᠲᠦᠷᠪᠡᠨ ᠰᠤᠷᠳᠠᠯ》᠎ᠢ ᠤᠬᠳᠤ ᠰᠤᠯᠠᠷᠠᠭᠤᠯᠬᠤ ᠦᠬᠡᠢ᠎ᠪᠠᠷ ᠴᠡᠭᠴᠡᠯᠠᠵᠤ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠎ᠤᠨ ᠠᠰᠠᠭᠤᠳᠠᠯ᠎ᠳᠤ ᠪᠦᠬᠦ ᠲᠠᠯ᠎ᠠ᠎ᠪᠠᠷ ᠬᠢᠨᠠᠨ ᠪᠠᠢ᠍ᠢ᠍ᠴᠠᠭ᠋ᠠᠯᠳᠠ ᠬᠢᠵᠤ᠂ ᠬᠠᠷᠠᠯᠲᠠ᠎ᠲᠠᠢ᠎ᠪᠠᠷ ᠵᠠᠰᠠᠨ ᠵᠠᠯᠠᠷᠠᠭᠤᠯᠵᠤ᠂ ᠲᠦᠪ᠎ᠤᠨ ᠨᠠᠢ᠍ᠮᠠᠨ ᠲᠤᠭᠳᠠᠭ᠋ᠠᠯ᠎ᠤᠨ ᠵᠤᠷᠢᠬ ᠰᠠᠨᠠᠭ᠎ᠠ ᠵᠢ ᠨᠠᠢ᠍ᠢ᠍ᠳᠠᠪᠤᠷᠢᠵᠢᠭᠤᠯᠬᠤ ᠠᠵᠢᠯ᠎ᠢ ᠴᠦᠬᠦᠷᠡᠰᠢ ᠦᠬᠡᠢ᠎ᠪᠠᠷ ᠰᠠᠢ᠍ᠢ᠍ᠳᠤᠷ ᠠᠳᠬᠤᠬᠤ ᠭᠡᠷᠡᠭᠳᠠᠢ᠃ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠵᠢ ᠪᠠᠷᠢᠮᠳᠠᠯᠠᠵᠤ᠂ ᠨᠠᠮ᠎ᠤᠨ ᠲᠦᠪ ᠬᠤᠷᠢᠶᠠᠨ᠎ᠤ ᠠᠷᠠᠳ᠎ᠲᠤ ᠠᠰᠢᠬ ᠬᠦᠷᠳᠡᠬᠡᠵᠤ ᠠᠷᠠᠳ᠎ᠢ ᠪᠠᠶᠠᠵᠢᠭᠤᠯᠬᠤ ᠲᠦᠷᠤ ᠵᠢᠨ ᠪᠤᠳᠤᠯᠭ᠎ᠠ ᠵᠢ ᠨᠠᠢ᠍ᠢ᠍ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠰᠤᠷᠭ᠋ᠠᠨ ᠬᠦᠮᠤᠵᠢᠯ ᠡᠮ ᠡᠮᠨᠡᠯᠬᠡ᠂ ᠨᠠᠰᠤᠵᠢᠯ᠎ᠤᠨ ᠲᠠᠭ᠋ᠠᠳᠬᠠᠯ᠂ ᠶᠠᠳᠠᠭᠤ ᠵᠢ ᠲᠡᠳᠬᠦᠬᠦ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠬᠠᠤᠯᠢ ᠪᠠᠷᠢᠵᠤ ᠬᠠᠤᠯᠢ ᠭᠡᠷᠡᠭᠵᠢᠬᠦᠯᠬᠦ ᠵᠡᠷᠬᠡ ᠬᠦᠷᠢᠶᠠᠨ᠎ᠤ ᠢᠯᠵᠠᠷᠠᠯ ᠪᠤᠯᠤᠨ ᠲᠦᠪ ᠪᠤᠰᠤ ᠰᠤᠷᠳᠠᠯ᠎ᠢ ᠦᠷᠬᠦᠯᠵᠢᠯᠠᠨ ᠵᠠᠰᠠᠨ ᠵᠠᠯᠠᠷᠠᠭᠤᠯᠵᠤ᠂ ᠤᠯᠠᠨ ᠲᠦᠮᠡᠨ᠎ᠤ 《ᠪᠠᠴᠢᠮᠳᠠᠵᠦ ᠰᠠᠨᠲᠤᠷᠴᠤ ᠬᠦᠴᠢᠷᠳᠡᠵᠦ ᠲᠦᠪᠡᠭᠲᠡᠵᠤ ᠵᠤᠪᠠᠵᠤ ᠬᠦᠰᠡᠵᠤ》 ᠪᠠᠢ᠍ᠢ᠍ᠭ᠎ᠠ ᠠᠰᠠᠭᠤᠳᠠᠯ᠎ᠢ ᠰᠠᠢ᠍ᠢ᠍ᠳᠤᠷ ᠰᠢᠢ᠍ᠳᠪᠤᠷᠢᠯᠡᠬᠦ ᠭᠡᠷᠡᠭᠳᠠᠢ᠃ ᠰᠢᠨ᠎ᠠ ᠴᠠᠬ ᠦᠶ᠎ᠠ ᠵᠢᠨ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠱᠤᠭᠤᠮ᠎ᠢ ᠬᠦᠨᠵᠡᠬᠡᠢ ᠲᠤᠭᠤᠰᠢᠯᠠᠭᠤᠯᠵᠤ᠂ ᠤᠳᠤᠷᠢᠳᠬᠤ ᠪᠠᠬ᠂ ᠺᠠᠳ᠋ᠷ᠎ᠤᠨ ᠡᠩᠨᠡᠬᠡ ᠪᠤᠯᠤᠨ ᠦᠨᠳᠤᠰᠤᠨ ᠱᠠᠳᠤᠨ᠎ᠤ ᠨᠠᠮ᠎ᠤᠨ ᠵᠤᠬᠢᠶᠠᠨ ᠪᠠᠢ᠍ᠢ᠍ᠭᠤᠯᠤᠯᠳᠠ ᠵᠢᠨ ᠴᠤᠬ᠍ᠴᠠᠯᠠᠯᠳᠠ ᠵᠢ ᠴᠢᠩᠭ᠋ᠠᠳᠬᠠᠵᠤ᠂ ᠴᠢᠨᠠᠷ ᠰᠠᠢ᠍ᠢ᠍ᠳᠠᠢ ᠬᠦᠭᠵᠢᠯᠳᠠ᠎ᠳᠤ ᠵᠤᠬᠢᠶᠠᠨ ᠪᠠᠢ᠍ᠢ᠍ᠭᠤᠯᠤᠯᠳᠠ ᠵᠢᠨ ᠪᠠᠳᠤᠯᠠᠭ᠎ᠠ ᠵᠢ ᠪᠡᠬᠢᠵᠢᠬᠦᠯᠵᠦ ᠦᠭᠬᠦ ᠭᠡᠷᠡᠭᠳᠠᠢ ᠬᠡᠵᠤ ᠱᠠᠭ᠋ᠠᠷᠳᠠᠪᠠ᠃
      ᠬᠤᠷᠠᠯ᠎ᠠᠴᠠ᠂ ᠦᠪᠤᠷ ᠮᠤᠨᠭ᠌ᠭᠤᠯ᠎ᠤᠨ ᠦᠪᠡᠷᠳᠡᠭᠡᠨ ᠵᠠᠰᠬᠠᠤ ᠤᠷᠤᠨ᠎ᠤ ᠨᠠᠮ᠎ᠤᠨ ᠬᠤᠷᠢᠶ᠎ᠡ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠢ ᠰᠠᠢ᠍ᠢ᠍ᠳᠤᠷ ᠠᠳᠬᠤᠬᠤ ᠵᠢ ᠴᠢᠬᠤᠯᠠ ᠤᠯᠤᠰ ᠲᠦᠷᠦ ᠵᠢᠨ ᠡᠬᠦᠷᠭᠡ ᠪᠤᠯᠭ᠋ᠠᠵᠦ᠂ ᠢᠯᠠᠨᠭ᠌ᠭᠤᠶ᠎ᠡ ᠱᠦᠵᠢ ᠨᠢᠭᠡᠳᠤᠭᠡᠷ ᠬᠠᠷᠢᠭᠤᠴᠠᠯᠭ᠋ᠠᠳᠠᠨ᠎ᠤ ᠬᠠᠷᠢᠭᠤᠴᠠᠯᠭ᠎ᠡ ᠵᠢ ᠡᠬᠦᠷᠭᠡᠯᠡᠵᠤ᠂ ᠪᠠᠭ᠎ᠤᠨ ᠪᠦᠷᠢᠯᠳᠦᠬᠦᠨ ᠨᠠᠷ 《ᠨᠢᠭᠡ ᠠᠵᠢᠯ᠎ᠤᠨ ᠪᠠᠢ᠍ᠢ᠍ᠷᠢ ᠵᠢᠨ ᠬᠤᠤᠰ ᠬᠠᠷᠢᠭᠤᠴᠠᠯᠭ᠎ᠡ》 ᠵᠢ ᠨᠠᠢ᠍ᠢ᠍ᠳᠠᠪᠤᠷᠢᠵᠢᠭᠤᠯᠵᠤ᠂ 《ᠲᠦᠷᠪᠡ ᠵᠢ ᠠᠭᠤᠰᠤᠯᠴᠠᠭᠤᠯᠬᠤ》 ᠱᠠᠭ᠋ᠠᠷᠳᠠᠯᠭ᠎ᠡ ᠶᠤᠰᠤᠭ᠋ᠠᠷ᠂ ᠠᠰᠠᠭᠤᠳᠠᠯ᠎ᠤᠨ ᠨᠠᠷᠢᠨ ᠲᠠᠨᠭ᠌ᠰᠠ᠂ ᠡᠬᠦᠷᠭᠡ ᠵᠢᠨ ᠨᠠᠷᠢᠨ ᠲᠠᠨᠭ᠌ᠰᠠ᠂ ᠬᠠᠷᠢᠭᠤᠴᠠᠯᠭ᠎ᠡ ᠵᠢᠨ ᠨᠠᠷᠢᠨ ᠲᠠᠨᠭ᠌ᠰᠠ ᠵᠢ ᠨᠠᠷᠢᠨ ᠬᠢᠨᠠᠮᠠᠭ᠋ᠠᠢ ᠲᠤᠬᠳᠠᠭ᠋ᠠᠵᠤ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠪᠠ 《ᠠᠷᠪᠡᠨ ᠲᠦᠷᠪᠡᠳᠤᠭᠡᠷ ᠲᠠᠪᠤᠨ ᠵᠢᠯ》᠎ᠤᠨ ᠲᠦᠯᠦᠪᠵᠢᠬᠦᠯᠭᠡ ᠵᠢ ᠲᠤᠬᠳᠠᠭ᠋ᠠᠨ ᠭᠡᠷᠡᠭᠵᠢᠬᠦᠯᠬᠦ᠂ ᠤᠷᠤᠨ ᠨᠤᠳᠤᠭ᠎ᠤᠨ ᠨᠠᠮ᠎ᠤᠨ ᠬᠤᠷᠢᠶᠠᠨ᠎ᠤ ᠬᠤᠭᠤᠴᠠᠭ᠎ᠡ ᠰᠤᠯᠢᠬᠤ ᠠᠵᠢᠯ᠎ᠢ ᠦᠷᠨᠢᠬᠦᠯᠬᠦ᠂ ᠦᠭᠡᠷᠡᠴᠢᠯᠡᠯᠳᠠ ᠵᠢ ᠪᠦᠬᠦ ᠲᠠᠯ᠎ᠡ᠎ᠪᠠᠷ ᠬᠦᠨᠵᠡᠭᠡᠢ᠍ᠢ᠍ᠷᠠᠬᠦᠯᠬᠦ᠂ ᠪᠦᠬᠦ ᠲᠠᠯ᠎ᠡ᠎ᠪᠠᠷ ᠨᠠᠮ᠎ᠢ ᠴᠢᠨᠭᠭ᠎ᠡ ᠵᠠᠰᠠᠬᠤ ᠵᠡᠷᠭᠡ ᠵᠢ ᠤᠷᠭ᠋ᠠᠨᠢᠭ ᠵᠶ᠋ᠠᠷ ᠤᠶᠠᠯᠳᠤᠭᠤᠯᠵᠤ᠂ ᠰᠢᠰᠲᠸᠮᠲᠣ ᠦᠵᠡᠯᠳᠠ ᠵᠢ ᠭᠡᠷᠡᠭᠯᠡᠵᠤ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠪᠠ ᠦᠷ᠎ᠡ ᠪᠦᠳᠦᠭᠡᠯ᠎ᠢ ᠠᠰᠢᠬᠯᠠᠬᠤ ᠵᠢ ᠨᠢᠭᠡᠳᠤᠯᠳᠠᠢ ᠲᠦᠯᠦᠪᠵᠢᠬᠦᠯᠤᠨ ᠰᠠᠢ᠍ᠢ᠍ᠳᠤᠷ ᠠᠳᠬᠤᠬᠤ ᠭᠡᠷᠡᠭᠳᠠᠢ᠃ ᠪᠦᠬᠦ ᠲᠠᠯ᠎ᠡ᠎ᠪᠠᠷ ᠴᠡᠭᠴᠡᠯᠡᠨ ᠰᠠᠢ᠍ᠢ᠍ᠵᠢᠷᠠᠭᠤᠯᠬᠤ᠂ ᠪᠠᠷᠢᠨ ᠭᠡᠷᠡᠭᠵᠢᠬᠦᠯᠵᠤ ᠪᠠᠷᠢᠨ ᠦᠭᠡᠷᠡᠴᠢᠯᠡᠬᠦ᠂ ᠲᠠᠷᠤᠢ᠍ᠢ᠍ᠬᠠᠨ ᠮᠠᠳᠠᠵᠤ ᠲᠠᠷᠤᠢ᠍ᠢ᠍ᠬᠠᠨ ᠵᠠᠰᠠᠬᠤ᠂ ᠦᠨᠡᠨ ᠬᠦ᠌ ᠵᠠᠰᠠᠵᠤ ᠪᠤᠳᠠᠳᠠᠢ ᠵᠠᠰᠠᠬᠤ ᠵᠢ ᠪᠠᠷᠢᠮᠳᠠᠯᠠᠵᠤ᠂ ᠴᠡᠭᠴᠡᠯᠡᠨ ᠰᠠᠢ᠍ᠢ᠍ᠵᠢᠷᠠᠭᠤᠯᠬᠤ ᠤᠷᠳᠤ ᠬᠤᠭᠤᠴᠠᠭ᠋ᠠᠨ᠎ᠤ ᠪᠦᠳᠦᠮᠵᠢᠳᠠᠢ ᠲᠤᠬᠳᠠᠴᠠ ᠵᠢ ᠪᠠᠢ᠍ᠢ᠍ᠭᠤᠯᠤᠨ ᠪᠦᠷᠢᠨᠰᠢᠬᠦᠯᠵᠤ᠂ ᠲᠠᠬᠢᠨ ᠲᠠᠪᠳᠠᠨ ᠢᠯᠡᠷᠡᠬᠦ᠂ ᠨᠡᠢ᠍ᠢ᠍ᠳᠡᠮ ᠡᠬᠦᠰᠬᠦ ᠠᠰᠠᠭᠤᠳᠠᠯ᠎ᠢ ᠲᠦᠷᠢᠮ ᠲᠤᠬᠳᠠᠴᠠ ᠵᠢᠨ ᠲᠠᠯ᠎ᠡ᠎ᠠᠴᠠ ᠰᠢᠯᠳᠠᠭ᠋ᠠᠨ ᠡᠷᠢᠬᠦ ᠵᠢ ᠴᠢᠬᠤᠯᠠᠴᠢᠯᠠᠵᠤ᠂ ᠦᠨᠭᠭᠡᠨ ᠲᠠᠯ᠎ᠡ ᠪᠡ ᠦᠨᠳᠤᠰᠤ᠎ᠠᠴᠠ᠎ᠨᠢ ᠵᠠᠰᠠᠬᠤ ᠵᠢ ᠬᠦᠨᠵᠡᠭᠡᠢ᠍ᠢ᠍ᠷᠠᠬᠦᠯᠬᠦ ᠭᠡᠷᠡᠭᠳᠠᠢ᠃ ᠲᠤᠭᠤᠷᠢᠨ ᠪᠠᠢ᠍ᠢ᠍ᠴᠠᠭ᠋ᠠᠬᠤ ᠪᠠ ᠰᠠᠬᠢᠯᠭ᠎ᠡ ᠪᠠᠳᠤ᠂ ᠬᠢᠨᠡᠨ ᠪᠠᠢ᠍ᠢ᠍ᠴᠠᠭ᠋ᠠᠬᠤ᠂ ᠲᠤᠮᠢᠯᠠᠨ ᠰᠠᠭᠤᠯᠭ᠋ᠠᠬᠤ᠂ ᠵᠤᠬᠢᠶᠠᠨ ᠪᠠᠢ᠍ᠢ᠍ᠭᠤᠯᠬᠤ ᠵᠡᠷᠭᠡ ᠵᠢᠨ ᠬᠢᠨᠡᠯᠳᠠ ᠲᠠᠯᠪᠢᠬᠤ ᠵᠢ ᠨᠢᠭᠡᠳᠤᠯᠳᠠᠢ ᠲᠦᠯᠦᠪᠵᠢᠬᠦᠯᠤᠨ ᠵᠤᠯᠭ᠋ᠠᠭᠤᠯᠬᠤ ᠵᠢ ᠴᠢᠨᠭ᠌ᠭ᠋ᠠᠳᠬᠠᠵᠤ᠂ ᠰᠠᠬᠢᠯᠭ᠎ᠡ ᠪᠠᠳᠤ ᠪᠠᠢ᠍ᠢ᠍ᠴᠠᠭ᠋ᠠᠬᠤ ᠬᠢᠨᠡᠨ ᠪᠠᠢ᠍ᠢ᠍ᠴᠠᠭ᠋ᠠᠬᠤ ᠪᠠᠢ᠍ᠢ᠍ᠭᠤᠯᠭ᠎ᠡ ᠪᠠ ᠵᠤᠬᠢᠶᠠᠨ ᠪᠠᠢ᠍ᠢ᠍ᠭᠤᠯᠬᠤ ᠰᠠᠯᠠᠭ᠎ᠡ ᠮᠦᠴᠢᠷ᠎ᠤᠨ᠎ᠬᠢᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠳᠠᠬᠢ ᠡᠳᠦᠷ ᠲᠤᠳᠤᠮ᠎ᠤᠨ ᠬᠢᠨᠡᠯᠳᠠ ᠲᠠᠯᠪᠢᠬᠤ᠎ᠪᠠᠨ ᠴᠢᠨᠭ᠌ᠭ᠋ᠠᠳᠬᠠᠵᠤ᠂ ᠦᠷᠬᠦᠯᠵᠢᠯᠡᠨ ᠮᠦᠷᠳᠡᠨ ᠱᠠᠯᠠᠪᠳᠠᠭᠤᠯᠤᠨ ᠰᠢᠢ᠍ᠳᠪᠤᠷᠢᠯᠡᠵᠤ᠂ ᠬᠢᠨᠡᠯᠳᠠ ᠲᠠᠯᠪᠢᠬᠤ ᠬᠠᠮᠳᠤᠷᠠᠯ ᠬᠦᠴᠤᠨ᠎ᠢ ᠪᠦᠷᠢᠯᠳᠦᠬᠦᠯᠵᠤ᠂ ᠴᠡᠭᠴᠡᠯᠡᠨ ᠰᠠᠢ᠍ᠢ᠍ᠵᠢᠷᠠᠭᠤᠯᠵᠤ ᠨᠠᠢ᠍ᠢ᠍ᠳᠠᠪᠤᠷᠢᠵᠢᠭᠤᠯᠤᠬᠰᠡᠨ ᠪᠠᠢ᠍ᠢ᠍ᠳᠠᠯ᠎ᠢ ᠤᠳᠤᠷᠢᠳᠬᠤ ᠪᠠᠭ᠎ᠤᠨ ᠶᠡᠷᠤᠨᠭ᠌ᠭᠡᠢ᠍ᠢ᠍ᠯᠡᠭᠰᠡᠨ ᠰᠢᠯᠭ᠋ᠠᠨ ᠪᠠᠢ᠍ᠢ᠍ᠴᠠᠭ᠋ᠠᠯᠳᠠ᠎ᠳᠤ ᠤᠷᠤᠭᠤᠯᠵᠤ᠂ ᠠᠯᠪᠡ ᠬᠠᠰᠢᠵᠤ ᠴᠡᠭᠴᠡᠯᠡᠨ ᠰᠠᠢ᠍ᠢ᠍ᠵᠢᠷᠠᠭᠤᠯᠬᠤ᠂ ᠴᠡᠭᠴᠡᠯᠡᠨ ᠰᠠᠢ᠍ᠢ᠍ᠵᠢᠷᠠᠭᠤᠯᠤᠬᠰᠡᠨ ᠵᠶ᠋ᠠᠷ ᠬᠦᠴᠤᠳᠠᠢ ᠪᠢᠰᠢ᠂ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠢ᠍ᠢ᠍ᠵᠢᠷᠠᠭᠤᠯᠤᠬᠰᠡᠨ᠎ᠢ ᠴᠢᠨᠭᠭ᠎ᠡ ᠬᠠᠷᠢᠭᠤᠴᠠᠯᠭ᠎ᠡ ᠨᠡᠭᠡᠮᠵᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃
      ᠱ᠌ᠢ᠎ᠲᠠᠢ ᠹᠸᠩ᠂ ᠲᠦᠪ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠬᠤ᠎ᠳᠤ ᠵᠢᠭ᠋ᠠᠵᠤ ᠭᠠᠷᠭ᠋ᠠᠬᠰᠡᠨ ᠠᠰᠠᠭᠤᠳᠠᠯ᠎ᠨᠢ ᠭᠤᠤᠯᠳᠠᠯᠭ᠎ᠡ ᠵᠢ ᠠᠳᠬᠤᠨ ᠠᠮᠢᠨ ᠭᠠᠵᠠᠷ᠎ᠢ ᠤᠨᠤᠭ᠋ᠠᠵᠤ᠂ ᠲᠤᠷᠠᠳᠤᠬᠰᠡᠨ ᠴᠡᠭᠴᠡᠯᠡᠨ ᠰᠠᠢ᠍ᠢ᠍ᠵᠢᠷᠠᠭᠤᠯᠬᠤ ᠬᠠᠷᠠᠯᠲᠠ ᠱᠠᠭ᠋ᠠᠷᠳᠠᠯᠭ᠎ᠡ᠎ᠨᠢ ᠨᠠᠷᠢᠨ ᠤᠨᠤᠴᠠᠲᠠᠢ ᠪᠠᠢ᠍ᠢ᠍ᠵᠤ᠂ ᠦᠪᠤᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠤᠳᠠᠳᠤ ᠪᠠᠢ᠍ᠢ᠍ᠳᠠᠯ᠎ᠲᠠᠢ ᠨᠠᠢ᠍ᠢ᠍ᠴᠡᠪᠠ᠂ ᠪᠢᠳᠠ ᠴᠢᠩ ᠦᠨᠡᠨᠴᠢ᠎ᠪᠠᠷ ᠬᠦᠯᠢᠶᠠᠨ ᠠᠪᠴᠤ᠂ ᠱᠠᠭ᠋ᠠᠷᠳᠠᠯᠭ᠎ᠡ ᠶᠤᠰᠤᠭ᠋ᠠᠷ ᠪᠦᠬᠦᠨ᠎ᠢ ᠬᠦᠯᠢᠶᠠᠨ ᠠᠪᠴᠤ᠂ ᠨᠠᠮ᠎ᠤᠨ ᠲᠦᠪ ᠬᠤᠷᠢᠶᠠᠨ᠎ᠤ ᠱᠠᠭ᠋ᠠᠷᠳᠠᠯᠭ᠎ᠡ ᠶᠤᠰᠤᠭ᠋ᠠᠷ ᠴᠡᠭᠴᠡᠯᠡᠨ ᠰᠠᠢ᠍ᠢ᠍ᠵᠢᠷᠠᠭᠤᠯᠬᠤ ᠵᠢ ᠡᠷᠡᠰ ᠲᠤᠢ᠍ᠢ᠍ᠯᠪᠤᠷᠢᠳᠠᠢ ᠰᠠᠢ᠍ᠢ᠍ᠳᠤᠷ ᠠᠳᠬᠤᠵᠤ᠂ ᠨᠠᠢ᠍ᠢ᠍ᠳᠠᠪᠤᠷᠢᠵᠢᠭᠤᠯᠤᠯᠳᠠ ᠵᠢ ᠲᠡᠷᠡ ᠶᠤᠰᠤᠭ᠋ᠠᠷ᠎ᠨᠢ ᠰᠠᠢ᠍ᠢ᠍ᠳᠤᠷ ᠠᠳᠬᠤᠨ᠎ᠠ᠃ ᠤᠯᠤᠰ ᠲᠦᠷᠦ ᠵᠢᠨ ᠵᠤᠬᠰᠤᠴᠠ᠎ᠪᠠᠨ ᠲᠡᠭᠡᠭᠰᠢᠯᠡᠬᠦᠯᠵᠤ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠢ ᠰᠠᠢ᠍ᠢ᠍ᠳᠤᠷ ᠠᠳᠬᠤᠬᠤ ᠤᠯᠤᠰ ᠲᠦᠷᠦ ᠵᠢᠨ ᠠᠴᠢ ᠬᠤᠯᠪᠤᠬᠳᠠᠯ᠂ ᠤᠯᠤᠰ ᠲᠦᠷᠦ ᠵᠢᠨ ᠬᠦᠨᠳᠤᠴᠠ ᠵᠢ ᠬᠦᠢ᠍ᠴᠡᠳ ᠲᠠᠨᠢᠵᠤ᠂ ᠶᠡᠷᠤᠨᠭ᠌ᠭᠡᠢ ᠱᠦᠵᠢ ᠰᠢ ᠵᠢᠨ ᠫᠢᠩ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠲᠤᠬᠠᠢ ᠴᠢᠬᠤᠯᠠ ᠶᠠᠷᠢᠶᠠᠨ᠎ᠤ ᠵᠤᠷᠢᠭ ᠰᠠᠨᠠᠭ᠎ᠡ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠤᠨ ᠲᠤᠬᠠᠢ ᠱᠠᠭ᠋ᠠᠷᠳᠠᠯᠭ᠎ᠡ ᠵᠢ ᠪᠦᠬᠦ ᠲᠠᠯ᠎ᠡ᠎ᠪᠠᠷ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠠᠵᠢᠯ᠎ᠢ ᠰᠠᠢ᠍ᠢ᠍ᠳᠤᠷ ᠠᠳᠬᠤᠬᠤ ᠦᠵᠡᠯ ᠰᠠᠨᠠᠭ᠋ᠠᠨ᠎ᠤ ᠤᠬᠠᠮᠰᠠᠷ ᠤᠯᠤᠰ ᠲᠦᠷᠦ ᠵᠢᠨ ᠤᠬᠠᠮᠰᠠᠷ ᠦᠢ᠍ᠯᠠ ᠠᠵᠢᠯᠯᠠᠭ᠋ᠠᠨ᠎ᠤ ᠤᠬᠠᠮᠰᠠᠷ ᠵᠶ᠋ᠠᠨ ᠦᠨᠡᠨ ᠬᠦ᠌ ᠴᠢᠨᠭ᠌ᠭ᠋ᠠᠳᠬᠠᠵᠤ᠂ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠬᠤ ᠡᠨᠡ ᠬᠦ᠌ ᠴᠢᠬᠤᠯᠠ ᠶᠡᠭᠡ ᠤᠯᠤᠰ ᠲᠦᠷᠦ ᠵᠢᠨ ᠡᠬᠦᠷᠭᠡ ᠵᠢ ᠦᠨᠡᠨ ᠬᠦ᠌ ᠴᠢᠨᠭᠭ᠎ᠡ ᠠᠳᠬᠤᠵᠤ ᠪᠤᠳᠠᠳᠠᠢ ᠠᠳᠬᠤᠵᠤ ᠪᠠᠢ᠍ᠢ᠍ᠭ᠋ᠠᠳ ᠪᠤᠲᠠᠳᠠᠢ᠍ᠢ᠍ᠵᠢᠭᠤᠯᠵᠤ᠂ ᠴᠡᠭᠴᠡᠯᠡᠨ ᠰᠠᠢ᠍ᠢ᠍ᠵᠢᠷᠠᠭᠤᠯᠬᠤ ᠪᠤᠳᠠᠳᠠᠢ ᠦᠢ᠍ᠯᠡ ᠠᠵᠢᠯᠯᠠᠭ᠎ᠡ ᠪᠠ ᠦᠷ᠎ᠡ ᠪᠦᠳᠦᠮᠵᠢ᠎ᠪᠠᠷ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠤᠯᠭᠡᠵᠢᠬᠦᠯᠵᠤ᠂ ᠬᠠᠷᠢᠴᠠᠯᠠᠰᠢᠬᠦᠢ ᠦᠨᠡᠨᠴᠢ ᠰᠢᠳᠤᠷᠭᠤ ᠵᠢ ᠲᠠᠢ᠍ᠢ᠍ᠯᠪᠤᠷᠢᠯᠠᠨ᠎ᠠ᠃ ᠬᠠᠷᠢᠭᠤᠴᠠᠯᠭ᠎ᠡ ᠡᠬᠦᠷᠭᠡᠯᠡᠯ᠎ᠢ ᠴᠢᠨᠭ᠌ᠭ᠋ᠠᠳᠬᠠᠵᠤ᠂ ᠴᠡᠭᠴᠡᠯᠡᠨ ᠰᠠᠢ᠍ᠢ᠍ᠵᠢᠷᠠᠭᠤᠯᠬᠤ ᠬᠠᠷᠢᠭᠤᠴᠠᠯᠭ᠎ᠡ ᠵᠢ ᠪᠤᠳᠠᠳᠠᠢ᠍ᠢ᠍ᠵᠢᠭᠤᠯᠵᠤ᠂ ᠴᠡᠭᠴᠡᠯᠡᠨ ᠰᠠᠢ᠍ᠢ᠍ᠵᠢᠷᠠᠭᠤᠯᠬᠤ ᠠᠷᠭ᠎ᠡ ᠬᠡᠮᠵᠢᠶ᠎ᠡ ᠵᠢ ᠨᠠᠷᠢᠯᠢᠭᠵᠢᠭᠤᠯᠵᠤ᠂ ᠬᠢᠨᠠᠯᠳᠠ ᠲᠠᠯᠪᠢᠵᠤ ᠪᠠᠢ᠍ᠢ᠍ᠴᠠᠭ᠋ᠠᠬᠤ ᠵᠢ ᠴᠢᠨᠭ᠌ᠭ᠋ᠠᠳᠬᠠᠵᠤ᠂ ᠰᠢᠰᠲᠸᠮᠲᠣ ᠵᠠᠰᠠᠯᠳᠠ ᠵᠢ ᠪᠠᠷᠢᠮᠳᠠᠯᠠᠵᠤ᠂ ᠨᠦᠬᠦᠴᠡᠯ ᠲᠤᠷᠠᠳᠬᠤ ᠦᠭᠡᠢ᠂ ᠰᠢᠯᠳᠠᠭ ᠬᠡᠯᠡᠬᠦ ᠦᠭᠡᠢ᠂ ᠲᠡᠷᠡ ᠶᠤᠰᠤᠭ᠋ᠠᠷ᠎ᠨᠢ᠂ ᠪᠦᠬᠦ ᠬᠦᠴᠤᠨ ᠵᠶ᠋ᠠᠷ ᠵᠶ᠋ᠠᠨ ᠲᠦᠪ᠎ᠤᠨ ᠲᠤᠭᠤᠷᠢᠨ ᠪᠠᠢ᠍ᠢ᠍ᠴᠠᠭ᠋ᠠᠯᠳᠠ ᠵᠢᠨ ᠬᠠᠷᠢᠭᠤ ᠲᠤᠰᠬᠠᠬᠰᠡᠨ ᠰᠠᠨᠠᠯ ᠵᠶ᠋ᠠᠷ ᠴᠡᠭᠴᠡᠯᠡᠨ ᠰᠠᠢ᠍ᠢ᠍ᠵᠢᠷᠠᠭᠤᠯᠵᠤ ᠨᠠᠢ᠍ᠢ᠍ᠳᠠᠪᠤᠷᠢᠵᠢᠭᠤᠯᠬᠤ ᠵᠢ ᠰᠠᠢ᠍ᠢ᠍ᠳᠤᠷ ᠠᠳᠬᠤᠨ᠎ᠠ᠃ ᠦᠷ᠎ᠡ ᠪᠦᠳᠤᠭᠡᠯ᠎ᠢ ᠠᠰᠢᠬᠯᠠᠬᠤ ᠵᠢ ᠦᠨᠡᠨ ᠬᠦ᠌ ᠰᠠᠢ᠍ᠢ᠍ᠳᠤᠷ ᠠᠳᠬᠤᠵᠤ᠂ ᠠᠰᠠᠭᠤᠳᠠᠯ᠎ᠢ ᠴᠡᠭᠴᠡᠯᠡᠨ ᠰᠠᠢ᠍ᠢ᠍ᠵᠢᠷᠠᠭᠤᠯᠬᠤ᠎ᠪᠠᠷ ᠪᠦᠬᠦᠢ᠍ᠢ᠍ᠯᠡ ᠠᠵᠢᠯ᠎ᠤᠨ ᠲᠦᠪᠰᠢᠨ᠎ᠤ ᠲᠠᠭᠡᠭᠰᠢᠯᠡᠯᠳᠠ ᠵᠢ ᠲᠠᠢ᠍ᠢ᠍ᠴᠢᠯᠠᠵᠤ᠂ ᠨᠠᠮ᠎ᠤᠨ ᠤᠯᠤᠰ ᠲᠦᠷᠦ ᠵᠢᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠬᠤ᠂ ᠴᠢᠨᠠᠷ ᠰᠠᠢ᠍ᠢ᠍ᠳᠠᠢ ᠬᠦᠭᠵᠢᠯᠳᠠ ᠵᠢ ᠠᠬᠢᠭᠤᠯᠬᠤ᠂ ᠦᠨᠳᠤᠰᠤᠳᠡᠨ᠎ᠤ ᠠᠵᠢᠯ᠎ᠢ ᠴᠢᠨᠭ᠌ᠭ᠋ᠠᠳᠬᠠᠨ ᠰᠠᠢ᠍ᠢ᠍ᠵᠢᠷᠠᠭᠤᠯᠬᠤ᠂ ᠪᠦᠬᠦ ᠲᠠᠯ᠎ᠡ᠎ᠪᠠᠷ ᠨᠠᠮ᠎ᠢ ᠴᠢᠨᠭᠭ᠎ᠡ ᠵᠠᠰᠠᠬᠤ ᠵᠢ ᠠᠬᠢᠭᠤᠯᠬᠤ ᠲᠠᠯ᠎ᠠ᠎ᠪᠠᠷ ᠦᠷᠬᠦᠯᠵᠢᠯᠡᠨ ᠬᠦᠴᠦᠯᠡᠵᠦ᠂ ᠡᠯ᠎ᠡ ᠵᠦᠢ᠍ᠯ᠎ᠤᠨ ᠠᠵᠢᠯ ᠦᠢ᠍ᠯᠡᠰ᠎ᠤᠨ ᠬᠦᠭᠵᠢᠯᠳᠠ ᠵᠢᠨ ᠰᠢᠨ᠎ᠡ ᠪᠠᠢ᠍ᠢ᠍ᠳᠠᠯ᠎ᠢ ᠴᠢᠷᠮᠠᠢ᠍ᠢ᠍ᠨ ᠡᠬᠦᠳᠦᠨ᠎ᠡ ᠭᠡᠵᠤ ᠢᠯᠡᠳᠭᠡᠪᠡ᠃
      ᠲᠦᠪ᠎ᠤᠨ ᠨᠠᠢ᠍ᠮᠠᠳᠤᠭ᠋ᠠᠷ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ᠂ ᠲᠦᠪ᠎ᠤᠨ ᠲᠤᠭᠤᠷᠢᠨ ᠪᠠᠢ᠍ᠢ᠍ᠴᠠᠭ᠋ᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠠᠯᠪᠡᠨ ᠭᠡᠷ᠎ᠤᠨ ᠬᠤᠯᠪᠤᠬᠳᠠᠯ ᠪᠦᠬᠦᠢ ᠨᠦᠬᠦᠳ᠂ ᠦᠪᠤᠷ ᠮᠤᠨᠭ᠌ᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠡ ᠪᠠ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠢ᠍ᠢ᠍ᠨᠭ᠌ᠭᠤ ᠵᠢᠨ ᠬᠤᠷᠢᠶ᠎ᠡ᠂ ᠵᠠᠰᠠᠭ᠎ᠤᠨ ᠤᠷᠳᠤᠨ᠂ ᠤᠯᠤᠰ ᠲᠦᠷᠦ ᠵᠢᠨ ᠵᠦᠪᠯᠡᠯᠭᠡᠨ᠎ᠤ ᠨᠠᠮ᠎ᠤᠨ ᠤᠳᠤᠷᠢᠳᠬᠤ ᠲᠤᠭᠤᠢ᠍ᠢ᠍ᠯᠠᠩ᠎ᠤᠨ ᠤᠳᠤᠷᠢᠳᠬᠤ ᠪᠠᠭ᠎ᠤᠨ ᠪᠦᠷᠢᠯᠳᠤᠬᠦᠨ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠦᠨᠳᠤᠷ ᠵᠡᠷᠭᠡ ᠵᠢᠨ ᠰᠢᠬᠦᠬᠦ ᠬᠤᠷᠢᠶ᠎ᠡ᠂ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠪᠠᠢ᠍ᠢ᠍ᠴᠠᠭ᠋ᠠᠬᠤ ᠬᠤᠷᠢᠶᠠᠨ᠎ᠤ ᠨᠠᠮ᠎ᠤᠨ ᠤᠳᠤᠷᠢᠳᠬᠤ ᠲᠤᠭᠤᠢ᠍ᠢ᠍ᠯᠠᠩ᠎ᠤᠨ ᠱᠦᠵᠢ ᠲᠤᠬᠠᠢ ᠵᠢᠨ ᠲᠠᠯᠠᠪᠠᠢ ᠵᠢᠨ ᠬᠠᠷᠢᠭᠤ ᠲᠤᠰᠬᠠᠬᠤ ᠬᠤᠷᠠᠯ᠎ᠳᠤ ᠤᠷᠤᠯᠴᠠᠪᠠ; ᠦᠪᠡᠷᠳᠡᠭᠡᠨ ᠵᠠᠰᠠᠬᠤ ᠤᠷᠤᠨ᠎ᠤ ᠪᠤᠰᠤᠳ ᠲᠡᠳ᠋ ᠮᠤᠵᠢ ᠵᠢᠨ ᠲᠡᠰ᠎ᠤᠨ ᠤᠳᠤᠷᠢᠳᠬᠤ ᠺᠠᠳ᠋ᠷ᠂ ᠦᠪᠡᠷᠳᠡᠭᠡᠨ ᠵᠠᠰᠠᠬᠤ ᠤᠷᠤᠨ᠎ᠤ ᠰᠠᠬᠢᠯᠭ᠎ᠡ ᠪᠠᠳᠤ ᠪᠠᠢ᠍ᠢ᠍ᠴᠠᠭ᠋ᠠᠬᠤ ᠬᠤᠷᠢᠶ᠎ᠡ ᠬᠢᠨᠡᠨ ᠪᠠᠢ᠍ᠢ᠍ᠴᠠᠭ᠋ᠠᠬᠤ ᠵᠦᠪᠯᠡᠯ ᠪᠠ ᠨᠠᠮ᠎ᠤᠨ ᠬᠤᠷᠢᠶᠠᠨ᠎ᠤ ᠵᠤᠬᠢᠶᠠᠨ ᠪᠠᠢ᠍ᠢ᠍ᠭᠤᠯᠬᠤ ᠭᠡᠯᠳᠡᠰ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠨᠠᠮ᠎ᠤᠨ ᠬᠤᠷᠢᠶᠠᠨ᠎ᠤ ᠲᠤᠭᠤᠷᠢᠨ ᠪᠠᠢ᠍ᠢ᠍ᠴᠠᠭ᠋ᠠᠬᠤ ᠠᠯᠪᠡᠨ ᠭᠡᠷ᠎ᠤᠨ ᠡᠷᠬᠢᠯᠡᠭᠴᠢ ᠪᠠ ᠲᠤᠭᠤᠷᠢᠨ ᠪᠠᠢ᠍ᠢ᠍ᠴᠠᠭ᠋ᠠᠬᠤ ᠲᠤᠭᠤᠢ᠍ᠢ᠍ᠯᠠᠩ᠎ᠤᠨ ᠲᠠᠷᠤᠭ᠎ᠡ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠰᠠᠯᠠᠭ᠎ᠡ ᠮᠦᠴᠢᠷ᠎ᠤᠨ ᠭᠤᠤᠯ ᠬᠠᠷᠢᠭᠤᠴᠠᠯᠭ᠋ᠠᠳᠠᠨ ᠨᠦᠬᠦᠳ᠂ ᠦᠪᠡᠷᠳᠡᠭᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠪᠦᠷᠢᠯᠳᠦᠬᠦᠨ ᠰᠠᠯᠠᠭ᠎ᠡ ᠮᠦᠴᠢᠷ ᠪᠠ ᠰᠢᠭᠤᠳ ᠬᠠᠷᠢᠶ᠎ᠡ ᠪᠠᠢ᠍ᠢ᠍ᠭᠤᠯᠤᠮᠵᠢ ᠵᠢᠨ ᠨᠠᠮ᠎ᠤᠨ ᠤᠳᠤᠷᠢᠳᠬᠤ ᠲᠤᠭᠤᠢ᠍ᠢ᠍ᠯᠠᠩ᠎ᠤᠨ ᠭᠤᠤᠯ ᠬᠠᠷᠢᠭᠤᠴᠠᠯᠭ᠋ᠠᠳᠠᠨ ᠨᠦᠬᠦᠳ ᠬᠤᠷᠠᠯ᠎ᠳᠤ ᠰᠤᠯᠠ ᠤᠷᠤᠯᠴᠠᠵᠠᠢ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ