ᠲᠡᠷᠢᠭᠦᠨ ᠬᠠᠭᠤᠳᠠᠰᠤ   -   ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠠᠯᠪᠠᠨ ᠵᠠᠷ
ᠨᠡᠶ᠋ᠢᠲᠡᠯᠡᠭᠰᠡᠨ ᠴᠠᠭ᠄ 2021-02-02

                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ
                        ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠠᠯᠪᠠᠨ ᠵᠠᠷ
                                                 [2021] 2 ᠳ᠋ᠤᠭ᠋ᠠᠷ ᠲᠣᠭ᠋ᠠᠲᠤ
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ

《ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠮᠡᠳᠡᠭᠳᠡᠯ》 (ᠲᠥᠪ ᠠᠯᠪᠠᠨ ᠴᠠᠬᠢᠯᠭ᠋ᠠᠨ [2021] 4 ᠳ᠋ᠦ᠍ᠭᠡᠷ ᠲᠣᠭ᠋ᠠᠲᠤ) ᠪᠣᠯᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠵᠢᠨ ᠶᠡᠷᠦᠩᠬᠡᠢ᠌ᠯᠡᠭᠰᠡᠨ ᠳᠤᠭᠤᠢ᠌ᠯᠠᠩ᠎ᠤᠨ 《ᠴᠠᠭ᠋ᠠᠨ ᠰᠠᠷ᠎ᠠ ᠵᠢᠨ ᠲᠡᠭᠡᠭᠡᠪᠦᠷᠢ ᠵᠢᠨ ᠬᠤᠭᠤᠴᠠᠭ᠋ᠠᠨ᠎ᠳᠠᠬᠢ ᠣᠯᠠᠨ ᠲᠦᠮᠡᠨ᠎ᠤ ᠭᠠᠳᠠᠭᠰᠢ ᠭᠠᠷᠬᠤ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠠᠵᠢᠯ᠎ᠢ ᠡᠮᠬᠢ ᠵᠢᠷᠤᠮ᠎ᠲᠠᠢ ᠰᠠᠢ᠌ᠲᠤᠷ ᠬᠢᠬᠦ ᠲᠤᠬᠠᠶ ᠮᠡᠳᠡᠭᠳᠡᠯ》 (ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠡᠵᠡᠮᠳᠡᠬᠦ ᠲᠣᠭᠲᠠᠴᠠ ᠶᠡᠷᠦᠩᠬᠡᠢ᠌ᠯᠡᠭᠰᠡᠨ ᠲᠠᠷᠬᠠᠭ᠋ᠠᠭᠰᠠᠨ [2021] 23 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠬᠢᠵᠦ᠂ ᠨᠡᠢ᠌ᠲᠡ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠵᠢ ᠵᠦᠶ ᠵᠣᠬᠢᠰᠲᠠᠶ ᠬᠥᠲᠥᠯᠥᠨ ᠵᠢᠯᠣᠭᠣᠳᠬᠤ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠵᠦᠢᠯᠡᠰ᠎ᠢ ᠳᠣᠤᠷᠠᠬᠢ ᠮᠡᠲᠦ ᠵᠠᠷᠯᠠᠪᠠ᠃
      ᠨᠢᠭᠡ᠂ ᠦᠨᠳᠦᠷ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠤ ᠬᠥᠮᠦᠰ ᠪᠤᠶᠤ ᠣᠢ᠌ᠷ᠎ᠠ ᠵᠢᠨ 14 ᠡᠳᠦᠷ᠎ᠤᠨ ᠳᠣᠲᠣᠷ᠎ᠠ ᠦᠨᠳᠦᠷ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠳᠤ ᠵᠢᠭᠤᠯᠴᠢᠯᠠᠨ ᠰᠠᠭᠤᠭᠰᠠᠨ ᠥᠩᠭᠡᠷᠡᠯᠲᠡ᠎ᠲᠠᠢ ᠬᠥᠮᠦᠰ ᠲᠤᠬᠠᠶ ᠵᠢᠨ ᠭᠠᠵᠠᠷ᠎ᠲᠤ᠎ᠪᠠᠨ ᠰᠢᠨᠡᠯᠡᠵᠦ ᠰᠢᠯᠵᠢᠬᠦ ᠥᠬᠡᠶ ᠪᠠᠢ᠌ᠬᠤ ᠬᠡᠷᠡᠭᠲᠡᠶ᠃ ᠬᠡᠷᠪᠡ ᠮᠠᠨ᠎ᠤ ᠣᠷᠣᠨ᠎ᠳᠤ ᠨᠢᠭᠡᠨᠲᠡ ᠢᠷᠡᠭᠰᠡᠨ (ᠪᠤᠴᠠᠭᠰᠠᠨ) ᠪᠠᠢ᠌ᠪᠠᠯ᠂ ᠮᠠᠨ᠎ᠤ ᠣᠷᠣᠨ᠎ᠤ ᠵᠣᠷᠢᠭᠰᠠᠨ ᠭᠠᠵᠠᠷ᠎ᠲᠤ᠎ᠪᠠᠨ 《14 ᠡᠳᠦᠷ ᠲᠥᠪᠯᠡᠷᠡᠭᠦᠯᠦᠨ ᠲᠤᠰᠠᠭ᠋ᠠᠷᠯᠠᠬᠤ + 2 ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠶ᠃
      ᠬᠣᠶᠠᠷ᠂ ᠳᠤᠮᠳᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠤ ᠬᠥᠮᠦᠰ ᠪᠤᠶᠤ ᠣᠢ᠌ᠷ᠎ᠠ ᠵᠢᠨ 14 ᠡᠳᠦᠷ᠎ᠤᠨ ᠳᠣᠲᠣᠷ᠎ᠠ ᠳᠤᠮᠳᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠳᠤ ᠵᠢᠭᠤᠯᠴᠢᠯᠠᠨ ᠰᠠᠭᠤᠭᠰᠠᠨ ᠥᠩᠭᠡᠷᠡᠯᠲᠡ᠎ᠲᠠᠢ ᠬᠥᠮᠦᠰ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠵᠠᠷᠴᠢᠮ ᠳᠡᠭᠡᠷ᠎ᠡ᠎ᠪᠠᠨ ᠲᠤᠬᠠᠶ ᠵᠢᠨ ᠭᠠᠵᠠᠷ᠎ᠲᠤ᠎ᠪᠠᠨ ᠰᠢᠨᠡᠯᠡᠵᠦ ᠰᠢᠯᠵᠢᠬᠦ ᠥᠬᠡᠶ ᠪᠠᠢ᠌ᠬᠤ ᠬᠡᠷᠡᠭᠲᠡᠢ᠃ ᠣᠨᠴᠠᠭ᠋ᠠᠶ ᠪᠠᠢ᠌ᠳᠠᠯ᠎ᠠᠴᠠ ᠪᠣᠯᠵᠣ ᠦᠨᠡᠨ ᠬᠦ᠌ ᠮᠠᠨ᠎ᠤ ᠣᠷᠣᠨ᠎ᠳᠤ ᠢᠷᠡᠬᠦ (ᠪᠤᠴᠠᠬᠤ) ᠴᠢᠬᠤᠯᠠᠲᠠᠶ ᠪᠠᠢ᠌ᠪᠠᠯ᠂ ᠡᠷᠬᠡᠪᠰᠢ ᠬᠠᠷᠢᠶ᠎ᠠ ᠭᠠᠵᠠᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠭᠤᠯᠤᠮᠵᠢ᠎ᠪᠠᠷ ᠵᠦᠪᠰᠢᠶᠡᠷᠡᠭᠦᠯᠦᠨ᠂ 72 ᠴᠠᠭ᠎ᠤᠨ ᠳᠣᠲᠤᠷᠠᠬᠢ ᠬᠦᠴᠦᠨ ᠪᠦᠬᠦᠢ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ᠎ᠨᠢ ᠪᠢᠯᠢᠭ ᠴᠢᠨᠠᠷ᠎ᠤᠨ ᠦᠷ᠎ᠡ ᠳ᠋ᠦᠩ᠎ᠤᠨ ᠭᠡᠷᠡᠴᠢᠯᠡᠭᠡ᠎ᠪᠠᠨ ᠠᠪᠴᠤ᠂ ᠮᠠᠨ᠎ᠤ ᠣᠷᠣᠨ᠎ᠤ ᠵᠣᠷᠢᠭᠰᠠᠨ ᠭᠠᠵᠠᠷ᠎ᠲᠤ᠎ᠪᠠᠨ 《14 ᠡᠳᠦᠷ ᠬᠡᠷ᠎ᠲᠤ᠎ᠪᠠᠨ ᠲᠤᠰᠠᠭ᠋ᠠᠷᠯᠠᠬᠤ + 2 ᠤᠳᠠᠭ᠎ᠠ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠡᠷᠡᠭᠲᠡᠶ᠃
      ᠭᠤᠷᠪᠠ᠂ ᠳᠤᠮᠳᠠ ᠥᠨᠳᠥᠷ ᠲᠠᠰ᠎ᠤᠨ ᠲᠦᠭᠰᠢᠭᠦᠷᠢᠲᠡᠶ ᠭᠠᠵᠠᠷ ᠣᠷᠣᠨ᠎ᠳᠤ ᠪᠠᠢ᠌ᠭ᠎ᠠ ᠲᠤᠰᠬᠠᠢ ᠣᠷᠤᠨ ᠪᠠ ᠬᠣᠲᠠ ᠵᠢᠨ ᠪᠤᠰᠤᠳ ᠬᠥᠮᠦᠰ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠮᠤᠵᠢ (ᠣᠷᠣᠨ᠂ ᠬᠣᠲᠠ) ᠠᠯᠤᠰᠯᠠᠨ ᠮᠠᠨ᠎ᠤ ᠣᠷᠣᠨ᠎ᠳᠤ ᠢᠷᠡᠬᠦ (ᠪᠤᠴᠠᠬᠤ)᠎ᠳᠤ᠂ ᠡᠷᠬᠡᠪᠰᠢ 7 ᠡᠳᠦᠷ᠎ᠤᠨ ᠳᠣᠲᠤᠷᠠᠬᠢ ᠬᠦᠴᠦᠨ ᠪᠦᠬᠦᠢ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ᠎ᠨᠢ ᠪᠢᠯᠢᠭ ᠴᠢᠨᠠᠷ᠎ᠤᠨ ᠦᠷ᠎ᠡ ᠳ᠋ᠦᠩ᠎ᠤᠨ ᠭᠡᠷᠡᠴᠢᠯᠡᠭᠡ ᠪᠠᠢ᠌ᠬᠤ ᠬᠡᠷᠡᠭᠲᠡᠶ᠃
      ᠳᠥᠷᠪᠡ᠂ ᠮᠠᠨ᠎ᠤ ᠣᠷᠣᠨ ᠳᠣᠣᠷ᠎ᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠳᠤ ᠬᠠᠷᠢᠶᠠᠯᠠᠭᠳᠠᠵᠤ ᠪᠠᠢ᠌ᠭ᠎ᠠ ᠪᠣᠯᠬᠤᠷ᠂ ᠨᠡᠢ᠌ᠲᠡ ᠣᠯᠠᠨ᠎ᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠵᠢ ᠰᠠᠨᠠᠭ᠋ᠠᠴᠢᠯᠠᠨ᠎ᠠ᠃
      ᠳᠣᠣᠷ᠎ᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠤ ᠭᠠᠳᠠᠭ᠋ᠠᠳᠤ᠎ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ᠎ᠤ ᠠᠵᠢᠯ ᠡᠷᠭᠢᠯᠡᠭᠰᠡᠳ᠂ ᠪᠣᠭᠣᠮᠲᠠ ᠵᠢᠨ ᠭᠠᠳᠠᠭ᠋ᠠᠳᠤ᠎ᠠᠴᠠ ᠣᠷᠣᠭᠤᠯᠬᠤ ᠪᠠᠷᠠᠭ᠎ᠠ᠎ᠲᠠᠢ ᠰᠢᠭᠤᠳ ᠬᠦᠷᠦᠯᠴᠡᠬᠦ ᠠᠵᠢᠯ ᠡᠷᠭᠢᠯᠡᠭᠰᠡᠳ᠂ ᠲᠤᠰᠠᠭ᠋ᠠᠷᠯᠠᠬᠤ ᠲᠠᠯᠠᠪᠤᠷ ᠭᠠᠵᠠᠷ᠎ᠤᠨ ᠠᠵᠢᠯᠲᠠᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭ᠋ᠠᠵᠢ ᠵᠢᠨ ᠠᠵᠢᠯ ᠡᠷᠭᠢᠯᠡᠭᠰᠡᠳ ᠵᠡᠷᠭᠡ ᠭᠣᠤᠯᠳᠠᠯᠭ᠎ᠠ᠎ᠲᠠᠢ ᠬᠥᠮᠦᠰ᠎ᠤᠨ ᠨᠤᠲᠤᠭ᠎ᠲᠤ᠎ᠪᠠᠨ ᠪᠤᠴᠠᠬᠤ ᠬᠥᠮᠦᠰ ᠵᠢᠴᠢ ᠮᠤᠵᠢ

(ᠣᠷᠣᠨ᠂ ᠬᠣᠲᠠ) ᠠᠯᠤᠰᠯᠠᠨ ᠮᠠᠨ᠎ᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠳᠤ ᠢᠷᠡᠬᠦ (ᠪᠤᠴᠠᠬᠤ) ᠬᠥᠮᠦᠰ ᠡᠷᠬᠡᠪᠰᠢ 7 ᠡᠳᠦᠷ᠎ᠤᠨ ᠳᠣᠲᠤᠷᠠᠬᠢ ᠬᠦᠴᠦᠨ ᠪᠦᠬᠦᠢ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ᠎ᠨᠢ ᠪᠢᠯᠢᠭ ᠴᠢᠨᠠᠷ᠎ᠤᠨ ᠦᠷ᠎ᠡ ᠳ᠋ᠦᠩ᠎ᠤᠨ ᠭᠡᠷᠡᠴᠢᠯᠡᠭᠡ ᠪᠠᠢ᠌ᠬᠤ ᠬᠡᠷᠡᠭᠲᠡᠶ᠃
      ᠳᠣᠣᠷ᠎ᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠤ ᠬᠥᠮᠦᠰ᠎ᠲᠤ 14 ᠡᠳᠦᠷ᠎ᠤᠨ ᠳᠣᠲᠤᠷ᠎ᠠ ᠬᠠᠯᠠᠭᠤᠷᠠᠬᠤ᠂ ᠬᠠᠨᠢᠶᠠᠬᠤ᠂ ᠬᠣᠭᠣᠯᠠᠶ ᠡᠪᠡᠳᠬᠦ᠂ ᠰᠠᠭᠤᠯᠭ᠋ᠠᠬᠤ᠂ ᠠᠮᠲᠠᠯᠠᠬᠤ ᠰᠡᠷᠡᠯ ᠦᠨᠦᠷᠯᠡᠬᠦ ᠰᠡᠷᠡᠯ ᠮᠠᠭᠤᠳᠠᠬᠤ ᠵᠡᠷᠭᠡ ᠡᠪᠡᠳᠴᠢᠨ᠎ᠤ ᠢᠯᠡᠷᠡᠯ᠎ᠤᠨ ᠨᠢᠭᠡ᠎ᠨᠢ ᠪᠠᠢ᠌ᠪᠠᠯ᠂ ᠭᠠᠳᠠᠭᠰᠢ ᠭᠠᠷᠬᠤ ᠴᠢᠬᠤᠯᠠ ᠥᠬᠡᠶ ᠪᠣᠯ ᠭᠠᠳᠠᠭᠰᠢ ᠭᠠᠷᠬᠤ ᠦᠭᠡᠢ ᠪᠠᠢ᠌ᠬᠤ ᠵᠢᠨ ᠬᠠᠮᠲᠤ ᠰᠡᠷᠭᠡᠢ᠌ᠯᠡᠯᠲᠡ ᠵᠢ ᠰᠠᠢ᠌ᠲᠤᠷ ᠬᠢᠭᠰᠡᠨ ᠪᠠᠢ᠌ᠳᠠᠯ ᠳᠣᠤᠷ᠎ᠠ ᠰᠠᠨᠠᠭ᠋ᠠᠴᠢᠯᠠᠭ᠎ᠠ᠎ᠠᠴᠠ᠎ᠪᠠᠨ ᠴᠡᠭ ᠲᠣᠭᠲᠠᠭ᠋ᠠᠭᠰᠠᠨ ᠡᠮᠨᠡᠯᠭᠡ ᠵᠢᠨ ᠬᠣᠷᠢᠶᠠᠨ᠎ᠤ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠬᠦᠷᠴᠦ ᠴᠠᠭ ᠲᠤᠬᠠᠢ᠎ᠳᠤ᠎ᠨᠢ ᠡᠮᠨᠡᠭᠦᠯᠵᠦ᠂ ᠣᠯᠠᠨ ᠨᠡᠢ᠌ᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠎ᠳᠤ ᠰᠠᠭᠤᠬᠤ᠎ᠠᠴᠠ ᠠᠯᠢ ᠴᠢᠳᠠᠬᠤ᠎ᠪᠠᠷ ᠵᠠᠢ᠌ᠯᠠᠰᠬᠢᠬᠦ ᠬᠡᠷᠡᠭᠲᠡᠶ᠂ ᠪᠠᠰᠠ ᠭᠠᠳᠠᠭᠰᠢ ᠭᠠᠷᠴᠤ ᠵᠢᠭᠤᠯᠴᠢᠯᠠᠨ ᠰᠠᠭᠤᠭᠰᠠᠨ ᠦᠩᠭᠡᠷᠡᠯᠲᠡ ᠵᠢᠴᠢ ᠬᠥᠮᠦᠰ᠎ᠲᠠᠢ ᠣᠢ᠌ᠷᠠᠲᠤᠭᠰᠠᠨ ᠪᠠᠢ᠌ᠳᠠᠯ ᠵᠶ᠋ᠠᠨ ᠦᠨᠡᠨ ᠮᠥᠨ ᠵᠶ᠋ᠡᠷ ᠮᠡᠳᠡᠭᠦᠯᠵᠦ᠂ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠯᠲᠠ ᠵᠢ ᠬᠠᠮᠵᠢᠯᠴᠠᠨ ᠰᠠᠢ᠌ᠲᠤᠷ ᠬᠢᠬᠦ ᠬᠡᠷᠡᠭᠲᠡᠶ᠃
      ᠳᠣᠣᠷ᠎ᠠ ᠳᠡᠰ᠎ᠤᠨ ᠲᠦᠭᠰᠢᠭᠦᠷᠢᠲᠡᠢ ᠭᠠᠵᠠᠷ ᠣᠷᠣᠨ᠎ᠤ ᠦᠨᠡᠨ ᠬᠦ᠌ ᠭᠠᠳᠠᠭᠰᠢ ᠭᠠᠷᠬᠤ ᠴᠢᠬᠤᠯᠠᠲᠠᠶ ᠪᠤᠰᠤᠳ ᠬᠥᠮᠦᠰ᠂ ᠬᠡᠪ᠎ᠤᠨ ᠪᠡᠶ᠎ᠡ ᠵᠢᠨ ᠳᠤᠯᠠᠭ᠋ᠠᠨ᠂ ᠬᠤᠪᠢ ᠬᠥᠮᠦᠨ᠎ᠤ ᠰᠡᠷᠭᠡᠢ᠌ᠯᠡᠯᠲᠡ ᠬᠠᠮᠠᠭ᠋ᠠᠯᠠᠯᠲᠠ ᠵᠢ ᠰᠠᠢ᠌ᠲᠤᠷ ᠬᠢᠭᠰᠡᠨ᠂ ᠡᠷᠡᠭᠦᠯ ᠮᠡᠨᠳᠦ ᠵᠢᠨ ᠨᠡᠪᠲᠡᠷᠡᠬᠦ ᠺᠣᠳ᠋᠎ᠨᠢ 《ᠨᠣᠭᠤᠭ᠋ᠠᠨ ᠺᠣᠳ᠋》 ᠪᠠᠢ᠌ᠬᠤ ᠤᠷᠢᠲᠠᠯ ᠳᠣᠤᠷ᠎ᠠ᠂ ᠡᠮᠬᠢ ᠵᠢᠷᠤᠮ᠎ᠲᠠᠢ᠎ᠪᠠᠷ ᠨᠡᠭᠦᠨ ᠰᠢᠯᠵᠢᠵᠦ ᠪᠣᠯᠤᠨ᠎ᠠ᠃
      ᠲᠠᠪᠤ᠂ ᠡᠯ᠎ᠡ ᠭᠠᠵᠠᠷ ᠣᠷᠣᠨ᠎ᠤ᠎ᠬᠢᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠲᠣᠣᠷᠴᠢᠯᠠᠭᠰᠠᠨ ᠬᠠᠮᠢᠶᠠᠷᠤᠯᠲᠠ᠎ᠪᠠᠨ ᠴᠢᠩᠭ᠋ᠠᠷᠠᠭᠤᠯᠵᠤ᠂ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠵᠢᠨ ᠪᠢᠯᠢᠭ ᠴᠢᠨᠠᠷ᠎ᠤᠨ ᠦᠷ᠎ᠡ ᠳ᠋ᠦᠩ ᠪᠤᠶᠤ ᠡᠷᠡᠭᠦᠯ ᠮᠡᠨᠳᠦ ᠵᠢᠨ ᠨᠡᠪᠲᠡᠷᠡᠬᠦ ᠺᠣᠳ᠋᠎ᠤᠨ 《ᠨᠣᠭᠣᠭ᠋ᠠᠨ ᠺᠣᠳ᠋》᠎ᠤᠨ ᠪᠠᠢ᠌ᠴᠠᠭ᠋ᠠᠨ ᠰᠢᠯᠭ᠋ᠠᠬᠤ ᠠᠵᠢᠯ᠎ᠢ ᠨᠠᠢ᠌ᠳᠠᠪᠤᠷᠢᠵᠢᠭᠤᠯᠤᠨ᠂ ᠨᠡᠢ᠌ᠭᠡᠮ ᠲᠣᠭᠣᠷᠢᠭ (ᠭᠠᠴᠠᠭ᠎ᠠ ᠲᠣᠰᠬᠣᠨ)᠂ ᠨᠢᠭᠡᠴᠢ ᠵᠢᠨ ᠭᠠᠳᠠᠨ᠎ᠠ ᠣᠷᠤᠨ᠎ᠠᠴᠠ ᠢᠷᠡᠭᠰᠡᠨ ᠬᠥᠮᠦᠰ᠎ᠢ ᠢᠯᠭ᠋ᠠᠨ ᠪᠠᠢ᠌ᠴᠠᠭ᠋ᠠᠬᠤ ᠪᠠ ᠮᠡᠳᠡᠭᠦᠯᠦᠨ ᠳᠠᠩᠰᠠᠯᠠᠭᠤᠯᠬᠤ ᠲᠦᠷᠢᠮ᠎ᠢ ᠴᠢᠩᠳᠠᠯᠠᠬᠤ ᠬᠡᠷᠡᠭᠲᠡᠶ᠃
      ᠵᠢᠷᠭᠤᠭ᠎ᠠ᠂ ᠨᠡᠢ᠌ᠲᠡ ᠣᠯᠠᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠦᠨᠡᠨ ᠬᠦ᠌ ᠭᠠᠳᠠᠭᠰᠢ ᠭᠠᠷᠬᠤ ᠴᠢᠬᠤᠯᠠᠲᠠᠶ ᠦᠶ᠎ᠡ᠎ᠳᠤ᠂ ᠬᠤᠪᠢ ᠬᠥᠮᠦᠨ᠎ᠤ ᠰᠡᠷᠭᠡᠢ᠌ᠯᠡᠯᠲᠡ ᠬᠠᠮᠠᠭ᠋ᠠᠯᠠᠯᠲᠠ᠎ᠪᠠᠨ ᠰᠠᠢ᠌ᠲᠤᠷ ᠬᠢᠵᠦ᠂ ᠱᠠᠭ᠋ᠠᠷᠳᠠᠯᠭ᠎ᠠ ᠶᠣᠰᠣᠭ᠋ᠠᠷ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠬᠢᠵᠦ᠂ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠵᠢᠨ ᠦᠷ᠎ᠡ ᠳ᠋ᠦᠩ ᠪᠠ ᠡᠷᠡᠭᠦᠯ ᠮᠡᠨᠳᠦ ᠵᠢᠨ ᠨᠡᠪᠲᠡᠷᠡᠬᠦ ᠺᠣᠳ᠋ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠨ ᠦᠵᠡᠭᠦᠯᠵᠦ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠨᠢᠭᠡᠴᠢ ᠵᠢᠨ ᠪᠠᠢ᠌ᠴᠠᠭ᠋ᠠᠨ ᠰᠢᠯᠭ᠋ᠠᠬᠤ ᠠᠵᠢᠯ᠎ᠳᠤ ᠬᠠᠮᠵᠢᠯᠴᠠᠬᠤ ᠵᠢᠨ ᠬᠠᠮᠲᠤ ᠵᠣᠷᠢᠭᠰᠠᠨ ᠭᠠᠵᠠᠷ᠎ᠤᠨ ᠵᠶ᠋ᠠᠨ ᠨᠡᠢ᠌ᠭᠡᠮ ᠲᠣᠭᠣᠷᠢᠭ

(ᠭᠠᠴᠠᠭ᠎ᠠ ᠲᠣᠰᠬᠣᠨ)᠂ ᠨᠢᠭᠡᠴᠢ᠎ᠳᠤ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠵᠣᠷᠢᠭᠰᠠᠨ ᠭᠠᠵᠠᠷ᠎ᠲᠤ᠎ᠪᠠᠨ ᠬᠦᠷᠦᠭᠰᠡᠨ᠎ᠤ ᠳᠠᠷᠠᠭ᠎ᠠ᠂ ᠬᠤᠪᠢ ᠬᠥᠮᠦᠨ᠎ᠤ ᠡᠷᠡᠭᠦᠯ ᠮᠡᠨᠳᠦ ᠵᠢᠨ ᠬᠢᠨᠠᠨ ᠰᠢᠨᠵᠢᠯᠡᠯᠲᠡ ᠵᠢ ᠰᠠᠢ᠌ᠲᠤᠷ ᠬᠢᠵᠦ᠂ ᠪᠦᠭᠡᠮᠨᠡᠷᠡᠨ ᠴᠤᠭᠯᠠᠷᠠᠬᠤ᠎ᠪᠠᠨ ᠪᠠᠭ᠋ᠠᠰᠬᠠᠨ᠂ ᠲᠤᠬᠠᠶ ᠵᠢᠨ ᠭᠠᠵᠠᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢ ᠵᠢᠷᠤᠮᠯᠠᠬᠤ ᠬᠡᠷᠡᠭᠲᠡᠶ᠃
      ᠳᠣᠯᠣᠭ᠎ᠠ᠂ ᠦᠨᠡᠨ ᠬᠦ᠌ ᠭᠠᠳᠠᠭᠰᠢ ᠭᠠᠷᠬᠤ ᠴᠢᠬᠤᠯᠠᠲᠠᠢ ᠬᠥᠮᠦᠰ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠵᠢ ᠲᠤᠬᠠᠶ ᠵᠢᠨ ᠭᠠᠵᠠᠷ᠎ᠤᠨ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠬᠦ ᠬᠢᠷᠢ ᠬᠡᠮ᠎ᠲᠠᠢ ᠳᠤᠷ᠎ᠠ ᠵᠢᠨ ᠨᠢᠭᠡ ᠡᠮᠴᠢᠯᠡᠭᠡᠨ᠎ᠤ ᠪᠠᠢ᠌ᠭᠤᠯᠤᠮᠵᠢ᠂ ᠬᠢᠵᠢᠭ᠎ᠢ ᠰᠡᠷᠭᠡᠢ᠌ᠯᠡᠨ ᠡᠵᠡᠮᠳᠡᠬᠦ ᠪᠠᠢ᠌ᠭᠤᠯᠤᠮᠵᠢ ᠪᠤᠶᠤ ᠭᠤᠷᠪᠠᠳᠠᠬᠢ ᠡᠲᠡᠭᠡᠳ᠎ᠤᠨ ᠪᠠᠢ᠌ᠴᠠᠭ᠋ᠠᠯᠲᠠ ᠵᠢᠨ ᠪᠠᠢ᠌ᠭᠤᠯᠤᠮᠵᠢ᠎ᠳᠤ ᠬᠢᠵᠦ᠂ ᠪᠥᠭᠡᠮ ᠬᠦᠴᠢᠯ᠎ᠤᠨ ᠪᠠᠢ᠌ᠴᠠᠭ᠋ᠠᠨ ᠰᠢᠨᠵᠢᠯᠡᠯᠲᠡ ᠵᠢᠨ ᠪᠢᠯᠢᠭ ᠴᠢᠨᠠᠷ᠎ᠤᠨ ᠦᠷ᠎ᠡ ᠳ᠋ᠦᠩ ᠪᠤᠶᠤ ᠪᠥᠭᠡᠮ ᠬᠦᠴᠢᠯ᠎ᠤᠨ ᠪᠠᠢ᠌ᠴᠠᠭ᠋ᠠᠯᠲᠠ ᠵᠢᠨ ᠪᠢᠯᠢᠭ ᠴᠢᠨᠠᠷ᠎ᠤᠨ ᠮᠡᠳᠡᠭᠡ ᠵᠠᠩᠭᠢ ᠵᠢ ᠠᠭᠤᠯᠤᠭᠰᠠᠨ ᠡᠷᠡᠭᠦᠯ ᠮᠡᠨᠳᠦ ᠵᠢᠨ ᠨᠡᠪᠲᠡᠷᠡᠬᠦ ᠺᠣᠳ᠋᠎ᠨᠢ 《ᠨᠣᠭᠣᠭ᠋ᠠᠨ ᠺᠣᠳ᠋》 ᠪᠣᠯᠬᠤ ᠭᠡᠷᠡᠴᠢᠯᠡᠭᠡ᠎ᠪᠠᠨ ᠠᠪᠴᠤ ᠭᠠᠳᠠᠭᠰᠢ ᠭᠠᠷᠴᠤ ᠪᠣᠯᠤᠨ᠎ᠠ᠃
      ᠨᠠᠢᠮᠠ᠂ ᠪᠦᠬᠦ ᠣᠷᠣᠨ᠎ᠤ ᠪᠠᠢ᠌ᠭᠤᠯᠭ᠎ᠠ᠂ ᠠᠵᠢᠯ ᠦᠢ᠍ᠯᠡᠰ᠎ᠤᠨ ᠨᠢᠭᠡᠴᠢ ᠪᠣᠯᠤᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠠᠵᠢᠯᠲᠠᠨ᠎ᠠᠴᠠ ᠲᠦᠷᠦᠭᠦᠯᠦᠨ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠬᠡᠷᠡᠭᠲᠡᠶ᠃ ᠦᠨᠡᠨ ᠬᠦ᠌ ᠭᠠᠳᠠᠭᠰᠢ ᠭᠠᠷᠬᠤ ᠴᠢᠬᠤᠯᠠᠲᠠᠢ ᠬᠥᠮᠦᠰ ᠵᠠᠷᠴᠢᠮ ᠳᠡᠭᠡᠷ᠎ᠡ᠎ᠪᠠᠨ ᠳᠤᠮᠳᠠ ᠥᠨᠳᠥᠷ ᠳᠡᠰ᠎ᠤᠨ ᠲᠦᠭᠰᠢᠭᠦᠷᠢᠲᠡᠶ ᠭᠠᠵᠠᠷ ᠣᠷᠣᠨ᠎ᠳᠤ ᠣᠴᠢᠬᠤ ᠥᠬᠡᠶ ᠪᠠᠢ᠌ᠬᠤ ᠬᠡᠷᠡᠭᠲᠡᠢ᠃
                                                             2021 ᠣᠨ᠎ᠤ 1 ᠰᠠᠷ᠎ᠠ ᠵᠢᠨ 31᠎ᠤ ᠡᠳᠦᠷ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ