2021 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠵᠠᠷᠯᠠᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠄
ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠴᠠᠭ᠋ᠠᠯᠲᠠ ᠵᠢᠨ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠶ᠋ᠢᠷ᠎ᠠ ᠵᠢᠨ ᠬᠤᠭᠤᠴᠠᠭ᠋ᠠᠨ᠎ᠳᠤ 2021 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠰᠤᠭᠤᠴᠢᠨ ᠪᠠᠢ᠌ᠴᠠᠭ᠋ᠠᠯᠲᠠ ᠬᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠭᠡ ᠬᠣᠯᠪᠣᠭᠳᠠᠯ ᠪᠥᠬᠥᠶ ᠪᠠᠶ᠋ᠢᠳᠠᠯ᠎ᠢ ᠳᠣᠤᠷᠠᠬᠢ ᠮᠡᠲᠦ ᠵᠠᠷᠯᠠᠪᠠ᠄
ᠨᠢᠭᠡ᠂ ᠶᠡᠷᠦᠩᠬᠡᠶ ᠪᠠᠶ᠋ᠢᠳᠠᠯ
(ᠨᠢᠭᠡ) ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠠᠵᠢᠯᠯᠠᠭᠤᠯᠵᠤ ᠪᠠᠶ᠋ᠢᠭ᠎ᠠ 549 ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠎ᠠᠴᠠ 272 ᠵᠢ ᠰᠤᠭᠤᠴᠢᠨ ᠪᠠᠶ᠋ᠢᠴᠠᠭ᠋ᠠᠪᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ 160 ᠰᠦᠯᠵᠢᠶᠡᠨ ᠥᠷᠲᠡᠭᠡ ᠵᠢᠴᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶᠡᠨ ᠥᠷᠲᠡᠭᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100% ᠪᠣᠯᠤᠨ᠎ᠠ; ᠪᠤᠰᠤᠳ 112 ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 30% ᠪᠣᠯᠤᠨ᠎ᠠ᠃ ᠰᠤᠭᠤᠴᠢᠨ ᠪᠠᠢ᠌ᠴᠠᠭ᠋ᠠᠭᠰᠠᠨ᠎ᠤ ᠳ᠋ᠦᠩ᠎ᠳᠤ 6 ᠲᠣᠪᠣᠶ᠋ᠢᠮ᠎ᠠ ᠠᠰᠠᠭᠤᠳᠠᠯ ᠣᠷᠣᠰᠢᠵᠤ ᠪᠠᠶ᠋ᠢᠭ᠎ᠠ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠢᠯᠡᠷᠡᠭᠦᠯᠵᠦ᠂ ᠶᠡᠷᠦᠩᠬᠡᠶ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 97.79% ᠪᠠᠶ᠋ᠢᠵᠤ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠣᠤᠯ ᠠᠶ᠋ᠢᠮᠠᠭ᠂ ᠤᠯᠠᠭ᠋ᠠᠨᠴᠠᠪ ᠬᠣᠲᠠ᠂ ᠣᠷᠳᠣᠰ ᠬᠣᠲᠠ᠂ ᠠᠯᠠᠱ᠌ᠠ ᠠᠶ᠋ᠢᠮᠠᠭ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 100% ᠪᠣᠯᠤᠨ᠎ᠠ᠃
(ᠬᠣᠶᠠᠷ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠨᠢᠭᠡᠳᠦᠭᠡᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ 5185 ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ 2270 ᠵᠢ ᠰᠤᠭᠤᠴᠢᠨ ᠪᠠᠢ᠌ᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100%᠎ᠳᠤ ᠬᠦᠷᠴᠦ᠂ ᠡᠯ᠎ᠡ ᠠᠶ᠋ᠢᠮᠠᠭ᠎ᠤᠨ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 40%᠎ᠳᠤ ᠬᠥᠷᠪᠡ᠃ ᠰᠤᠭᠤᠴᠢᠨ ᠪᠠᠢ᠌ᠴᠠᠭ᠋ᠠᠭᠰᠠᠨ᠎ᠤ ᠳ᠋ᠦᠩ᠎ᠳᠤ ᠬᠢᠷᠢ ᠲᠡᠩᠴᠡᠭᠰᠡᠨ ᠥᠬᠡᠶ 119 ᠰᠢᠨ᠎ᠡ ᠵᠠᠭᠤᠴᠢᠯᠠᠭᠤᠷ᠎ᠢ ᠢᠯᠡᠷᠡᠭᠦᠯᠵᠦ᠂ ᠶᠡᠷᠦᠩᠬᠡᠶ ᠬᠢᠷᠢ ᠲᠡᠩᠴᠡᠭᠰᠡᠨ ᠨᠣᠷᠮ᠎ᠠ᠎ᠨᠢ 94.77% ᠪᠠᠶ᠋ᠢᠵᠤ᠂ ᠡᠭᠦᠨ᠎ᠳᠤ ᠬᠥᠬᠡᠬᠣᠲᠠ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠣᠷᠳᠣᠰ ᠬᠣᠲᠠ ᠵᠡᠷᠭᠡ 5 ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ᠎ᠨᠢ ᠶᠡᠷᠦᠩᠬᠡᠶ ᠬᠢᠷᠢ ᠲᠡᠩᠴᠡᠭᠰᠡᠨ ᠨᠣᠷᠮ᠎ᠠ᠎ᠠᠴᠠ ᠥᠨᠳᠥᠷ ᠪᠠᠶ᠋ᠢᠨ᠎ᠠ᠃
ᠬᠣᠶᠠᠷ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ
(ᠨᠢᠭᠡ) ᠰᠦᠯᠵᠢᠶᠡᠨ ᠥᠷᠲᠡᠭᠡ᠎ᠪᠠᠨ ᠰᠢᠨᠡᠳᠬᠡᠬᠦ ᠥᠬᠡᠶ ᠪᠠᠶ᠋ᠢᠬᠤ ᠵᠢᠴᠢ ᠪᠤᠯᠤᠩ ᠬᠣᠭᠣᠰᠣᠨ ᠪᠠᠢ᠌ᠳᠠᠯ ᠮᠥᠨ ᠬᠦ᠌ ᠨᠡᠯᠢᠶᠡᠳ ᠲᠣᠪᠣᠶ᠋ᠢᠮ᠎ᠠ ᠪᠠᠶ᠋ᠢᠨ᠎ᠠ᠃ ᠦᠬᠠᠶ ᠬᠣᠲᠠ ᠵᠢᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠰᠦᠯᠵᠢᠶᠡᠨ᠎ᠤ ᠲᠡᠷᠢᠭᠦᠨ ᠨᠢᠭᠤᠷ᠎ᠢ ᠰᠢᠨᠡᠳᠬᠡᠭᠰᠡᠨ ᠦᠭᠡᠢ 2 ᠭᠠᠷᠠᠭ᠎ᠠᠴᠠ ᠬᠡᠲᠦᠷᠡᠪᠡ; ᠷᠠᠰᠢᠶᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ᠎ᠤ 《ᠬᠠᠤᠯᠢ ᠶᠣᠰᠣᠭ᠋ᠠᠷ ᠵᠠᠰᠠᠭ ᠶᠠᠪᠤᠭᠤᠯᠬᠤ》 ᠲᠤᠰᠬᠠᠶ ᠰᠡᠳᠦᠪ᠎ᠤᠨ ᠬᠣᠭᠣᠰᠣᠨ ᠪᠤᠯᠤᠩ᠎ᠨᠢ 5 ᠵᠢ ᠳᠠᠪᠠᠵᠠᠶ᠃
(ᠬᠣᠶᠠᠷ) ᠰᠦᠯᠵᠢᠶᠡᠨ ᠥᠷᠲᠡᠭᠡ ᠵᠢᠨ ᠬᠠᠷᠢᠯᠴᠠᠨ ᠦᠢ᠍ᠯᠡᠳᠦᠯᠴᠡᠬᠦ ᠬᠢᠷᠢ ᠲᠦᠪᠰᠢᠨ᠎ᠢ ᠳᠡᠭᠡᠭᠰᠢᠯᠡᠭᠦᠯᠬᠦ ᠴᠢᠬᠤᠯᠠᠲᠠᠶ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠠᠨ᠋ᠥ ᠰᠦᠯᠵᠢᠶ᠎ᠡ᠂ ᠬᠥᠬᠡᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠰᠦᠯᠵᠢᠶᠡᠨ ᠥᠷᠲᠡᠭᠡ᠎ᠨᠢ ᠰᠦᠯᠵᠢᠶᠡᠨ ᠳᠡᠭᠡᠷ᠎ᠡ ᠠᠰᠠᠭᠤᠨ ᠯᠠᠪᠯᠠᠬᠤ ᠪᠠ ᠰᠠᠨᠠᠯ ᠵᠥᠪᠯᠡᠯᠭᠡ ᠳᠤᠷᠠᠳᠬᠤ ᠪᠦᠲᠦᠮᠵᠢᠲᠡᠶ ᠠᠷᠭ᠎ᠠ ᠵᠠᠮ᠎ᠢ ᠬᠠᠩᠭ᠋ᠠᠭᠰᠠᠨ ᠦᠭᠡᠢ; ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡᠨ᠎ᠤ ᠠᠰᠠᠭᠤᠨ ᠯᠠᠪᠯᠠᠬᠤ ᠪᠤᠯᠤᠩ᠎ᠳᠤ ᠬᠡᠪ᠎ᠤᠨ ᠪᠠᠢ᠌ᠳᠠᠯ ᠵᠶ᠋ᠠᠷ ᠦᠭᠡ ᠦᠯᠡᠳᠡᠭᠡᠵᠦ ᠳᠡᠢ᠌ᠯᠬᠦ ᠦᠭᠡᠢ; ᠰᠥᠨᠢᠳ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠵᠡᠷᠭᠡ ᠰᠦᠯᠵᠢᠶᠡᠨ ᠥᠷᠲᠡᠭᠡ ᠵᠢᠨ ᠦᠭᠡ ᠦᠯᠡᠳᠡᠭᠡᠵᠦ ᠢᠯᠡ ᠪᠣᠯᠭ᠋ᠠᠬᠤ ᠪᠤᠯᠤᠩ ᠵᠶ᠋ᠠᠨ ᠰᠢᠨᠡᠳᠬᠡᠭᠰᠡᠨ ᠦᠭᠡᠢ 2 ᠰᠠᠷ᠎ᠠ᠎ᠠᠴᠠ ᠬᠡᠲᠦᠷᠡᠪᠡ; ᠵᠠᠯᠠᠶ᠋ᠢᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ 5 ᠵᠤᠷᠪᠤᠰ ᠢᠯᠡ ᠪᠣᠯᠭ᠋ᠠᠬᠤ᠎ᠪᠠᠷ ᠦᠯᠡᠳᠡᠭᠡᠭᠰᠡᠨ ᠦᠭᠡ᠎ᠳᠤ ᠰᠤᠭᠤᠴᠢᠨ ᠪᠠᠢ᠌ᠴᠠᠭ᠋ᠠᠯᠲᠠ ᠬᠢᠬᠦ᠎ᠳᠤ ᠴᠥᠮ 《ᠬᠠᠷᠢᠭᠤ ᠥᠭᠬᠦ ᠨᠢᠭᠡᠴᠢ》 ᠵᠢᠨ ᠡᠯᠧᠮᠧᠨ᠋ᠲ ᠳᠤᠲᠠᠭᠳᠠᠵᠤ ᠪᠠᠶ᠋ᠢᠬᠤ ᠪᠥᠭᠡᠳ ᠦᠯᠡᠳᠡᠭᠡᠭᠰᠡᠨ ᠦᠭᠡ ᠵᠢᠨ ᠪᠦᠷᠢᠳᠬᠡᠯ᠎ᠤᠨ ᠲᠣᠭ᠎ᠠ ᠪᠠᠷᠢᠮᠲᠠ ᠵᠢ ᠢᠯᠡ ᠪᠣᠯᠭ᠋ᠠᠭᠰᠠᠨ ᠥᠬᠡᠶ᠃
(ᠭᠤᠷᠪᠠ) ᠰᠦᠯᠵᠢᠶᠡᠨ ᠥᠷᠲᠡᠭᠡ ᠵᠢᠨ ᠴᠢᠳᠠᠮᠵᠢ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠬᠦ ᠴᠢᠬᠤᠯᠠᠲᠠᠶ᠃ ᠣᠨᠴᠠ ᠵᠠᠷᠢᠮ ᠰᠦᠯᠵᠢᠶᠡᠨ ᠥᠷᠲᠡᠭᠡ᠎ᠳᠤ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠵᠦᠢ᠍ᠯᠡᠰ᠎ᠨᠢ ᠬᠣᠭᠣᠰᠣᠨ᠂ ᠵᠦᠭᠯᠡᠭᠦᠷ᠎ᠤᠨ ᠴᠢᠬᠤᠯᠠ ᠡᠯᠧᠮᠧᠨ᠋ᠲ᠎ᠨᠢ ᠣᠨᠣᠪᠴᠢ ᠥᠬᠡᠶ ᠪᠠ ᠵᠢᠷᠤᠮᠵᠢᠭᠰᠠᠨ ᠬᠦᠰᠦᠨᠦᠭᠲᠦ ᠵᠢ ᠣᠯᠬᠤ ᠠᠷᠭ᠎ᠠ ᠵᠠᠮ᠎ᠢ ᠱᠠᠭ᠋ᠠᠷᠳᠠᠯᠭ᠎ᠠ ᠶᠣᠰᠣᠭ᠋ᠠᠷ ᠬᠠᠩᠭ᠋ᠠᠭᠰᠠᠨ ᠥᠬᠡᠶ ᠠᠰᠠᠭᠤᠳᠠᠯ ᠣᠷᠣᠰᠢᠵᠤ ᠪᠠᠶ᠋ᠢᠨ᠎ᠠ; ᠲᠣᠭᠲᠠᠬᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠬᠣᠷᠢᠨᠭᠡᠷ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠎ᠳᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠲᠠᠶ᠋ᠢᠯᠤᠮᠵᠢ ᠵᠢᠨ ᠬᠠᠷᠢᠴᠠᠯ ᠭᠦᠢ᠍ᠴᠡᠳ ᠥᠬᠡᠶ ᠵᠢᠴᠢ ᠲᠠᠶ᠋ᠢᠯᠤᠮᠵᠢ ᠵᠢᠨ ᠡᠬᠡ ᠪᠢᠴᠢᠭ᠎ᠨᠢ ᠣᠭ ᠵᠣᠬᠢᠶᠠᠯ᠎ᠲᠠᠢ ᠬᠣᠯᠪᠣᠭᠳᠠᠯ ᠥᠬᠡᠶ ᠠᠰᠠᠭᠤᠳᠠᠯ ᠣᠷᠣᠰᠢᠵᠤ ᠪᠠᠶ᠋ᠢᠨ᠎ᠠ; ᠳ᠋ᠧᠩᠺᠧᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡᠨ᠎ᠳᠠᠬᠢ ᠬᠠᠶ᠋ᠢᠬᠤ ᠴᠢᠳᠠᠮᠵᠢ᠎ᠨᠢ ᠬᠡᠷᠡᠭᠴᠡᠭᠡ ᠥᠬᠡᠶ ᠪᠠᠶ᠋ᠢᠵᠤ᠂ ᠬᠠᠶ᠋ᠢᠭᠰᠠᠨ ᠳ᠋ᠦᠩ᠎ᠤᠨ ᠴᠥᠷᠬᠡ ᠵᠢ ᠴᠦ᠍ ᠨᠡᠭᠡᠭᠡᠬᠦ ᠵᠢᠨ ᠠᠷᠭ᠎ᠠ ᠥᠬᠡᠶ; ᠪᠠᠶ᠋ᠢᠴᠠᠭ᠋ᠠᠯᠲᠠ ᠳᠤᠮᠳᠠ ᠪᠠᠰᠠ 59 ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ᠎ᠨᠢ IPv6 ᠵᠢᠨ ᠥᠭᠡᠷᠡᠴᠢᠯᠡᠯᠲᠡ ᠵᠢ ᠪᠡᠶᠡᠯᠡᠭᠦᠯᠦᠭᠰᠡᠨ ᠥᠬᠡᠶ᠂ 17 ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ᠎ᠨᠢ ᠨᠢᠭᠡᠳᠦᠯᠲᠡᠶ ᠨᠡᠪᠲᠡᠷᠡᠨ ᠣᠷᠣᠬᠤ ᠪᠠ ᠨᠢᠭᠡ ᠳ᠋ᠤᠭ᠋ᠠᠷ ᠵᠶ᠋ᠠᠷ ᠨᠡᠪᠲᠡᠷᠡᠨ ᠣᠷᠣᠬᠤ ᠪᠠᠶ᠋ᠢᠭᠤᠯᠤᠯᠲᠠ ᠵᠢ ᠪᠡᠶᠡᠯᠡᠭᠦᠯᠦᠭᠰᠡᠨ ᠥᠬᠡᠶ ᠵᠢ ᠣᠯᠵᠤ ᠮᠡᠳᠡᠪᠡ᠃
(ᠳᠥᠷᠪᠡ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠢᠨᠡᠳᠬᠡᠬᠦ ᠥᠬᠡᠶ ᠠᠰᠠᠭᠤᠳᠠᠯ ᠮᠥᠨ ᠬᠦ᠌ ᠨᠡᠯᠢᠶᠡᠳ ᠲᠣᠪᠣᠶ᠋ᠢᠮ᠎ᠠ ᠪᠠᠶ᠋ᠢᠨ᠎ᠠ᠃ ᠸᠢᠴᠠᠲ᠎ᠤᠨ ᠨᠡᠶ᠋ᠢᠲᠡ ᠵᠢᠨ ᠲᠠᠪᠴᠠᠩ 《ᠳ᠋ᠢᠶᠠᠨ ᠽᠢ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ》 《ᠠᠮᠤᠭᠤᠯᠠᠩ ᠲᠦᠪᠰᠢᠨ》 《ᠬᠡᠰᠢᠭᠲᠡᠨ ᠬᠣᠰᠢᠭᠤᠨ᠎ᠤ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠲᠥᠪ》᠂ ᠰᠢᠨ ᠯᠠᠩ ᠪᠢᠴᠢᠯ ᠪᠦᠷᠭᠡ 《ᠣᠲᠣᠭ ᠬᠣᠰᠢᠭᠤᠨ᠎ᠤ ᠵᠠᠮ ᠬᠠᠷᠢᠯᠴᠠᠭ᠎ᠠ ᠲᠡᠭᠡᠭᠡᠪᠦᠷᠢ》 《ᠦᠬᠠᠶ ᠵᠢᠨ ᠵᠢᠭᠤᠯᠴᠢᠯᠠᠯ ᠪᠡᠶ᠎ᠡ ᠵᠢᠨ ᠲᠠᠮᠢᠷ》 《ᠰᠥᠨᠢᠳ ᠪᠠᠷᠠᠭᠤᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ》᠂ ᠥᠨᠥᠳᠦᠷ᠎ᠤᠨ ᠲᠡᠷᠢᠭᠦᠨ ᠵᠤᠷᠪᠤᠰ 《ᠠᠮᠤᠷ ᠲᠠᠢ᠌ᠪᠤᠩ ᠯᠢᠶᠠᠩᠴᠧᠩ》᠂ ᠳ᠋ᠧᠦ ᠶᠢᠨ ᠣᠬᠣᠷ ᠸᠢᠳᠢᠣ᠋ 《ᠲᠦᠩᠯᠢᠶᠣᠤ ᠬᠣᠲᠠ ᠵᠢᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ》 ᠵᠡᠷᠭᠡ ᠰᠢᠨ᠎ᠡ ᠵᠠᠭᠤᠴᠢᠯᠠᠭᠤᠷ᠎ᠲᠤ ᠴᠥᠮ ᠣᠷᠳᠣ ᠬᠤᠭᠤᠴᠠᠭ᠎ᠠ ᠰᠢᠨᠡᠳᠬᠡᠭᠰᠡᠨ ᠥᠬᠡᠶ ᠠᠰᠠᠭᠤᠳᠠᠯ ᠣᠷᠣᠰᠢᠵᠤ ᠪᠠᠶ᠋ᠢᠨ᠎ᠠ᠃
(ᠲᠠᠪᠤ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢ ᠮᠥᠨ ᠬᠦ᠌ ᠲᠡᠭᠦᠯᠳᠡᠷᠵᠢᠭᠦᠯᠬᠦ ᠴᠢᠬᠤᠯᠠᠲᠠᠶ᠃ ᠪᠠᠶ᠋ᠢᠴᠠᠭ᠋ᠠᠬᠤ ᠶᠠᠪᠤᠴᠠ᠎ᠳᠤ ᠡᠯ᠎ᠡ ᠱᠠᠲᠤᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠮᠡᠳᠡᠭᠡ ᠵᠠᠩᠭᠢ ᠵᠢ ᠬᠢᠨᠠᠮᠠᠭ᠋ᠠᠢ ᠬᠢᠨᠠᠨ ᠬᠠᠷᠭᠤᠭᠤᠯᠤᠭᠰᠠᠨ ᠥᠬᠡᠶ᠂ ᠠᠭᠤᠯᠭ᠎ᠠ ᠵᠢ ᠴᠢᠩᠭ᠎ᠠ ᠡᠵᠡᠮᠳᠡᠭᠰᠡᠨ ᠥᠬᠡᠶ᠎ᠠᠴᠠ ᠪᠣᠯᠵᠣ᠂ ᠪᠥᠬᠥ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠰᠢᠰᠲ᠋ᠧᠮ᠎ᠳᠤ ᠮᠥᠨ ᠬᠦ᠌ ᠬᠢᠨᠠᠨ ᠬᠠᠮᠢᠶᠠᠷᠬᠤ ᠬᠡᠪᠴᠢᠶᠡᠨ᠎ᠳᠤ ᠪᠠᠢ᠌ᠬᠤ ᠥᠬᠡᠶ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ ᠣᠷᠣᠰᠢᠵᠤ ᠪᠠᠶ᠋ᠢᠬᠤ ᠵᠢ ᠮᠡᠳᠡᠪᠡ᠃ ᠣᠨᠴᠠ ᠵᠠᠷᠢᠮ ᠬᠡᠷᠡᠭᠯᠡᠭᠴᠢ ᠵᠢᠨ ᠦᠵᠦᠭᠦᠷ᠂ ᠵᠢᠵᠢᠭ ᠫᠷᠤᠭ᠌ᠷᠠᠮ ᠵᠡᠷᠭᠡ ᠵᠢ ᠬᠡᠪ ᠵᠶ᠋ᠠᠷ ᠬᠡᠷᠡᠭᠯᠡᠵᠦ ᠳᠡᠶ᠋ᠢᠯᠬᠦ ᠥᠬᠡᠶ᠂ ᠡᠳᠦᠷ ᠲᠤᠲᠤᠮ᠎ᠤᠨ ᠬᠠᠮᠠᠭ᠋ᠠᠯᠠᠯᠲᠠ ᠬᠦᠷᠦᠯᠴᠡᠬᠦ ᠥᠬᠡᠶ ᠪᠠᠶ᠋ᠢᠳᠠᠯ ᠮᠥᠨ ᠯᠡ ᠣᠷᠣᠰᠢᠭᠰᠠᠭ᠋ᠠᠷ᠃ ᠵᠢᠱ᠌ᠢᠶᠡᠯᠡᠪᠡᠯ 《ᠲᠣᠭ᠎ᠠ ᠪᠠᠷᠢᠮᠲᠠᠲᠤ ᠤᠯᠠᠭ᠋ᠠᠨᠬᠠᠳᠠ》 ᠵᠢᠨ ᠬᠡᠷᠡᠭᠯᠡᠭᠴᠢ ᠵᠢᠨ ᠦᠵᠦᠭᠦᠷ᠂ ᠪᠤᠯᠤᠩ᠎ᠤᠨ ᠨᠢᠭᠤᠷ᠎ᠲᠤ ᠲᠣᠭ᠎ᠠ ᠪᠠᠷᠢᠮᠲᠠ ᠥᠬᠡᠶ᠂ ᠪᠠᠭᠤᠯᠭ᠋ᠠᠭᠰᠠᠨ᠎ᠤ ᠳᠠᠷᠠᠭ᠎ᠠ ᠬᠡᠪ ᠵᠶ᠋ᠠᠷ ᠬᠡᠷᠡᠭᠯᠡᠵᠦ ᠳᠡᠶ᠋ᠢᠯᠬᠦ ᠥᠬᠡᠶ᠃
ᠭᠤᠷᠪᠠ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ
(ᠨᠢᠭᠡ) ᠭᠣᠣᠯᠯᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠤᠨ᠎ᠠ᠃ ᠨᠢᠭᠡ᠎ᠳᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠪᠠᠶ᠋ᠢᠩᠭᠤ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠰᠠᠭᠤᠳᠠᠯ᠎ᠢ ᠢᠯᠡᠷᠡᠭᠦᠯᠪᠡᠯ ᠳᠠᠷᠤᠶ᠋ᠢᠬᠠᠨ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠵᠤ᠂ ᠴᠠᠭ ᠲᠤᠬᠠᠶ᠎ᠳᠤᠨᠢ ᠰᠢᠨᠡᠳᠬᠡᠬᠦ ᠥᠬᠡᠶ ᠪᠠ ᠬᠣᠭᠣᠰᠣᠨ ᠪᠤᠯᠤᠩ ᠦᠯᠡᠳᠡᠭᠡᠬᠦ ᠵᠡᠷᠭᠡ ᠬᠣᠷᠢᠭ᠎ᠠ ᠱᠤᠭᠤᠮ᠎ᠠᠴᠠ ᠵᠠᠢ᠌ᠯᠠᠰᠬᠢᠨ᠎ᠠ; ᠬᠠᠷᠢᠶᠠᠨ᠎ᠳᠠᠬᠢ ᠫᠣᠷᠲ᠋ᠧᠯ ᠰᠦᠯᠵᠢᠶᠡᠨ ᠥᠷᠲᠡᠭᠡ᠎ᠠᠴᠠ ᠨᠡᠯᠢᠶᠡᠳ ᠣᠯᠠᠨ ᠬᠤᠪᠢ ᠬᠠᠰᠤᠭᠤᠯᠤᠭᠰᠠᠨ ᠭᠠᠵᠠᠷ ᠣᠷᠣᠨ᠎ᠤ᠎ᠬᠢᠨ ᠠᠰᠠᠭᠤᠳᠠᠯ᠎ᠤᠨ ᠰᠢᠯᠲᠠᠭ᠋ᠠᠨ᠎ᠢ ᠡᠷᠢᠵᠦ᠂ ᠴᠡᠭᠴᠡᠯᠡᠨ ᠰᠠᠶ᠋ᠢᠵᠢᠷᠠᠭᠤᠯᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ; ᠮᠡᠳᠡᠭᠡ ᠵᠠᠩᠭᠢ ᠵᠢᠨ ᠶᠠᠰᠤ ᠴᠢᠨᠠᠷ᠎ᠢ ᠲᠠᠰᠤᠷᠠᠯᠲᠠ ᠥᠬᠡᠶ ᠰᠠᠢ᠌ᠵᠢᠷᠠᠭᠤᠯᠵᠤ᠂ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠪᠠ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ; ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠰᠦᠯᠵᠢᠶᠡᠨ᠎ᠤ ᠨᠡᠷ᠎ᠡ ᠵᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠳᠢᠭᠯᠡᠵᠦ᠂ ᠰᠤᠯᠠ ᠪᠠᠶ᠋ᠢᠭ᠎ᠠ ᠰᠦᠯᠵᠢᠶᠡᠨ᠎ᠤ ᠨᠡᠷ᠎ᠡ ᠪᠠ ᠲᠣᠭᠲᠠᠭ᠋ᠠᠯ᠎ᠳᠤ ᠥᠯᠥ ᠨᠡᠶ᠋ᠢᠴᠡᠬᠦ ᠰᠦᠯᠵᠢᠶᠡᠨ᠎ᠤ ᠨᠡᠷ᠎ᠡ ᠵᠢ ᠴᠠᠭ ᠲᠤᠬᠠᠢᠳᠤᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ; ᠡᠯ᠎ᠡ ᠨᠢᠭᠡᠴᠢ ᠵᠢᠨ ᠰᠦᠯᠵᠢᠶᠡᠨ ᠥᠷᠲᠡᠭᠡ ᠵᠢᠨ ᠦᠨᠳᠦᠰᠦᠨ ᠮᠡᠳᠡᠭᠡ ᠵᠠᠩᠭᠢ᠎ᠳᠤ ᠬᠤᠪᠢᠷᠠᠯᠲᠠ ᠭᠠᠷᠤᠭᠰᠠᠨ᠎ᠤ ᠳᠠᠷᠠᠭ᠎ᠠ᠂ ᠪᠥᠬᠥ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢᠨ ᠮᠡᠳᠡᠭᠦᠯᠦᠨ ᠬᠦᠷᠭᠡᠬᠦ ᠰᠢᠰᠲ᠋ᠧᠮ᠎ᠳᠤ ᠴᠠᠭ ᠲᠤᠬᠠᠶ᠎ᠳᠤᠨᠢ ᠰᠢᠨᠡᠳᠬᠡᠬᠦ᠎ᠪᠠᠷ ᠰᠢᠮᠳᠠᠭᠤᠯᠬᠤ ᠬᠡᠷᠡᠭᠲᠡᠢ᠃ ᠬᠣᠶᠠᠷ᠎ᠲᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠩᠭᠤ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠯᠠᠨ ᠨᠡᠶ᠋ᠢᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢᠳᠤ ᠰᠠᠭᠤᠷᠢᠯᠠᠵᠤ᠂ ᠲᠠᠪᠴᠠᠩ ᠪᠠᠶ᠋ᠢᠭ᠋ᠠᠳ ᠡᠵᠡᠩᠨᠡᠯᠲᠡ ᠦᠬᠡᠢ᠂ ᠳᠠᠩᠰᠠᠨ᠎ᠤ ᠳ᠋ᠤᠭ᠋ᠠᠷ ᠪᠠᠶ᠋ᠢᠭ᠋ᠠᠳ ᠬᠢᠨᠠᠯᠲᠠ ᠬᠠᠮᠢᠶᠠᠷᠤᠯᠲᠠ ᠦᠬᠡᠢ᠂ ᠨᠡᠢ᠌ᠲᠡᠯᠡᠯ ᠪᠠᠶ᠋ᠢᠲᠠᠯ᠎ᠠ᠎ᠪᠠᠨ ᠬᠢᠨᠠᠨ ᠬᠠᠷᠭᠤᠭᠤᠯᠤᠯᠲᠠ ᠦᠬᠡᠢ ᠵᠡᠷᠭᠡ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ; ᠭᠣᠣᠯ ᠠᠵᠢᠯ᠎ᠤᠨ ᠲᠣᠭᠣᠷᠢᠨ᠎ᠳᠤ ᠭᠣᠣᠯᠳᠠᠯᠭ᠎ᠠ᠎ᠲᠠᠢ᠎ᠪᠠᠷ ᠶᠡᠬᠡ ᠲᠠᠯ᠎ᠠ᠎ᠳᠤ ᠦᠢ᠍ᠯᠡᠴᠢᠯᠡᠵᠦ᠂ ᠭᠣᠣᠯ ᠬᠥᠭ ᠠᠢ᠌ᠵᠠᠮ᠎ᠢ ᠴᠤᠤᠷᠢᠶᠠᠲᠤᠭᠤᠯᠤᠨ᠂ ᠢᠳᠡᠪᠬᠢ ᠬᠦᠴᠦᠨ᠎ᠢ ᠤᠯᠠᠮᠵᠢᠯᠠᠵᠤ᠂ ᠤᠯᠠᠨ ᠲᠦᠮᠡᠨ᠎ᠤ ᠪᠣᠳᠠᠲᠤ ᠶᠠᠪᠤᠳᠠᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠢ; ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠬᠡᠷᠡᠭᠯᠡᠵᠦ ᠪᠠᠶ᠋ᠢᠭ᠎ᠠ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠳᠢᠭᠯᠡᠵᠦ᠂ ᠰᠤᠯᠠ ᠪᠠᠶ᠋ᠢᠭ᠎ᠠ ᠰᠢᠨ᠎ᠡ ᠵᠠᠭᠤᠴᠢᠯᠠᠭᠤᠷ᠎ᠤᠨ ᠲᠠᠩᠰᠠᠨ᠎ᠤ ᠳ᠋ᠤᠭ᠋ᠠᠷ᠎ᠢ ᠴᠠᠭ ᠲᠤᠬᠠᠶ᠎ᠳᠤᠨᠢ ᠬᠦᠴᠦᠨ ᠥᠬᠡᠶ ᠪᠣᠯᠭ᠋ᠠᠵᠤ᠂ ᠬᠤᠪᠢ ᠬᠥᠮᠦᠨ᠎ᠤ ᠲᠠᠩᠰᠠᠨ᠎ᠤ ᠳ᠋ᠤᠭ᠋ᠠᠷ ᠵᠶ᠋ᠠᠷ ᠨᠡᠭᠡᠭᠡᠭᠰᠡᠨ ᠪᠣᠯᠪᠠᠴᠤ ᠨᠢᠭᠡᠴᠢ ᠵᠢᠨ ᠮᠡᠳᠡᠭᠡ ᠵᠠᠩᠭᠢ ᠵᠢ ᠬᠠᠮᠠᠭ᠋ᠠᠯᠠᠬᠤ᠎ᠳᠤ ᠬᠡᠷᠡᠭᠯᠡᠭᠰᠡᠨ ᠪᠠᠶ᠋ᠢᠪᠠᠯ᠂ ᠬᠤᠪᠢᠷᠠᠭᠤᠯᠬᠤ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠬᠦ ᠬᠡᠷᠡᠭᠲᠡᠢ; 《ᠪᠥᠬᠥ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢᠨ ᠮᠡᠳᠡᠭᠦᠯᠦᠨ ᠬᠦᠷᠭᠡᠬᠦ ᠰᠢᠰᠲ᠋ᠧᠮ》᠎ᠢ ᠰᠠᠶ᠋ᠢᠲᠤᠷ ᠬᠡᠷᠡᠭᠯᠡᠵᠦ᠂ ᠦᠨᠳᠦᠰᠦᠨ ᠮᠡᠳᠡᠭᠡ ᠵᠠᠩᠭᠢ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ᠎ᠳᠤ ᠬᠤᠪᠢᠷᠠᠯᠲᠠ ᠭᠠᠷᠤᠭᠰᠠᠨ᠎ᠤ ᠳᠠᠷᠠᠭ᠎ᠠ᠂ ᠲᠣᠰ ᠮᠡᠳᠡᠭᠦᠯᠦᠨ ᠬᠦᠷᠭᠡᠬᠦ ᠰᠢᠰᠲ᠋ᠧᠮ᠎ᠳᠤ ᠴᠠᠭ ᠲᠤᠬᠠᠶ᠎ᠳᠤᠨᠢ ᠰᠢᠨᠡᠳᠬᠡᠵᠦ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
(ᠬᠣᠶᠠᠷ) ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠨᠢᠭᠡ᠎ᠳᠤ᠂ ᠰᠦᠯᠵᠢᠶᠡᠨ ᠥᠷᠲᠡᠭᠡ ᠵᠢᠨ ᠡᠯ᠎ᠡ ᠵᠦᠢ᠍ᠯ᠎ᠤᠨ ᠴᠢᠳᠠᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠪᠤᠯᠤᠩ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠯᠡᠳᠡᠭᠡᠭᠰᠡᠨ ᠦᠭᠡ ᠵᠢ ᠢᠯᠡ ᠪᠣᠯᠭ᠋ᠠᠬᠤ ᠪᠠ ᠲᠣᠭ᠎ᠠ ᠪᠠᠷᠢᠮᠲᠠ ᠵᠢ ᠪᠦᠷᠢᠳᠬᠡᠬᠦ ᠠᠵᠢᠯ᠎ᠢ ᠰᠠᠶ᠋ᠢᠲᠤᠷ ᠬᠢᠵᠦ᠂ ᠬᠠᠷᠢᠭᠤᠯᠠᠬᠤ ᠪᠦᠲᠦᠮᠵᠢ ᠵᠢ ᠳᠡᠭᠡᠭᠰᠢᠯᠡᠭᠦᠯᠦᠨ᠎ᠡ; ᠡᠯ᠎ᠡ ᠲᠥᠷᠥᠯ᠎ᠤᠨ ᠬᠠᠷᠢᠯᠴᠠᠨ ᠦᠢ᠍ᠯᠡᠳᠦᠯᠴᠡᠬᠦ ᠪᠤᠯᠤᠩ᠎ᠢ ᠡᠮᠬᠢᠯᠡᠨ ᠨᠡᠶ᠋ᠢᠯᠡᠭᠦᠯᠬᠦ ᠡᠷᠴᠢᠮ᠎ᠢ ᠴᠢᠩᠭ᠋ᠠᠷᠠᠭᠤᠯᠵᠤ᠂ ᠨᠢᠭᠡᠳᠦᠯᠲᠡᠶ ᠨᠡᠪᠲᠡᠷᠡᠨ ᠣᠷᠣᠬᠤ᠂ ᠨᠢᠭᠡ ᠳ᠋ᠤᠭ᠋ᠠᠷ ᠵᠶ᠋ᠠᠷ ᠨᠡᠪᠲᠡᠷᠡᠨ ᠣᠷᠣᠬᠤ ᠪᠠᠶ᠋ᠢᠭᠤᠯᠤᠯᠲᠠ ᠵᠢ ᠪᠡᠶᠡᠯᠡᠭᠦᠯᠦᠨ᠎ᠡ; ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠰᠦᠯᠵᠢᠶᠡᠨ ᠥᠷᠲᠡᠭᠡ ᠵᠢᠨ IPv6 ᠵᠢᠨ ᠥᠭᠡᠷᠡᠴᠢᠯᠡᠯᠲᠡ ᠵᠢ ᠲᠦᠷᠭᠡᠳᠬᠡᠨ᠎ᠡ; ᠰᠦᠯᠵᠢᠶ᠎ᠡ ᠵᠢᠨ ᠬᠠᠢ᠌ᠬᠤ ᠴᠢᠳᠠᠮᠵᠢ ᠵᠢ ᠦᠷᠭᠦᠯᠵᠢᠯᠡᠨ ᠰᠢᠯᠢᠳᠡᠭᠵᠢᠭᠦᠯᠵᠦ᠂ ᠬᠠᠢ᠌ᠬᠤ ᠦᠨᠳᠦᠰᠦᠨ ᠱᠠᠭ᠋ᠠᠷᠳᠠᠯᠭ᠎ᠠ ᠵᠢ ᠬᠠᠩᠭ᠋ᠠᠭᠰᠠᠨ ᠤᠷᠢᠲᠠᠯ ᠳᠣᠤᠷ᠎ᠠ᠂ ᠲᠠᠰᠢᠶ᠎ᠠ ᠥᠰᠥᠭ᠎ᠢ ᠠᠦ᠋ᠲ᠋ᠣ᠋ ᠵᠠᠯᠠᠷᠠᠭᠤᠯᠬᠤ᠂ ᠵᠠᠩᠭᠢᠯᠠᠭ᠎ᠠ ᠵᠢᠨ ᠦᠭᠡ ᠵᠢ ᠲᠠᠨᠢᠯᠴᠠᠭᠤᠯᠬᠤ᠂ ᠠᠪᠢᠶ᠎ᠠ ᠵᠢ ᠬᠤᠪᠢᠷᠠᠭᠤᠯᠵᠤ ᠬᠠᠢ᠌ᠬᠤ ᠪᠠ ᠬᠢᠯᠪᠠᠷ ᠬᠡᠯᠡ᠎ᠪᠠᠷ ᠬᠠᠢ᠌ᠬᠤ ᠵᠡᠷᠭᠡ ᠴᠢᠳᠠᠮᠵᠢ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠦᠢ᠍ᠯᠡᠴᠢᠯᠡᠭᠡᠨ᠎ᠤ ᠴᠢᠳᠠᠮᠵᠢ ᠵᠢ ᠤᠯᠠᠮ ᠰᠢᠯᠢᠳᠡᠭᠵᠢᠭᠦᠯᠦᠨ᠎ᠡ᠃ ᠬᠣᠶᠠᠷ᠎ᠲᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠡᠯ᠎ᠡ ᠵᠦᠢ᠍ᠯ᠎ᠤᠨ ᠴᠢᠳᠠᠮᠵᠢ ᠵᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠪᠤᠯᠤᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠴᠢᠳᠠᠮᠵᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃
(ᠭᠤᠷᠪᠠ) ᠬᠢᠨᠠᠨ ᠬᠠᠮᠢᠶᠠᠷᠬᠤ ᠬᠡᠪᠴᠢᠶ᠎ᠡ ᠵᠢ ᠲᠣᠳᠣᠷᠬᠠᠶ᠋ᠢᠯᠠᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠨ ᠬᠠᠮᠢᠶᠠᠷᠬᠤ ᠡᠷᠴᠢᠮ᠎ᠢ ᠴᠢᠩᠭ᠋ᠠᠳᠬᠠᠨ᠎ᠠ᠃ 2021 ᠣᠨ᠎ᠤ 4 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠡᠷᠭᠢᠯᠡᠭᠰᠡᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠰᠢᠰᠲ᠋ᠧᠮ᠎ᠳᠤ ᠣᠷᠣᠭᠤᠯᠤᠭᠰᠠᠨ ᠲᠠᠩᠰᠠᠨ᠎ᠤ ᠳ᠋ᠤᠭ᠋ᠠᠷ᠎ᠢ ᠪᠦᠬᠦ ᠲᠠᠯ᠎ᠠ᠎ᠪᠠᠷ ᠪᠠᠢ᠌ᠴᠠᠭ᠋ᠠᠵᠤ᠂ ᠬᠢᠨᠠᠨ ᠬᠠᠮᠢᠶᠠᠷᠬᠤ ᠬᠡᠪᠴᠢᠶᠡᠨ᠎ᠳᠤ ᠪᠠᠢ᠌ᠬᠤ ᠥᠬᠡᠶ ᠰᠢᠨ᠎ᠡ ᠵᠠᠭᠤᠴᠢᠯᠠᠭᠤᠷ᠎ᠤᠨ ᠲᠠᠩᠰᠠᠨ᠎ᠤ ᠳ᠋ᠤᠭ᠋ᠠᠷ (ᠬᠤᠪᠢ ᠬᠥᠮᠦᠨ᠎ᠤ ᠲᠠᠩᠰᠠᠨ᠎ᠤ ᠳ᠋ᠤᠭ᠋ᠠᠷ᠂ ᠬᠢᠨᠠᠨ ᠬᠠᠮᠢᠶᠠᠷᠬᠤ ᠬᠡᠪᠴᠢᠶᠡᠨ᠎ᠳᠤ ᠪᠠᠢ᠌ᠬᠤ ᠥᠬᠡᠶ ᠨᠢᠭᠡᠴᠢ ᠵᠢᠨ ᠲᠠᠩᠰᠠᠨ᠎ᠤ ᠳ᠋ᠤᠭ᠋ᠠᠷ) ᠪᠠᠶ᠋ᠢᠬᠤ ᠵᠢ ᠮᠡᠳᠡᠪᠡᠯ᠂ ᠬᠣᠶᠠᠳᠤᠭ᠋ᠠᠷ ᠤᠯᠠᠷᠢᠯ᠎ᠳᠤ ᠲᠡᠭᠦᠨ᠎ᠳᠤ ᠵᠠᠷᠯᠠᠨ ᠮᠡᠳᠡᠭᠳᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠣᠯᠪᠣᠭᠳᠠᠯ ᠪᠥᠬᠥᠶ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠢᠯᠭ᠋ᠠᠷᠠᠭᠤᠯᠵᠤ᠂ ᠬᠢᠨᠠᠨ ᠬᠠᠮᠢᠶᠠᠷᠬᠤ ᠬᠡᠪᠴᠢᠶᠡᠨ᠎ᠳᠤ ᠪᠠᠶ᠋ᠢᠬᠤ ᠥᠬᠡᠶ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ᠎ᠤ ᠳ᠋ᠤᠭ᠋ᠠᠷ᠎ᠢ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠮᠡᠳᠡᠭᠦᠯᠵᠦ ᠬᠠᠰᠤᠭᠤᠯᠬᠤ᠎ᠪᠠᠷ ᠭᠤᠶᠤᠴᠢᠯᠠᠬᠤ ᠬᠡᠷᠡᠭᠲᠡᠢ᠃
(ᠳᠥᠷᠪᠡ) ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠮᠤᠷ ᠲᠦᠪᠰᠢᠨ᠎ᠢ ᠪᠠᠲᠤᠯᠠᠨ᠎ᠠ᠃ ᠨᠢᠭᠡ᠎ᠳᠤ᠂ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠠᠮᠤᠷ ᠲᠦᠪᠰᠢᠨ ᠵᠶ᠋ᠠᠷ ᠬᠥᠭᠵᠢᠯᠲᠡ ᠵᠢᠨ ᠣᠨᠣᠯᠵᠢᠬᠤᠨ᠎ᠢ ᠪᠤᠢ ᠪᠣᠯᠭ᠋ᠠᠵᠤ᠂ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠵᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠵᠦ᠂ ᠰᠦᠯᠵᠢᠶᠡᠨ ᠦᠷᠲᠡᠭᠡ ᠵᠢᠨ ᠴᠥᠷᠭᠡ ᠵᠢᠨ ᠬᠡᠷᠡᠭᠯᠡᠵᠦ ᠪᠣᠯᠬᠤᠢ᠌ᠴᠠ ᠪᠠᠶ᠋ᠢᠳᠠᠯ᠎ᠤᠨ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠰᠦᠯᠵᠢᠶᠡᠨ ᠦᠷᠲᠡᠭᠡ᠎ᠳᠠᠬᠢ ᠦᠬᠦᠮᠡᠯ ᠴᠥᠷᠬᠡ᠂ ᠪᠤᠷᠤᠭᠤ ᠴᠥᠷᠬᠡ᠂ ᠳᠠᠯᠳᠠ ᠴᠥᠷᠬᠡ᠎ᠠᠴᠠ ᠪᠣᠯᠤᠭᠰᠠᠨ ᠸᠢᠷᠦ᠋ᠰ᠎ᠤᠨ ᠬᠠᠯᠳᠠᠪᠤᠷᠢᠯᠠᠯ᠂ ᠮᠠᠭᠤ ᠰᠠᠨᠠᠭ᠋ᠠᠨ᠎ᠤ ᠳᠠᠭ᠋ᠠᠷᠢᠯᠲᠠ᠂ ᠰᠦᠯᠵᠢᠶᠡᠨ᠎ᠤ ᠨᠢᠭᠤᠷ᠎ᠤᠨ ᠥᠭᠡᠷᠡᠲᠦᠭᠦᠯᠦᠯ ᠪᠠ ᠳᠤᠲᠠᠭᠳᠠᠯ᠎ᠢ ᠠᠰᠢᠭᠯᠠᠬᠤ ᠵᠡᠷᠭᠡ ᠠᠶᠤᠯ ᠲᠦᠭᠰᠢᠭᠦᠷᠢ᠎ᠠᠴᠠ ᠵᠠᠢ᠌ᠯᠠᠰᠬᠢᠬᠤ ᠬᠡᠷᠡᠭᠲᠡᠢ᠃ ᠬᠣᠶᠠᠷ᠎ᠲᠤ᠂ ᠬᠡᠷᠡᠭᠯᠡᠭᠴᠢ ᠵᠢᠨ ᠦᠵᠦᠭᠦᠷ᠂ ᠵᠢᠵᠢᠭ ᠫᠷᠤᠭ᠌ᠷᠠᠮ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠥᠪᠡᠰᠦᠪᠡᠨ ᠪᠠᠶ᠋ᠢᠭᠤᠯᠤᠭᠰᠠᠨ ᠪᠤᠯᠤᠩ᠎ᠤᠨ ᠬᠡᠷᠡᠭᠯᠡᠵᠦ ᠪᠣᠯᠬᠤᠢ᠌ᠴᠠ ᠪᠠᠶ᠋ᠢᠳᠠᠯ᠎ᠤᠨ ᠡᠳᠦᠷ ᠲᠤᠳᠤᠮ᠎ᠤᠨ ᠲᠣᠭᠣᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠬᠡᠷᠡᠭᠯᠡᠭᠴᠢ ᠵᠢᠨ ᠦᠵᠦᠭᠦᠷ᠂ ᠵᠢᠵᠢᠭ ᠫᠷᠤᠭ᠌ᠷᠠᠮ ᠵᠢᠴᠢ ᠥᠪᠡᠰᠦᠪᠡᠨ ᠪᠠᠶ᠋ᠢᠭᠤᠯᠤᠭᠰᠠᠨ ᠪᠤᠯᠤᠩ᠎ᠢ ᠬᠡᠪ ᠵᠶ᠋ᠡᠷ ᠰᠤᠷᠪᠤᠯᠵᠢᠯᠠᠬᠤ ᠠᠷᠭ᠎ᠠ ᠦᠭᠡᠢ᠂ ᠪᠤᠷᠤᠭᠤ ᠴᠥᠷᠬᠡ ᠭᠠᠷᠬᠤ ᠵᠡᠷᠭᠡ ᠠᠶᠤᠯ ᠲᠦᠭᠰᠢᠭᠦᠷᠢ᠎ᠠᠴᠠ ᠵᠠᠢ᠌ᠯᠠᠰᠬᠢᠬᠤ ᠬᠡᠷᠡᠭᠲᠡᠢ᠃
(ᠲᠠᠪᠤ) ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠭᠡᠷ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠭᠣᠣᠯᠯᠠᠨ ᠬᠠᠮᠢᠶᠠᠷᠬᠤ ᠬᠠᠷᠢᠭᠤᠴᠠᠯᠭ᠎ᠠ᠎ᠪᠠᠨ ᠦᠨᠡᠨ ᠬᠦ᠌ ᠰᠠᠶ᠋ᠢᠲᠤᠷ ᠭᠦᠢ᠍ᠴᠡᠳᠬᠡᠵᠦ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠢ᠌ᠭᠤᠯᠬᠤ ᠪᠠ ᠠᠵᠢᠯᠯᠠᠭᠤᠯᠤᠨ ᠪᠠᠲᠤᠯᠠᠬᠤ ᠠᠵᠢᠯ᠎ᠢ ᠴᠢᠬᠤᠯᠠᠴᠢᠯᠠᠬᠤ ᠬᠡᠮᠵᠢᠶ᠎ᠡ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠢ᠌ᠩᠭᠤ ᠵᠢᠨ ᠪᠠᠢ᠌ᠴᠠᠭ᠋ᠠᠯᠲᠠ ᠪᠠ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠪᠠ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠣᠰ ᠭᠠᠵᠠᠷ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠢᠳᠡᠪᠬᠢᠲᠡᠶ ᠠᠬᠢᠭᠤᠯᠬᠤ ᠬᠡᠷᠡᠭᠲᠡᠢ᠃
ᠳᠠᠭ᠋ᠠᠯᠳᠤᠭᠤᠯᠤᠯ 1. 2021 ᠣᠨ᠎ᠤ ᠨᠢᠭᠡᠳᠦᠭᠡᠷ ᠤᠯᠠᠷᠢᠯ᠎ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ
2. 2021 ᠣᠨ᠎ᠤ ᠨᠢᠭᠡᠳᠦᠭᠡᠷ ᠤᠯᠠᠷᠢᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠵᠢᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠥᠬᠡᠶ ᠪᠠᠶ᠋ᠢᠳᠠᠯ᠎ᠤᠨ ᠪᠦᠷᠢᠳᠬᠡᠯ
3. 2021 ᠣᠨ᠎ᠤ ᠨᠢᠭᠡᠳᠦᠭᠡᠷ ᠤᠯᠠᠷᠢᠯ᠎ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ
4. 2021 ᠣᠨ᠎ᠤ ᠨᠢᠭᠡᠳᠦᠭᠡᠷ ᠤᠯᠠᠷᠢᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠥᠬᠡᠶ ᠪᠠᠶ᠋ᠢᠳᠠᠯ᠎ᠤᠨ ᠪᠦᠷᠢᠳᠬᠡᠯ
内蒙古自治区政务服务局关于2021年第一季度全区政府网站与政务新媒体抽查情况的通报附件.doc