ᠲᠡᠷᠢᠭᠦᠨ ᠬᠠᠭᠤᠳᠠᠰᠤ   -   ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ᠎ᠳᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠠᠷᠭ᠎ᠠ ᠬᠡᠮᠵᠢᠶ᠎ᠡ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-02-07

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ   ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ᠎ᠳᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠠᠷᠭ᠎ᠠ ᠬᠡᠮᠵᠢᠶ᠎ᠡ ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
                                               

                                                  ᠥᠪᠥᠷ ᠰᠡᠷᠭᠡᠢ᠌ᠯᠡᠯᠲᠡ ᠵᠢᠭ᠋ᠠᠨ ᠲᠠᠷᠬᠠᠭ᠋ᠠᠭᠰᠠᠨ 【2021】18 ᠳ᠋ᠤᠭ᠋ᠠᠷ ᠲᠣᠭ᠋ᠠᠲᠤ


ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠡᠯ᠎ᠡ ᠠᠵᠢᠯᠯᠠᠬᠤ ᠳᠤᠭᠤᠢ᠌ᠯᠠᠩ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢᠯᠡᠰ᠎ᠤᠨ ᠨᠢᠭᠡᠴᠢ᠎ᠳᠤ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ 《ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ᠎ᠳᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠠᠷᠭ᠎ᠠ ᠬᠡᠮᠵᠢᠶ᠎ᠡ》 ᠵᠢ ᠲᠠᠨᠠᠷ᠎ᠲᠤ ᠳᠠᠷᠤᠮᠠᠯᠯᠠᠨ ᠶᠠᠪᠤᠭᠤᠯᠬᠤ ᠵᠢᠨ ᠬᠠᠮᠲᠤ ᠳᠣᠤᠷᠠᠬᠢ ᠮᠡᠲᠦ ᠱᠠᠭ᠋ᠠᠷᠳᠠᠯᠭ᠎ᠠ ᠵᠢ ᠳᠤᠷᠠᠳᠪᠠ᠂ ᠬᠠᠮᠲᠤ᠎ᠳᠤ᠎ᠨᠢ ᠲᠣᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠶ᠃
      ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠦᠨᠳᠦᠷᠵᠢᠭᠦᠯᠵᠦ᠂ ᠠᠷᠠᠳ ᠲᠦᠮᠡᠨ ᠵᠶ᠋ᠡᠷ ᠭᠣᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠣᠶ ᠪᠣᠯᠭ᠋ᠠᠨ᠂ ᠠᠷᠠᠳ ᠣᠯᠠᠨ᠎ᠤ ᠠᠮᠤᠷ ᠲᠦᠪᠰᠢᠨ ᠬᠠᠯᠠᠭᠤᠨ ᠳᠤᠯᠠᠭ᠋ᠠᠨ᠎ᠢ ᠢᠮᠠᠭᠲᠠ ᠰᠡᠳᠬᠢᠯ᠎ᠳᠤ᠎ᠪᠠᠨ ᠪᠤᠳᠤᠵᠤ᠂ ᠡᠯ᠎ᠡ ᠵᠦᠢᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ᠂ ᠠᠵᠢᠯ᠎ᠤᠨ ᠬᠠᠷᠢᠭᠤᠴᠠᠯᠭ᠎ᠠ ᠵᠢ ᠱᠠᠲᠤ ᠱᠠᠲᠤ᠎ᠪᠠᠷ ᠪᠣᠳᠠᠲᠠᠢ᠌ᠵᠢᠭᠤᠯᠵᠤ᠂ ᠣᠯᠠᠨ ᠲᠦᠮᠡᠨ᠎ᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠣᠭᠣᠳᠴᠤ ᠲᠤᠬᠠᠶ ᠵᠢᠨ ᠭᠠᠵᠠᠷ᠎ᠲᠤ᠎ᠨᠢ ᠰᠢᠨᠡᠯᠡᠭᠦᠯᠦᠭᠰᠡᠨ ᠰᠠᠭᠤᠷᠢᠨ ᠳᠡᠭᠡᠷ᠎ᠡ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠲᠤᠬᠠᠶ ᠵᠢᠨ ᠭᠠᠵᠠᠷ᠎ᠲᠤ᠎ᠨᠢ ᠰᠢᠨᠡᠯᠡᠬᠦ ᠣᠯᠠᠨ ᠲᠦᠮᠡᠨ᠎ᠳᠤ ᠦᠢᠯᠡᠴᠢᠯᠡᠬᠦ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠬᠦ ᠬᠡᠷᠡᠭᠲᠡᠶ᠃
                                                                  2021 ᠣᠨ᠎ᠤ 2 ᠳ᠋ᠤᠭ᠋ᠠᠷ ᠰᠠᠷ᠎ᠠ ᠵᠢᠨ 2᠎ᠤᠨ ᠡᠳᠦᠷ
                                                                  (ᠲᠤᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠨ᠎ᠡ)
ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ᠎ᠳᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠠᠷᠭ᠎ᠠ ᠬᠡᠮᠵᠢᠶ᠎ᠡ
《ᠠᠷᠠᠳ ᠣᠯᠠᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ᠎ᠳᠤ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠪ ᠠᠯᠪᠠᠨ ᠲᠠᠷᠬᠠᠭ᠋ᠠᠭᠰᠠᠨ ᠴᠠᠬᠢᠯᠭ᠋ᠠᠨ [2021] 4 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠨᠢᠮᠪᠠᠢ ᠴᠢᠩᠭ᠎ᠠ ᠬᠢᠭᠰᠡᠨ ᠰᠠᠭᠤᠷᠢᠨ ᠳᠡᠭᠡᠷ᠎ᠡ᠂ ᠦᠢ᠍ᠯᠡᠴᠢᠯᠡᠬᠦ ᠪᠠᠲᠤᠯᠠᠭ᠎ᠠ ᠵᠢᠨ ᠠᠵᠢᠯ᠎ᠢ ᠪᠣᠳᠠᠲᠠᠶ ᠪᠥᠭᠡᠳ ᠨᠠᠷᠢᠯᠢᠭ ᠬᠢᠵᠦ᠂ ᠥᠷᠭᠡᠨ ᠣᠯᠠᠨ ᠠᠷᠠᠳ ᠲᠦᠮᠡᠨ᠎ᠢ ᠪᠠᠶᠠᠷ ᠬᠥᠷ᠎ᠲᠠᠢ ᠥᠯᠵᠡᠶ ᠪᠡᠯᠭᠡ᠎ᠲᠠᠢ᠂ ᠡᠷᠡᠭᠦᠯ ᠡᠩᠬᠡ ᠠᠮᠤᠷ ᠲᠦᠪᠰᠢᠨ᠎ᠪᠠᠷ ᠴᠠᠭ᠋ᠠᠨ ᠰᠠᠷ᠎ᠠ ᠵᠢ ᠥᠩᠭᠡᠷᠡᠭᠦᠯᠬᠦ ᠵᠢᠨ ᠲᠤᠰᠠᠳᠠ᠂ ᠲᠣᠰ ᠠᠷᠭ᠎ᠠ ᠬᠡᠮᠵᠢᠶ᠎ᠡ ᠵᠢ ᠲᠣᠭᠲᠠᠭ᠋ᠠᠪᠠ᠃
      ᠨᠢᠭᠡ᠂ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠠᠮᠢᠳᠤᠷᠠᠯ᠎ᠤᠨ ᠦᠢᠯᠡᠴᠢᠯᠡᠭᠡᠨ᠎ᠤ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ᠃
     (ᠨᠢᠭᠡ) ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠳᠤ ᠬᠡᠷᠡᠭᠯᠡᠬᠦ ᠡᠨᠧᠷᠭᠢ ᠵᠢ ᠶᠠᠪᠤᠳᠠᠯ᠎ᠢ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠨᠡᠭᠦᠷᠡᠰᠦ᠂ ᠴᠠᠬᠢᠯᠭ᠋ᠠᠨ᠂ ᠲᠣᠰᠣ᠂ ᠰᠢᠲᠠᠮᠠᠬᠠᠶ ᠬᠡᠶ ᠵᠢᠨ ᠡᠨᠧᠷᠭᠢ ᠵᠢᠨ ᠬᠡᠷᠡᠭᠴᠡᠭᠡ ᠵᠢ ᠨᠢᠭᠡᠳᠦᠯᠲᠡᠶ ᠲᠥᠯᠥᠪᠵᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭ᠋ᠠᠳᠬᠠᠵᠤ᠂ ᠭᠠᠷᠤᠯᠲᠠ᠎ᠪᠠᠨ ᠨᠡᠮᠡᠭᠳᠡᠭᠦᠯᠵᠦ ᠬᠠᠩᠭ᠋ᠠᠯᠭ᠎ᠠ ᠵᠢ ᠨᠡᠮᠡᠭᠳᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠬᠢᠵᠢᠭ᠎ᠤᠨ ᠪᠠᠢ᠌ᠳᠠᠯ᠂ ᠶᠡᠬᠡ ᠴᠠᠰᠤ᠂ ᠳᠣᠤᠷ᠎ᠠ ᠳᠤᠯᠠᠭ᠋ᠠᠨ ᠠᠭᠤᠷ ᠠᠮᠢᠰᠬᠤᠯ᠎ᠲᠠᠢ ᠦᠶ᠎ᠡ᠎ᠳᠤ ᠨᠡᠭᠦᠷᠡᠰᠦᠨ᠎ᠤ ᠦᠢᠯᠡᠳᠪᠦᠷᠢᠯᠡᠯ ᠲᠡᠭᠡᠭᠡᠪᠦᠷᠢ᠂ ᠴᠠᠬᠢᠯᠭ᠋ᠠᠨ᠎ᠤ ᠲᠣᠤᠷ᠎ᠤᠨ ᠠᠮᠤᠷ ᠲᠦᠪᠰᠢᠨ ᠲᠣᠭᠲᠠᠭᠤᠨ ᠠᠵᠢᠯᠯᠠᠭ᠋ᠠᠨ ᠪᠠ ᠪᠠᠢ᠌ᠭ᠋ᠠᠯᠢ ᠵᠢᠨ ᠰᠢᠲᠠᠮᠠᠬᠠᠶ ᠬᠡᠶ ᠵᠢᠨ ᠬᠠᠩᠭ᠋ᠠᠯᠭ᠎ᠠ ᠵᠢ ᠪᠠᠲᠤᠯᠠᠬᠤ ᠪᠡᠯᠡᠳᠬᠡᠯ᠎ᠢ ᠰᠠᠢ᠌ᠲᠤᠷ ᠬᠢᠬᠦ ᠬᠡᠷᠡᠭᠲᠡᠢ᠃ ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ᠎ᠤᠳ ᠴᠠᠬᠢᠯᠭ᠋ᠠᠨ ᠨᠡᠭᠦᠷᠡᠰᠦᠨ᠎ᠤ ᠬᠥᠮᠥᠷᠭᠡ ᠵᠢᠨ ᠬᠠᠳᠠᠭ᠋ᠠᠯᠠᠬᠤ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠨᠡᠭᠦᠷᠡᠰᠦ ᠬᠠᠳᠠᠭ᠋ᠠᠯᠠᠵᠤ ᠪᠣᠯᠬᠤ ᠡᠳᠦᠷ ᠬᠣᠨᠣᠭ᠎ᠢ 7 ᠡᠳᠦᠷ᠎ᠠᠴᠠ ᠳᠡᠭᠡᠭᠰᠢ ᠪᠠᠢ᠌ᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠤᠷᠠᠳᠤᠭᠰᠠᠨ ᠡᠳᠦᠷ ᠪᠦᠷᠢ ᠳᠤᠮᠳᠠᠴᠢ 3 ᠡᠳᠦᠷ᠎ᠤᠨ ᠬᠡᠷᠡᠭᠯᠡᠭᠡᠨ᠎ᠤ ᠬᠡᠮᠵᠢᠶ᠎ᠡ᠂ ᠬᠣᠲᠠ ᠪᠠᠯᠭ᠋ᠠᠰᠤ ᠵᠢᠨ ᠰᠢᠲᠠᠮᠠᠬᠠᠶ ᠬᠡᠢ ᠵᠢᠨ ᠠᠵᠤ ᠠᠬᠤᠢ᠌ᠯᠠᠯ ᠣᠨ᠎ᠤ ᠬᠡᠷᠡᠭᠯᠡᠬᠦ ᠬᠡᠢ ᠵᠢᠨ ᠬᠡᠮᠵᠢᠶ᠎ᠡ ᠵᠢᠨ 5 % ᠎ᠪᠠᠷ ᠨᠥᠭᠡᠴᠡᠯᠡᠬᠦ ᠴᠢᠳᠠᠪᠤᠷᠢ ᠵᠢᠨ ᠲᠥᠯᠥᠪᠵᠢᠭᠦᠯᠭᠡ ᠵᠢᠨ ᠡᠭᠦᠷᠭᠡ ᠵᠢ ᠨᠢᠭᠡᠨᠲᠡ ᠪᠡᠶᠡᠯᠡᠭᠦᠯᠦᠭᠰᠡᠨ ᠠᠢ᠌ᠮᠠᠭ ᠬᠣᠲᠠ ᠬᠢᠭᠡᠳ ᠬᠣᠲᠠ ᠪᠠᠯᠭ᠋ᠠᠰᠤ ᠵᠢᠨ ᠠᠵᠤ ᠠᠬᠤᠢ᠌ᠯᠠᠯ᠎ᠤᠳ ᠰᠢᠲᠠᠮᠠᠬᠠᠶ ᠬᠡᠢ ᠨᠥᠭᠡᠴᠡᠯᠡᠬᠦ ᠡᠭᠦᠷᠭᠡ ᠵᠢᠨ ᠬᠡᠮᠵᠢᠶᠡᠨ᠎ᠤ ᠱᠠᠭ᠋ᠠᠷᠳᠠᠯᠭ᠎ᠠ ᠶᠣᠰᠣᠭ᠋ᠠᠷ ᠨᠥᠭᠡᠴᠡᠯᠡᠬᠦ ᠶᠣᠰᠣᠲᠠᠶ ᠵᠢ᠎ᠨᠢ ᠪᠦᠬᠦᠨ᠎ᠢ ᠨᠥᠭᠡᠴᠡᠯᠡᠵᠦ᠂ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠬᠤ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠥᠲᠥᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠬᠠᠷᠢᠭᠤᠴᠠᠬᠤ ᠬᠡᠷᠡᠭᠲᠡᠢ)
      (ᠬᠣᠶᠠᠷ) ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯᠡᠰ᠎ᠤᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠲᠠᠷᠢᠶᠠᠯᠠᠩ ᠲᠤᠰᠠᠯᠠᠬᠤ ᠦᠢ᠍ᠯᠡᠳᠪᠦᠷᠢᠯᠡᠯ᠎ᠤᠨ ᠪᠦᠲᠦᠭᠡᠭᠳᠡᠬᠦᠨ᠎ᠤ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠬᠡᠲᠦ ᠳᠡᠯᠭᠡᠭᠦᠷ ᠬᠤᠳᠠᠯᠳᠤᠭ᠎ᠠ᠂ ᠲᠦᠭᠦᠬᠡᠶ ᠰᠢᠨ᠎ᠡ ᠰᠣᠷᠭᠣᠭ ᠢᠳᠡᠭᠡᠨ᠎ᠤ ᠡᠯᠧᠺᠲᠷᠣᠨ ᠬᠤᠳᠠᠯᠳᠤᠭ᠎ᠠ᠂ ᠪᠠᠷᠠᠭ᠋ᠠᠨ᠎ᠤ ᠭᠦᠢᠯᠭᠡᠭᠡᠨ᠎ᠤ ᠲᠣᠬᠢᠷᠠᠭᠤᠯᠤᠨ ᠬᠦᠷᠭᠡᠬᠦ ᠠᠵᠤ ᠠᠬᠤᠢ᠌ᠯᠠᠯ᠎ᠤᠳ᠎ᠤᠨ ᠬᠡᠪ᠎ᠤᠨ ᠡᠵᠡᠩᠨᠡᠯᠲᠡ᠎ᠪᠠᠨ ᠪᠠᠲᠤᠯᠠᠬᠤ ᠵᠢ ᠬᠥᠲᠥᠯᠥᠨ ᠵᠢᠯᠣᠭᠣᠳᠬᠤ ᠪᠠ ᠳᠡᠮᠵᠢᠵᠦ᠂ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯᠡᠰ᠎ᠤᠨ ᠲᠠᠰᠤᠯᠳᠠᠬᠤ ᠦᠭᠡᠢ᠂ ᠪᠣᠷᠣᠯᠠᠭᠤᠯᠭ᠎ᠠ ᠲᠠᠰᠤᠷᠠᠬᠤ ᠥᠬᠡᠶ ᠪᠠᠢ᠌ᠬᠤ ᠵᠢ ᠦᠨᠡᠨᠬᠦ ᠪᠠᠲᠤᠯᠠᠵᠤ᠂ ᠨᠡᠢ᠌ᠭᠡᠮ ᠲᠣᠭᠣᠷᠢᠭ᠂ ᠬᠥᠳᠡᠭᠡ ᠲᠣᠰᠬᠣᠨ᠎ᠤ ᠵᠢᠵᠢᠭᠯᠡᠨ ᠬᠤᠳᠠᠯᠳᠤᠬᠤ ᠲᠣᠤᠷ ᠴᠡᠭ᠎ᠤᠳ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠡᠳᠦᠷ ᠪᠦᠷᠢ ᠵᠢᠨ ᠡᠵᠡᠩᠨᠡᠬᠦ ᠴᠠᠭ᠎ᠢ 8 ᠴᠠᠭ᠎ᠠᠴᠠ ᠪᠣᠭᠤᠨᠢᠰᠬᠠᠬᠤ ᠦᠭᠡᠢ ᠪᠠᠢ᠌ᠬᠤ ᠵᠢ ᠰᠠᠨᠠᠭ᠋ᠠᠴᠢᠯᠠᠬᠤ ᠬᠡᠷᠡᠭᠲᠡᠢ᠃ ᠠᠷᠠᠯᠵᠢᠶ᠎ᠠ ᠬᠤᠳᠠᠯᠳᠤᠭ᠋ᠠᠨ᠎ᠤ ᠭᠦᠢᠯᠭᠡᠭᠡᠨ᠎ᠤ ᠠᠵᠤ ᠠᠬᠤᠢ᠌ᠯᠠᠯ᠎ᠢ ᠵᠢᠯᠣᠭᠣᠳᠴᠤ ᠪᠠᠢ᠌ᠭ᠋ᠠᠳ ᠪᠠᠷᠠᠭ᠎ᠠ ᠵᠢᠨ ᠢᠷᠡᠯᠲᠡ ᠵᠢ ᠵᠣᠬᠢᠶᠠᠨ ᠪᠠᠢ᠌ᠭᠤᠯᠬᠤ ᠪᠠ ᠰᠢᠯᠵᠢᠭᠦᠯᠦᠨ ᠲᠡᠭᠡᠭᠡᠪᠦᠷᠢᠯᠡᠬᠦ ᠡᠷᠴᠢᠮ᠎ᠢ ᠦᠨᠡᠨᠬᠦ ᠨᠡᠮᠡᠭᠳᠡᠭᠦᠯᠵᠦ᠂ ᠡᠳ᠋ ᠪᠠᠷᠠᠭ᠎ᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠂ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠭᠤᠨ ᠪᠠᠢ᠌ᠯᠭ᠋ᠠᠬᠤ ᠬᠡᠷᠡᠭᠲᠡᠢ᠃ ᠭᠦᠢᠯᠭᠡᠭᠡᠨ᠎ᠤ ᠠᠵᠤ ᠠᠬᠤᠢ᠌ᠯᠠᠯ᠎ᠢ ᠵᠢᠯᠣᠭᠣᠳᠤᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠰᠠᠢ᠌ᠲᠠᠶ ᠲᠠᠸᠠᠷ᠎ᠢ ᠨᠡᠮᠡᠭᠳᠡᠭᠦᠯᠵᠦ᠂ ᠡᠯᠪᠡᠭ ᠪᠠᠶᠠᠯᠢᠭ ᠪᠣᠷᠣᠯᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠢ᠃ ᠭᠡᠷ᠎ᠲᠤ᠎ᠨᠢ ᠬᠦᠷᠭᠡᠬᠦ ᠦᠢᠯᠡᠴᠢᠯᠡᠭᠡᠨ᠎ᠢ ᠰᠠᠢ᠌ᠲᠤᠷ ᠬᠢᠵᠦ᠂ ᠠᠵᠢᠯᠲᠠᠳ ᠨᠡᠢ᠌ᠭᠡᠮ ᠲᠣᠭᠣᠷᠢᠭ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠲᠣᠭᠣᠷᠢᠭ᠎ᠲᠤ ᠣᠷᠣᠵᠤ ᠳᠠᠮᠵᠢᠭᠤᠯᠤᠨ ᠬᠦᠷᠭᠡᠬᠦ᠎ᠳᠤ ᠳᠥᠭᠥᠮ ᠦᠵᠡᠭᠦᠯᠬᠦ ᠬᠡᠷᠡᠭᠲᠡᠶ᠃ ᠰᠦᠯᠵᠢᠶᠡᠨ ᠳᠡᠭᠡᠷ᠎ᠡ ᠵᠠᠬᠢᠶᠠᠯᠠᠬᠤ᠂ ᠨᠡᠢ᠌ᠭᠡᠮ ᠲᠣᠭᠣᠷᠢᠭ ᠣᠷᠣᠯᠠᠨ ᠬᠤᠳᠠᠯᠳᠤᠨ ᠠᠪᠬᠤ᠂ ᠲᠦᠷ ᠴᠠᠭ ᠬᠠᠩᠭ᠋ᠠᠬᠤ ᠴᠡᠭ ᠲᠣᠬᠢᠷᠠᠭᠤᠯᠬᠤ ᠵᠡᠷᠭᠡ ᠪᠠᠴᠢᠮ ᠪᠠᠢ᠌ᠳᠠᠯ᠎ᠢ ᠠᠷᠭ᠋ᠠᠴᠠᠬᠤ ᠡᠳ᠋ ᠪᠠᠷᠠᠭ᠎ᠠ ᠬᠠᠩᠭ᠋ᠠᠬᠤ ᠰᠣᠷᠢᠯᠲᠠ ᠵᠢ ᠤᠷᠢᠳᠴᠢᠯᠠᠨ ᠥᠷᠨᠢᠭᠦᠯᠬᠦ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠥᠪᠥᠷ ᠮᠣᠩᠭᠣᠯ᠎ᠤᠨ ᠰᠢᠦᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠡᠷ ᠵᠶ᠋ᠡᠨ ᠬᠠᠷᠢᠭᠤᠴᠠᠨ᠎ᠠ)
     (ᠭᠤᠷᠪᠠ) ᠰᠡᠷᠭᠡᠢ᠌ᠯᠡᠨ ᠡᠵᠡᠮᠳᠡᠬᠦ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠬᠤ ᠬᠡᠷᠡᠭᠲᠡᠢ᠃ ᠡᠮᠴᠢᠯᠡᠭᠡᠨ᠎ᠳᠤ ᠬᠡᠷᠡᠭᠯᠡᠬᠦ ᠰᠡᠷᠭᠡᠢ᠌ᠯᠡᠨ ᠡᠵᠡᠮᠳᠡᠬᠦ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠡᠮ ᠡᠮᠨᠡᠯᠭᠡ ᠵᠢᠨ ᠪᠣᠷᠣᠯᠠᠭᠤᠯᠭ᠎ᠠ ᠵᠢᠨ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠤᠨ ᠡᠷᠲᠡᠬᠡᠨ ᠪᠠᠷᠠᠭ᠎ᠠ ᠪᠡᠯᠡᠳᠬᠡᠵᠦ᠂ ᠠᠷᠠᠳ ᠣᠯᠠᠨ᠎ᠤ ᠡᠳᠦᠷ ᠲᠤᠲᠤᠮ᠎ᠤᠨ ᠰᠡᠷᠭᠡᠢ᠌ᠯᠡᠨ ᠬᠠᠮᠠᠭ᠋ᠠᠯᠠᠬᠤ ᠡᠳ᠋ ᠪᠣᠳᠠᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ᠃ ᠡᠯ᠎ᠡ ᠭᠠᠵᠠᠷ ᠪᠥᠭᠡᠮ ᠬᠦᠴᠢᠯ᠎ᠢ ᠪᠠᠢ᠌ᠴᠠᠭ᠋ᠠᠨ ᠰᠢᠯᠭ᠋ᠠᠬᠤ ᠬᠢᠷᠢ ᠬᠡᠮ᠎ᠲᠠᠢ ᠡᠮᠴᠢᠯᠡᠭᠡᠨ᠎ᠤ ᠪᠠᠢ᠌ᠭᠤᠯᠤᠮᠵᠢ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠪᠠᠢ᠌ᠭᠤᠯᠤᠮᠵᠢ ᠪᠤᠶᠤ ᠭᠤᠷᠪᠠᠳᠠᠬᠢ ᠡᠲᠡᠭᠡᠳ᠎ᠤᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ ᠵᠢᠨ ᠨᠡᠷᠡᠰ ᠵᠢᠴᠢ ᠠᠵᠢᠯᠯᠠᠬᠤ ᠴᠠᠭ᠎ᠢ ᠰᠠᠨᠠᠭ᠋ᠠᠴᠢᠯᠠᠭ᠎ᠠ᠎ᠠᠴᠠ᠎ᠪᠠᠨ ᠨᠡᠢ᠌ᠲᠡᠯᠡᠵᠦ᠂ ᠣᠯᠠᠨ ᠲᠦᠮᠡᠨ᠎ᠤ ᠣᠢ᠌ᠷ᠎ᠠ ᠬᠠᠪᠢ᠎ᠳᠤ᠎ᠪᠠᠨ ᠪᠠᠢ᠌ᠴᠠᠭ᠋ᠠᠨ ᠰᠢᠯᠭ᠋ᠠᠭ᠋ᠠᠳ ᠪᠠᠢ᠌ᠴᠠᠭ᠋ᠠᠯᠲᠠ ᠵᠢᠨ ᠦᠷ᠎ᠡ ᠳ᠋ᠦᠩ ᠵᠶ᠋ᠠᠨ ᠳᠠᠷᠤᠢ᠌ᠬᠠᠨ ᠣᠯᠵᠤ ᠠᠪᠬᠤ ᠵᠢ ᠪᠠᠲᠤᠯᠠᠬᠤ ᠬᠡᠷᠡᠭᠲᠡᠶ᠃ ᠬᠥᠮᠦᠨ ᠣᠯᠠᠨ ᠲᠥᠪᠯᠡᠷᠡᠭᠰᠡᠨ ᠭᠠᠵᠠᠷ ᠣᠷᠣᠨ᠎ᠳᠤ ᠨᠢᠭᠡ ᠯᠡ ᠤᠳᠠᠭ᠎ᠠ ᠬᠡᠷᠡᠭᠯᠡᠬᠦ   ᠠᠮᠠᠪᠴᠢ ᠵᠢ ᠦᠨ᠎ᠡ ᠲᠥᠯᠥᠪᠦᠷᠢ ᠥᠬᠡᠶ᠎ᠪᠠᠷ ᠣᠯᠭᠤᠬᠤ ᠵᠢ ᠵᠣᠷᠢᠭᠵᠢᠭᠤᠯᠵᠤ᠂ ᠣᠯᠠᠨ ᠲᠦᠮᠡᠨ᠎ᠤ ᠭᠠᠳᠠᠭᠰᠢ ᠭᠠᠷᠬᠤ᠎ᠳᠤ ᠲᠥᠬᠥᠮ ᠦᠵᠡᠭᠦᠯᠬᠦ ᠬᠡᠷᠡᠭᠲᠡᠢ᠃ ᠡᠯ᠎ᠡ ᠠᠢ᠌ᠮᠠᠭ ᠬᠣᠲᠠ ᠵᠢᠨ ᠬᠠᠷᠢᠶ᠎ᠠ ᠣᠷᠣᠨ᠎ᠤ ᠳᠣᠲᠤᠷᠠᠬᠢ ᠡᠮᠴᠢᠯᠡᠭᠡᠨ᠎ᠳᠤ ᠬᠡᠷᠡᠭᠯᠡᠬᠦ ᠰᠡᠷᠭᠡᠢ᠌ᠯᠡᠨ ᠡᠵᠡᠮᠳᠡᠬᠦ ᠡᠳ᠋ ᠪᠣᠳᠠᠰ ᠦᠢᠯᠡᠳᠪᠦᠷᠢᠯᠡᠬᠦ ᠭᠣᠤᠯᠳᠠᠯᠭ᠎ᠠ᠎ᠲᠠᠢ ᠠᠵᠤ ᠠᠬᠤᠢ᠌ᠯᠠᠯ᠎ᠤᠳ᠎ᠤᠨ ᠲᠣᠬᠢᠷᠠᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠦᠢ᠍ᠯᠡᠳᠪᠦᠷᠢᠯᠡᠯ ᠵᠶ᠋ᠠᠨ ᠰᠡᠷᠭᠦᠭᠡᠬᠦ ᠪᠡᠯᠡᠳᠬᠡᠯ᠎ᠢ ᠴᠠᠭ ᠲᠤᠬᠠᠶ᠎ᠳᠤ᠎ᠨᠢ ᠰᠠᠢ᠌ᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠵᠢᠨ ᠡᠮᠴᠢᠯᠡᠭᠡᠨ᠎ᠳᠤ ᠬᠡᠷᠡᠭᠯᠡᠬᠦ ᠰᠡᠷᠭᠡᠢ᠌ᠯᠡᠨ ᠡᠵᠡᠮᠳᠡᠬᠦ ᠡᠳ᠋ ᠪᠠᠷᠠᠭ᠎ᠠ ᠦᠢᠯᠡᠳᠪᠦᠷᠢᠯᠡᠬᠦ ᠭᠣᠤᠯᠳᠠᠯᠭ᠎ᠠ᠎ᠲᠠᠢ ᠠᠵᠤ ᠠᠬᠤᠢ᠌ᠯᠠᠯ᠎ᠤᠳ᠎ᠢ ᠵᠢᠯᠣᠭᠣᠳᠴᠤ ᠪᠠᠢ᠌ᠭ᠋ᠠᠳ ᠴᠢᠬᠤᠯᠠ ᠲᠦᠭᠦᠬᠡᠶ ᠡᠳ᠋ ᠮᠠᠲ᠋ᠧᠷᠢᠶᠠᠯ᠂ ᠴᠢᠬᠤᠯᠠ ᠰᠡᠯᠪᠢᠭ ᠪᠠ ᠤᠭᠰᠠᠷᠠᠭ᠎ᠠ ᠲᠣᠨᠣᠭ᠎ᠢ ᠰᠠᠢ᠌ᠲᠤᠷ ᠨᠥᠭᠡᠴᠢᠯᠡᠬᠦ ᠵᠢᠨ ᠬᠠᠮᠲᠤ ᠣᠷᠣᠯᠠᠨ ᠨᠥᠭᠡᠴᠡᠯᠡᠬᠦ ᠠᠷᠭ᠎ᠠ ᠮᠠᠶᠢᠭ ᠵᠶ᠋ᠠᠷ ᠵᠣᠬᠢᠬᠤ ᠬᠡᠮᠵᠢᠶᠡᠨ᠎ᠤ ᠦᠢᠯᠡᠳᠬᠦᠨ᠎ᠢ ᠬᠠᠳᠠᠭ᠋ᠠᠯᠠᠬᠤ ᠬᠡᠷᠡᠭᠲᠡᠢ᠃ ᠡᠯ᠎ᠡ ᠠᠢ᠌ᠮᠠᠭ ᠬᠣᠲᠠ᠎ᠨᠤᠭᠤᠳ ᠵᠠᠰᠠᠭ᠎ᠤᠨ ᠣᠷᠳᠣᠨ᠂ ᠡᠮᠴᠢᠯᠡᠭᠡᠨ᠎ᠤ ᠪᠠᠢ᠌ᠭᠤᠯᠤᠮᠵᠢ ᠵᠢᠨ ᠡᠳ᠋ ᠪᠠᠷᠠᠭ᠎ᠠ ᠨᠥᠭᠡᠴᠡᠯᠡᠬᠦ ᠬᠡᠪᠴᠢᠶ᠎ᠡ ᠵᠢ ᠲᠣᠭᠲᠠᠭᠤᠨ ᠪᠠᠢ᠌ᠯᠭ᠋ᠠᠬᠤ ᠰᠠᠭᠤᠷᠢᠨ ᠳᠡᠭᠡᠷ᠎ᠡ᠂ ᠬᠠᠷᠢᠶ᠎ᠠ ᠣᠷᠣᠨ ᠳᠣᠲᠤᠷ᠎ᠠ᠎ᠪᠠᠨ ᠣᠢ᠌ᠷ᠎ᠠ ᠬᠠᠪᠢ᠎ᠳᠤ᠎ᠪᠠᠨ ᠬᠠᠷᠢᠯᠴᠠᠨ ᠪᠠᠲᠤᠯᠠᠬᠤ ᠠᠵᠢᠯ᠎ᠤᠨ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠨᠢᠭᠡᠳᠦᠯᠲᠡᠶ ᠲᠥᠯᠦᠪᠯᠡᠬᠦ ᠤᠳᠤᠷᠢᠳᠤᠯᠭ᠎ᠠ ᠳᠣᠤᠷ᠎ᠠ᠂ ᠠᠢ᠌ᠮᠠᠭ ᠬᠣᠲᠠ ᠠᠯᠤᠰᠯᠠᠨ ᠲᠤᠰᠠᠯᠠᠬᠤ ᠠᠵᠢᠯ᠎ᠤᠨ ᠪᠡᠯᠡᠳᠬᠡᠯ ᠲᠥᠰᠦᠯ᠎ᠢ ᠲᠣᠭᠲᠠᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠡᠷ ᠵᠶ᠋ᠡᠨ ᠬᠠᠷᠢᠭᠤᠴᠠᠨ᠎ᠠ)
     (ᠳᠥᠷᠪᠡ) ᠦᠨ᠎ᠡ ᠬᠠᠩᠰᠢ ᠵᠢ ᠬᠢᠨᠠᠨ ᠬᠡᠮᠵᠢᠬᠦ ᠵᠢ ᠴᠢᠩᠭ᠋ᠠᠳᠬᠠᠬᠤ ᠬᠡᠷᠡᠭᠲᠡᠢ᠃ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠦᠨ᠎ᠡ ᠬᠠᠩᠰᠢ ᠵᠢᠨ ᠡᠳᠦᠷ᠎ᠤᠨ ᠬᠢᠨᠠᠨ ᠬᠡᠮᠵᠢᠯᠲᠡ ᠵᠢ ᠡᠬᠢᠯᠡᠭᠦᠯᠵᠦ᠂ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠠᠮᠤ ᠲᠣᠰᠣ᠂ ᠢᠳᠡᠰᠢᠨ ᠨᠣᠭᠣᠭ᠎ᠠ᠂ ᠵᠢᠭᠦᠷᠲᠡᠨ᠎ᠤ ᠥᠨᠳᠡᠭᠡ᠂ ᠮᠢᠬᠠᠨ᠎ᠤ ᠵᠦᠢᠯ᠂ ᠲᠥᠬᠥᠮ ᠭᠤᠯᠢᠷ᠂ ᠷᠠᠰᠢᠶᠠᠨ ᠤᠰᠤ ᠵᠡᠷᠭᠡ 40 ᠵᠦᠢᠯ᠎ᠤᠨ ᠲᠠᠸᠠᠷ᠎ᠤᠨ ᠦᠨ᠎ᠡ ᠬᠠᠩᠰᠢ ᠵᠢ ᠬᠢᠨᠠᠨ ᠬᠡᠮᠵᠢᠬᠦ ᠬᠡᠪᠴᠢᠶᠡᠨ᠎ᠳᠤ ᠣᠷᠣᠭᠤᠯᠵᠤ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠤᠪᠢᠷᠠᠯᠲᠠ ᠪᠠ ᠴᠤᠬᠤᠢ᠌ᠯᠲᠠ ᠵᠢᠨ ᠴᠢᠨᠠᠷᠲᠠᠶ᠂ ᠬᠡᠯᠪᠡᠷᠢᠯ᠎ᠤᠨ ᠴᠢᠨᠠᠷᠲᠠᠶ ᠠᠰᠠᠭᠤᠳᠠᠯ᠎ᠢ ᠴᠠᠭ ᠲᠤᠬᠠᠶ᠎ᠳᠤ᠎ᠨᠢ ᠮᠥᠷᠳᠡᠨ ᠲᠤᠰᠬᠠᠵᠤ᠂ ᠣᠯᠠᠨ ᠵᠦᠢᠯ᠎ᠤᠨ ᠠᠷᠭ᠎ᠠ ᠵᠠᠮ ᠪᠠ ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠢᠬᠤᠯᠠ ᠲᠠᠸᠠᠷ ᠪᠠ ᠬᠠᠯᠠᠮᠰᠢᠯ᠎ᠤᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠨᠡᠢ᠌ᠭᠡᠮ᠎ᠳᠤ ᠨᠡᠢ᠌ᠲᠡᠯᠡᠵᠦ᠂ ᠬᠡᠷᠡᠭᠯᠡᠭᠡᠨ᠎ᠤ ᠵᠢᠱ᠌ᠢᠯᠲᠡ ᠵᠢ ᠲᠣᠭᠲᠠᠪᠤᠷᠢᠵᠢᠭᠤᠯᠬᠤ ᠬᠡᠷᠡᠭᠲᠡᠢ᠃ CPI ᠵᠢᠨ ᠢᠯᠡᠳᠬᠡᠭᠴᠢ ᠲᠣᠭ᠎ᠠ ᠵᠢᠴᠢ ᠢᠳᠡᠭᠡᠨ᠎ᠤ ᠵᠦᠢ᠍ᠯ᠎ᠤᠨ ᠦᠨ᠎ᠡ ᠬᠠᠩᠰᠢ ᠵᠢᠨ ᠬᠤᠪᠢᠷᠠᠯᠲᠠ ᠵᠢᠨ ᠪᠠᠢ᠌ᠳᠠᠯ᠎ᠢ ᠨᠢᠭᠲᠠ ᠠᠩᠬᠠᠷᠴᠤ᠂ ᠵᠣᠬᠢᠬᠤ ᠨᠥᠬᠥᠴᠡᠯ᠎ᠳᠤ ᠬᠦᠷᠦᠭᠰᠡᠨ ᠪᠣᠯ᠂ ᠳᠠᠷᠤᠢ᠌ᠬᠠᠨ ᠵᠠᠰᠠᠭ᠎ᠤᠨ ᠣᠷᠳᠣᠨ᠎ᠤ ᠨᠥᠭᠡᠴᠡ ᠵᠢ ᠣᠷᠣᠭᠤᠯᠵᠤ᠂ ᠦᠨ᠎ᠡ ᠬᠠᠩᠰᠢ ᠵᠢᠨ ᠲᠦᠷ ᠴᠠᠭ᠎ᠤᠨ ᠨᠥᠬᠥᠪᠥᠷᠢ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠡᠬᠢᠯᠡᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠨ᠎ᠠ)
      (ᠲᠠᠪᠤ) ᠵᠠᠬ᠎ᠠ ᠳᠡᠯᠭᠡᠭᠦᠷ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠰᠠᠢ᠌ᠲᠤᠷ ᠬᠢᠬᠦ ᠬᠡᠷᠡᠭᠲᠡᠢ᠃ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠭᠣᠤᠯᠳᠠᠯᠭ᠎ᠠ᠎ᠲᠠᠢ ᠡᠳ᠋ ᠪᠣᠳᠠᠰ᠂ ᠭᠣᠤᠯᠳᠠᠯᠭ᠎ᠠ᠎ᠲᠠᠢ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠠᠭ᠋ᠠᠨ᠎ᠤ ᠦᠨ᠎ᠡ ᠵᠢ ᠳᠦᠷᠭᠢᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠣᠨᠵᠢᠨ ᠵᠠᠪᠰᠢᠬᠤ ᠵᠡᠷᠭᠡ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠰᠠᠮᠠᠭᠤᠷᠠᠭᠤᠯᠬᠤ ᠦᠨ᠎ᠡ ᠬᠠᠩᠰᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠴᠢ ᠡᠮᠴᠢᠯᠡᠭᠡᠨ᠎ᠳᠤ ᠬᠡᠷᠡᠭᠯᠡᠬᠦ ᠰᠡᠷᠭᠡᠢ᠌ᠯᠡᠨ ᠡᠵᠡᠮᠳᠡᠬᠦ ᠡᠳ᠋ ᠪᠠᠷᠠᠭ᠎ᠠ ᠵᠢᠨ ᠬᠦᠷᠢᠶ᠎ᠡ ᠴᠠᠷᠠᠭ᠎ᠠ᠎ᠳᠤ ᠬᠤᠳᠠᠯ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ᠂ ᠬᠠᠮᠢᠶ᠎ᠠ ᠪᠥᠬᠥᠶ ᠪᠠᠷᠢᠮᠵᠢᠶ᠎ᠠ᠎ᠳᠤ ᠥᠯᠥ ᠨᠡᠢ᠌ᠴᠡᠬᠦ ᠦᠢᠯᠡᠳᠬᠦᠨ᠎ᠢ ᠦᠢᠯᠡᠳᠪᠦᠷᠢᠯᠡᠵᠦ ᠪᠣᠷᠣᠯᠠᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠪᠠ ᠬᠣᠲᠠ ᠬᠥᠳᠡᠭᠡ ᠵᠢᠨ ᠠᠭᠤᠯᠵᠠᠷ ᠬᠡᠰᠡᠭ᠎ᠤᠨ ᠵᠠᠬ᠎ᠠ ᠳᠡᠯᠭᠡᠭᠦᠷ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠂ ᠲᠣᠮᠣ ᠬᠡᠯᠪᠡᠷᠢ ᠵᠢᠨ ᠬᠡᠲᠦ ᠳᠡᠯᠭᠡᠭᠦᠷ᠎ᠤᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠢᠳᠡᠭᠡᠨ ᠵᠡᠷᠭᠡ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠤ ᠵᠦᠢ᠍ᠯᠡᠰ᠎ᠤᠨ ᠡᠷᠬᠡ᠎ᠳᠤ ᠬᠠᠯᠳᠠᠵᠤ ᠬᠤᠳᠠᠯ ᠬᠠᠭᠤᠷᠮᠠᠭ ᠵᠣᠬᠢᠶᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ 12315 ᠲᠠᠪᠴᠠᠩ᠎ᠤᠨ 24 ᠴᠠᠭ᠎ᠲᠤ ᠬᠥᠮᠦᠨ᠎ᠤ ᠬᠦᠴᠦ᠎ᠪᠠᠷ ᠵᠢᠵᠢᠭᠦᠷᠯᠡᠨ ᠰᠠᠬᠢᠬᠤ ᠵᠢ ᠬᠡᠷᠡᠭᠵᠢᠭᠦᠯᠵᠦ᠂ ᠠᠢ᠌ᠮᠠᠭ ᠬᠣᠲᠠ ᠵᠢᠨ 12315 ᠲᠠᠪᠴᠠᠩ᠎ᠳᠤ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠤᠨ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠵᠢ ᠴᠠᠭ ᠲᠤᠬᠠᠶ᠎ᠳᠤ᠎ᠨᠢ ᠬᠠᠤᠯᠢ ᠶᠣᠰᠣᠭ᠋ᠠᠷ ᠰᠢᠢᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠨ᠎ᠠ)
     (ᠵᠢᠷᠭᠤᠭ᠎ᠠ) ᠠᠷᠠᠳ ᠣᠯᠠᠨ᠎ᠤ ᠵᠤᠭ᠎ᠠ ᠴᠡᠩᠭᠡᠯ᠎ᠤᠨ ᠠᠮᠢᠳᠤᠷᠠᠯ᠎ᠢ ᠪᠠᠶᠠᠯᠢᠭᠵᠢᠭᠤᠯᠬᠤ ᠬᠡᠷᠡᠭᠲᠡᠢ᠃ ᠰᠦᠯᠵᠢᠶ᠎ᠡ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠰᠣᠶᠣᠯ ᠪᠡᠶ᠎ᠡ ᠵᠢᠨ ᠲᠠᠮᠢᠷ᠎ᠤᠨ ᠫᠷᠤᠭ᠌ᠷᠠᠮ᠎ᠤᠨ ᠬᠠᠩᠭ᠋ᠠᠯᠭ᠎ᠠ ᠵᠢ ᠨᠡᠮᠡᠭᠳᠡᠭᠦᠯᠵᠦ᠂ ᠡᠯ᠎ᠡ ᠲᠣᠮᠣ ᠡᠵᠡᠩᠨᠡᠭᠴᠢ ᠬᠤᠳᠠᠯᠳᠤᠭ᠋ᠠᠴᠢᠨ᠎ᠤ 《ᠲᠤᠬᠠᠶ ᠵᠢᠨ ᠭᠠᠵᠠᠷ᠎ᠲᠤ᠎ᠪᠠᠨ ᠪᠠᠶᠠᠷ᠎ᠤᠨ ᠡᠳᠦᠷ᠎ᠢ ᠥᠩᠭᠡᠷᠡᠭᠦᠯᠬᠦ ᠠᠵᠢᠯᠯᠠᠭ᠋ᠠᠨ᠎ᠤ ᠶᠡᠬᠡ ᠪᠡᠯᠡᠭ》 ᠵᠡᠷᠭᠡ ᠬᠠᠷᠠᠭ᠋ᠠᠯᠵᠠᠯᠲᠤ ᠠᠵᠢᠯᠯᠠᠭ᠎ᠠ ᠥᠷᠨᠢᠭᠦᠯᠬᠦ ᠵᠢ᠎ᠨᠢ ᠵᠣᠷᠢᠭᠵᠢᠭᠤᠯᠵᠤ᠂ ᠥᠷᠭᠡᠨ ᠣᠯᠠᠨ ᠢᠨᠲ᠋ᠧᠷ ᠰᠦᠯᠵᠢᠶᠡᠨ᠎ᠤ ᠦᠢᠯᠡᠴᠢᠯᠡᠭᠡᠨ᠎ᠤ ᠠᠵᠤ ᠠᠬᠤᠢ᠌ᠯᠠᠯ ᠦᠨ᠎ᠡ ᠲᠥᠯᠥᠪᠦᠷᠢ ᠥᠬᠡᠶ ᠤᠷᠤᠰᠴᠠ᠂ ᠰᠦᠯᠵᠢᠶᠡᠨ᠎ᠤ ᠬᠠᠷᠠᠭ᠋ᠠᠨ ᠳᠠᠪᠲᠠᠮᠵᠢ APP ᠵᠢᠨ ᠴᠠᠭ ᠬᠢᠵᠠᠭ᠋ᠠᠷᠯᠠᠨ ᠦᠨ᠎ᠡ ᠲᠥᠯᠥᠪᠦᠷᠢ ᠥᠬᠡᠶ᠎ᠪᠠᠷ ᠺᠢᠨᠣ᠋ ᠭᠠᠷᠭ᠋ᠠᠬᠤ᠎ᠳᠤ᠎ᠨᠢ ᠳᠡᠮᠵᠢᠵᠦ᠂ ᠡᠭᠦᠯᠡᠨ ᠲᠢᠶᠠᠲᠷ᠂ ᠡᠭᠦᠯᠡᠨ ᠰᠢᠭᠤᠳ ᠨᠡᠪᠲᠡᠷᠡᠭᠦᠯᠭᠡ᠂ ᠡᠭᠦᠯᠡᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ᠂ ᠡᠭᠦᠯᠡᠨ ᠵᠢᠭᠤᠯᠴᠢᠯᠠᠯ᠂ ᠡᠭᠦᠯᠡᠨ ᠬᠢᠴᠢᠶᠡᠯ᠎ᠤᠨ ᠲᠠᠩᠬᠢᠮ᠂ ᠡᠭᠦᠯᠡᠨ ᠤᠩᠰᠢᠯᠭ᠎ᠠ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ 2021 ᠣᠨ᠎ᠤ ᠤᠯᠠᠭ᠋ᠠᠨᠮᠥ᠋ᠴᠢᠷ᠎ᠤᠨ ᠴᠠᠭ᠋ᠠᠨ ᠰᠠᠷ᠎ᠠ ᠵᠢ ᠵᠢᠨ ᠰᠢᠨᠡᠯᠡᠯᠲᠡ᠂ 《ᠴᠠᠭ᠋ᠠᠨ ᠰᠠᠷ᠎ᠠ ᠵᠢ ᠤᠭᠲᠤᠵᠤ ᠴᠠᠭ᠋ᠠᠨ ᠰᠠᠷ᠎ᠠ ᠵᠢ ᠪᠡᠯᠭᠡᠯᠡᠬᠦ》 ᠠᠷᠠᠳ᠎ᠲᠤ ᠠᠰᠢᠭ ᠬᠦᠷᠲᠡᠭᠡᠬᠦ ᠰᠢᠷᠢᠰ ᠲᠣᠭᠯᠠᠯᠲᠠ᠂ ᠥᠪᠥᠷ ᠮᠣᠩᠭᠣᠯ᠎ᠤᠨ 《ᠬᠥᠳᠡᠭᠡ ᠲᠣᠰᠬᠣᠨ᠎ᠤ ᠦᠳᠡᠰᠢᠯᠡᠭᠡ》 ᠵᠢᠨ ᠵᠢᠱ᠌ᠢᠶ᠎ᠡ ᠦᠵᠡᠭᠦᠯᠬᠦ ᠦᠵᠡᠭᠦᠯᠦᠯᠭᠡ ᠵᠡᠷᠭᠡ ᠰᠣᠶᠣᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ ᠡᠯ᠎ᠡ ᠱᠠᠲᠤ ᠡᠯ᠎ᠡ ᠭᠠᠵᠠᠷ᠎ᠤᠨ ᠣᠯᠠᠨ ᠨᠡᠢ᠌ᠲᠡ ᠵᠢᠨ ᠨᠣᠮ᠎ᠤᠨ ᠰᠠᠩ᠂ ᠮᠦᠽᠧᠶ ᠵᠢᠴᠢ ᠺᠢᠨᠣ᠋ ᠵᠦᠴᠦᠭᠡ ᠵᠢᠨ ᠲᠢᠶᠠᠲᠷ᠂ ᠴᠡᠴᠡᠷᠯᠢᠭ᠂ ᠪᠡᠶ᠎ᠡ ᠵᠢᠨ ᠲᠠᠮᠢᠷ᠎ᠤᠨ ᠲᠠᠯᠠᠪᠠᠶ ᠵᠡᠷᠭᠡ ᠠᠵᠢᠯᠯᠠᠭ᠋ᠠᠨ᠎ᠤ ᠣᠷᠣᠨ ᠵᠠᠶ᠎ᠨᠢ ᠨᠡᠭᠡᠭᠡᠯᠲᠡ ᠬᠢᠬᠦ ᠴᠠᠭ᠎ᠢ ᠪᠠᠲᠤᠯᠠᠵᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠭᠰᠠᠨ ᠤᠷᠢᠲᠠᠯ ᠳᠣᠤᠷ᠎ᠠ᠂ 《ᠬᠡᠮᠵᠢᠶ᠎ᠡ ᠵᠢ ᠬᠢᠵᠠᠭ᠋ᠠᠷᠯᠠᠬᠤ᠂ ᠪᠣᠯᠵᠣᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ》 ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠭᠥᠯᠢᠶᠡᠨ ᠠᠪᠬᠤ ᠬᠡᠮᠵᠢᠶ᠎ᠡ ᠵᠢ ᠬᠠᠮᠤᠭ᠎ᠤᠨ ᠶᠡᠬᠡ ᠳᠠᠭ᠋ᠠᠭ᠋ᠠᠴᠠ ᠵᠢᠨ ᠬᠡᠮᠵᠢᠶ᠎ᠡ ᠵᠢᠨ 75 % ᠵᠢᠨ ᠳᠣᠲᠣᠷ᠎ᠠ ᠬᠢᠵᠠᠭ᠋ᠠᠷᠯᠠᠵᠤ᠂ ᠥᠯᠥ ᠬᠦᠷᠦᠯᠴᠡᠬᠦ᠂ ᠴᠥᠭᠡᠨ ᠴᠤᠭᠯᠠᠷᠠᠬᠤ ᠡᠯ᠎ᠡ ᠲᠥᠷᠥᠯ᠎ᠤᠨ ᠬᠡᠷᠡᠭᠯᠡᠭᠡᠨ᠎ᠤ ᠲᠥᠷᠥᠯ ᠵᠦᠢᠯ ᠪᠠ ᠨᠡᠢ᠌ᠭᠡᠮ᠎ᠤᠨ ᠦᠢᠯᠡᠴᠢᠯᠡᠭᠡ ᠵᠢ ᠢᠳᠡᠪᠬᠢᠲᠡᠶ ᠬᠠᠩᠭ᠋ᠠᠵᠤ᠂ ᠣᠯᠠᠨ ᠲᠦᠮᠡᠨ᠎ᠤ ᠰᠣᠶᠣᠯ ᠵᠢᠭᠤᠯᠴᠢᠯᠠᠯ ᠰᠡᠯᠡᠭᠦᠴᠡᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ ᠬᠠᠩᠭ᠋ᠠᠬᠤ ᠬᠡᠷᠡᠭᠲᠡᠢ᠃

(ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠨᠠᠮ᠎ᠤᠨ ᠬᠣᠷᠢᠶᠠᠨ᠎ᠤ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠶ᠎ᠡ ᠵᠢᠨ ᠲᠠᠮᠢᠷ᠎ᠤᠨ ᠲᠣᠪᠴᠢᠶ᠎ᠠ᠂ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      ᠬᠣᠶᠠᠷ᠂ ᠲᠤᠬᠠᠢ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠬᠠᠮᠢᠶᠠᠷᠤᠯᠲᠠ ᠵᠢᠨ ᠦᠢ᠍ᠯᠡᠴᠢᠯᠡᠭᠡ ᠵᠢ ᠰᠠᠢ᠌ᠲᠤᠷ ᠬᠢᠬᠦ ᠬᠡᠷᠡᠭᠲᠡᠢ᠃
     (ᠳᠣᠯᠣᠭ᠎ᠠ) ᠬᠦᠴᠦ ᠶᠠᠪᠤᠭᠴᠢ ᠬᠦᠮᠦᠰ ᠪᠠ ᠰᠤᠷᠭ᠋ᠠᠭᠤᠯᠢ᠎ᠳᠤ᠎ᠪᠠᠨ ᠬᠣᠴᠤᠷᠤᠭᠰᠠᠨ ᠰᠤᠷᠤᠭᠴᠢᠳ᠎ᠲᠤ ᠰᠠᠢ᠌ᠲᠤᠷ ᠦᠢᠯᠡᠴᠢᠯᠡᠬᠦ ᠬᠡᠷᠡᠭᠲᠡᠶ᠃ ᠭᠠᠳᠠᠨ᠎ᠠ ᠣᠷᠣᠨ᠎ᠠᠴᠠ ᠢᠷᠡᠵᠦ ᠬᠦᠴᠦ ᠶᠠᠪᠤᠭᠴᠢᠳ᠎ᠲᠤ ᠦᠢ᠍ᠯᠡᠴᠢᠯᠡᠬᠦ ᠪᠠᠲᠤᠯᠠᠭ᠎ᠠ ᠵᠢ ᠴᠢᠩᠭ᠋ᠠᠳᠬᠠᠵᠤ᠂ ᠬᠥᠮᠦᠨ ᠬᠡᠷᠡᠭᠯᠡᠬᠦ ᠠᠵᠤ ᠠᠬᠤᠢ᠌ᠯᠠᠯ᠎ᠤᠨ ᠨᠢᠭᠡᠴᠢ᠎ᠨᠦᠭᠦᠳ᠎ᠤᠨ ᠣᠷᠣᠰᠢᠨ ᠰᠠᠭᠤᠵᠤ ᠪᠠᠢ᠌ᠭ᠎ᠠ ᠬᠥᠮᠦᠰ᠎ᠤᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠠᠵᠤ ᠠᠮᠢᠳᠤᠷᠠᠯ᠎ᠢ ᠲᠣᠬᠢᠲᠠᠢ ᠲᠤᠬᠢᠷᠠᠭᠤᠯᠬᠤ ᠵᠢ ᠵᠣᠷᠢᠭᠵᠢᠭᠤᠯᠵᠤ᠂ ᠭᠠᠳᠠᠷ ᠣᠷᠣᠨ᠎ᠠᠴᠠ ᠢᠷᠡᠵᠦ ᠬᠦᠴᠦ ᠶᠠᠪᠤᠭᠴᠢᠳ᠎ᠤᠨ ᠣᠷᠣᠨ ᠰᠠᠭᠤᠴᠠ ᠵᠢᠨ ᠲᠠᠭ᠋ᠠᠯᠠᠮᠵᠢᠲᠠᠢ ᠨᠥᠬᠥᠴᠡᠯ᠎ᠢ ᠦᠨᠡᠨ ᠬᠦ᠌ ᠪᠠᠲᠤᠯᠠᠵᠤ᠂ ᠠᠮᠲᠠ ᠰᠢᠮ᠎ᠡ᠎ᠲᠠᠢ ᠪᠢᠲᠡᠭᠦᠨ᠎ᠤ ᠬᠣᠭᠣᠯᠠ ᠢᠳᠡᠭᠦᠯᠵᠦ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠠᠮᠢᠳᠤᠷᠠᠯ᠎ᠤᠨ ᠵᠤᠭ᠎ᠠ ᠴᠡᠩᠭᠡᠯ᠎ᠢ ᠪᠠᠶᠠᠯᠢᠭᠵᠢᠭᠤᠯᠤᠨ᠂ ᠲᠡᠳᠡᠨ᠎ᠤ ᠠᠯᠤᠰ ᠬᠤᠯᠠ ᠵᠢᠨ ᠲᠦᠷᠦᠯ ᠰᠠᠳᠤᠨ᠎ᠲᠠᠢ᠎ᠪᠠᠨ ᠬᠠᠷᠢᠯᠴᠠᠬᠤ᠎ᠳᠤ᠎ᠨᠢ ᠲᠦᠬᠦᠮ ᠦᠵᠡᠭᠦᠯᠬᠦ ᠬᠡᠷᠡᠭᠲᠡᠢ᠃ ᠡᠪᠦᠯ᠎ᠤᠨ ᠠᠮᠠᠷᠠᠯᠲᠠ ᠪᠠ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠰᠤᠷᠭ᠋ᠠᠭᠤᠯᠢ᠎ᠳᠤ᠎ᠪᠠᠨ ᠦᠯᠡᠳᠡᠭᠰᠡᠨ ᠪᠠᠭᠰᠢ ᠰᠤᠷᠤᠭᠴᠢᠳ᠎ᠢ ᠬᠠᠯᠠᠮᠵᠢᠯᠠᠨ ᠬᠠᠢ᠌ᠷᠠᠯᠠᠬᠤ ᠪᠠ ᠠᠮᠤᠷ ᠲᠦᠪᠰᠢᠨ᠎ᠤ ᠬᠥᠮᠦᠵᠢᠯ ᠬᠠᠮᠢᠶᠠᠷᠤᠯᠲᠠ ᠬᠢᠬᠦ ᠵᠢ ᠴᠢᠩᠭ᠋ᠠᠳᠬᠠᠵᠤ᠂ ᠰᠤᠷᠤᠭᠴᠢᠳ᠎ᠤᠨ ᠬᠣᠭᠣᠯᠠᠨ ᠬᠡᠷ᠎ᠤᠨ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ᠂ ᠪᠠᠢ᠌ᠷᠢ ᠵᠢᠨ ᠬᠡᠷ᠎ᠤᠨ ᠬᠠᠮᠢᠶᠠᠷᠤᠯᠲᠠ᠂ ᠳᠤᠯᠠᠭ᠋ᠠᠯᠠᠭ᠎ᠠ ᠴᠠᠬᠢᠯᠭ᠋ᠠᠨ ᠬᠠᠩᠭ᠋ᠠᠬᠤ᠂ ᠪᠡᠶ᠎ᠡ ᠤᠬᠢᠶᠠᠵᠤ ᠦᠰᠦ ᠵᠠᠰᠠᠬᠤ᠂ ᠲᠦᠷᠭᠡᠨ ᠢᠯᠡᠭᠡᠯᠲᠡ ᠵᠢ ᠭᠥᠯᠢᠶᠡᠨ ᠠᠪᠬᠤ ᠭᠤᠪᠢᠭᠤᠯᠬᠤ ᠵᠡᠷᠭᠡ ᠠᠵᠢᠯ᠎ᠢ ᠰᠠᠢ᠌ᠲᠤᠷ ᠬᠢᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠰᠤᠷᠭ᠋ᠠᠭᠤᠯᠢ ᠵᠢᠨ ᠳᠣᠲᠣᠭ᠋ᠠᠳᠤ ᠵᠢᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ ᠵᠢ ᠥᠷᠨᠢᠭᠦᠯᠵᠦ᠂ ᠰᠤᠷᠭ᠋ᠠᠭᠤᠯᠢ᠎ᠳᠤ᠎ᠪᠠᠨ ᠦᠯᠡᠳᠡᠭᠰᠡᠨ ᠰᠤᠷᠤᠭᠴᠢᠳ᠎ᠤᠨ ᠠᠮᠢᠳᠤᠷᠠᠯ᠂ ᠰᠤᠷᠤᠯᠭ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ᠎ᠳᠤ ᠬᠠᠯᠠᠭᠤᠨ ᠳᠤᠯᠠᠭ᠋ᠠᠨ ᠦᠢᠯᠡᠴᠢᠯᠡᠭᠡ ᠬᠠᠩᠭ᠋ᠠᠵᠤ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠠᠵᠢᠯᠴᠢᠨ᠎ᠤ ᠶᠡᠷᠦᠩᠬᠡᠶ ᠡᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ   ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      (ᠨᠠᠢᠮᠠ) ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭᠲᠡᠢ᠃ ᠸᠢᠳᠢᠣ᠋᠂ ᠤᠲᠠᠰᠤ ᠵᠡᠷᠭᠡ ᠠᠷᠭ᠎ᠠ ᠮᠠᠶᠢᠭ ᠵᠶ᠋ᠡᠷ ᠳᠠᠮᠵᠢᠭᠤᠯᠤᠨ ᠲᠣᠬᠣᠨᠢᠭᠤᠯᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠨᠠᠰᠤᠵᠢᠯ᠎ᠤᠨ ᠠᠰᠠᠷᠠᠮᠵᠢ᠂ ᠨᠡᠢ᠌ᠭᠡᠮ᠎ᠤᠨ ᠠᠰᠠᠷᠠᠮᠵᠢ ᠵᠡᠷᠭᠡ ᠣᠨᠴᠠᠭ᠋ᠠᠢ ᠪᠠᠢ᠌ᠭᠤᠯᠤᠮᠵᠢ ᠵᠢᠴᠢ ᠶᠠᠳᠠᠭᠤ ᠬᠦᠴᠢᠷᠳᠡᠯᠲᠡᠢ ᠨᠠᠰᠤᠲᠠᠢ᠌ᠴᠤᠳ᠂ ᠥᠨᠥᠴᠢᠨ ᠥᠷᠦᠭᠡᠰᠦᠨ ᠬᠡᠦᠬᠡᠳ᠎ᠤᠳ᠂ ᠭᠡᠷ᠎ᠲᠤ᠎ᠪᠠᠨ ᠬᠣᠴᠣᠷᠤᠭᠰᠠᠨ ᠡᠮᠡᠭᠲᠡᠢ᠌ᠴᠦᠳ ᠪᠣᠯᠤᠨ ᠬᠡᠦᠬᠡᠳ᠎ᠤᠳ᠂ ᠠᠮᠢᠳᠤᠷᠠᠯ᠎ᠤᠨ ᠪᠠᠲᠤᠯᠠᠭ᠎ᠠ ᠦᠭᠡᠢ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠦᠰ᠂ ᠵᠡᠮᠳᠡᠭᠴᠦᠳ᠂ ᠮᠡᠳᠡᠷᠡᠯ᠎ᠤᠨ ᠡᠪᠡᠳᠴᠢᠲᠡᠨ ᠵᠡᠷᠭᠡ ᠣᠨᠴᠠᠭ᠋ᠠᠢ ᠬᠥᠮᠦᠰ ᠪᠠ ᠲᠤᠬᠠᠢ ᠵᠢᠨ ᠭᠠᠵᠠᠷ᠎ᠲᠤ᠎ᠪᠠᠨ ᠰᠢᠨᠡᠯᠡᠬᠦ᠎ᠠᠴᠠ ᠪᠣᠯᠵᠤ ᠡᠷᠭᠢᠵᠦ ᠦᠵᠡᠬᠦ ᠵᠢᠨ ᠠᠷᠭ᠎ᠠ ᠦᠭᠡᠢ ᠪᠣᠯᠤᠭᠰᠠᠨ ᠨᠠᠰᠤᠲᠠᠢ᠌ᠴᠤᠳ᠂ ᠬᠡᠦᠬᠡᠳ᠎ᠢ ᠪᠠᠭᠲᠠᠭ᠋ᠠᠭᠰᠠᠨ ᠬᠦᠮᠦᠰ᠎ᠢ ᠬᠠᠪᠰᠤᠷᠤᠨ ᠲᠡᠳᠬᠦᠵᠦ ᠬᠠᠯᠠᠮᠵᠢᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
     (ᠶᠢᠰᠦ) ᠠᠮᠤᠷ ᠲᠦᠪᠰᠢᠨ ᠵᠶ᠋ᠡᠷ ᠰᠢᠨᠡᠯᠡᠬᠦ ᠠᠷᠭ᠎ᠠ ᠬᠡᠮᠵᠢᠶ᠎ᠡ ᠵᠢ ᠴᠢᠩᠭ᠋ᠠᠷᠠᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠬᠣᠲᠠ ᠵᠢᠨ ᠰᠢᠲᠠᠮᠠᠬᠠᠶ ᠬᠡᠢ᠂ ᠬᠣᠲᠠ ᠬᠥᠳᠡᠭᠡ ᠵᠢᠨ ᠭᠠᠯ ᠤᠨᠲᠠᠷᠠᠭ᠋ᠠᠬᠤ᠂ ᠤᠰᠤ ᠴᠠᠬᠢᠯᠭ᠋ᠠᠨ ᠬᠡᠢ ᠢᠯᠴᠢ᠂ ᠣᠨᠴᠠ ᠲᠥᠷᠥᠯ᠎ᠤᠨ ᠲᠥᠬᠥᠭᠡᠷᠦᠮᠵᠢ ᠵᠡᠷᠭᠡ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠭᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠵᠢ ᠰᠠᠢ᠌ᠲᠤᠷ ᠠᠳᠬᠤᠵᠤ᠂ ᠫᠤᠤᠵᠢᠩ ᠲᠠᠯᠪᠢᠬᠤ ᠲᠣᠭᠲᠠᠭ᠋ᠠᠯ᠎ᠢ ᠨᠠᠢ᠌ᠳᠠᠪᠤᠷᠢᠵᠢᠭᠤᠯᠬᠤ ᠬᠡᠷᠡᠭᠲᠡᠢ᠃ ᠪᠣᠷᠣᠭ᠋ᠠᠨ ᠴᠠᠰᠤ᠂ ᠮᠥᠰᠥᠲᠦᠯ᠂ ᠬᠦᠢ᠍ᠲᠡᠨ ᠤᠷᠤᠰᠬᠠᠯ ᠵᠡᠷᠭᠡ ᠣᠨᠴᠠᠭ᠋ᠠᠢ ᠴᠠᠭ ᠠᠭᠤᠷ᠎ᠢ ᠰᠡᠷᠭᠡᠢ᠌ᠯᠡᠨ ᠠᠷᠭ᠋ᠠᠴᠠᠭ᠋ᠠᠬᠤ ᠵᠢ ᠴᠢᠩᠭ᠋ᠠᠳᠬᠠᠵᠤ᠂ ᠬᠣᠲᠠ ᠬᠥᠳᠡᠭᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠨᠡᠢ᠌ᠭᠡᠮ᠎ᠤᠨ ᠠᠮᠤᠷ ᠲᠦᠪᠰᠢᠨ᠎ᠢ ᠶᠡᠷᠦᠩᠬᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠦᠨᠳᠦ ᠶᠡᠬᠡ ᠡᠷᠡᠭᠦᠦ ᠵᠢᠨ ᠬᠡᠷᠡᠭ ᠭᠠᠷᠬᠤ ᠵᠢ ᠴᠢᠩᠭ᠎ᠠ ᠰᠡᠷᠭᠡᠢ᠌ᠯᠡᠵᠦ᠂ ᠤᠯᠠᠨ ᠲᠦᠮᠡᠨ᠎ᠤ ᠠᠮᠤᠷ ᠲᠦᠪᠰᠢᠨ ᠵᠶ᠋ᠡᠷ ᠰᠢᠨᠡᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠂ ᠥᠪᠥᠷ ᠮᠣᠩᠭᠣᠯ᠎ᠤᠨ ᠰᠢᠦᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      ᠭᠤᠷᠪᠠ᠂ ᠣᠯᠠᠨ ᠲᠦᠮᠡᠨ᠎ᠤ ᠶᠠᠪᠤᠵᠤ ᠰᠠᠭᠤᠬᠤ᠎ᠳᠤ ᠲᠥᠬᠥᠮ ᠪᠥᠭᠡᠳ ᠡᠮᠬᠢ ᠵᠢᠷᠤᠮ᠎ᠲᠠᠢ ᠪᠠᠢ᠌ᠬᠤ ᠪᠠ ᠪᠠᠷᠠᠭ᠋ᠠᠨ᠎ᠤ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠢ ᠦᠨᠡᠨᠬᠦ ᠪᠠᠲᠤᠯᠠᠬᠤ ᠬᠡᠷᠡᠭᠲᠡᠢ᠃
     (ᠠᠷᠪᠠ) ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠲᠡᠭᠡᠭᠡᠪᠦᠷᠢ ᠵᠢᠨ ᠦᠢᠯᠡᠴᠢᠯᠡᠭᠡᠨ᠎ᠤ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠶ᠃ ᠲᠣᠮᠣ ᠳ᠋ᠠᠢ᠌ᠲ᠋ᠠ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠭᠦᠢᠴᠡᠳ ᠠᠰᠢᠭᠯᠠᠨ᠂ ᠬᠣᠲᠠ ᠵᠢᠨ ᠵᠠᠮ ᠬᠠᠷᠢᠯᠴᠠᠭ᠋ᠠᠨ᠎ᠤ ᠶᠠᠪᠤᠵᠤ ᠰᠠᠭᠤᠬᠤ ᠬᠡᠷᠡᠭᠴᠡᠭᠡ ᠱᠠᠭ᠋ᠠᠷᠳᠠᠯᠭ᠎ᠠ ᠵᠢ ᠵᠠᠳᠠᠯᠤᠨ ᠰᠤᠳᠤᠯᠵᠤ ᠮᠠᠭ᠋ᠠᠳᠯᠠᠬᠤ᠎ᠪᠠᠨ ᠴᠢᠩᠭ᠋ᠠᠳᠬᠠᠵᠤ᠂ ᠬᠣᠲᠠ ᠵᠢᠨ ᠣᠯᠠᠨ ᠨᠡᠢ᠌ᠲᠡ ᠵᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ ᠵᠡᠷᠭᠡ ᠣᠯᠠᠨ ᠨᠡᠢ᠌ᠲᠡ ᠵᠢᠨ ᠦᠢᠯᠡᠴᠢᠯᠡᠭᠡᠨ᠎ᠤ ᠨᠢᠭᠡᠴᠢ ᠪᠣᠯᠤᠨ ᠲᠦᠷᠢᠶᠡᠰᠦᠨ ᠮᠠᠰᠢᠨ ᠲᠡᠷᠭᠡᠨ᠎ᠤ ᠠᠵᠤ ᠠᠬᠤᠢ᠌ᠯᠠᠯ᠎ᠤᠨ ᠬᠡᠷᠡᠭᠴᠡᠭᠡ᠎ᠪᠠᠨ ᠦᠨᠳᠦᠰᠦᠯᠡᠨ ᠲᠡᠭᠡᠭᠡᠪᠦᠷᠢᠯᠡᠬᠦ ᠬᠦᠴᠦᠨ ᠵᠶ᠋ᠡᠨ ᠵᠦᠶ ᠵᠣᠬᠢᠰᠲᠠᠶ ᠲᠣᠬᠢᠷᠠᠭᠤᠯᠬᠤ ᠪᠠ ᠠᠵᠢᠯᠯᠠᠬᠤ ᠴᠠᠭ ᠵᠶ᠋ᠠᠨ ᠤᠷᠲᠤᠳᠬᠠᠬᠤ ᠵᠢ ᠵᠢᠯᠣᠭᠣᠳᠴᠤ᠂ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠬᠦ᠂ ᠵᠤᠭ᠋ᠠᠴᠠᠨ ᠴᠡᠩᠭᠡᠬᠦ ᠵᠡᠷᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠬᠤ ᠬᠡᠷᠡᠭᠲᠡᠶ᠃ ᠠᠶᠠᠨᠴᠢᠳ᠎ᠤᠨ ᠲᠡᠭᠡᠭᠡᠪᠦᠷᠢ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠮᠤᠷ ᠲᠦᠪᠰᠢᠨ᠎ᠤ ᠬᠠᠮᠢᠶᠠᠷᠤᠯᠲᠠ ᠵᠢ ᠪᠠᠢ᠌ᠩᠭᠤᠵᠢᠭᠤᠯᠵᠤ᠂ ᠲᠡᠷᠭᠡ ᠬᠥᠰᠬᠡ᠎ᠳᠤ᠎ᠪᠠᠨ ᠰᠠᠯᠬᠢ ᠵᠢᠪᠠᠷ ᠨᠡᠪᠲᠡᠷᠡᠭᠦᠯᠬᠦ ᠠᠷᠢᠭᠤᠳᠬᠠᠬᠤ ᠵᠢ ᠦᠨᠡᠨ ᠬᠦ᠌ ᠪᠠᠲᠤᠯᠠᠵᠤ᠂ ᠠᠶᠠᠨᠴᠢᠳ ᠰᠠᠭᠤᠬᠤ ᠨᠣᠷᠮ᠎ᠠ ᠵᠢ ᠴᠢᠩᠭ᠎ᠠ ᠡᠵᠡᠮᠳᠡᠵᠦ᠂ ᠬᠤᠪᠢ ᠬᠥᠮᠦᠨ᠎ᠤ ᠰᠡᠷᠭᠡᠢ᠌ᠯᠡᠨ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠪᠢᠯᠧᠲ ᠬᠤᠳᠠᠯᠳᠤᠬᠤ ᠦᠢᠯᠡᠴᠢᠯᠡᠭᠡ᠂ ᠲᠡᠷᠭᠡᠨ᠎ᠳᠤ ᠰᠠᠭᠤᠬᠤ ᠦᠢᠯᠡᠴᠢᠯᠡᠭᠡ ᠵᠢ ᠰᠢᠯᠢᠳᠡᠭᠵᠢᠭᠦᠯᠵᠦ᠂ ᠡᠷᠡᠭᠦᠯ ᠮᠡᠨᠳᠦ ᠵᠢᠨ ᠺᠣᠳ᠋᠂ ᠡᠯᠧᠺᠲᠷᠣᠨ ᠪᠢᠯᠧᠲ ᠵᠡᠷᠭᠡ ᠵᠢᠨ ᠬᠡᠷᠡᠭᠯᠡᠯᠲᠡ ᠵᠢ ᠪᠦᠷᠢᠨᠰᠢᠭᠦᠯᠦᠨ᠂ ᠨᠠᠰᠤᠲᠠᠢ᠌ᠴᠤᠳ ᠵᠡᠷᠭᠡ ᠣᠨᠴᠣᠭᠣᠶ ᠬᠥᠮᠦᠰ᠎ᠤᠨ ᠣᠶᠤᠨᠴᠢᠯᠠᠭᠰᠠᠨ ᠨᠥᠬᠥᠴᠡᠯ ᠳᠣᠤᠷ᠎ᠠ ᠶᠠᠪᠤᠵᠤ ᠰᠠᠭᠤᠬᠤ᠎ᠳᠤ᠎ᠨᠢ ᠦᠢ᠍ᠯᠡᠴᠢᠯᠡᠬᠦ ᠵᠢ ᠪᠠᠲᠤᠯᠠᠬᠤ ᠬᠡᠷᠡᠭᠲᠡᠢ᠃ ᠲᠡᠮᠦᠷ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠨᠢᠭᠡᠴᠢ᠎ᠨᠦᠭᠦᠳ ᠴᠠᠭ᠋ᠠᠨ ᠰᠠᠷ᠎ᠠ ᠵᠢᠨ ᠤᠷᠢᠳ ᠬᠣᠵᠢᠳ ᠵᠶ᠋ᠠᠷ ᠪᠢᠯᠧᠲ ᠪᠤᠴᠠᠭ᠋ᠠᠬᠤ᠎ᠳᠤ ᠰᠦᠢ᠍ᠳᠬᠡᠯ ᠦᠯᠦ ᠬᠤᠷᠢᠶᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠨᠠᠢ᠌ᠳᠠᠪᠤᠷᠢᠵᠢᠭᠤᠯᠬᠤ ᠬᠡᠷᠡᠭᠲᠡᠶ᠃ (ᠠᠷᠠᠳ᠎ᠤᠨ ᠠᠭ᠋ᠠᠷ᠎ᠤᠨ ᠠᠶᠠᠯᠠᠯ᠎ᠤᠨ ᠥᠪᠦᠷ ᠮᠣᠩᠭᠤᠯ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠶᠣᠪᠴᠢᠶ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠤᠮᠫᠠᠨᠢ ᠵᠡᠷᠭᠡ ᠰᠠᠯᠠᠭ᠎ᠠ ᠮᠥᠴᠢᠷ ᠪᠠ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
     (ᠠᠷᠪᠠᠨ ᠨᠢᠭᠡ) ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠳ᠋ ᠪᠠᠷᠠᠭ᠎ᠠ᠂ ᠬᠢᠵᠢᠭ ᠰᠡᠷᠭᠡᠢ᠌ᠯᠡᠬᠦ ᠡᠳ᠋ ᠪᠠᠷᠠᠭ᠎ᠠ᠂ ᠦᠢᠯᠡᠳᠪᠦᠷᠢᠯᠡᠯ ᠠᠮᠢᠳᠤᠷᠠᠯ᠎ᠤᠨ ᠡᠳ᠋ ᠪᠠᠷᠠᠭ᠎ᠠ ᠵᠢᠨ ᠲᠡᠭᠡᠭᠡᠪᠦᠷᠢ ᠵᠢ ᠪᠠᠲᠤᠯᠠᠬᠤ ᠬᠡᠷᠡᠭᠲᠡᠶ᠃ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ᠂ ᠲᠦᠭᠰᠢᠭᠦᠷᠢ ᠪᠠᠭ᠋ᠠᠲᠠᠶ ᠭᠠᠵᠠᠷ ᠣᠷᠣᠨ᠎ᠤ ᠪᠠᠷᠠᠭ᠋ᠠᠨ᠎ᠤ ᠲᠡᠭᠡᠭᠡᠪᠦᠷᠢ ᠵᠢᠨ ᠨᠡᠪᠲᠡᠷᠡᠬᠦ ᠬᠢᠵᠠᠭ᠋ᠠᠷᠯᠠᠯ᠎ᠢ ᠪᠦᠬᠦ ᠲᠠᠯ᠎ᠠ᠎ᠪᠠᠷ ᠦᠭᠡᠢ᠌ᠰᠬᠡᠬᠦ ᠬᠡᠷᠡᠭᠲᠡᠶ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠵᠢᠵᠢᠭ ᠬᠡᠯᠪᠡᠷᠢ ᠵᠢᠨ ᠮᠠᠰᠢᠨ ᠲᠡᠷᠭᠡ᠎ᠠᠴᠠ ᠵᠠᠮ᠎ᠤᠨ ᠰᠦᠢ᠍ᠳᠬᠡᠯ ᠦᠯᠦ ᠬᠤᠷᠢᠶᠠᠬᠤ ᠲᠥᠷᠥ ᠵᠢᠨ ᠪᠣᠳᠣᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠣᠰᠢᠭᠤ ᠰᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠦᠭᠡᠢ ᠳᠤᠷ᠎ᠠ᠎ᠪᠠᠷ ᠵᠶ᠋ᠠᠨ ᠬᠣᠷᠢᠭ᠎ᠠ ᠴᠠᠭ᠋ᠠᠵᠠ ᠭᠠᠷᠭ᠋ᠠᠬᠤ᠂ ᠳᠤᠷ᠎ᠠ᠎ᠪᠠᠷ ᠵᠶ᠋ᠠᠨ ᠵᠠᠮ ᠬᠠᠭ᠋ᠠᠵᠤ ᠵᠠᠮ᠎ᠢ ᠪᠢᠲᠡᠭᠦᠮᠵᠢᠯᠡᠨ ᠵᠠᠮ ᠬᠠᠷᠢᠯᠴᠠᠭ᠎ᠠ ᠵᠢ ᠲᠠᠰᠤᠯᠬᠤ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ ᠡᠯ᠎ᠡ ᠭᠠᠵᠠᠷ ᠣᠷᠣᠨ ᠪᠠ ᠰᠢᠦᠳᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠲᠦᠷᠭᠡᠨ ᠢᠯᠡᠭᠡᠯᠲᠡ ᠵᠢᠨ ᠪᠠᠷᠠᠭ᠋ᠠᠨ᠎ᠤ ᠭᠦᠢᠯᠭᠡᠭᠡ ᠵᠢᠨ ᠠᠵᠤ ᠠᠬᠤᠢ᠌ᠯᠠᠯ᠎ᠤᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠭᠰᠠᠨ ᠤᠷᠢᠲᠠᠯ ᠳᠣᠤᠷ᠎ᠠ᠂ ᠰᠢᠦᠳᠠᠨ᠎ᠤ ᠵᠦᠢ᠍ᠯᠡᠰ ᠲᠦᠷᠭᠡᠨ ᠢᠯᠡᠭᠡᠯᠲᠡ ᠵᠢᠨ ᠵᠦᠢ᠍ᠯᠡᠰ᠎ᠤᠨ ᠲᠡᠭᠡᠭᠡᠪᠦᠷᠢ ᠵᠢᠨ ᠲᠡᠷᠭᠡ ᠬᠥᠰᠬᠡ ᠪᠠ ᠬᠦᠷᠭᠡᠬᠦ ᠲᠡᠷᠭᠡ ᠬᠥᠰᠬᠡ ᠵᠢᠨ ᠰᠠᠭ᠋ᠠᠳ ᠥᠬᠡᠶ ᠠᠶᠠᠯᠠᠬᠤ ᠵᠢ ᠦᠨᠡᠨᠬᠦ ᠪᠠᠲᠤᠯᠠᠵᠤ᠂ ᠲᠦᠷᠭᠡᠨ ᠢᠯᠡᠭᠡᠯᠲᠡ᠎ᠳᠤ ᠢᠳᠡᠪᠬᠢᠲᠡᠶ᠎ᠪᠠᠷ ᠲᠥᠬᠥᠮ ᠨᠥᠬᠥᠴᠡᠯ ᠡᠭᠦᠳᠴᠦ ᠥᠭᠭᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠥᠪᠥᠷ ᠮᠣᠩᠭᠣᠯ᠎ᠤᠨ ᠰᠢᠦᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      ᠳᠥᠷᠪᠡ᠂ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠴᠠᠯᠢᠩ ᠠᠮᠠᠷᠠᠯᠲᠠ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠬᠡᠷᠡᠭᠲᠡᠶ᠃
     (ᠠᠷᠪᠠᠨ ᠬᠣᠶᠠᠷ) ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠵᠤ ᠠᠵᠢᠯᠴᠢᠨ᠎ᠢ ᠦᠯᠡᠳᠡᠭᠡᠬᠦ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠬᠡᠷᠡᠭᠲᠡᠢ᠃ ᠭᠣᠤᠯᠳᠠᠯᠭ᠎ᠠ᠎ᠲᠠᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠦᠢᠯᠡᠳᠪᠦᠷᠢᠯᠡᠯ ᠵᠶ᠋ᠡᠨ ᠵᠣᠭᠰᠣᠭ᠋ᠠᠬᠤ ᠥᠬᠡᠶ ᠪᠠᠢ᠌ᠬᠤ ᠵᠢ ᠳᠡᠮᠵᠢᠵᠦ᠂ ᠠᠵᠤ ᠠᠬᠤᠢ᠌ᠯᠠᠯ᠎ᠤᠨ ᠦᠢᠯᠡᠳᠪᠦᠷᠢᠯᠡᠯ ᠵᠶ᠋ᠡᠨ ᠵᠦᠶ ᠵᠣᠬᠢᠰᠲᠠᠶ ᠲᠣᠬᠢᠷᠠᠭᠤᠯᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠦᠨ ᠴᠢᠯᠦᠭᠡ ᠲᠠᠯᠪᠢᠬᠤ ᠪᠤᠶᠤ ᠲᠣᠬᠢᠷᠠᠭᠤᠯᠤᠨ ᠠᠮᠠᠷᠠᠭᠤᠯᠬᠤ ᠲᠥᠯᠥᠪᠯᠡᠭᠡ ᠲᠣᠭᠲᠠᠭ᠋ᠠᠵᠤ᠂ 《ᠠᠵᠢᠯ᠎ᠤᠨ ᠪᠠᠢ᠌ᠷᠢ ᠵᠢᠨ ᠤᠯᠠᠭ᠋ᠠᠨ ᠪᠠᠭᠯᠠᠭ᠎ᠠ》 ᠪᠠ 《ᠣᠨ᠎ᠤ ᠪᠠᠷᠠᠭ᠋ᠠᠨ᠎ᠤ ᠪᠡᠯᠡᠭ》 ᠲᠠᠷᠬᠠᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠠᠵᠢᠯ᠎ᠤᠨ ᠪᠠᠢ᠌ᠷᠢ᠎ᠪᠠᠷ ᠠᠵᠢᠯᠲᠠᠳ ᠵᠶ᠋ᠠᠨ ᠦᠯᠡᠳᠡᠭᠡᠬᠦ᠂ ᠴᠠᠯᠢᠩ ᠵᠶ᠋ᠠᠷ ᠠᠵᠢᠯᠲᠠᠳ ᠵᠶ᠋ᠠᠨ ᠦᠯᠡᠳᠡᠭᠡᠬᠦ ᠵᠢ ᠵᠣᠷᠢᠭᠵᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠨᠡᠯᠢᠶᠡᠳ ᠣᠯᠠᠨ ᠡᠯᠰᠡᠭᠰᠡᠨ ᠠᠵᠤ ᠠᠬᠤᠢ᠌ᠯᠠᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠠᠵᠢᠯᠲᠠᠨ ᠬᠠᠰᠤᠬᠤ ᠥᠬᠡᠶ᠂ ᠠᠵᠢᠯᠲᠠᠨ ᠴᠥᠭᠡᠨ ᠬᠠᠰᠤᠬᠤ ᠬᠡᠷᠡᠭᠲᠡᠢ᠃ ᠡᠯ᠎ᠡ ᠭᠠᠵᠠᠷ᠎ᠤᠨ᠎ᠬᠢᠨ᠎ᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠠᠵᠢᠯ᠎ᠢ᠎ᠨᠢ ᠦᠯᠡᠳᠡᠭᠡᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ᠎ᠲᠠᠢ ᠪᠠᠢ᠌ᠬᠤ ᠠᠵᠤ ᠠᠬᠤᠢ᠌ᠯᠠᠯ᠎ᠳᠤ ᠵᠣᠭᠤᠰ ᠮᠥᠩᠭᠥ ᠵᠢᠨ ᠨᠥᠬᠥᠪᠥᠷᠢ ᠥᠭᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠵᠢᠨ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
     (ᠠᠷᠪᠠᠨ ᠭᠤᠷᠪᠠ) ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠬᠥᠳᠡᠯᠮᠦᠷᠢ ᠵᠢᠨ ᠬᠥᠯᠥᠰᠥ ᠣᠯᠭᠣᠮᠵᠢ ᠵᠢᠨ ᠡᠷᠬᠡ ᠠᠰᠢᠭ᠎ᠢ ᠨᠠᠢ᠌ᠳᠠᠪᠤᠷᠢᠵᠢᠭᠤᠯᠬᠤ ᠬᠡᠷᠡᠭᠲᠡᠶ᠃ ᠡᠷᠬᠡ ᠠᠰᠢᠭ ᠵᠶ᠋ᠠᠨ ᠬᠠᠮᠠᠭ᠋ᠠᠯᠠᠬᠤ ᠠᠷᠭ᠎ᠠ ᠵᠠᠮ᠎ᠢ ᠰᠢᠯᠤᠭᠤᠳᠬᠠᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠵᠡᠷᠭᠡ ᠬᠥᠳᠡᠯᠮᠦᠷᠢᠴᠢᠳ᠎ᠤᠨ ᠴᠠᠯᠢᠩ ᠬᠥᠯᠥᠰᠥ᠂ ᠠᠮᠠᠷᠠᠯᠲᠠ ᠪᠠ ᠠᠮᠠᠷᠠᠯᠲᠠ ᠵᠢᠨ ᠴᠢᠯᠥᠭᠡ ᠵᠢᠨ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠨ᠂ ᠬᠦᠴᠦ ᠶᠠᠪᠤᠭᠴᠢ ᠮᠠᠯᠴᠢᠨ ᠲᠠᠷᠢᠶᠠᠴᠢᠨ᠎ᠤ ᠠᠮᠢᠳᠤᠷᠠᠯ ᠣᠷᠣᠨ ᠰᠠᠭᠤᠴᠠ ᠵᠢᠨ ᠠᠮᠤᠷ ᠲᠦᠪᠰᠢᠨ᠎ᠤ ᠪᠠᠲᠤᠯᠠᠭ᠎ᠠ ᠵᠢ ᠴᠢᠩᠭ᠋ᠠᠳᠬᠠᠵᠤ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ᠂ ᠠᠵᠢᠯ ᠠᠯᠳᠠᠭᠰᠠᠳ᠎ᠤᠨ ᠨᠥᠬᠥᠪᠥᠷᠢ ᠮᠥᠩᠭᠥ ᠵᠡᠷᠭᠡ ᠡᠯ᠎ᠡ ᠵᠦᠢᠯ᠎ᠤᠨ ᠣᠯᠭᠣᠮᠵᠢ ᠵᠢ ᠲᠣᠭᠲᠠᠭ᠋ᠠᠯ ᠶᠣᠰᠣᠭ᠋ᠠᠷ ᠴᠠᠭ ᠲᠤᠬᠠᠶ᠎ᠳᠤ᠎ᠨᠢ ᠨᠠᠢ᠌ᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠠᠵᠢᠯᠲᠠᠨ ᠠᠵᠢᠯᠴᠢᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠬᠡᠷᠡᠭᠲᠡᠢ᠃ ᠠᠵᠤ ᠠᠬᠤᠢ᠌ᠯᠠᠯ᠎ᠤᠨ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠣᠯᠠᠨ ᠲᠦᠮᠡᠨ᠎ᠤ ᠬᠥᠳᠡᠯᠮᠦᠷᠢ ᠵᠢᠨ ᠬᠠᠷᠢᠴᠠᠭ᠎ᠠ ᠵᠢ ᠲᠣᠭᠲᠠᠭᠤᠨ ᠪᠠᠢ᠌ᠯᠭ᠋ᠠᠬᠤ ᠵᠢ᠎ᠨᠢ ᠵᠢᠯᠣᠭᠣᠳᠴᠤ᠂ ᠠᠵᠢᠯᠴᠢᠨ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠤᠨ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠵᠢᠯ᠎ᠤᠨ ᠪᠠᠢ᠌ᠷᠢ᠎ᠳᠤ᠎ᠪᠠᠨ ᠦᠯᠡᠳᠡᠭᠰᠡᠨ ᠠᠵᠢᠯᠲᠠᠨ ᠠᠵᠢᠯᠴᠢᠨ᠎ᠳᠤ ᠴᠠᠭ ᠨᠡᠮᠡᠵᠦ ᠠᠵᠢᠯᠯᠠᠭᠰᠠᠨ ᠴᠠᠯᠢᠩ᠎ᠢ ᠬᠠᠤᠯᠢ ᠶᠣᠰᠣᠭ᠋ᠠᠷ ᠲᠣᠭ᠎ᠠ   ᠪᠦᠷᠢᠨ ᠭᠦᠢᠴᠡᠳ ᠣᠯᠭᠤᠬᠤ ᠬᠡᠷᠡᠭᠲᠡᠢ᠂ ᠬᠠᠤᠯᠢ᠎ᠠᠴᠠ ᠵᠥᠷᠢᠴᠡᠨ ᠬᠥᠳᠡᠯᠮᠦᠷᠢ ᠵᠢᠨ ᠭᠡᠷ᠎ᠡ ᠵᠢ ᠵᠣᠭᠰᠣᠭ᠋ᠠᠬᠤ ᠪᠤᠶᠤ ᠬᠦᠴᠦᠨ ᠥᠬᠡᠶ ᠪᠣᠯᠭ᠋ᠠᠵᠤ ᠪᠣᠯᠬᠤ ᠥᠬᠡᠶ᠃ ᠬᠥᠳᠡᠯᠮᠦᠷᠢ ᠵᠢᠨ ᠵᠠᠭᠤᠷᠠᠯᠳᠤᠭ᠋ᠠᠨ᠎ᠢ ᠬᠥᠨᠳᠡᠯᠡᠨ᠎ᠠᠴᠠ ᠲᠠᠰᠤᠯᠬᠤ ᠪᠠ ᠵᠠᠬᠢᠳᠠᠯ ᠰᠣᠷᠪᠤᠯᠵᠢᠯᠠᠯ᠎ᠢ ᠰᠢᠢ᠍ᠳᠪᠦᠷᠢᠯᠡᠬᠦ ᠠᠷᠭ᠎ᠠ ᠵᠠᠮ᠎ᠢ ᠰᠢᠯᠤᠭᠤᠳᠬᠠᠵᠤ᠂ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      ᠲᠠᠪᠤ᠂ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠬᠤ ᠬᠡᠷᠡᠭᠲᠡᠶ᠃
     (ᠠᠷᠪᠠᠨ ᠳᠥᠷᠪᠡ) ᠶᠠᠷᠢᠶ᠎ᠠ ᠬᠡᠯᠡᠯᠴᠡᠭᠡ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠬᠤ ᠬᠡᠷᠡᠭᠲᠡᠢ᠃ ᠭᠣᠤᠯ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠰᠢᠨ᠎ᠡ ᠲᠠᠪᠴᠠᠩ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠠᠮᠢᠳᠤᠷᠠᠯ᠎ᠤᠨ ᠡᠳ᠋ ᠪᠣᠳᠠᠰ᠎ᠤᠨ ᠬᠠᠩᠭ᠋ᠠᠯᠭ᠎ᠠ ᠵᠢ ᠪᠠᠲᠤᠯᠠᠬᠤ᠂ ᠣᠯᠠᠨ ᠲᠦᠮᠡᠨ᠎ᠤ ᠶᠠᠪᠤᠵᠤ ᠰᠠᠭᠤᠬᠤ᠎ᠳᠤ᠎ᠨᠢ ᠲᠥᠬᠥᠮ ᠦᠵᠡᠭᠦᠯᠬᠦ᠂ ᠣᠯᠠᠨ ᠲᠦᠮᠡᠨ᠎ᠤ ᠲᠤᠬᠠᠶ ᠵᠢᠨ ᠭᠠᠵᠠᠷ᠎ᠲᠤ᠎ᠪᠠᠨ ᠰᠢᠨᠡᠯᠡᠬᠦ ᠵᠢ ᠬᠠᠯᠠᠮᠵᠢᠯᠠᠨ ᠬᠠᠢ᠌ᠷᠠᠯᠠᠬᠤ ᠵᠡᠷᠭᠡ ᠲᠠᠯ᠎ᠠ᠎ᠪᠠᠷ ᠠᠪᠬᠤ ᠠᠷᠭ᠎ᠠ ᠬᠡᠮᠵᠢᠶ᠎ᠡ ᠵᠢ ᠥᠷᠭᠡᠨ ᠵᠶ᠋ᠡᠷ ᠤᠬᠠᠭᠤᠯᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠠᠵᠢᠯ᠎ᠤᠨ ᠪᠠᠢ᠌ᠷᠢ᠎ᠪᠠᠨ ᠪᠠᠲᠤ ᠰᠠᠬᠢᠭᠰᠠᠨ᠂ ᠰᠠᠢ᠌ᠨ ᠳᠤᠷ᠎ᠠ᠎ᠠᠴᠠ᠎ᠪᠠᠨ ᠦᠢ᠍ᠯᠡᠴᠢᠯᠡᠭᠰᠡᠨ᠂ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠥᠯᠢᠭᠡᠷ᠎ᠢ ᠰᠠᠢ᠌ᠲᠤᠷ ᠶᠠᠷᠢᠵᠤ᠂ ᠰᠠᠢ᠌ᠨ ᠰᠠᠢ᠌ᠬᠠᠨ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠷᠠᠳᠢᠣ᠋ ᠲᠧᠯᠸᠢᠰ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
     (ᠠᠷᠪᠠᠨ ᠲᠠᠪᠤ) ᠪᠠᠶᠠᠷ᠎ᠤᠨ ᠡᠳᠦᠷ᠎ᠤᠨ ᠰᠡᠷᠭᠡᠢ᠌ᠯᠡᠨ ᠬᠠᠮᠠᠭ᠋ᠠᠯᠠᠬᠤ ᠤᠬᠠᠭᠤᠯᠭ᠎ᠠ ᠵᠢ ᠰᠠᠢ᠌ᠲᠤᠷ ᠬ᠋ᠢᠬᠦ ᠬᠡᠷᠡᠭᠲᠡᠢ᠃ ᠪᠣᠯᠪᠠᠰᠤᠨ ᠡᠷᠡᠭᠦᠯ ᠰᠠᠷᠠᠭᠤᠯ᠂ ᠪᠣᠬᠢᠷᠲᠤᠯ ᠥᠬᠡᠶ ᠣᠷᠴᠢᠨ ᠲᠣᠭᠣᠷᠢᠨ᠎ᠢ ᠬᠠᠮᠠᠭ᠋ᠠᠯᠠᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠰᠠᠨᠠᠭ᠋ᠠᠴᠢᠯᠠᠵᠤ᠂ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠭᠠᠷ ᠵᠶ᠋ᠠᠨ ᠪᠠᠢ᠌ᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠰᠢᠨᠵᠢᠯᠡᠬᠦ ᠤᠬᠠᠭ᠋ᠠᠨᠴᠢ᠎ᠪᠠᠷ ᠠᠮᠠᠪᠴᠢ ᠵᠡᠭᠦᠬᠦ᠂ ᠨᠡᠢ᠌ᠭᠡᠮ᠎ᠤᠨ ᠬᠠᠷᠢᠯᠴᠠᠭ᠋ᠠᠨ᠎ᠤ ᠵᠠᠶ ᠵᠢ ᠪᠠᠲᠤᠯᠠᠬᠤ ᠵᠡᠷᠭᠡ ᠰᠠᠢ᠌ᠨ ᠰᠠᠢ᠌ᠬᠠᠨ ᠳᠠᠳᠬᠠᠯ᠎ᠢ ᠪᠤᠢ ᠪᠣᠯᠭ᠋ᠠᠬᠤ ᠬᠡᠷᠡᠭᠲᠡᠢ᠃ ᠤᠯᠠᠨ ᠲᠦᠮᠡᠨ᠎ᠤ ᠲᠤᠬᠠᠢ ᠵᠢᠨ ᠭᠠᠵᠠᠷ᠎ᠲᠤ᠎ᠪᠠᠨ ᠰᠢᠨᠡᠯᠡᠬᠦ ᠬᠠᠯᠠᠮᠰᠢᠯ ᠠᠰᠠᠭᠤᠳᠠᠯ᠎ᠢ ᠨᠢᠭᠲᠠ ᠠᠩᠬᠠᠷᠴᠤ᠂ ᠤᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠴᠠᠭ ᠲᠤᠬᠠᠢ᠎ᠳᠤ᠎ᠨᠢ ᠬᠠᠷᠢᠭᠤᠯᠲᠠ ᠥᠭᠴᠦ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠭᠡᠮ ᠰᠣᠭᠣᠭ᠎ᠢ ᠴᠢᠷᠮᠠᠢ᠌ᠨ ᠠᠷᠢᠯᠭ᠋ᠠᠵᠤ᠂ ᠨᠡᠢ᠌ᠭᠡᠮ᠎ᠤᠨ ᠠᠮᠤᠷ ᠲᠣᠭᠲᠠᠭᠤᠨ᠂ ᠠᠮᠤᠷ ᠲᠦᠪᠰᠢᠨ᠂ ᠠᠮᠤᠷ ᠲᠠᠢ᠌ᠪᠤᠩ᠎ᠢ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠪᠣᠯᠤᠨ ᠡᠯ᠎ᠡ ᠠᠢ᠌ᠮᠠᠭ ᠬᠤᠳᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠵᠶ᠋ᠠᠷ ᠵᠶ᠋ᠠᠨ ᠬᠠᠷᠢᠭᠤᠴᠠᠬᠤ ᠬᠡᠷᠡᠭᠲᠡᠢ)
      ᠵᠢᠷᠭᠤᠭ᠎ᠠ᠂ ᠪᠠᠲᠤᠯᠠᠭ᠎ᠠ ᠵᠢᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠨ᠎ᠠ᠃
     (ᠠᠷᠪᠠᠨ ᠵᠢᠷᠭᠤᠭ᠎ᠠ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠠᠵᠢᠯ᠎ᠤᠨ ᠪᠠᠢ᠌ᠷᠢ᠎ᠪᠠᠨ ᠪᠠᠲᠤ ᠰᠠᠬᠢᠵᠤ᠂ ᠤᠷᠢᠳᠴᠢᠯᠠᠨ ᠵᠢᠯᠣᠭᠣᠳᠴᠤ᠂ ᠠᠷᠭ᠎ᠠ ᠬᠡᠮᠵᠢᠶ᠎ᠡ᠎ᠪᠠᠨ ᠨᠠᠷᠢᠯᠢᠬ᠍ᠵᠢᠭᠤᠯᠵᠤ᠂ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠡᠯ᠎ᠡ ᠪᠦᠷᠢᠯᠳᠦᠬᠦᠨ ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ ᠲᠤᠬᠠᠢ ᠵᠢᠨ ᠭᠠᠵᠠᠷ᠎ᠲᠤ᠎ᠪᠠᠨ ᠰᠢᠨᠡᠯᠡᠬᠦ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠪᠡᠶ᠎ᠡ᠎ᠪᠠᠷ ᠵᠶ᠋ᠡᠨ ᠪᠠᠢ᠌ᠷᠢᠯᠠᠭᠤᠯᠬᠤ ᠬᠡᠷᠡᠭᠲᠡᠢ᠃ ᠲᠤᠰᠬᠠᠶ ᠬᠥᠮᠦᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ᠎ᠤᠨ ᠪᠠᠢ᠌ᠷᠢ᠎ᠳᠤ᠎ᠪᠠᠨ ᠵᠢᠵᠢᠭᠦᠷ ᠳᠠᠭ᠋ᠠᠭᠤᠯᠬᠤ᠂ ᠪᠠᠢ᠌ᠴᠠᠭ᠋ᠠᠬᠤ ᠬᠢᠨᠠᠨ ᠵᠢᠯᠣᠭᠣᠳᠬᠤ ᠵᠢ ᠴᠢᠩᠭ᠎ᠠ ᠬᠡᠷᠡᠭᠵᠢᠭᠦᠯᠵᠦ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ ᠡᠯ᠎ᠡ ᠵᠦᠢᠯ᠎ᠤᠨ ᠠᠵᠢᠯ᠎ᠤᠨ ᠬᠡᠪ᠎ᠤᠨ ᠡᠷᠭᠢᠯᠲᠡ ᠵᠢ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ᠎ᠤᠨ ᠡᠯ᠎ᠡ ᠪᠦᠷᠢᠯᠳᠦᠬᠦᠨ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠬᠤ ᠬᠡᠷᠡᠭᠲᠡᠢ)
     (ᠠᠷᠪᠠᠨ ᠳᠣᠯᠣᠭ᠎ᠠ) ᠠᠩᠬᠠᠷᠴᠤ ᠪᠦᠬᠦᠢ ᠠᠰᠠᠭᠤᠳᠠᠯ᠎ᠢ ᠦᠨᠡᠨᠬᠦ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ᠎ᠨᠤᠭᠤᠳ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠪᠠᠨ ᠲᠤᠰᠬᠠᠬᠤ ᠠᠷᠭ᠎ᠠ ᠵᠠᠮ᠎ᠢ ᠰᠢᠯᠤᠭᠤᠳᠬᠠᠵᠤ᠂ ᠣᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠡᠯ᠎ᠡ ᠲᠥᠷᠥᠯ᠎ᠤᠨ ᠠᠷᠠᠳ᠎ᠤᠨ ᠠᠮᠢᠳᠤᠷᠠᠯ᠎ᠤᠨ ᠠᠰᠠᠭᠤᠳᠠᠯ᠎ᠳᠤ ᠴᠠᠭ ᠲᠤᠬᠠᠶ᠎ᠳᠤ᠎ᠨᠢ ᠬᠠᠷᠢᠭᠤ ᠦᠭᠬᠦ ᠪᠠ ᠰᠢᠢᠳᠪᠦᠷᠢᠯᠡᠵᠦ᠂ ᠣᠯᠠᠨ ᠲᠦᠮᠡᠨ᠎ᠤ ᠦᠢᠯᠡᠳᠪᠦᠷᠢᠯᠡᠯ ᠠᠮᠢᠳᠤᠷᠠᠯ᠎ᠳᠤ ᠦᠵᠡᠭᠦᠯᠬᠦ ᠬᠢᠵᠢᠭ᠎ᠤᠨ ᠪᠠᠢ᠌ᠳᠠᠯ᠎ᠤᠨ ᠨᠥᠯᠥᠭᠡ ᠵᠢ ᠬᠠᠮᠤᠭ᠎ᠤᠨ ᠳᠣᠤᠷ᠎ᠠ ᠬᠡᠮᠵᠢᠶᠡᠨ᠎ᠳᠤ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠢ᠌ᠬᠤ ᠬᠡᠷᠡᠭᠲᠡᠶ᠃ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡ ᠵᠢ ᠴᠢᠩᠭ᠋ᠠᠳᠬᠠᠵᠤ᠂ ᠲᠣᠣᠷᠵᠢᠭᠤᠯᠤᠭᠰᠠᠨ᠂ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠵᠢ ᠪᠦᠷᠢᠨᠰᠢᠭᠦᠯᠵᠦ᠂ ᠲᠤᠬᠠᠢ ᠵᠢᠨ ᠭᠠᠵᠠᠷ᠎ᠲᠤ᠎ᠪᠠᠨ ᠰᠢᠨᠡᠯᠡᠬᠦ ᠤᠯᠠᠨ ᠲᠦᠮᠡᠨ᠎ᠤ 《ᠲᠤᠰᠠᠯᠠᠮᠵᠢ ᠤᠯᠬᠤ ᠡᠭᠦᠳᠡ᠎ᠲᠠᠢ᠂ ᠴᠠᠭ ᠲᠤᠬᠠᠢ᠎ᠳᠤ᠎ᠪᠠᠨ ᠲᠤᠰᠠᠯᠠᠮᠵᠢ ᠬᠦᠷᠳᠡᠬᠦ》 ᠵᠢ ᠦᠨᠡᠨ ᠬᠦ᠌ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ᠎ᠤ ᠢᠳᠡᠪᠬᠢᠵᠢᠯ᠎ᠢ ᠭᠦᠢ᠍ᠴᠡᠳ ᠬᠠᠮᠠᠭ᠋ᠠᠯᠠᠨ ᠳᠠᠢ᠌ᠴᠢᠯᠠᠵᠤ᠂ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠨᠢᠭᠡᠳᠦᠭᠡᠷ ᠹᠷᠣᠨᠲ᠎ᠤᠨ ᠠᠵᠢᠯᠲᠠᠳ᠎ᠲᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠴᠠᠭ ᠨᠡᠮᠡᠵᠦ ᠵᠢᠵᠢᠭᠦᠷᠯᠡᠭᠰᠡᠨ᠎ᠳᠤ᠎ᠨᠢ ᠵᠣᠬᠢᠬᠤ ᠨᠥᠬᠥᠪᠥᠷᠢ ᠥᠭᠴᠦ ᠪᠣᠯᠤᠨ᠎ᠠ᠃ ᠡᠯ᠎ᠡ ᠨᠢᠭᠡᠴᠢ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠠᠵᠢᠯᠲᠠᠨ ᠠᠵᠢᠯᠴᠢᠨ᠎ᠳᠤ ᠠᠵᠢᠯ ᠲᠣᠬᠢᠷᠠᠭᠤᠯᠤᠭᠰᠠᠨ ᠪᠠᠢ᠌ᠪᠠᠯ᠂ ᠬᠥᠮᠦᠨ ᠬᠡᠷᠡᠭᠯᠡᠬᠦ ᠨᠢᠭᠡᠴᠢ᠎ᠨᠢ ᠴᠠᠭ ᠨᠡᠮᠡᠵᠦ ᠠᠵᠢᠯᠯᠠᠭᠰᠠᠨ ᠴᠠᠯᠢᠩ᠎ᠢ ᠬᠠᠤᠯᠢ ᠶᠣᠰᠣᠭ᠋ᠠᠷ ᠲᠣᠭ᠎ᠠ ᠪᠦᠷᠢᠨ ᠭᠦᠢᠴᠡᠳ ᠥᠭᠬᠦ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠪᠠ ᠡᠯ᠎ᠡ ᠠᠢ᠌ᠮᠠᠭ ᠬᠣᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ ᠬᠠᠷᠢᠭᠤᠴᠠᠨ᠎ᠠ)
                          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠵᠢᠯᠣᠭᠣᠳᠬᠤ ᠭᠠᠵᠠᠷ

ᠢᠷᠡᠯᠲᠡ᠄ ᠥᠪᠦᠷ ᠮᠣᠩᠭᠤᠯ᠎ᠤᠨ ᠵᠠᠰᠠᠭ᠎ᠤᠨ ᠣᠷᠳᠤᠨ