2020 ᠣᠨ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠰᠠᠯᠠᠭ᠎ᠠ ᠮᠥᠴᠢᠷ᠎ᠤᠳ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ᠎ᠤᠨ ᠪᠥᠬᠥ ᠲᠠᠯ᠎ᠠ᠎ᠪᠠᠷ ᠬᠠᠤᠯᠢ᠎ᠪᠠᠷ ᠤᠯᠤᠰ ᠵᠶ᠋ᠡᠨ ᠵᠠᠰᠠᠬᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠰᠤᠷᠤᠯᠴᠠᠨ ᠲᠤᠭᠤᠰᠢᠯᠠᠭᠤᠯᠵᠤ᠂ ᠬᠠᠤᠯᠢ ᠶᠣᠰᠣᠭ᠋ᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠬᠠᠶ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠬᠠᠤᠯᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠠᠷᠠᠳᠴᠢᠯᠠᠯ ᠵᠶ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠬᠦᠴᠦᠯᠡᠨ ᠴᠢᠩᠭ᠋ᠠᠳᠬᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠲᠦᠪᠰᠢᠨ ᠵᠶ᠋ᠡᠨ ᠲᠠᠰᠤᠷᠠᠯᠳᠠ ᠥᠭᠡᠢ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠡᠯ᠎ᠡ ᠵᠦᠢ᠍ᠯ᠎ᠤᠨ ᠠᠵᠢᠯ ᠰᠢᠨ᠎ᠡ ᠠᠬᠢᠴᠠ᠎ᠲᠠᠢ ᠪᠣᠯᠪᠠ᠃
ᠨᠢᠭᠡ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠬᠢᠨᠠᠮᠠᠭ᠋ᠠᠶ ᠭᠦᠢ᠍ᠴᠡᠳᠬᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠬᠤᠷᠠᠯ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠵᠤ᠂ ᠤᠳᠠᠭ᠎ᠠ ᠪᠦᠷᠢ ᠵᠢᠨ ᠲᠤᠰᠬᠠᠶ ᠰᠡᠳᠦᠪᠲᠦ ᠬᠤᠷᠠᠯ᠎ᠳᠤ ᠵᠥᠪᠯᠡᠬᠦ ᠰᠡᠳᠦᠪ᠎ᠲᠤ ᠬᠣᠯᠪᠣᠭᠳᠠᠭᠰᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠬᠢᠨᠠᠮᠠᠭ᠋ᠠᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠤᠤ ᠯᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠬᠢᠨᠠᠮᠠᠭ᠋ᠠᠢ ᠭᠦᠢ᠍ᠴᠡᠳᠬᠡᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠲᠤᠬᠠᠢ ᠤᠯᠠᠨ ᠤᠳᠠᠭ᠎ᠠ ᠵᠢᠭ᠋ᠠᠪᠤᠷᠢ ᠴᠣᠬᠣᠯᠠᠪᠤᠷᠢ ᠥᠭᠴᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠠᠬᠢᠭᠤᠯᠬᠤ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ᠂ ᠲᠤᠬᠢᠷᠠᠭᠤᠯᠵᠤ ᠰᠢᠮᠳᠠᠭᠤᠯᠤᠨ ᠭᠦᠢ᠍ᠴᠡᠳᠬᠡᠬᠦ ᠵᠢ ᠴᠢᠩᠭ᠋ᠠᠳᠬᠠᠵᠤ᠂ ᠡᠯ᠎ᠡ ᠵᠦᠢ᠍ᠯ᠎ᠤᠨ ᠠᠵᠢᠯ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠡᠮᠬᠢ ᠵᠢᠷᠤᠮ᠎ᠲᠠᠢ ᠶᠠᠪᠤᠭᠳᠠᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠸᠢᠳᠢᠣ᠋ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠲᠥᠯᠥᠪᠵᠢᠭᠦᠯᠭᠡ ᠵᠢᠨ ᠬᠥᠲᠥᠯᠪᠦᠷᠢ ᠵᠢ ᠬᠡᠷᠡᠭᠵᠢᠭᠦᠯᠦᠭᠰᠡᠨ ᠪᠠᠶ᠋ᠢᠳᠠᠯ᠎ᠢ ᠳ᠋ᠦᠩᠨᠡᠨ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠬᠤᠷᠠᠯ ᠬᠤᠷᠠᠯᠳᠤᠭᠤᠯᠤᠨ᠂ ᠲᠥᠪ᠎ᠤᠨ ᠪᠥᠬᠥ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠳᠠᠮᠵᠢᠭᠤᠯᠵᠤ᠂ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ᠎ᠬᠢᠨ᠎ᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠦᠨᠡᠯᠡᠬᠦ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ 144 ᠵᠦᠢ᠍ᠯ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠳᠣᠲᠣᠷᠠᠬᠢ ᠦᠵᠦ ᠲᠥᠯᠥᠪᠯᠡᠭᠡ ᠵᠢ ᠬᠢᠬᠦ᠎ᠪᠠᠷ ᠪᠠᠢ᠌ᠭ᠎ᠠ 3 ᠵᠦᠢ᠍ᠯ᠎ᠠᠴᠠ ᠭᠠᠳᠠᠨ᠎ᠠ᠂ ᠪᠤᠰᠤᠳ ᠡᠭᠦᠷᠭᠡ ᠵᠢ ᠨᠢᠭᠡᠨᠲᠡ ᠪᠥᠬᠥ ᠲᠠᠯ᠎ᠠ᠎ᠪᠠᠷ ᠪᠡᠶᠡᠯᠡᠭᠦᠯᠪᠡ᠃
ᠬᠣᠶᠠᠷ᠂ ᠬᠠᠤᠯᠢ᠎ᠪᠠᠷ ᠵᠠᠰᠠᠵᠢᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠪᠤᠢ ᠪᠣᠯᠭ᠋ᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠴᠢᠨᠠᠷᠯᠢᠭ ᠬᠥᠭᠵᠢᠯᠲᠡ ᠵᠢ ᠬᠠᠤᠯᠢ ᠶᠣᠰᠣᠭ᠋ᠠᠷ ᠠᠬᠢᠭᠤᠯᠪᠠ
ᠨᠢᠭᠡ᠎ᠳᠤ᠂ ᠬᠠᠤᠯᠢ᠎ᠪᠠᠷ ᠵᠠᠰᠠᠵᠢᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭ᠋ᠠᠪᠠ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠲᠦᠷᠢᠮ》 (ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠵᠠᠷᠯᠢᠭ 722 ᠳ᠋ᠤᠭ᠋ᠠᠷ ᠲᠣᠭ᠋ᠠᠲᠤ)᠂ 《ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠵᠢᠨ ᠲᠣᠭᠲᠠᠭ᠋ᠠᠯ》 ᠪᠠ 《ᠥᠪᠡᠷᠲᠡᠭᠡᠨ ᠵᠠᠰᠠᠬᠤ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2020] 9 ᠳ᠋ᠦ᠍ᠭᠡᠷ ᠲᠣᠭ᠋ᠠᠲᠤ)᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 30 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠬᠠᠷᠰᠢᠯᠠᠵᠤ ᠪᠠᠶ᠋ᠢᠭ᠎ᠠ ᠡᠯ᠎ᠡ ᠵᠦᠢ᠍ᠯ᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ᠃ ᠬᠣᠶᠠᠷ᠎ᠲᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠭᠤᠯᠤᠯᠲᠠ ᠵᠢᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠪᠠ᠃ ᠪᠥᠬᠥ ᠣᠷᠣᠨ᠎ᠤ ᠨᠢᠭᠡ ᠴᠤᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠤᠯᠤᠰ ᠪᠠ 20 ᠣᠷᠣᠨ᠎ᠤ ᠡᠭᠴᠡ᠎ᠪᠠᠷ ᠪᠠᠶ᠋ᠢᠭᠤᠯᠤᠭᠰᠠᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠲᠠᠢ ᠵᠣᠯᠭ᠋ᠠᠭᠤᠯᠬᠤ ᠵᠢ ᠪᠡᠶᠡᠯᠡᠭᠦᠯᠵᠦ᠂ ᠳᠠᠩᠰᠠᠯᠠᠭᠤᠯᠤᠭᠰᠠᠨ ᠬᠡᠷᠡᠭᠯᠡᠭᠴᠢ 1400 ᠭᠠᠷᠤᠶ ᠲᠦᠮᠡᠨ ᠬᠥᠮᠦᠨ᠎ᠳᠤ ᠬᠦᠷᠴᠦ᠂ 69 ᠵᠦᠢ᠍ᠯ᠎ᠤᠨ ᠥᠨᠳᠥᠷ ᠳᠠᠪᠲᠠᠮᠵᠢᠲᠤ ᠵᠦᠢ᠍ᠯᠡᠰ᠎ᠢ 《ᠮᠤᠵᠢ ᠠᠯᠤᠰᠯᠠᠨ ᠨᠡᠶ᠋ᠢᠳᠡᠮ᠎ᠳᠤᠨᠢ ᠭᠦᠢ᠍ᠴᠡᠳᠬᠡᠬᠦ》 ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ 32 ᠰᠠᠯᠠᠭ᠎ᠠ ᠮᠥᠴᠢᠷ ᠣᠷᠣᠵᠤ ᠠᠵᠢᠯᠯᠠᠨ᠂ 548 ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠭᠦᠢ᠍ᠴᠡᠳᠬᠡᠵᠦ ᠪᠣᠯᠤᠨ᠎ᠠ᠂ ᠪᠥᠬᠥ ᠣᠷᠣᠨ᠎ᠤ 120 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠬᠦᠷᠢᠶ᠎ᠡ ᠴᠠᠷᠠᠭ᠎ᠠ ᠬᠤᠪᠢᠶᠠᠨ 《ᠨᠢᠭᠡ ᠴᠣᠩᠬᠣᠪᠴᠢ᠎ᠪᠠᠷ ᠨᠡᠢ᠌ᠳᠡᠮ᠎ᠳᠤ᠎ᠨᠢ ᠭᠦᠢ᠍ᠴᠡᠳᠬᠡᠬᠦ》 ᠵᠢ ᠬᠡᠷᠡᠭᠵᠢᠭᠦᠯᠦᠭᠰᠡᠨ᠎ᠤ ᠬᠠᠮᠲᠤ ᠦᠢ᠍ᠯᠡᠴᠢᠯᠡᠭᠡᠨ᠎ᠤ ᠬᠡᠯᠬᠢᠶ᠎ᠡ ᠵᠢ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠤ ᠱᠠᠲᠤᠨ᠎ᠳᠤ ᠬᠦᠷᠲᠡᠯ᠎ᠡ ᠤᠷᠲᠤᠳᠬᠠᠪᠠ᠃ ᠠᠵᠤ ᠠᠬᠤᠶ᠋ᠢᠯᠠᠯ ᠪᠠᠢ᠌ᠭᠤᠯᠤᠨ ᠡᠷᠬᠢᠯᠡᠬᠦ 《ᠨᠢᠭᠡ ᠰᠦᠯᠵᠢᠶ᠎ᠡ᠎ᠪᠠᠷ ᠨᠡᠪᠲᠡᠷᠡᠭᠦᠯᠬᠦ》 ᠲᠠᠪᠴᠠᠩ᠎ᠢ ᠰᠦᠯᠵᠢᠶᠡᠨ᠎ᠳᠤ ᠨᠡᠪᠲᠡᠷᠡᠭᠦᠯᠦᠨ ᠠᠵᠢᠯᠯᠠᠭᠤᠯᠵᠤ᠂ ᠠᠵᠤ ᠠᠬᠤᠶ᠋ᠢᠯᠠᠯ᠎ᠤᠨ ᠪᠠᠢ᠌ᠭᠤᠯᠤᠨ ᠡᠷᠭᠢᠯᠡᠬᠦ ᠴᠠᠭ᠎ᠤᠨ ᠬᠢᠵᠠᠭ᠋ᠠᠷ᠎ᠢ 3 ᠠᠵᠢᠯᠯᠠᠬᠤ ᠡᠳᠦᠷ᠎ᠤᠨ ᠳᠣᠲᠣᠷ᠎ᠠ ᠪᠣᠯᠭ᠋ᠠᠨ ᠪᠣᠭᠣᠨᠢᠰᠬᠠᠵᠤ᠂ ᠬᠢᠯᠪᠠᠷ ᠳᠥᠭᠥᠮ ᠬᠦᠴᠦᠨ ᠥᠬᠡᠶ ᠪᠣᠯᠭ᠋ᠠᠬᠤ᠎ᠪᠠᠷ ᠵᠠᠷᠯᠠᠬᠤ ᠴᠠᠭ᠎ᠢ 45 ᠡᠳᠦᠷ ᠪᠠᠶ᠋ᠢᠭᠰᠠᠨ᠎ᠠᠴᠠ 20 ᠡᠳᠦᠷ ᠪᠣᠯᠭ᠋ᠠᠨ ᠪᠣᠭᠣᠨᠢᠰᠬᠠᠪᠠ᠃ ᠭᠤᠷᠪᠠ᠎ᠳᠤ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠪᠠ᠃ ᠪᠥᠬᠥ ᠣᠷᠣᠨ᠎ᠤ ᠨᠢᠭᠡᠳᠦᠯᠲᠡᠶ 《ᠬᠣᠶᠠᠷ᠎ᠢ ᠲᠠᠰᠢᠷᠠᠮ᠎ᠳᠤᠨᠢ ᠪᠠᠢ᠌ᠴᠠᠭ᠋ᠠᠬᠤ᠂ ᠨᠢᠭᠡ ᠵᠢ ᠢᠯᠡ ᠪᠣᠯᠭ᠋ᠠᠬᠤ》 ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢᠨ ᠲᠠᠪᠴᠠᠩ ᠡᠯ᠎ᠡ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠲᠣᠭ᠎ᠠ ᠪᠠᠷᠢᠮᠲᠠ ᠵᠢ 454 ᠲᠦᠮᠡ ᠭᠠᠷᠤᠶ ᠵᠤᠷᠪᠤᠰ ᠴᠤᠭᠯᠠᠭᠤᠯᠤᠨ ᠳᠡᠭᠡᠭᠰᠢ ᠮᠡᠳᠡᠭᠦᠯᠪᠡ᠃ ᠣᠨ᠎ᠤ ᠳᠣᠲᠣᠷ᠎ᠠ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ 《ᠬᠣᠶᠠᠷ᠎ᠢ ᠲᠠᠰᠢᠷᠠᠮ᠎ᠳᠤᠨᠢ ᠪᠠᠢ᠌ᠴᠠᠭ᠋ᠠᠬᠤ》 6098 ᠪᠦᠯᠦᠭ ᠤᠳᠠᠭ᠎ᠠ ᠵᠢᠨ ᠰᠤᠭᠤᠴᠢᠨ ᠪᠠᠶ᠋ᠢᠴᠠᠭ᠋ᠠᠯᠲᠠ ᠵᠢ ᠥᠷᠨᠢᠭᠦᠯᠵᠦ᠂ ᠰᠠᠯᠠᠭ᠎ᠠ ᠮᠥᠴᠢᠷ ᠠᠯᠤᠰᠯᠠᠨ 581 ᠪᠦᠯᠦᠭ ᠤᠳᠠᠭ᠎ᠠ ᠵᠢᠨ ᠰᠤᠭᠤᠴᠢᠨ ᠪᠠᠶ᠋ᠢᠴᠠᠭ᠋ᠠᠯᠲᠠ ᠵᠢ ᠥᠷᠨᠢᠭᠦᠯᠪᠡ᠃ ᠲᠦᠷᠪᠡ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠬᠠᠤᠯᠢ ᠶᠣᠰᠣᠭ᠋ᠠᠷ ᠰᠠᠶ᠋ᠢᠲᠤᠷ ᠬᠢᠪᠡ᠃ ᠬᠠᠤᠯᠢ ᠶᠣᠰᠣᠭ᠋ᠠᠷ ᠰᠡᠷᠭᠡᠶ᠋ᠢᠯᠡᠨ ᠡᠵᠡᠮᠳᠡᠬᠦ᠂ ᠬᠠᠤᠯᠢ ᠶᠣᠰᠣᠭ᠋ᠠᠷ ᠵᠠᠰᠠᠯᠲᠠ ᠬᠢᠬᠦ ᠵᠢ ᠪᠠᠷᠢᠮᠲᠠᠯᠠᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠣᠭᠲᠠᠭ᠋ᠠᠯ᠎ᠳᠤ ᠦᠯᠦ ᠨᠡᠶ᠋ᠢᠴᠡᠬᠦ ᠲᠦᠷ ᠴᠠᠭ᠎ᠤᠨ ᠴᠢᠨᠠᠷᠲᠠᠶ ᠨᠡᠢ᠍ᠢ᠍ᠳᠡ 154 ᠵᠤᠷᠪᠤᠰ ᠱᠠᠭ᠋ᠠᠷᠳᠠᠯᠭ᠎ᠠ ᠵᠢ ᠢᠯᠭ᠋ᠠᠨ ᠴᠡᠪᠡᠷᠯᠡᠵᠦ᠂ 10 ᠬᠦᠷᠢᠶᠡᠨ᠎ᠳᠠᠬᠢ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ ᠵᠢᠯᠣᠭᠣᠳᠬᠤ ᠰᠠᠨᠠᠯ᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠦᠭᠰᠢᠭᠦᠷᠢ ᠵᠢᠨ ᠲᠠᠰ᠎ᠲᠤ ᠲᠣᠬᠢᠷᠠᠭᠤᠯᠤᠯᠲᠠ ᠬᠢᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ ᠠᠵᠤ ᠠᠬᠤᠶ᠋ᠢᠯᠠᠯ᠎ᠤᠨ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠡᠨ ᠰᠡᠷᠭᠦᠭᠡᠬᠦ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠶ ᠮᠡᠳᠡᠭᠳᠡᠯ》 (ᠥᠪᠥᠷ ᠰᠡᠷᠭᠡᠢ᠌ᠯᠡᠬᠦ ᠵᠢᠯᠣᠭᠣᠳᠬᠤ ᠴᠠᠬᠢᠯᠭ᠋ᠠᠨ [2020] 16 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ 《ᠵᠢᠷᠭᠤᠭ᠋ᠠᠨ ᠶᠡᠬᠡ ᠲᠥᠪᠯᠡᠷᠡᠩᠭᠦᠶ ᠠᠵᠢᠯᠯᠠᠭ᠎ᠠ》 ᠵᠢ ᠯᠠᠪᠳᠠᠭᠤᠨ ᠵᠶ᠋ᠠᠷ ᠠᠬᠢᠭᠤᠯᠪᠠ᠃ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》 《ᠵᠢᠷᠭᠤᠭ᠎ᠠ ᠵᠢ ᠪᠠᠲᠤᠯᠠᠬᠤ》 ᠠᠵᠢᠯ᠎ᠤᠨ ᠡᠭᠦᠷᠭᠡ᠎ᠲᠠᠢ ᠨᠢᠭᠲᠠ ᠤᠶᠠᠯᠳᠤᠭᠤᠯᠤᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠠᠴᠠ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠬᠦ᠂ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠰᠡᠷᠭᠦᠭᠡᠬᠦ ᠵᠢ ᠳᠡᠮᠵᠢᠬᠦ ᠲᠡᠢ᠌ᠰᠢ ᠬᠤᠪᠢᠷᠠᠭᠤᠯᠬᠤ ᠵᠢ ᠠᠬᠢᠭᠤᠯᠪᠠ᠃
ᠭᠤᠷᠪᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠠᠵᠢᠯ᠎ᠢ ᠠᠬᠢᠭᠤᠯᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ
ᠨᠢᠭᠡ᠎ᠳᠤ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ 2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠎ᠳᠤ ᠳᠤᠷᠠᠳᠤᠨ ᠳᠡᠪᠰᠢᠭᠦᠯᠵᠦ 9 ᠬᠤᠪᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠢ ᠲᠣᠭᠲᠠᠭ᠋ᠠᠵᠤ᠂ 11 ᠬᠤᠪᠢ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠵᠤ᠂ 4 ᠬᠤᠪᠢ ᠬᠠᠤᠯᠢ ᠲᠣᠭᠲᠠᠭ᠋ᠠᠯ᠎ᠢ ᠬᠦᠴᠦᠨ ᠥᠬᠡᠶ ᠪᠣᠯᠭ᠋ᠠᠪᠠ; ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠢ 2 ᠬᠤᠪᠢ ᠲᠣᠭᠲᠠᠭ᠋ᠠᠵᠤ᠂ 3 ᠬᠤᠪᠢ᠎ᠳᠤ ᠵᠠᠰᠠᠪᠤᠷᠢ ᠣᠷᠣᠭᠤᠯᠵᠤ᠂ 6 ᠬᠤᠪᠢ ᠵᠢ ᠬᠦᠴᠦᠨ ᠦᠭᠡᠢ ᠪᠣᠯᠭ᠋ᠠᠵᠤ᠂ ᠰᠠᠢ᠍ᠢ᠍ᠨ ᠬᠠᠤᠯᠢ᠎ᠳᠤ ᠲᠦᠰᠢᠭᠯᠡᠨ ᠠᠰᠢᠭᠲᠠᠢ ᠵᠠᠰᠠᠯᠲᠠ ᠵᠢ ᠪᠡᠶᠡᠯᠡᠭᠦᠯᠪᠡ᠃ ᠬᠣᠶᠠᠷ᠎ᠲᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠰᠬᠠᠶ ᠵᠦᠢ᠍ᠯ ᠵᠶ᠋ᠡᠷ ᠢᠯᠭ᠋ᠠᠷᠠᠭᠤᠯᠬᠤ ᠠᠵᠢᠯ᠎ᠢ ᠠᠬᠢᠭᠤᠯᠪᠠ᠃ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠤᠭᠤᠳ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠂ 《ᠢᠷᠭᠡᠨ᠎ᠤ ᠬᠠᠤᠯᠢ ᠵᠢᠨ ᠪᠢᠴᠢᠭ》 ᠪᠠ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠣᠭᠣᠷᠢᠨ᠎ᠳᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠰᠬᠠᠶ ᠵᠦᠢ᠍ᠯ ᠵᠶ᠋ᠡᠷ ᠢᠯᠭ᠋ᠠᠷᠠᠭᠤᠯᠤᠨ ᠲᠢᠭᠯᠡᠬᠦ ᠠᠵᠢᠯ᠎ᠢ ᠥᠷᠨᠢᠭᠦᠯᠵᠦ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 461 ᠬᠤᠪᠢ ᠢᠯᠭ᠋ᠠᠷᠠᠭᠤᠯᠤᠨ ᠲᠢᠭᠯᠡᠵᠦ᠂ 43 ᠬᠤᠪᠢ ᠵᠢ ᠬᠦᠴᠦᠨ ᠦᠭᠡᠢ ᠪᠣᠯᠭ᠋ᠠᠭᠰᠠᠨ ᠪᠠ ᠬᠦᠴᠦᠨ ᠦᠭᠡᠢ ᠪᠣᠯᠣᠭᠰᠠᠨ᠎ᠢ ᠵᠠᠷᠯᠠᠪᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶ᠎ᠡ ᠴᠠᠷᠠᠭ᠎ᠠ᠎ᠳᠤ ᠬᠣᠯᠪᠣᠭᠳᠠᠭᠰᠠᠨ 49 ᠵᠠᠰᠠᠭ ᠵᠠᠬᠢᠷᠭ᠋ᠠᠨ᠎ᠤ ᠪᠢᠴᠢᠭ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠭᠰᠠᠨ ᠪᠠ ᠬᠦᠴᠦᠨ ᠥᠬᠡᠶ ᠪᠣᠯᠣᠭᠰᠠᠨ᠎ᠢ ᠵᠠᠷᠯᠠᠪᠠ᠃ ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠳᠤ ᠬᠡᠷᠡᠭᠵᠢᠭᠦᠯᠵᠦ ᠪᠠᠶ᠋ᠢᠭ᠎ᠠ ᠬᠦᠴᠦᠨ ᠪᠥᠬᠥᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ 179 ᠵᠦᠢ᠍ᠯ᠂ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ 106 ᠵᠦᠢ᠍ᠯ ᠪᠠᠶ᠋ᠢᠨ᠎ᠠ᠃
ᠳᠦᠷᠪᠡ᠂ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠪᠦᠷᠢᠨᠰᠢᠬᠦᠯᠵᠤ᠂ ᠵᠠᠰᠠᠭ᠎ᠤᠨ ᠣᠷᠳᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠬᠠᠤᠯᠢ᠎ᠪᠠᠷ ᠵᠠᠰᠠᠵᠢᠬᠤ ᠬᠢᠷᠢ ᠲᠦᠪᠰᠢᠨ᠎ᠢ ᠳᠡᠭᠡᠭᠰᠢᠯᠡᠭᠦᠯᠪᠡ
ᠨᠢᠭᠡ᠎ᠳᠤ᠂ ᠬᠠᠤᠯᠢ ᠶᠣᠰᠣᠭ᠋ᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠠᠰ ᠳᠠᠷᠠᠭ᠋ᠠᠯᠠᠯ᠎ᠤᠨ ᠲᠣᠭᠲᠠᠭ᠋ᠠᠯ》 (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 248 ᠳ᠋ᠤᠭ᠋ᠠᠷ ᠲᠣᠭ᠋ᠠᠲᠤ)᠎ᠳᠤ ᠵᠠᠰᠠᠪᠤᠷᠢ ᠣᠷᠣᠭᠤᠯᠤᠨ ᠨᠡᠶ᠋ᠢᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠤᠨ ᠲᠣᠭᠲᠠᠭ᠋ᠠᠯ》 (ᠥᠪᠥᠷ ᠵᠠᠰᠠᠭ ᠲᠠᠷᠬᠠᠭ᠋ᠠᠭᠰᠠᠨ [2020] 20 ᠳ᠋ᠤᠭ᠋ᠠᠷ ᠲᠣᠭ᠋ᠠᠲᠤ)᠎ᠢ ᠨᠡᠶ᠋ᠢᠲᠡᠯᠡᠵᠦ᠂ ᠨᠠᠰᠤᠨ ᠲᠤᠷᠰᠢᠳᠠ ᠵᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠬᠠᠷᠢᠭᠤᠴᠠᠯᠭ᠎ᠠ ᠵᠢ ᠭᠡᠳᠡᠷᠭᠦ ᠪᠠᠶ᠋ᠢᠴᠠᠭ᠋ᠠᠬᠤ ᠲᠣᠭᠲᠠᠴᠠ ᠵᠢ ᠨᠠᠢ᠌ᠳᠠᠪᠤᠷᠢᠵᠢᠭᠤᠯᠪᠠ᠃ ᠬᠠᠤᠯᠢ ᠴᠠᠭ᠋ᠠᠵᠠ ᠵᠢᠨ ᠵᠥᠪᠯᠡᠭᠴᠢ ᠵᠢᠨ ᠲᠦᠷᠢᠮ᠎ᠢ ᠴᠢᠩᠭ᠎ᠠ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠤ ᠣᠶᠤᠨᠯᠢᠭ ᠬᠥᠮᠥᠷᠭᠡ ᠵᠢ ᠪᠦᠷᠢᠨᠰᠢᠭᠦᠯᠵᠦ᠂ ᠰᠢᠢ᠍ᠳᠪᠦᠷᠢᠲᠦ ᠪᠤᠳᠤᠯᠭ᠎ᠠ ᠬᠡᠷᠡᠭᠵᠢᠭᠦᠯᠬᠦ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠣᠶᠠᠷ᠎ᠲᠤ᠂ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠤᠳᠤᠯᠭ᠎ᠠ ᠵᠢᠨ ᠬᠠᠤᠯᠢ ᠶᠣᠰᠣᠴᠢ ᠴᠢᠨᠠᠷ᠎ᠤᠨ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠪᠠ᠃ 2020 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠲᠣᠭᠲᠠᠭ᠋ᠠᠨ ᠲᠠᠷᠬᠠᠭ᠋ᠠᠭᠰᠠᠨ 509 ᠬᠤᠪᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ (ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠪᠠ ᠭᠡᠷ᠎ᠡ ᠵᠢᠨ ᠵᠥᠪᠯᠡᠯᠴᠡᠭᠡᠷ ᠵᠡᠷᠭᠡ ᠪᠠᠭᠲᠠᠨ᠎ᠠ)᠎ᠳᠤ ᠴᠥᠮ ᠬᠠᠤᠯᠢ ᠶᠣᠰᠣᠴᠢ ᠴᠢᠨᠠᠷ᠎ᠤᠨ ᠬᠢᠨᠠᠨ ᠬᠠᠷᠭᠤᠭᠤᠯᠤᠯᠲᠠ ᠬᠢᠪᠠ; ᠲᠣᠭᠲᠠᠭ᠋ᠠᠨ ᠲᠠᠷᠬᠠᠭ᠋ᠠᠭᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠴᠥᠮ ᠴᠠᠭ ᠲᠤᠬᠠᠶ᠎ᠳᠤᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶᠠᠨ᠎ᠳᠤ ᠮᠡᠳᠡᠭᠦᠯᠦᠨ ᠳᠠᠩᠰᠠᠯᠠᠭᠤᠯᠵᠤ᠂ ᠮᠡᠳᠡᠭᠦᠯᠦᠨ ᠳᠠᠩᠰᠠᠯᠠᠭᠤᠯᠤᠭᠰᠠᠨ ᠨᠤᠷᠮ᠎ᠠ ᠪᠠ ᠴᠠᠭ ᠲᠤᠬᠠᠢᠳᠤᠨᠢ ᠰᠢᠢ᠍ᠳᠪᠦᠷᠢᠯᠡᠭᠰᠡᠨ ᠨᠣᠷᠮ᠎ᠠ᠎ᠨᠢ ᠴᠥᠮ 100 % ᠬᠦᠷᠪᠡ᠃
ᠲᠠᠪᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠴᠢᠩᠭ᠎ᠠ ᠵᠢᠷᠤᠮᠵᠢᠭᠤᠨ ᠪᠥᠭᠡᠳ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠯᠠᠪᠳᠠᠭᠤᠨ ᠵᠶ᠋ᠠᠷ ᠠᠬᠢᠭᠤᠯᠪᠠ
ᠨᠢᠭᠡ᠎ᠳᠤ᠂ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠯᠠᠪᠳᠠᠭᠤᠨ ᠪᠠᠲᠤᠲᠠᠶ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠳᠤ ᠵᠥᠪᠬᠡᠨ ᠵᠠᠮ ᠬᠠᠷᠢᠯᠴᠠᠭ᠎ᠠ ᠲᠡᠭᠡᠭᠡᠪᠦᠷᠢ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 2 ᠰᠠᠯᠠᠭ᠎ᠠ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢ ᠦᠯᠡᠳᠡᠭᠡᠵᠦ᠂ ᠠᠶ᠋ᠢᠮᠠᠭ ᠬᠣᠲᠠ ᠵᠢᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢ 426 ᠪᠠᠶ᠋ᠢᠭᠰᠠᠨ᠎ᠠᠴᠠ 144 ᠪᠣᠯᠭ᠋ᠠᠨ ᠬᠠᠰᠤᠵᠤ᠂ ᠬᠣᠰᠢᠭᠤ ᠰᠢᠶᠠᠨ (ᠬᠣᠲᠠ᠂ ᠲᠣᠭᠣᠷᠢᠭ)ᠤᠬᠢ ᠵᠢ 2436 ᠪᠠᠶ᠋ᠢᠭᠰᠠᠨ᠎ᠠᠴᠠ 852 ᠪᠣᠯᠭ᠋ᠠᠨ ᠬᠠᠰᠤᠪᠠ᠃ ᠬᠣᠶᠠᠷ᠎ᠲᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠭᠣᠤᠯ ᠴᠣᠭᠴᠠ ᠵᠢ ᠢᠯᠭ᠋ᠠᠷᠠᠭᠤᠯᠤᠨ ᠨᠡᠶ᠋ᠢᠲᠡᠯᠡᠬᠦ᠂ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠢ ᠭᠡᠷᠡᠴᠢᠯᠡᠨ ᠰᠢᠯᠭ᠋ᠠᠬᠤ ᠠᠵᠢᠯ᠎ᠢ ᠥᠷᠨᠢᠭᠦᠯᠵᠦ᠂ ᠡᠯᠧᠺᠲᠷᠣᠨ ᠬᠡᠪᠯᠡᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠢ ᠪᠥᠬᠥ ᠲᠠᠯ᠎ᠠ᠎ᠪᠠᠷ ᠡᠬᠢᠯᠡᠭᠦᠯᠦᠨ ᠬᠡᠷᠡᠭᠯᠡᠪᠡ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠠᠮᠢ ᠠᠬᠤᠶ ᠣᠷᠴᠢᠨ ᠲᠣᠭᠣᠷᠢᠨ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢ ᠵᠣᠯᠭ᠋ᠠᠭᠤᠯᠬᠤ ᠲᠣᠭᠲᠠᠴᠠ ᠵᠢ ᠪᠦᠷᠢᠨᠰᠢᠬᠦᠯᠵᠤ᠂ 《ᠬᠣᠶᠠᠷ ᠬᠠᠤᠯᠢ》 ᠵᠢ ᠵᠣᠯᠭ᠋ᠠᠭᠤᠯᠬᠤ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠪᠠ᠃ ᠭᠤᠷᠪᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠦᠷᠢᠮ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠦᠷᠢᠮ》᠎ᠳᠤ ᠵᠠᠰᠠᠪᠤᠷᠢ ᠣᠷᠣᠭᠤᠯᠤᠨ ᠨᠡᠶ᠋ᠢᠲᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠢ᠌ᠲᠡᠯᠡᠬᠦ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠬᠦ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ ᠪᠠ ᠬᠠᠤᠯᠢ ᠲᠦᠷᠢᠮ᠎ᠢ ᠬᠢᠨᠠᠨ ᠬᠠᠷᠭᠤᠭᠤᠯᠬᠤ ᠠᠷᠭ᠎ᠠ》 (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 244 ᠳ᠋ᠦ᠍ᠭᠡᠷ ᠲᠣᠭ᠋ᠠᠲᠤ) ᠵᠢ ᠨᠡᠶ᠋ᠢᠲᠡᠯᠡᠨ ᠬᠡᠷᠡᠭᠵᠢᠭᠦᠯᠪᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ 《ᠵᠠᠰᠠᠭ ᠵᠠᠬᠢᠷᠭ᠋ᠠᠨ᠎ᠤ ᠵᠢᠯᠣᠭᠣᠳᠬᠤ ᠠᠵᠢᠯ᠎ᠢ ᠬᠡᠷᠡᠭᠵᠢᠭᠦᠯᠬᠦ ᠲᠤᠬᠠᠶ ᠰᠠᠨᠠᠯ》 (ᠥᠪᠥᠷ ᠬᠠᠤᠯᠢ ᠲᠠᠷᠬᠠᠭ᠋ᠠᠭᠰᠠᠨ [2020] 46 ᠳ᠋ᠤᠭ᠋ᠠᠷ ᠲᠣᠭ᠋ᠠᠲᠤ) ᠪᠠ 《〈ᠣᠨᠳᠣᠤ ᠭᠠᠵᠠᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠠᠮᠵᠢᠯᠴᠠᠬᠤ ᠲᠦᠷᠢᠮ᠎ᠢ ᠪᠠᠶ᠋ᠢᠭᠤᠯᠬᠤ ᠲᠤᠬᠠᠶ ᠵᠢᠯᠣᠭᠣᠳᠬᠤ ᠰᠠᠨᠠᠯ〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠬᠠᠤᠯᠢ ᠮᠡᠳᠡᠭᠳᠡᠯ [2020] 99 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠷᠭ᠎ᠠ ᠮᠠᠶᠢᠭ᠎ᠢ ᠤᠯᠠᠮ ᠨᠢᠭᠡ ᠠᠯᠬᠤᠮ ᠰᠠᠶ᠋ᠢᠵᠢᠷᠠᠭᠤᠯᠪᠠ᠃ ᠲᠦᠷᠪᠡ᠎ᠳᠤ᠂ ᠦᠨᠳᠦᠰᠦᠨ ᠱᠠᠲᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠳᠡᠪᠬᠢᠲᠡᠶ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠦᠷᠢᠮ》᠎ᠢ ᠨᠡᠶ᠋ᠢᠲᠡᠯᠡᠵᠦ᠂ ᠪᠥᠬᠥ ᠤᠯᠤᠰ᠎ᠲᠤ ᠤᠷᠢᠳ ᠵᠶ᠋ᠠᠷ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠠ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠲᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠤᠯ ᠴᠣᠭᠴᠠ ᠵᠢᠨ ᠬᠢᠷᠢ ᠬᠡᠮ᠎ᠢ ᠣᠯᠭᠣᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠡᠷᠬᠡ ᠣᠯᠭᠣᠬᠤ ᠨᠠᠷᠢᠨ ᠬᠠᠭᠤᠳᠠᠰᠤ ᠵᠢᠨ ᠬᠡᠯᠪᠡᠷᠢ᠎ᠪᠠᠷ 99 ᠵᠦᠢ᠍ᠯ᠎ᠤᠨ ᠬᠠᠤᠯᠢ ᠬᠡᠷᠡᠭᠵᠢᠭᠦᠯᠬᠦ ᠡᠷᠬᠡ ᠵᠢ ᠦᠨᠳᠦᠰᠦᠨ ᠱᠠᠲᠤᠨ᠎ᠳᠤ ᠪᠠᠭᠤᠯᠭ᠋ᠠᠪᠠ᠃
ᠵᠢᠷᠭᠤᠭ᠎ᠠ᠂ ᠬᠢᠨᠠᠯᠲᠠ ᠲᠠᠯᠪᠢᠵᠤ ᠬᠢᠵᠠᠭ᠋ᠠᠷᠯᠠᠬᠤ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠪᠠ
ᠨᠢᠭᠡ᠎ᠳᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠪᠡ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠎ᠤᠨ ᠰᠠᠨᠠᠭᠤᠯᠭ᠎ᠠ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠳᠤᠷᠠᠳᠤᠯᠭ᠎ᠠ ᠵᠢ ᠰᠢᠢ᠍ᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ᠎ᠨᠢ 100% ᠬᠦᠷᠪᠡ᠃ ᠵᠠᠭ᠋ᠠᠯᠳᠤᠵᠤ ᠢᠯᠡᠴᠢᠯᠡᠨ ᠮᠡᠳᠡᠭᠦᠯᠬᠦ ᠤᠲᠠᠰᠤ᠎ᠪᠠᠨ ᠢᠯᠡ ᠪᠣᠯᠭ᠋ᠠᠵᠤ᠂ ᠬᠢᠨᠠᠯᠲᠠ ᠲᠠᠯᠪᠢᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠂ ᠶᠠᠷᠢᠶ᠎ᠠ ᠬᠡᠯᠡᠯᠴᠡᠭᠡᠨ᠎ᠤ ᠬᠢᠨᠠᠯᠲᠠ ᠵᠢ ᠬᠦᠯᠢᠶᠡᠪᠡ᠃ ᠴᠢᠬᠤᠯᠠ ᠶᠡᠬᠡ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠭᠰᠠᠨ᠂ ᠴᠢᠬᠤᠯᠠ ᠶᠡᠬᠡ ᠲᠥᠷᠥᠯ ᠵᠦᠢ᠍ᠯ᠎ᠢ ᠬᠡᠷᠡᠭᠵᠢᠭᠦᠯᠦᠭᠰᠡᠨ ᠪᠠᠶ᠋ᠢᠳᠠᠯ ᠪᠠ ᠴᠢᠬᠤᠯᠠ ᠶᠡᠬᠡ ᠪᠡᠯᠡ ᠮᠥᠩᠭᠥ ᠵᠢ ᠬᠡᠷᠡᠭᠯᠡᠭᠰᠡᠨ ᠪᠠᠶ᠋ᠢᠳᠠᠯ᠎ᠢ ᠬᠢᠨᠠᠨ ᠪᠤᠳᠤᠬᠤ ᠡᠷᠴᠢᠮ ᠵᠶ᠋ᠠᠨ ᠴᠢᠩᠭ᠋ᠠᠷᠠᠭᠤᠯᠪᠠ᠃ ᠬᠣᠶᠠᠷ᠎ᠲᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠶ ᠠᠬᠢᠭᠤᠯᠪᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠰᠢᠰᠲ᠋ᠧᠮᠵᠢᠭᠦᠯᠬᠦ ᠪᠠᠷᠢᠮᠵᠢᠶ᠎ᠠ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠵᠢᠯ᠎ᠤᠨ ᠵᠢᠷᠤᠮᠵᠢᠯ》 ᠵᠡᠷᠭᠡ 8 ᠵᠦᠢ᠍ᠯ ᠣᠷᠣᠨ ᠨᠤᠲᠤᠭ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠵᠤ ᠬᠢᠨᠠᠨ ᠲᠣᠭᠲᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠰᠠᠯᠠᠭ᠎ᠠ ᠮᠥᠴᠢᠷ᠎ᠤᠳ 161 ᠤᠳᠠᠭ᠎ᠠ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠵᠠᠰᠠᠭ᠎ᠤᠨ ᠣᠷᠳᠣᠨ᠎ᠤ ᠰᠣᠨᠢᠨ ᠮᠡᠳᠡᠭᠡ ᠨᠡᠶ᠋ᠢᠲᠡᠯᠡᠬᠦ ᠪᠠᠢ᠌ᠩᠭᠤᠵᠢᠭᠤᠯᠤᠯᠲᠠ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠵᠢ ᠲᠠᠰ ᠳᠡᠪᠰᠢᠭᠦᠯᠦᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠥᠮᠥᠷᠭᠡ ᠵᠢ ᠳᠣᠭᠢᠷᠠᠭᠤᠯᠤᠨ᠂ ᠡᠯ᠎ᠡ ᠲᠥᠷᠥᠯ᠎ᠤᠨ ᠮᠡᠳᠡᠭᠡ ᠵᠠᠩᠭᠢ ᠵᠢ 3 ᠲᠦᠮᠡ ᠭᠠᠷᠤᠶ ᠨᠡᠶ᠋ᠢᠲᠡᠯᠡᠪᠡ᠃ ᠭᠤᠷᠪᠠ᠎ᠳᠤ᠂ ᠬᠠᠤᠯᠢ ᠴᠠᠭ᠋ᠠᠵᠠ ᠵᠢᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ》 (ᠥᠪᠥᠷ ᠵᠠᠰᠠᠭ ᠠᠯᠪᠠᠨ ᠥᠰᠥᠭ [2020] 77 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠷᠯᠠᠨ ᠮᠡᠳᠡᠭᠡᠯᠡᠵᠦ᠂ 2020 ᠣᠨ᠎ᠳᠤ ᠪᠥᠬᠥ ᠣᠷᠣᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ᠎ᠨᠢ ᠳᠡᠭᠡᠷ᠎ᠡ ᠵᠢᠯ᠎ᠤᠨ᠎ᠬᠢ᠎ᠠᠴᠠ ᠨᠢᠭᠡ ᠳᠠᠬᠢᠨ ᠰᠢᠬᠠᠮ ᠵᠶ᠋ᠡᠷ ᠳᠡᠭᠡᠭᠰᠢᠯᠡᠵᠦ᠂ ᠵᠠᠰᠠᠭ ᠵᠠᠬᠢᠷᠭ᠋ᠠᠨ᠎ᠤ ᠵᠠᠷᠭᠤ ᠵᠢᠨ ᠢᠯᠠᠭᠳᠠᠭᠰᠠᠨ ᠨᠣᠷᠮ᠎ᠠ ᠵᠢ 16% ᠪᠣᠯᠲᠠᠯ᠎ᠠ ᠪᠠᠭᠤᠷᠠᠭᠤᠯᠪᠠ᠃
ᠲᠤᠯᠤᠭ᠎ᠠ᠂ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠵᠦ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠪᠠ
ᠨᠢᠭᠡ᠎ᠳᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠢ ᠢᠳᠡᠪᠬᠢᠲᠡᠶ᠎ᠪᠠᠷ ᠠᠬᠢᠭᠤᠯᠪᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠵᠤ᠂ ᠳᠠᠬᠢᠨ ᠵᠥᠪᠯᠡᠬᠦ ᠠᠵᠢᠯᠲᠠᠨ᠎ᠤ ᠬᠢᠷᠢ ᠬᠡᠮ᠎ᠤᠨ ᠬᠠᠮᠢᠶᠠᠷᠤᠯᠲᠠ ᠵᠢ ᠬᠡᠷᠡᠭᠵᠢᠭᠦᠯᠦᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠪᠠᠶ᠋ᠢᠭᠤᠯᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢ ᠰᠦᠯᠵᠢᠶᠡᠨ ᠳᠡᠭᠡᠷ᠎ᠡ ᠠᠵᠢᠯᠯᠠᠭᠤᠯᠬᠤ ᠲᠠᠪᠴᠠᠩ ᠭᠠᠷᠭ᠋ᠠᠵᠤ᠂ ᠣᠨ᠎ᠤ ᠳᠣᠲᠣᠷ᠎ᠠ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠶ᠋ᠢᠭᠤᠯᠭ᠎ᠠ 5217 ᠬᠡᠷᠡᠭ᠎ᠢ ᠰᠢᠢ᠍ᠳᠪᠦᠷᠢᠯᠡᠵᠦ᠂ ᠡᠭᠦᠨ᠎ᠳᠤ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠬᠡᠷᠡᠭ᠎ᠨᠢ 2633 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.6% ᠨᠡᠮᠡᠭᠳᠡᠪᠡ᠃ ᠬᠣᠶᠠᠷ᠎ᠲᠤ᠂ 《ᠶᠡᠬᠡ ᠡᠶᠡᠳᠡᠭᠦᠯᠭᠡ》 ᠵᠢᠨ ᠪᠠᠶ᠋ᠢᠷᠢᠰᠢᠯ᠎ᠢ ᠪᠤᠢ ᠪᠣᠯᠭ᠋ᠠᠬᠤ ᠵᠢ ᠠᠬᠢᠭᠤᠯᠪᠠ᠃ ᠲᠣᠮᠢᠯᠠᠭᠰᠠᠨ ᠰᠠᠯᠪᠤᠷᠢ ᠪᠠ ᠬᠠᠤᠯᠢ ᠴᠠᠭ᠋ᠠᠵᠠ ᠵᠢᠨ ᠭᠠᠵᠠᠷ᠎ᠤᠨ 《ᠬᠣᠶᠠᠷ ᠭᠠᠵᠠᠷ᠎ᠤᠨ ᠬᠣᠯᠪᠣᠭ᠋ᠠᠯᠠᠨ ᠬᠥᠳᠡᠯᠦᠯᠴᠡᠬᠦ》 ᠲᠣᠭᠲᠠᠴᠠ ᠵᠢ ᠪᠠᠶ᠋ᠢᠭᠤᠯᠵᠤ᠂ ᠠᠷᠠᠳ᠎ᠤᠨ ᠡᠶᠡᠳᠡᠭᠦᠯᠭᠡ ᠬᠢᠭᠡᠳ ᠵᠠᠰᠠᠭ ᠵᠠᠬᠢᠷᠭ᠋ᠠᠨ᠎ᠤ ᠡᠶᠡᠳᠡᠭᠦᠯᠭᠡ᠂ ᠬᠠᠤᠯᠢ ᠴᠠᠭ᠋ᠠᠵᠠ ᠵᠢᠨ ᠡᠶᠡᠳᠡᠭᠦᠯᠭᠡ ᠵᠢᠨ ᠵᠣᠬᠢᠴᠠᠯᠳᠤᠵᠤ ᠬᠣᠯᠪᠣᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠣᠨ᠎ᠤ ᠳᠣᠲᠣᠷ᠎ᠠ ᠨᠡᠢ᠍ᠢ᠍ᠳᠡ 8.5 ᠲᠦᠮᠡ ᠭᠠᠷᠤᠶ ᠵᠥᠷᠢᠴᠡᠯ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠵᠦ᠂ ᠡᠶᠡᠳᠡᠭᠦᠯᠦᠨ ᠰᠢᠢ᠍ᠳᠪᠦᠷᠢᠯᠡᠵᠦ ᠠᠮᠵᠢᠯᠲᠠ ᠣᠯᠤᠭᠰᠠᠨ ᠨᠤᠷᠮ᠎ᠠ᠎ᠨᠢ 96%᠎ᠳᠤ ᠬᠦᠷᠴᠡᠶ᠃ ᠭᠤᠷᠪᠠ᠎ᠳᠤ᠂ ᠵᠠᠬᠢᠳᠠᠯ ᠰᠤᠷᠪᠤᠯᠵᠢᠯᠠᠯ᠎ᠤᠨ ᠬᠠᠤᠯᠢ᠎ᠪᠠᠷ ᠵᠠᠰᠠᠵᠢᠬᠤ ᠪᠠᠶ᠋ᠢᠭᠤᠯᠤᠯᠲᠠ ᠵᠢ ᠴᠢᠩᠭ᠋ᠠᠳᠬᠠᠪᠠ᠃ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠳᠠᠬᠢᠨ ᠪᠠᠢ᠌ᠴᠠᠭ᠋ᠠᠵᠤ ᠳᠠᠬᠢᠨ ᠬᠠᠷᠭᠤᠭᠤᠯᠬᠤ ᠪᠠ ᠵᠠᠬᠢᠳᠠᠯ ᠰᠤᠷᠪᠤᠯᠵᠢᠯᠠᠯ᠎ᠤᠨ ᠭᠣᠮᠣᠳᠠᠯ ᠲᠣᠭ᠋ᠠᠴᠢᠯᠲᠠ ᠵᠢ ᠬᠠᠤᠯᠢ ᠶᠣᠰᠣᠭ᠋ᠠᠷ ᠲᠦᠷᠦᠯ ᠬᠤᠪᠢᠶᠠᠨ ᠰᠢᠢ᠍ᠳᠪᠦᠷᠢᠯᠡᠬᠦ ᠲᠤᠬᠠᠶ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠵᠥᠷᠢᠴᠡᠯ ᠵᠢᠭᠤᠷᠠᠯᠳᠤᠭ᠋ᠠᠨ᠎ᠢ ᠢᠯᠭ᠋ᠠᠷᠠᠭᠤᠯᠤᠨ ᠪᠠᠶ᠋ᠢᠴᠠᠭ᠋ᠠᠵᠤ ᠨᠠᠮᠳᠠᠭ᠋ᠠᠬᠤ ᠠᠵᠢᠯ᠎ᠢ ᠴᠢᠩᠭ᠋ᠠᠳᠬᠠᠵᠤ᠂ ᠣᠨ᠎ᠤ ᠳᠣᠲᠣᠷ᠎ᠠ ᠤᠳᠤᠷᠢᠳᠤᠯᠭ᠎ᠠ ᠵᠢᠨ ᠳᠠᠭ᠋ᠠᠭ᠋ᠠᠴᠢᠯᠠᠭᠰᠠᠨ 5132 ᠬᠡᠷᠡᠭ᠎ᠢ ᠨᠠᠶ᠋ᠢᠳᠠᠪᠤᠷᠢᠵᠢᠭᠤᠯᠵᠤ᠂ 2841 ᠬᠡᠷᠡᠭ᠎ᠢ ᠬᠠᠤᠯᠢ ᠶᠣᠰᠣᠭ᠋ᠠᠷ ᠨᠠᠮᠳᠠᠭ᠋ᠠᠨ ᠰᠢᠢ᠍ᠳᠪᠦᠷᠢᠯᠡᠪᠡ᠃ ᠲᠦᠷᠪᠡ᠎ᠳᠤ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ᠎ᠢ ᠪᠦᠬᠦ ᠬᠦᠴᠦᠨ ᠵᠶ᠋ᠠᠷ ᠠᠬᠢᠭᠤᠯᠪᠠ᠃ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠠᠪᠴᠠᠩ᠎ᠢ 95% ᠵᠢᠨ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ᠎ᠳᠤ ᠬᠠᠮᠤᠷᠤᠭᠤᠯᠵᠤ᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠨᠠᠩ ᠳᠥᠭᠥᠮ ᠳᠥᠲᠡ ᠬᠠᠤᠯᠢ ᠴᠠᠭ᠋ᠠᠵᠠ ᠵᠢᠨ ᠦᠢ᠍ᠯᠡᠴᠢᠯᠡᠭᠡ ᠬᠠᠩᠭ᠋ᠠᠪᠠ᠃ 《ᠬᠢᠲᠠᠳ ᠮᠣᠩᠭᠣᠯ ᠬᠠᠤᠯᠢ ᠴᠠᠭ᠋ᠠᠵᠠ ᠵᠢᠨ ᠬᠡᠷᠡᠭᠯᠡᠭᠡᠨ᠎ᠤ ᠲᠣᠯᠢ ᠪᠢᠴᠢᠭ》᠎ᠢ ᠨᠠᠶ᠋ᠢᠷᠠᠭᠤᠯᠤᠨ ᠪᠢᠴᠢᠵᠦ ᠳᠠᠭᠤᠰᠬᠠᠭ᠋ᠠᠳ᠂ ᠤᠯᠤᠰ᠎ᠤᠨ ᠳᠣᠲᠣᠭ᠋ᠠᠳᠤ ᠵᠢᠨ ᠬᠣᠭᠣᠰᠣᠨ᠎ᠢ ᠨᠥᠬᠥᠪᠡ᠃
ᠨᠠᠢ᠍ᠮᠠ᠂ ᠬᠠᠤᠯᠢ᠎ᠪᠠᠷ ᠵᠠᠰᠠᠬᠤ ᠪᠣᠯᠪᠠᠰᠤᠷᠠᠯ ᠬᠥᠮᠦᠵᠢᠯ᠎ᠢ ᠴᠢᠩᠭ᠋ᠠᠳᠬᠠᠵᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ
ᠨᠢᠭᠡ᠎ᠳᠤ᠂ ᠦᠨᠳᠦᠰᠦᠨ ᠬᠠᠤᠯᠢ ᠪᠠ ᠬᠠᠤᠯᠢ ᠴᠠᠭ᠋ᠠᠵᠠ ᠵᠢᠨ ᠰᠤᠷᠤᠯᠴᠠᠯᠭ᠎ᠠ ᠤᠬᠠᠭᠤᠯᠭ᠎ᠠ ᠵᠢᠨ ᠪᠣᠯᠪᠠᠰᠤᠷᠠᠯ᠎ᠢ ᠰᠠᠶ᠋ᠢᠲᠤᠷ ᠠᠳᠬᠤᠪᠠ᠃ ᠣᠨ᠎ᠤ ᠳᠣᠲᠣᠷ᠎ᠠ 1.7 ᠲᠦᠮᠡ ᠭᠠᠷᠤᠶ ᠨᠠᠮ ᠵᠠᠰᠠᠭ᠎ᠤᠨ ᠪᠠᠶ᠋ᠢᠭᠤᠯᠤᠯᠭ᠎ᠠ ᠪᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠨᠡᠶ᠋ᠢᠲᠡ 71.9 ᠲᠦᠮᠡᠨ ᠬᠥᠮᠦᠨ ᠰᠦᠯᠵᠢᠶᠡᠨ ᠳᠡᠭᠡᠷ᠎ᠡ ᠬᠠᠤᠯᠢ ᠴᠠᠭ᠋ᠠᠵᠠ ᠰᠤᠷᠬᠤ ᠪᠠ ᠰᠢᠯᠭ᠋ᠠᠯᠲᠠ᠎ᠳᠤ ᠣᠷᠣᠯᠴᠠᠵᠤ᠂ ᠬᠢᠷᠢ ᠲᠡᠩᠴᠡᠭᠰᠡᠨ ᠨᠣᠷᠮ᠎ᠠ᠎ᠨᠢ 79.41% ᠬᠦᠷᠴᠡᠶ; 《12•4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠲᠤ ᠠᠩᠬᠠᠳᠤᠭ᠋ᠠᠷ ᠬᠤᠭᠤᠴᠠᠭ᠋ᠠᠨ᠎ᠤ 《ᠬᠠᠤᠯᠢ ᠴᠠᠭ᠋ᠠᠵᠠ ᠵᠢᠨ ᠰᠠᠢ᠍ᠢ᠍ᠨ ᠳᠠᠭᠤᠨ》᠎ᠤ ᠤᠬᠠᠭᠤᠯᠤᠨ ᠲᠠᠶ᠋ᠢᠯᠪᠤᠷᠢᠯᠠᠬᠤ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠵᠦ᠂ 130 ᠲᠦᠮᠡ ᠰᠢᠬᠠᠮ ᠦᠵᠡᠭᠴᠢᠳ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠵᠢ ᠬᠦᠯᠢᠶᠡᠨ ᠠᠪᠴᠤ ᠦᠵᠡᠪᠡ᠃ ᠬᠣᠶᠠᠷ᠎ᠲᠤ᠂ 《ᠢᠷᠭᠡᠨ᠎ᠤ ᠬᠠᠤᠯᠢ ᠵᠢᠨ ᠪᠢᠴᠢᠭ》᠎ᠤᠨ ᠰᠤᠷᠤᠯᠴᠠᠯᠭ᠎ᠠ ᠤᠬᠠᠭᠤᠯᠭ᠎ᠠ ᠵᠢ ᠰᠠᠶ᠋ᠢᠲᠤᠷ ᠠᠳᠬᠤᠪᠠ᠃ 《ᠢᠷᠭᠡᠨ᠎ᠤ ᠬᠠᠤᠯᠢ ᠵᠢᠨ ᠪᠢᠴᠢᠭ》᠎ᠤᠨ ᠰᠤᠷᠤᠯᠴᠠᠯᠭ᠎ᠠ ᠵᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠶ᠋ᠢᠯᠠᠩ᠎ᠤᠨ ᠰᠤᠷᠤᠯᠴᠠᠬᠤ ᠲᠥᠯᠥᠪᠯᠡᠭᠡ ᠪᠠ ᠡᠯ᠎ᠡ ᠲᠦᠷᠦᠯ᠎ᠤᠨ ᠰᠤᠷᠭ᠋ᠠᠭᠤᠯᠢ ᠵᠢᠨ ᠬᠠᠤᠯᠢ᠎ᠪᠠᠷ ᠵᠠᠰᠠᠬᠤ ᠬᠥᠮᠦᠵᠢᠯ᠎ᠤᠨ ᠠᠭᠤᠯᠭ᠎ᠠ᠎ᠳᠤ ᠣᠷᠣᠭᠤᠯᠵᠤ᠂ ᠤᠯᠠᠨ ᠵᠦᠢ᠍ᠯ᠎ᠤᠨ ᠬᠡᠯᠪᠡᠷᠢ᠎ᠪᠠᠷ ᠰᠤᠷᠤᠯᠴᠠᠯᠭ᠎ᠠ ᠤᠬᠠᠭᠤᠯᠭ᠎ᠠ ᠵᠢ ᠥᠷᠨᠢᠭᠦᠯᠪᠡ᠃ ᠭᠤᠷᠪᠠ᠎ᠳᠤ᠂ ᠬᠠᠤᠯᠢ᠎ᠪᠠᠷ ᠵᠠᠰᠠᠬᠤ ᠤᠯᠠᠭ᠋ᠠᠨᠮᠥ᠋ᠴᠢᠷ᠎ᠤᠨ ᠬᠠᠤᠯᠢ ᠲᠦᠭᠡᠮᠡᠯᠵᠢᠭᠦᠯᠬᠦ ᠨᠡᠷᠡᠲᠦ ᠲᠡᠮᠳᠡᠭᠲᠦ ᠵᠢᠨ ᠪᠠᠶ᠋ᠢᠭᠤᠯᠤᠯᠲᠠ ᠵᠢ ᠭᠦᠨᠵᠡᠭᠡᠢ᠌ᠷᠡᠭᠦᠯᠪᠡ᠃ ᠬᠠᠤᠯᠢ᠎ᠪᠠᠷ ᠵᠠᠰᠠᠬᠤ ᠤᠯᠠᠭ᠋ᠠᠨᠮᠥ᠋ᠴᠢᠷ᠎ᠤᠨ ᠰᠢᠷᠢᠰ ᠤᠬᠠᠭᠤᠯᠭ᠎ᠠ ᠵᠢᠨ ᠹᠢᠯᠢᠮ᠎ᠢ ᠨᠡᠢ᠍ᠢ᠍ᠳᠡ 300 ᠭᠠᠷᠤᠢ ᠬᠤᠭᠤᠴᠠᠭ᠎ᠠ ᠦᠢ᠍ᠯᠡᠳᠴᠦ᠂ ᠰᠢᠷᠢᠰ ᠺᠠᠷᠲ᠋ᠣᠨ ᠵᠦᠴᠦᠭᠡ 《ᠪᠢᠴᠢᠬᠠᠨ ᠬᠠᠤᠯᠢᠴᠢ ᠢᠷᠡᠯ᠎ᠡ》᠎ᠨᠢ ᠲᠥᠪ᠎ᠤᠨ ᠤᠬᠠᠭᠤᠯᠬᠤ ᠬᠡᠯᠲᠡᠰ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠶᠠᠮᠤᠨ ᠵᠢᠴᠢ ᠬᠠᠤᠯᠢ ᠴᠠᠭ᠋ᠠᠵᠠ ᠵᠢᠨ ᠶᠠᠮᠤᠨ᠎ᠤ ᠨᠢᠭᠡᠳᠦᠭᠡᠷ ᠳᠡᠰ᠎ᠤᠨ ᠱᠠᠩᠨᠠᠯ᠎ᠢ ᠬᠦᠷᠳᠡᠵᠡᠢ᠃ ᠲᠦᠷᠪᠡ᠎ᠳᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠢ ᠭᠦᠨᠵᠡᠭᠡᠶ ᠠᠬᠢᠭᠤᠯᠪᠠ᠃ 《7•5》᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ 《8•5》᠎ᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠥᠨᠳᠥᠷ ᠡᠬᠢᠯᠡᠯᠲᠡ ᠵᠢᠨ ᠴᠡᠭ ᠤᠬᠠᠭᠤᠯᠤᠨ ᠲᠥᠯᠥᠪᠯᠡᠵᠦ᠂ ᠤᠳᠤᠷᠢᠳᠬᠤ ᠺᠠᠳ᠋ᠷᠴᠤᠳ ᠲᠦᠷᠦᠭᠦᠯᠡᠨ ᠬᠠᠤᠯᠢ ᠰᠤᠷᠤᠯᠴᠠᠬᠤ᠂ ᠵᠢᠱ᠌ᠢᠶᠡᠴᠢ᠎ᠪᠠᠷ ᠬᠠᠤᠯᠢ ᠰᠠᠬᠢᠬᠤ ᠵᠢ ᠬᠠᠤᠯᠢ᠎ᠪᠠᠷ ᠵᠠᠰᠠᠬᠤ ᠤᠬᠠᠮᠰᠠᠷ᠎ᠢ ᠪᠤᠢ ᠪᠣᠯᠭ᠋ᠠᠬᠤ ᠵᠠᠩᠭᠢᠯᠠᠭ᠎ᠠ ᠪᠣᠯᠭ᠋ᠠᠵᠤ᠂ ᠪᠦᠬᠦ ᠤᠯᠤᠰ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯ᠎ᠤᠨ ᠠᠯᠪᠠᠨ ᠭᠡᠷ᠎ᠤᠨ ᠭᠦᠢ᠍ᠴᠡᠳ ᠨᠤᠲᠠᠯᠠᠯᠲᠠ ᠵᠢ ᠤᠯᠪᠠ᠃
ᠶᠢᠰᠦ᠂ ᠰᠢᠮᠳᠠᠭᠤᠯᠤᠨ ᠪᠠᠶ᠋ᠢᠴᠠᠭ᠋ᠠᠵᠤ ᠰᠢᠯᠭ᠋ᠠᠨ ᠬᠢᠨᠠᠬᠤ ᠪᠠ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠵᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠪᠡ
ᠨᠢᠭᠡ᠎ᠳᠤ᠂ ᠬᠢᠨᠠᠨ ᠰᠢᠯᠭ᠋ᠠᠯᠲᠠ ᠵᠢᠨ 《ᠳᠣᠬᠢᠭᠤᠷ》᠎ᠤᠨ ᠦᠢ᠍ᠯᠡᠳᠦᠯ᠎ᠢ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠷᠣᠨ ᠵᠶ᠋ᠠᠨ ᠪᠥᠬᠥ ᠲᠠᠯ᠎ᠠ᠎ᠪᠠᠷ ᠬᠠᠤᠯᠢ᠎ᠪᠠᠷ ᠵᠠᠰᠠᠬᠤ ᠬᠣᠷᠢᠶ᠎ᠠ ᠵᠢᠨ ᠠᠯᠪᠠᠨ ᠬᠡᠷ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠵᠶ᠋ᠠᠨ ᠬᠠᠤᠯᠢ᠎ᠪᠠᠷ ᠵᠠᠰᠠᠬᠤ ᠰᠢᠯᠭ᠋ᠠᠷᠠᠭᠤᠯᠬᠤ ᠺᠣᠮᠢᠰ᠎ᠤᠨ ᠲᠤᠰᠬᠠᠶ ᠮᠡᠷᠭᠡᠵᠢᠯᠲᠡᠨ᠎ᠤ ᠠᠵᠢᠯ᠎ᠤᠨ ᠠᠷᠭ᠎ᠠ (ᠲᠤᠷᠰᠢᠨ ᠬᠡᠷᠡᠭᠵᠢᠭᠦᠯᠬᠦ)〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠲᠠᠷᠬᠠᠭ᠋ᠠᠭᠰᠠᠨ [2020] 13 ᠳ᠋ᠤᠭ᠋ᠠᠷ ᠲᠣᠭ᠋ᠠᠲᠤ)᠂ 《〈2020 ᠣᠨ᠎ᠤ ᠠᠶ᠋ᠢᠮᠠᠭ ᠬᠣᠲᠠ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢᠨ ᠣᠷᠣᠨ ᠵᠶ᠋ᠠᠨ ᠬᠠᠤᠯᠢ᠎ᠪᠠᠷ ᠵᠠᠰᠠᠬᠤ ᠵᠢ ᠰᠢᠯᠭ᠋ᠠᠨ ᠬᠢᠨᠠᠵᠤ ᠦᠨᠡᠯᠡᠬᠦ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠣᠷᠣᠨ ᠵᠶ᠋ᠠᠨ ᠬᠠᠤᠯᠢ᠎ᠪᠠᠷ ᠵᠠᠰᠠᠬᠤ ᠠᠯᠪᠠᠨ ᠲᠠᠷᠬᠠᠭ᠋ᠠᠭᠰᠠᠨ [2020] 17 ᠳ᠋ᠤᠭ᠋ᠠᠷ ᠲᠣᠭ᠋ᠠᠲᠤ)᠎ᠢ ᠲᠣᠭᠲᠠᠭ᠋ᠠᠨ ᠨᠡᠢ᠌ᠲᠡᠯᠡᠵᠦ᠂ ᠰᠢᠯᠭ᠋ᠠᠷᠠᠭᠤᠯᠬᠤ ᠺᠣᠮᠢᠰ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢ ᠵᠣᠬᠢᠶᠠᠨ ᠪᠠᠶ᠋ᠢᠭᠤᠯᠵᠤ᠂ ᠰᠢᠯᠭ᠋ᠠᠨ ᠦᠨᠡᠯᠡᠬᠦ ᠲᠤᠰᠬᠠᠶ ᠮᠡᠷᠭᠡᠵᠢᠯ᠎ᠤᠨ ᠴᠢᠨᠠᠷ᠂ ᠢᠯᠡ ᠲᠣᠳᠣ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠣᠨ᠎ᠤ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠵᠢ ᠰᠢᠯᠭ᠋ᠠᠨ ᠦᠨᠡᠯᠡᠬᠦ ᠠᠵᠢᠯ᠎ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠬᠣᠶᠠᠷ᠎ᠲᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠰᠬᠠᠶ ᠵᠦᠢ᠍ᠯ᠎ᠤᠨ ᠰᠢᠮᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠪᠡ᠃ ᠣᠨ᠎ᠤ ᠳᠣᠲᠣᠷ᠎ᠠ 10 ᠠᠶ᠋ᠢᠮᠠᠭ ᠬᠣᠲᠠ᠂ 8 ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ᠎ᠲᠤ ᠰᠢᠮᠳᠠᠭᠤᠯᠤᠨ ᠪᠠᠶ᠋ᠢᠴᠠᠭ᠋ᠠᠯᠲᠠ ᠬᠢᠵᠦ᠂ ᠠᠰᠠᠭᠤᠳᠠᠯ᠎ᠤᠨ ᠨᠠᠷᠢᠨ ᠬᠠᠭᠤᠳᠠᠰᠤ ᠵᠢ ᠡᠮᠬᠢᠯᠡᠨ ᠳᠢᠭᠯᠡᠵᠦ᠂ ᠠᠵᠢᠯ᠎ᠤᠨ ᠡᠬᠡ ᠲᠠᠩᠰᠠ ᠪᠠᠶ᠋ᠢᠭᠤᠯᠤᠨ᠂ ᠦᠷᠭᠦᠯᠵᠢᠯᠡᠨ ᠰᠢᠮᠳᠠᠭᠤᠯᠵᠤ ᠴᠡᠭᠴᠡᠯᠡᠨ ᠰᠠᠢ᠌ᠵᠢᠷᠠᠭᠤᠯᠪᠠ᠃ ᠲᠥᠪ᠎ᠤᠨ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠠᠯᠪᠠᠨ ᠬᠡᠷ᠎ᠤᠨ ᠰᠢᠮᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠮᠠᠨ᠎ᠤ ᠣᠷᠣᠨ᠎ᠤ ᠨᠠᠮ ᠵᠠᠰᠠᠭ᠎ᠤᠨ ᠭᠣᠤᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠭᠰᠡᠨ ᠵᠢᠴᠢ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠨ ᠭᠠᠵᠠᠷ᠎ᠲᠤᠨᠢ ᠰᠢᠮᠳᠠᠭᠤᠯᠤᠨ ᠪᠠᠢ᠌ᠴᠠᠭ᠋ᠠᠬᠤ ᠪᠠᠢ᠌ᠴᠠᠭ᠋ᠠᠯᠲᠠ ᠵᠢ ᠤᠭᠲᠤᠬᠤ ᠠᠵᠢᠯ᠎ᠢ ᠬᠠᠮᠵᠢᠨ ᠪᠡᠶᠡᠯᠡᠭᠦᠯᠪᠡ᠃ ᠭᠤᠷᠪᠠ᠎ᠳᠤ᠂ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯ᠎ᠢ ᠢᠳᠡᠪᠬᠢᠲᠡᠶ ᠠᠬᠢᠭᠤᠯᠪᠠ᠃ ᠪᠥᠬᠥ ᠣᠷᠣᠨ᠎ᠤ ᠬᠣᠶᠠᠳᠤᠭ᠋ᠠᠷ ᠪᠦᠯᠦᠭ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ 5 ᠵᠢᠱ᠌ᠢᠶ᠎ᠡ ᠦᠵᠡᠭᠦᠯᠬᠦ ᠠᠶ᠋ᠢᠮᠠᠭ ᠬᠣᠲᠠ᠂ 5 ᠵᠢᠱ᠌ᠢᠶ᠎ᠡ ᠦᠵᠡᠭᠦᠯᠬᠦ ᠰᠠᠯᠠᠭ᠎ᠠ ᠮᠥᠴᠢᠷ ᠪᠠ 20 ᠵᠢᠱ᠌ᠢᠶ᠎ᠡ ᠦᠵᠡᠭᠦᠯᠬᠦ ᠬᠣᠰᠢᠭᠤ ᠰᠢᠶᠠᠨ (ᠬᠣᠲᠠ᠂ ᠲᠣᠭᠣᠷᠢᠭ)᠎ᠢ ᠲᠣᠭᠲᠠᠭ᠋ᠠᠵᠤ᠂ ᠵᠢᠱ᠌ᠢᠶ᠎ᠡ ᠦᠵᠡᠭᠦᠯᠦᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠪᠠ᠃
2020 ᠣᠨ᠎ᠳᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ᠎ᠳᠤ ᠬᠡᠳᠦᠶ᠋ᠢᠪᠡᠷ ᠵᠣᠬᠢᠬᠤ ᠠᠮᠵᠢᠯᠲᠠ ᠣᠯᠤᠭᠰᠠᠨ ᠪᠣᠯᠪᠠᠴᠤ ᠮᠥᠨ ᠯᠡ ᠡᠳᠦᠶ ᠲᠡᠳᠦᠶ ᠠᠰᠠᠭᠤᠳᠠᠯ ᠣᠷᠣᠰᠢᠵᠤ ᠪᠠᠶ᠋ᠢᠨ᠎ᠠ᠂ ᠨᠢᠭᠡ᠎ᠳᠤ᠂ 《〈ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2015 — 2020 ᠣᠨ)〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠪ ᠲᠠᠷᠬᠠᠭ᠋ᠠᠭᠰᠠᠨ [2015] 36 ᠳ᠋ᠤᠭ᠋ᠠᠷ ᠲᠣᠭ᠋ᠠᠲᠤ)᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢ ᠶᠡᠷᠦᠩᠬᠡᠶ᠎ᠳᠤᠨᠢ ᠪᠡᠶᠡᠯᠡᠭᠦᠯᠦᠭᠰᠡᠨ ᠪᠣᠯᠪᠠᠴᠤ ᠭᠠᠵᠠᠷ ᠣᠷᠣᠨ᠎ᠤ ᠠᠬᠢᠴᠠ᠎ᠨᠢ ᠲᠡᠩᠴᠡᠭᠦᠷᠢ ᠦᠭᠡᠢ᠃ ᠬᠣᠶᠠᠷ᠎ᠲᠤ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠲᠠᠰ ᠳᠠᠷᠠᠭ᠋ᠠᠯᠠᠯ᠎ᠢ ᠬᠡᠷᠡᠭᠵᠢᠭᠦᠯᠦᠭᠰᠡᠨ᠎ᠨᠢ ᠴᠢᠩᠭ᠎ᠠ ᠪᠤᠰᠤ᠂ ᠣᠯᠠᠨ ᠨᠡᠶ᠋ᠢᠲᠡ ᠵᠢᠨ ᠣᠷᠣᠯᠴᠠᠬᠤ ᠬᠡᠮᠵᠢᠶ᠎ᠡ ᠵᠢ ᠳᠡᠭᠡᠭᠰᠢᠯᠡᠭᠦᠯᠬᠦ ᠴᠢᠬᠤᠯᠠᠲᠠᠶ᠃ ᠭᠤᠷᠪᠠ᠎ᠳᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠠᠪᠤᠴᠠ᠎ᠳᠤ ᠮᠥᠨ ᠬᠦ᠌ 《ᠪᠣᠳᠠᠲᠤ ᠴᠣᠭᠴᠠ ᠵᠢ ᠴᠢᠬᠤᠯᠠᠴᠢᠯᠠᠵᠤ ᠲᠠᠰ ᠳᠠᠷᠠᠭ᠋ᠠᠯᠠᠯ᠎ᠢ ᠬᠥᠩᠭᠡᠪᠴᠢᠯᠡᠬᠦ》 《ᠰᠢᠢ᠍ᠳᠬᠡᠯ ᠲᠣᠷᠭ᠋ᠠᠭᠤᠯᠢ ᠵᠢ ᠴᠢᠬᠤᠯᠠᠴᠢᠯᠠᠵᠤ ᠠᠯᠳᠠᠭ᠎ᠠ ᠵᠠᠯᠠᠷᠠᠭᠤᠯᠬᠤ ᠵᠢ ᠬᠥᠩᠭᠡᠪᠴᠢᠯᠡᠬᠦ》 《ᠨᠢᠭᠡ ᠯᠡ ᠪᠠᠷᠢᠮᠵᠢᠶ᠎ᠠ᠎ᠪᠠᠷ ᠬᠡᠷᠡᠭᠵᠢᠭᠦᠯᠬᠦ》 ᠮᠠᠶᠢᠭ ᠵᠶ᠋ᠠᠷ ᠬᠠᠤᠯᠢ ᠬᠡᠷᠡᠭᠵᠢᠭᠦᠯᠬᠦ᠂ ᠬᠥᠳᠡᠯᠭᠡᠭᠡᠨ᠎ᠤ ᠮᠠᠶᠢᠭ᠎ᠤᠨ ᠬᠠᠤᠯᠢ ᠬᠡᠷᠡᠭᠵᠢᠭᠦᠯᠬᠦ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠳᠥᠷᠪᠡ᠎ᠳᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠠᠵᠢᠯ᠎ᠨᠢ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠠᠬᠢᠭᠤᠯᠬᠤ᠂ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠶ᠎ᠪᠠᠷ ᠰᠢᠢ᠍ᠳᠪᠦᠷᠢᠯᠡᠬᠦ ᠪᠠ ᠡᠬᠢ ᠡᠭᠦᠰᠦᠯ᠎ᠠᠴᠠ᠎ᠨᠢ ᠵᠠᠰᠠᠬᠤ ᠱᠠᠭ᠋ᠠᠷᠳᠠᠯᠭ᠎ᠠ᠎ᠯᠤᠭ᠎ᠠ ᠵᠥᠷᠢᠶ᠎ᠡ᠎ᠲᠠᠢ ᠪᠠᠶ᠋ᠢᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠲᠦᠷᠭᠡᠳᠬᠡᠨ ᠠᠬᠢᠭᠤᠯᠬᠤ ᠴᠢᠬᠤᠯᠠᠲᠠᠶ᠃ ᠲᠠᠪᠤ᠎ᠳᠤ᠂ ᠬᠠᠤᠯᠢ᠎ᠪᠠᠷ ᠵᠠᠰᠠᠵᠢᠬᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠶ ᠪᠠᠶ᠋ᠢᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠣᠷᠣᠨ ᠵᠠᠶ ᠪᠠᠶ᠋ᠢᠨ᠎ᠠ᠃ ᠵᠢᠷᠭᠤᠭ᠎ᠠ᠎ᠳᠤ᠂ ᠬᠡᠰᠡᠭ ᠭᠠᠵᠠᠷ ᠣᠷᠣᠨ᠎ᠳᠤ ᠬᠠᠤᠯᠢ᠎ᠪᠠᠷ ᠵᠠᠰᠠᠬᠤ ᠠᠵᠢᠯ᠎ᠤᠨ ᠪᠠᠶ᠋ᠢᠭᠤᠯᠤᠮᠵᠢ ᠲᠡᠭᠦᠯᠳᠡᠷᠵᠢᠭᠡᠳᠦᠶ᠂ ᠲᠤᠰᠬᠠᠶ ᠮᠡᠷᠭᠡᠵᠢᠯ᠎ᠤᠨ ᠠᠵᠢᠯᠳᠠᠨ ᠳᠤᠲᠠᠭᠳᠠᠵᠤ ᠪᠠᠶ᠋ᠢᠬᠤ ᠠᠰᠠᠭᠤᠳᠠᠯ ᠣᠷᠣᠰᠢᠵᠤ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ᠂ ᠵᠠᠷᠤᠳᠠᠯ᠎ᠤᠨ ᠪᠠᠲᠤᠯᠠᠭ᠎ᠠ ᠵᠡᠷᠭᠡ᠎ᠨᠢ ᠲᠡᠭᠦᠨ᠎ᠤ ᠡᠭᠦᠷᠭᠡᠯᠡᠵᠦ ᠪᠠᠶ᠋ᠢᠭ᠎ᠠ ᠲᠤᠰᠢᠶᠠᠯ ᠬᠠᠷᠢᠭᠤᠴᠠᠯᠭ᠎ᠠ᠎ᠯᠤᠭ᠎ᠠ ᠵᠣᠬᠢᠴᠠᠯᠳᠤᠬᠤ ᠦᠭᠡᠢ ᠪᠠᠶ᠋ᠢᠨ᠎ᠠ᠃
2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠲᠥᠪ᠎ᠤᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠲᠥᠪ ᠬᠣᠷᠢᠶᠠᠨ᠎ᠤ ᠱᠠᠭ᠋ᠠᠷᠳᠠᠯᠭ᠎ᠠ᠎ᠲᠠᠢ ᠪᠦᠬᠦ ᠲᠠᠯ᠎ᠠ᠎ᠪᠠᠷ ᠨᠠᠷᠢᠨ ᠬᠢᠨᠠᠮᠠᠭ᠋ᠠᠶ ᠪᠠᠷᠢᠮᠵᠢᠶᠠᠯᠠᠨ ᠬᠠᠷᠭᠤᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠬᠤ ᠶᠠᠰᠤ ᠴᠢᠨᠠᠷ᠎ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠬᠠᠤᠯᠢ ᠶᠣᠰᠣᠭ᠋ᠠᠷ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠪᠠᠨ ᠪᠦᠬᠦ ᠲᠠᠯ᠎ᠠ᠎ᠪᠠᠷ ᠭᠦᠢ᠍ᠴᠡᠳᠬᠡᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠷᠢᠮ᠎ᠤᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠦᠴᠦᠯᠡᠨ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭ᠋ᠠᠨ᠎ᠢ ᠬᠠᠤᠯᠢ ᠶᠣᠰᠣᠭ᠋ᠠᠷ ᠲᠣᠬᠢᠲᠠᠶ ᠰᠢᠢ᠍ᠳᠪᠦᠷᠢᠯᠡᠨ᠂ ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠪᠠᠷᠢᠯ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ᠎ᠳᠠᠬᠢ ᠬᠡᠷᠡᠭᠯᠡᠯᠲᠡ ᠵᠢ ᠪᠠᠳᠠᠷᠠᠭᠤᠯᠤᠨ᠂ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢᠨ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠵᠤ᠂ ᠪᠥᠬᠥ ᠣᠷᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠦᠲᠦᠭᠡᠨ ᠪᠠᠶ᠋ᠢᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ
2021 ᠣᠨ᠎ᠤ 4 ᠳ᠋ᠦ᠍ᠭᠡᠷ ᠰᠠᠷ᠎ᠠ ᠵᠢᠨ 1᠎ᠤ ᠡᠳᠦᠷ