ᠲᠡᠷᠢᠭᠦᠨ ᠬᠠᠭᠤᠳᠠᠰᠤ   -   ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ᠎ᠳᠤ ᠰᠢᠮᠳᠠᠭᠤᠯᠤᠨ ᠪᠠᠢ᠌ᠴᠠᠭ᠋ᠠᠯᠲᠠ ᠬᠢᠵᠦ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠵᠠᠰᠠᠬᠤ ᠲᠥᠰᠥᠯ
ᠨᠡᠶ᠋ᠢᠲᠡᠯᠡᠭᠰᠡᠨ ᠴᠠᠭ᠄ 2021-06-10

     2020 ᠣᠨ 10 ᠳ᠋ᠤᠭ᠋ᠠᠷ ᠰᠠᠷ᠎ᠠ ᠵᠢᠨ 19᠎ᠤ ᠡᠳᠦᠷ --- 25᠎ᠤ ᠡᠳᠦᠷ ᠪᠣᠯᠲᠠᠯ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠶᠢᠰᠦᠳᠦᠭᠡᠷ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ ᠮᠠᠨ᠎ᠤ ᠣᠷᠣᠨ᠎ᠳᠤ ᠢᠷᠡᠵᠦ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ᠎ᠳᠤ ᠰᠢᠮᠳᠠᠭᠤᠯᠤᠨ ᠪᠠᠢ᠌ᠴᠠᠭ᠋ᠠᠯᠲᠠ ᠬᠢᠪᠡ᠃ 《2020 ᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ᠎ᠳᠠᠬᠢ ᠰᠢᠮᠳᠠᠭᠤᠯᠤᠨ ᠪᠠᠢ᠌ᠴᠠᠭ᠋ᠠᠯᠲᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠠᠷᠢᠭᠤ ᠲᠤᠰᠬᠠᠭᠰᠠᠨ ᠰᠠᠨᠠᠯ》᠎ᠢ ᠦᠨᠳᠦᠰᠦᠯᠡᠨ᠂ ᠳᠤᠷᠠᠳᠤᠨ ᠭᠠᠷᠭ᠋ᠠᠭᠰᠠᠨ ᠣᠷᠣᠰᠢᠵᠤ ᠪᠠᠢ᠌ᠭ᠎ᠠ ᠠᠰᠠᠭᠤᠳᠠᠯ᠂ ᠬᠠᠷᠢᠭᠤ ᠲᠤᠰᠬᠠᠭᠰᠠᠨ ᠰᠠᠨᠠᠯ ᠪᠠ ᠴᠡᠭᠴᠡᠯᠡᠨ ᠵᠠᠰᠠᠬᠤ ᠱᠠᠭ᠋ᠠᠷᠳᠠᠯᠭ᠎ᠠ᠎ᠳᠤ ᠴᠢᠭᠯᠡᠭᠦᠯᠦᠨ᠂ ᠵᠤᠷᠪᠤᠰ ᠳᠠᠷᠠᠭ᠋ᠠᠯᠠᠨ ᠡᠮᠬᠢᠯᠡᠵᠦ᠂ ᠬᠠᠷᠢᠭᠤᠴᠠᠯᠭ᠋ᠠᠲᠤ ᠨᠢᠭᠡᠴᠢ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ ᠵᠢ ᠲᠣᠳᠣᠷᠬᠠᠢ᠌ᠯᠠᠵᠤ᠂ ᠴᠡᠭᠴᠡᠯᠡᠨ ᠵᠠᠰᠠᠬᠤ ᠳᠣᠣᠷᠠᠬᠢ ᠲᠥᠰᠥᠯ᠎ᠢ ᠲᠣᠭᠲᠠᠭ᠋ᠠᠪᠠ᠃
      ᠨᠢᠭᠡ᠂ ᠠᠵᠢᠯ᠎ᠤᠨ ᠬᠠᠷᠠᠯᠲᠠ
      《ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠵᠢᠯᠣᠭᠣᠳᠬᠤ ᠰᠠᠨᠠᠯ》 (ᠲᠥᠷᠥ ᠠᠯᠪᠠᠨ ᠲᠠᠷᠬᠠᠭ᠋ᠠᠭᠰᠠᠨ [2018] 63 ᠳ᠋ᠤᠭ᠋ᠠᠷ ᠲᠣᠭ᠋ᠠᠲᠤ) ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠴᠢᠩᠭ᠎ᠠ ᠣᠨᠢᠯᠠᠨ᠂ ᠤᠯᠤᠰ᠎ᠤᠨ ᠰᠢᠮᠳᠠᠭᠤᠯᠤᠨ ᠪᠠᠢ᠌ᠴᠠᠭ᠋ᠠᠯᠲᠠ ᠬᠢᠵᠦ ᠢᠯᠡᠷᠡᠭᠦᠯᠦᠭᠰᠡᠨ ᠠᠰᠠᠭᠤᠳᠠᠯ᠎ᠢ ᠴᠢᠩᠭ᠎ᠠ ᠠᠳᠬᠤᠵᠤ᠂ ᠵᠠᠰᠠᠭ᠎ᠤᠨ ᠣᠷᠳᠣᠨ ᠭᠣᠣᠯᠴᠢᠯᠠᠨ ᠤᠳᠤᠷᠢᠳᠬᠤ᠂ ᠲᠤᠰᠢᠶᠠᠯ ᠶᠣᠰᠣᠭ᠋ᠠᠷ ᠬᠠᠷᠢᠭᠤᠴᠠᠯᠭ᠎ᠠ ᠡᠭᠦᠷᠭᠡᠯᠡᠬᠦ᠂ ᠬᠠᠮᠵᠢᠯᠴᠠᠨ ᠠᠵᠢᠯᠯᠠᠵᠤ ᠬᠠᠮᠲᠤ᠎ᠪᠠᠷ ᠵᠠᠰᠠᠬᠤ ᠵᠢ ᠪᠠᠷᠢᠮᠲᠠᠯᠠᠵᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠤᠬᠠᠭᠤᠯᠵᠤ ᠬᠥᠲᠥᠯᠥᠨ ᠵᠢᠯᠣᠭᠣᠳᠬᠤ ᠵᠢ ᠬᠦᠴᠦᠯᠡᠨ ᠴᠢᠩᠭ᠋ᠠᠳᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠵᠦ ᠵᠣᠯᠭ᠋ᠠᠯᠳᠤᠭᠤᠯᠤᠨ ᠬᠠᠮᠵᠢᠯᠴᠠᠬᠤ ᠲᠠᠪᠴᠠᠩ᠎ᠢ ᠪᠠᠢ᠌ᠭᠤᠯᠤᠨ᠂ ᠣᠯᠠᠨ ᠡᠰᠢᠵᠢᠭᠰᠡᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠪᠠᠢ᠌ᠷᠢᠰᠢᠭᠤᠯᠤᠯᠲᠠ ᠵᠢ ᠲᠦᠷᠭᠡᠳᠬᠡᠨ ᠠᠬᠢᠭᠤᠯᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠣᠭᠲᠠᠴᠠ᠎ᠳᠤ ᠰᠢᠨ᠎ᠡ ᠵᠢ ᠡᠭᠦᠳᠬᠦ ᠵᠢ ᠴᠢᠩᠭ᠋ᠠᠷᠠᠭᠤᠯᠤᠨ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠷ᠎ᠡ ᠳ᠋ᠦᠩ᠎ᠢ ᠵᠣᠬᠢᠴᠠᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ ᠪᠠ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ᠎ᠢ ᠪᠠᠲᠤᠯᠠᠨ᠎ᠠ᠃
      ᠬᠣᠶᠠᠷ᠂ ᠴᠡᠭᠴᠡᠯᠡᠨ ᠵᠠᠰᠠᠬᠤ ᠠᠭᠤᠯᠭ᠎ᠠ
     (  ᠨᠢᠭᠡ) 《ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠴᠢᠬᠤᠯᠠᠴᠢᠯᠠᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ》 ᠠᠰᠠᠭᠤᠳᠠᠯ᠎ᠤᠨ ᠲᠤᠬᠠᠢ
     1. ᠥᠪᠡᠷᠲᠡᠭᠡᠨ ᠵᠠᠰᠠᠬᠤ ᠣᠷᠣᠨ᠎ᠠᠴᠠ 2019 ᠣᠨ᠎ᠤ 1 ᠳ᠋ᠦ᠍ᠭᠡᠷ ᠰᠠᠷ᠎ᠠ᠎ᠳᠤ ᠳᠠᠷᠤᠢ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠬᠦ ᠲᠥᠰᠥᠯ ᠪᠠ ᠬᠣᠯᠪᠣᠭ᠋ᠠᠲᠤ ᠬᠤᠷᠠᠯ᠎ᠤᠨ ᠳᠦᠷᠢᠮ᠎ᠢ ᠪᠠᠢ᠌ᠭᠤᠯᠬᠤ ᠵᠡᠷᠭᠡ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ ᠪᠣᠯᠪᠠᠴᠤ 2020 ᠣᠨ᠎ᠤ 10 ᠳ᠋ᠤᠭ᠋ᠠᠷ ᠰᠠᠷ᠎ᠠ ᠵᠢᠨ 15᠎ᠤ ᠡᠳᠦᠷ ᠪᠣᠯᠣᠭ᠋ᠠᠳ ᠰᠠᠶᠢ ᠠᠩᠬ᠎ᠠ ᠤᠳᠠᠭ᠎ᠠ ᠬᠣᠯᠪᠣᠭ᠋ᠠᠲᠤ ᠬᠤᠷᠠᠯ᠎ᠢ ᠬᠤᠷᠠᠯᠳᠤᠭᠤᠯᠪᠠ᠃ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠠᠭᠤᠯᠭ᠎ᠠ ᠵᠢ 2019 --- 2020 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠦᠷ᠎ᠡ ᠪᠦᠲᠦᠮᠵᠢ ᠵᠢ ᠰᠢᠯᠭ᠋ᠠᠨ ᠬᠢᠨᠠᠬᠤ ᠪᠠ ᠶᠡᠷᠦᠩᠬᠡᠢ᠌ᠯᠡᠭᠰᠡᠨ ᠬᠠᠷᠠᠯᠲᠠ ᠵᠢ ᠰᠢᠯᠭ᠋ᠠᠨ ᠬᠢᠨᠠᠬᠤ ᠲᠥᠰᠥᠯ᠎ᠤᠨ ᠭᠦᠢ᠍ᠴᠡᠳᠬᠡᠯ ᠲᠣᠭ᠎ᠠ᠎ᠳᠤ ᠬᠠᠷᠠᠬᠠᠨ ᠣᠷᠣᠭᠤᠯᠤᠭ᠎ᠠ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠡᠯ᠎ᠡ ᠱᠠᠲᠤᠨ᠎ᠤ ᠵᠠᠰᠠᠭ᠎ᠤᠨ ᠣᠷᠣᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠬᠣᠯᠪᠣᠭ᠋ᠠᠲᠤ ᠬᠤᠷᠠᠯ᠎ᠤᠨ ᠪᠦᠷᠢᠯᠳᠦᠬᠦᠨ ᠨᠢᠭᠡᠴᠢ (ᠳᠣᠷᠣᠭᠰᠢ ᠪᠦᠷᠢᠯᠳᠦᠬᠦᠨ ᠨᠢᠭᠡᠴᠢ ᠭᠡᠵᠦ ᠲᠣᠪᠴᠢᠯᠠᠨ᠎ᠠ)
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢᠴᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 63 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠵᠤ᠂ ᠵᠠᠰᠠᠭ᠎ᠤᠨ ᠣᠷᠳᠣᠨ᠎ᠤ ᠭᠣᠣᠯᠴᠢᠯᠠᠨ ᠤᠳᠤᠷᠢᠳᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ᠃ ᠬᠣᠶᠠᠷ᠎ᠲᠤ᠂ ᠵᠢᠯ ᠪᠦᠷᠢ ᠠᠳᠠᠭ᠎ᠲᠤ᠎ᠪᠠᠨ ᠨᠢᠭᠡ ᠤᠳᠠᠭ᠎ᠠ ᠬᠣᠯᠪᠣᠭ᠋ᠠᠲᠤ ᠬᠤᠷᠠᠯ ᠬᠤᠷᠠᠯᠳᠤᠭᠤᠯᠤᠨ᠎ᠠ᠃ ᠭᠤᠷᠪᠠ᠎ᠳᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠠᠭᠤᠯᠭ᠎ᠠ ᠵᠢ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠣᠨ᠎ᠤ ᠠᠵᠢᠯ᠎ᠤᠨ ᠦᠷ᠎ᠡ ᠪᠦᠲᠦᠮᠵᠢ ᠵᠢᠨ ᠰᠢᠯᠭ᠋ᠠᠨ ᠬᠢᠨᠠᠯᠲᠠ ᠪᠠ ᠶᠡᠷᠦᠩᠬᠡᠢ᠌ᠯᠡᠭᠰᠡᠨ ᠬᠠᠷᠠᠯᠲᠠ ᠵᠢᠨ ᠰᠢᠯᠭ᠋ᠠᠨ ᠬᠢᠨᠠᠬᠤ ᠲᠥᠰᠥᠯ᠎ᠤᠨ ᠭᠦᠢ᠍ᠴᠡᠳᠬᠡᠯ ᠲᠣᠭ᠎ᠠ᠎ᠳᠤ ᠣᠷᠣᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ 12 ᠳ᠋ᠤᠭ᠋ᠠᠷ ᠰᠠᠷ᠎ᠠ᠎ᠳᠤ ᠪᠡᠶᠡᠯᠡᠭᠦᠯᠵᠦ᠂ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠤᠨ᠎ᠠ᠃
     2. ᠵᠠᠷᠢᠮ ᠰᠠᠯᠠᠭ᠎ᠠ ᠮᠥᠴᠢᠷ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ ᠮᠥᠨ ᠬᠦ᠌ ᠵᠥᠷᠢᠶ᠎ᠡ ᠣᠷᠣᠰᠢᠵᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠲᠤᠬᠠᠢ ᠰᠤᠷᠤᠯᠴᠠᠯᠭ᠎ᠠ ᠭᠦᠢ᠍ᠴᠡᠳ ᠦᠭᠡᠢ᠂ ᠣᠢ᠌ᠯᠠᠭ᠋ᠠᠯᠲᠠ ᠭᠦᠨᠵᠡᠭᠡᠢ ᠪᠤᠰᠤ ᠪᠠᠢ᠌ᠨ᠎ᠠ᠃ ᠣᠯᠠᠨ ᠰᠠᠯᠠᠭ᠎ᠠ ᠮᠥᠴᠢᠷ᠎ᠠᠴᠠ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ ᠠᠰᠠᠭᠤᠳᠠᠯ ᠵᠶ᠋ᠠᠨ ᠪᠠᠢ᠌ᠴᠠᠭ᠋ᠠᠨ ᠢᠯᠡᠷᠡᠭᠦᠯᠬᠦ ᠲᠠᠯ᠎ᠠ᠎ᠪᠠᠷ ᠬᠦᠷᠦᠯᠴᠡᠬᠦ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠪᠦᠷᠢᠯᠳᠦᠬᠦᠨ ᠨᠢᠭᠡᠴᠢ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠳᠦᠷᠢᠮ᠎ᠤᠨ ᠰᠤᠷᠤᠯᠴᠠᠯᠭ᠎ᠠ ᠣᠢ᠌ᠯᠠᠭ᠋ᠠᠯᠲᠠ᠎ᠪᠠᠨ ᠴᠢᠩᠭ᠋ᠠᠳᠬᠠᠵᠤ᠂ ᠪᠣᠯᠪᠠᠰᠤᠷᠠᠯ᠎ᠢ ᠴᠠᠭ ᠲᠤᠬᠠᠢ᠎ᠳᠤ᠎ᠨᠢ ᠵᠣᠬᠢᠶᠠᠨ ᠪᠠᠢ᠌ᠭᠤᠯᠤᠨ᠎ᠠ᠃ ᠬᠣᠶᠠᠷ᠎ᠲᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠥᠪᠡᠷ᠎ᠤᠨ ᠵᠶ᠋ᠡᠨ ᠳᠦᠷᠢᠮ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ ᠬᠦᠷᠦᠯᠴᠡᠬᠦ ᠦᠭᠡᠢ ᠰᠢᠯᠲᠠᠭ᠋ᠠᠨ ᠵᠶ᠋ᠠᠨ ᠪᠠᠢ᠌ᠴᠠᠭ᠋ᠠᠨ ᠡᠷᠢᠵᠦ᠂ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠴᠠᠭ ᠲᠤᠬᠠᠢ᠎ᠳᠤ᠎ᠨᠢ ᠴᠡᠭᠴᠡᠯᠡᠨ ᠥᠭᠡᠷᠡᠴᠢᠯᠡᠨ᠎ᠡ᠃ ᠭᠤᠷᠪᠠ᠎ᠳᠤ᠂ ᠪᠦᠬᠦ ᠣᠷᠣᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠰᠢᠮᠳᠠᠭᠤᠯᠤᠨ ᠪᠠᠢ᠌ᠴᠠᠭ᠋ᠠᠯᠲᠠ ᠵᠢ ᠥᠷᠨᠢᠭᠦᠯᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠰᠠᠯᠠᠭ᠎ᠠ ᠮᠥᠴᠢᠷ᠎ᠤᠨ᠎ᠬᠢᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠰᠢᠮᠳᠠᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ 12 ᠳ᠋ᠤᠭ᠋ᠠᠷ ᠰᠠᠷ᠎ᠠ ᠵᠢᠨ ᠡᠬᠢᠨ᠎ᠳᠤ ᠦᠷ᠎ᠡ ᠪᠦᠲᠦᠮᠵᠢ ᠭᠠᠷᠭ᠋ᠠᠵᠤ᠂ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠤᠨ᠎ᠠ᠃
     3. ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠬᠠᠷᠢᠭᠤᠴᠠᠯᠭ᠎ᠠ ᠵᠢᠨ ᠬᠡᠯᠬᠢᠶ᠎ᠡ ᠵᠢ ᠮᠥᠨ ᠬᠦ᠌ ᠪᠦᠷᠢᠮᠦᠰᠦᠨ ᠢᠯᠭ᠋ᠠᠨ ᠴᠡᠪᠡᠷᠯᠡᠬᠦ ᠪᠠ ᠪᠣᠳᠠᠲᠠᠢ᠌ᠵᠢᠭᠤᠯᠤᠨ ᠴᠢᠩᠭ᠋ᠠᠳᠬᠠᠭ᠎ᠠ ᠦᠭᠡᠢ᠃
      ᠬᠠᠷᠢᠭᠤᠴᠠᠯᠭ᠋ᠠᠲᠤ ᠨᠢᠭᠡᠴᠢ᠄ ᠪᠦᠷᠢᠯᠳᠦᠬᠦᠨ ᠨᠢᠭᠡᠴᠢ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠲᠢᠩᠬᠢᠮ᠎ᠤᠨ ᠬᠣᠭᠣᠷᠣᠨᠳᠤᠬᠢ ᠬᠣᠯᠪᠣᠭ᠋ᠠᠲᠤ ᠬᠤᠷᠠᠯ᠎ᠤᠨ ᠪᠦᠷᠢᠯᠳᠦᠬᠦᠨ᠎ᠢ ᠳᠠᠬᠢᠨ ᠰᠢᠨ᠎ᠡ᠎ᠪᠠᠷ ᠲᠣᠬᠢᠷᠠᠭᠤᠯᠵᠤ᠂ ᠡᠯ᠎ᠡ ᠪᠦᠷᠢᠯᠳᠦᠬᠦᠨ ᠨᠢᠭᠡᠴᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠠ ᠠᠵᠢᠯ᠎ᠤᠨ ᠬᠤᠪᠢᠶᠠᠷᠢᠯᠠᠯ᠎ᠢ ᠢᠯᠭ᠋ᠠᠨ ᠴᠡᠪᠡᠷᠯᠡᠨ᠎ᠡ᠃ ᠬᠣᠶᠠᠷ᠎ᠲᠤ᠂ ᠬᠠᠷᠢᠯᠴᠠᠨ ᠲᠣᠬᠢᠷᠠᠯᠴᠠᠭᠰᠠᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠪᠠᠢ᠌ᠭᠤᠯᠵᠤ᠂ ᠠᠯᠳᠠᠭ᠎ᠠ ᠪᠤᠷᠤᠭᠤ᠎ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠲᠣᠭᠲᠠᠭ᠋ᠠᠨ᠂ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠢᠴᠢ ᠠᠯᠳᠠᠭ᠎ᠠ ᠪᠤᠷᠤᠭᠤ ᠵᠢ ᠠᠭᠤᠴᠢᠯᠠᠬᠤ ᠲᠣᠭᠲᠠᠴᠠ ᠵᠢ ᠢᠳᠡᠪᠬᠢᠲᠡᠢ ᠰᠦᠪᠡᠭᠴᠢᠯᠡᠵᠦ᠂ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ 7 ᠳ᠋ᠤᠭ᠋ᠠᠷ ᠰᠠᠷ᠎ᠠ᠎ᠳᠤ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠪᠠᠢ᠌ᠭᠤᠯᠵᠤ᠂ 2021 ᠣᠨ᠎ᠤ ᠰᠡᠭᠦᠯᠴᠢ᠎ᠳᠤ ᠠᠯᠳᠠᠭ᠎ᠠ ᠪᠤᠷᠤᠭᠤ᠎ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠲᠣᠭᠲᠠᠭ᠋ᠠᠵᠤ᠂ 2022 ᠣᠨ᠎ᠳᠤ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠢᠴᠢ ᠠᠯᠳᠠᠭ᠎ᠠ ᠪᠤᠷᠤᠭᠤ ᠵᠢ ᠠᠭᠤᠴᠢᠯᠠᠬᠤ ᠲᠣᠭᠲᠠᠴᠠ᠎ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭ᠋ᠠᠨ᠎ᠠ᠃
     4. ᠲᠤᠬᠠᠢ᠌ᠯᠠᠭᠰᠠᠨ ᠠᠵᠢᠯ᠎ᠤᠨ ᠡᠷᠡᠭᠦᠯ ᠬᠠᠮᠠᠭ᠋ᠠᠯᠠᠯ ᠵᠡᠷᠭᠡ ᠲᠠᠯ᠎ᠠ᠎ᠪᠠᠷ ᠪᠦᠬᠦ ᠡᠯᠧᠮᠧᠨ᠋ᠲ᠂ ᠪᠦᠬᠦ ᠴᠤᠪᠤᠷᠠᠯ᠎ᠢ ᠬᠢᠨᠠᠨ ᠬᠠᠮᠢᠶᠠᠷᠬᠤ᠂ ᠬᠠᠮᠵᠢᠯᠴᠠᠨ ᠬᠢᠨᠠᠨ ᠬᠠᠮᠢᠶᠠᠷᠬᠤ ᠪᠦᠲᠦᠮᠵᠢᠲᠡᠢ ᠲᠣᠭᠲᠠᠴᠠ ᠵᠢ ᠪᠠᠢ᠌ᠭᠤᠯᠬᠤ ᠱᠠᠭ᠋ᠠᠷᠳᠠᠯᠭ᠎ᠠ ᠵᠢ ᠵᠢᠷᠤᠮᠯᠠᠬᠤ ᠲᠠᠯ᠎ᠠ᠎ᠪᠠᠷ ᠵᠥᠷᠢᠶ᠎ᠡ ᠣᠷᠣᠰᠢᠵᠤ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠲᠤᠬᠠᠢ᠌ᠯᠠᠭᠰᠠᠨ ᠠᠵᠢᠯ᠎ᠤᠨ ᠡᠷᠡᠭᠦᠯ ᠬᠠᠮᠠᠭ᠋ᠠᠯᠠᠯ᠎ᠤᠨ ᠡᠯ᠎ᠡ ᠲᠠᠯ᠎ᠠ ᠵᠢᠨ᠎ᠬᠢᠨ᠎ᠤ ᠬᠢᠨᠠᠨ ᠬᠠᠮᠢᠶᠠᠷᠬᠤ ᠡᠭᠦᠷᠭᠡ ᠴᠢᠳᠠᠪᠬᠢ ᠬᠢᠭᠡᠳ ᠡᠭᠦᠷᠭᠡ ᠬᠠᠷᠢᠭᠤᠴᠠᠯᠭ᠎ᠠ᠂ ᠬᠡᠪᠴᠢᠶ᠎ᠡ ᠵᠢᠴᠢ ᠡᠲᠡᠭᠡᠳ᠎ᠢ ᠤᠯᠠᠮ ᠨᠢᠭᠡ ᠠᠯᠬᠤᠮ ᠢᠯᠭ᠋ᠠᠨ ᠴᠡᠪᠡᠷᠯᠡᠨ᠎ᠡ᠃ ᠬᠣᠶᠠᠷ᠎ᠲᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ ᠶᠣᠰᠣᠭ᠋ᠠᠷ ᠲᠤᠬᠠᠢ᠌ᠯᠠᠭᠰᠠᠨ ᠠᠵᠢᠯ᠎ᠤᠨ ᠡᠷᠡᠭᠦᠯ ᠬᠠᠮᠠᠭ᠋ᠠᠯᠠᠯ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠲᠠᠳ᠎ᠢ ᠭᠦᠢ᠍ᠴᠡᠳ ᠲᠣᠬᠢᠷᠠᠭᠤᠯᠵᠤ᠂ ᠠᠵᠢᠯᠲᠠᠨ ᠬᠡᠷᠡᠭᠯᠡᠬᠦ ᠨᠢᠭᠡᠴᠢ ᠵᠢᠨ ᠲᠤᠬᠠᠢ᠌ᠯᠠᠭᠰᠠᠨ ᠠᠵᠢᠯ᠎ᠤᠨ ᠡᠷᠡᠭᠦᠯ ᠬᠠᠮᠠᠭ᠋ᠠᠯᠠᠯ᠂ ᠲᠤᠬᠠᠢ᠌ᠯᠠᠭᠰᠠᠨ ᠠᠵᠢᠯ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠨ ᠪᠠᠢ᠌ᠭᠤᠯᠤᠮᠵᠢ᠂ ᠲᠤᠬᠠᠢ᠌ᠯᠠᠭᠰᠠᠨ ᠠᠵᠢᠯ᠎ᠤᠨ ᠡᠪᠡᠳᠴᠢᠨ᠎ᠤ ᠣᠨᠣᠰᠢᠯᠠᠨ ᠲᠣᠳᠣᠯᠠᠬᠤ ᠪᠠᠢ᠌ᠭᠤᠯᠤᠮᠵᠢ᠂ ᠲᠤᠬᠠᠢ᠌ᠯᠠᠭᠰᠠᠨ ᠠᠵᠢᠯ᠎ᠤᠨ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠠᠬᠢ ᠪᠦᠬᠦ ᠲᠠᠯ᠎ᠠ ᠵᠢᠨ᠂ ᠪᠦᠬᠦ ᠴᠤᠪᠤᠷᠠᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠭᠤᠷᠪᠠ᠎ᠳᠤ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠤ᠎ᠪᠠᠨ ᠴᠡᠭᠴᠡᠯᠡᠨ ᠥᠭᠡᠷᠡᠴᠢᠯᠡᠬᠦ ᠵᠢ ᠲᠡᠪᠴᠢᠭᠰᠡᠨ ᠪᠤᠶᠤ ᠴᠡᠭᠴᠡᠯᠡᠨ ᠥᠭᠡᠷᠡᠴᠢᠯᠡᠭᠰᠡᠨ᠎ᠨᠢ ᠬᠢᠷᠢ ᠲᠡᠩᠴᠡᠭᠰᠡᠨ ᠦᠭᠡᠢ ᠬᠠᠤᠯᠢ᠎ᠠᠴᠠ ᠵᠥᠷᠢᠴᠡᠭᠰᠡᠨ ᠨᠢᠭᠡᠴᠢ ᠵᠢᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠵᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ ᠰᠡᠭᠦᠯᠴᠢ᠎ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭ᠋ᠠᠵᠤ᠂ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠠᠬᠢᠭᠤᠯᠤᠨ᠎ᠠ᠃
      (ᠬᠣᠶᠠᠷ) 《ᠵᠠᠰᠠᠭ᠎ᠤᠨ ᠣᠷᠳᠣᠨ ᠭᠣᠣᠯᠴᠢᠯᠠᠨ ᠤᠳᠤᠷᠢᠳᠴᠤ᠂ ᠬᠢᠨᠠᠯᠲᠠ ᠬᠠᠮᠢᠶᠠᠷᠤᠯᠲᠠ ᠵᠢ ᠵᠣᠬᠢᠴᠠᠯᠳᠤᠭᠤᠯᠬᠤ ᠲᠣᠭᠲᠠᠴᠠ᠎ᠨᠢ ᠭᠦᠢ᠍ᠴᠡᠳ ᠪᠤᠰᠤ》 ᠠᠰᠠᠭᠤᠳᠠᠯ᠎ᠤᠨ ᠲᠤᠬᠠᠢ
ᠥᠪᠡᠷᠲᠡᠭᠡᠨ ᠵᠠᠰᠠᠬᠤ ᠣᠷᠣᠨ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ᠎ᠤᠨ ᠵᠣᠬᠢᠴᠠᠭᠤᠯᠤᠯᠲᠠ ᠬᠢᠵᠦ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠨᠢᠭᠡᠨᠲᠡ ᠪᠠᠢ᠌ᠭᠤᠯᠤᠭᠰᠠᠨ ᠪᠣᠯᠪᠠᠴᠤ ᠪᠣᠳᠠᠲᠠᠢ ᠦᠢ᠍ᠯᠡᠳᠦᠯ᠎ᠢ᠎ᠨᠢ ᠦᠨᠡᠨ ᠬᠦ᠌ ᠪᠠᠳᠠᠷᠠᠭᠤᠯᠤᠭ᠎ᠠ ᠦᠭᠡᠢ᠃ ᠰᠠᠯᠠᠭ᠎ᠠ ᠮᠥᠴᠢᠷ᠎ᠤᠳ᠎ᠤᠨ ᠬᠣᠭᠣᠷᠣᠨᠳᠤ ᠵᠢᠴᠢ ᠰᠠᠯᠠᠭ᠎ᠠ ᠮᠥᠴᠢᠷ᠎ᠤᠳ᠎ᠤᠨ ᠳᠣᠲᠣᠭ᠋ᠠᠳᠤ ᠵᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ᠂ ᠶᠡᠷᠦᠩᠬᠡᠢ᠌ᠯᠡᠨ ᠵᠣᠬᠢᠴᠠᠭᠤᠯᠬᠤ᠂ ᠬᠠᠷᠢᠯᠴᠠᠨ ᠵᠣᠯᠭ᠋ᠠᠯᠳᠤᠭᠤᠯᠬᠤ᠂ ᠵᠣᠬᠢᠴᠠᠭᠤᠯᠤᠨ ᠬᠠᠮᠵᠢᠯᠴᠠᠬᠤ ᠥᠨᠳᠥᠷ ᠪᠦᠲᠦᠮᠵᠢᠲᠡᠢ ᠬᠢᠨᠠᠯᠲᠠ ᠬᠠᠮᠢᠶᠠᠷᠤᠯᠲᠠ ᠵᠢᠨ ᠬᠠᠮᠵᠢᠯᠴᠠᠬᠤ ᠲᠣᠭᠲᠠᠴᠠ ᠵᠢ ᠪᠦᠲᠦᠮᠵᠢᠲᠡᠢ ᠠᠵᠢᠯᠯᠠᠭᠤᠯᠬᠤ ᠵᠢ ᠬᠠᠷᠠᠬᠠᠨ ᠪᠡᠶᠡᠯᠡᠭᠦᠯᠦᠭᠡ ᠦᠭᠡᠢ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ᠂ ᠪᠦᠬᠦ ᠲᠠᠯ᠎ᠠ᠎ᠪᠠᠷ᠂ ᠣᠨᠣᠪᠴᠢᠲᠠᠢ᠎ᠪᠠᠷ ᠬᠠᠷᠢᠯᠴᠠᠨ ᠨᠡᠪᠲᠡᠷᠡᠭᠦᠯᠦᠨ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠦᠭᠡ ᠦᠭᠡᠢ᠂ ᠬᠢᠨᠠᠯᠲᠠ ᠬᠠᠮᠢᠶᠠᠷᠤᠯᠲᠠ ᠵᠢᠨ ᠦᠷ᠎ᠡ ᠳ᠋ᠦᠩ᠎ᠢ ᠬᠠᠮᠵᠢᠯᠴᠠᠨ ᠬᠡᠷᠡᠭᠯᠡᠬᠦ ᠲᠠᠯ᠎ᠠ᠎ᠪᠠᠷ ᠭᠦᠢ᠍ᠴᠡᠳ ᠪᠤᠰᠤ᠂ ᠢᠯᠠᠩᠭᠤᠶ᠎ᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢᠨ ᠬᠠᠮᠲᠤᠷᠠᠭᠰᠠᠨ ᠬᠦᠴᠦᠨ ᠪᠦᠷᠢᠯᠳᠦᠭᠡ ᠦᠭᠡᠢ᠂ ᠮᠥᠨ ᠬᠦ᠌ ᠲᠤᠰ ᠲᠤᠰ᠎ᠲᠤ᠎ᠪᠠᠨ ᠠᠵᠢᠯᠯᠠᠭᠤᠯᠵᠤ᠂ ᠳᠠᠪᠬᠤᠷᠳᠠᠭᠤᠯᠤᠨ ᠰᠣᠯᠪᠢᠴᠠᠭᠤᠯᠵᠤ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠦᠵᠡᠭᠳᠡᠯ ᠣᠷᠣᠰᠢᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠳᠦᠷ ᠲᠤᠲᠤᠮ᠎ᠤᠨ ᠠᠵᠢᠯ᠎ᠤᠨ ᠥᠷᠨᠢᠯᠲᠡ ᠵᠢ ᠵᠣᠬᠢᠬᠤ ᠬᠡᠮᠵᠢᠶ᠎ᠡ᠎ᠪᠠᠷ ᠨᠥᠯᠥᠭᠡᠯᠡᠵᠦ ᠪᠠᠢ᠌ᠨ᠎ᠠ᠃ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠪᠠᠢ᠌ᠭᠤᠯᠤᠯᠲᠠ᠎ᠳᠤ ᠣᠷᠣᠯᠴᠠᠬᠤ ᠬᠠᠷᠢᠭᠤᠴᠠᠯᠭ᠋ᠠᠲᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠢ ᠪᠠᠢ᠌ᠵᠤ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠤ᠎ᠪᠠᠨ ᠭᠣᠣᠯᠳᠠᠭᠤ ᠵᠣᠬᠢᠶᠠᠨ ᠪᠠᠢ᠌ᠭᠤᠯᠤᠯᠲᠠ ᠵᠢᠨ ᠲᠤᠰᠬᠠᠢ ᠵᠦᠢ᠍ᠯ᠎ᠤᠨ ᠠᠵᠢᠯᠯᠠᠭ᠎ᠠ᠎ᠪᠠᠷ ᠳᠠᠮᠵᠢᠨ ᠬᠣᠯᠪᠣᠭ᠋ᠠᠯᠠᠨ ᠬᠥᠳᠡᠯᠦᠯᠴᠡᠬᠦ᠎ᠳᠤ ᠲᠥᠪᠯᠡᠷᠡᠵᠦ᠂ ᠲᠦᠭᠰᠢᠭᠦᠷᠢ ᠵᠢᠨ ᠪᠠᠢ᠌ᠩᠭᠤᠴᠢᠯᠭᠰᠠᠨ ᠬᠠᠮᠢᠶᠠᠷᠤᠯᠲᠠ ᠡᠵᠡᠮᠳᠡᠯ᠎ᠢ ᠥᠷᠨᠢᠭᠦᠯᠵᠦ ᠴᠢᠳᠠᠭ᠎ᠠ ᠦᠭᠡᠢ᠂ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠰᠢᠰᠲ᠋ᠧᠮᠲᠦ ᠴᠢᠨᠠᠷ᠂ ᠵᠠᠯᠭ᠋ᠠᠯᠳᠤᠯ ᠴᠢᠨᠠᠷ ᠳᠤᠲᠠᠭᠳᠠᠵᠤ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠪᠦᠷᠢᠯᠳᠦᠬᠦᠨ ᠨᠢᠭᠡᠴᠢ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠵᠠᠰᠠᠭ᠎ᠤᠨ ᠣᠷᠳᠣᠨ᠎ᠤ ᠬᠠᠤᠯᠢ ᠳᠦᠷᠢᠮ ᠲᠣᠭᠲᠠᠭ᠋ᠠᠬᠤ᠂ ᠠᠵᠢᠯ ᠲᠥᠷᠥᠯ᠎ᠢ ᠲᠥᠯᠥᠪᠵᠢᠭᠦᠯᠬᠦ᠂ ᠪᠠᠷᠢᠮᠵᠢᠶ᠎ᠠ ᠲᠣᠭᠲᠠᠭ᠋ᠠᠬᠤ᠂ ᠠᠵᠢᠯ ᠲᠥᠷᠥᠯ᠎ᠳᠤ ᠵᠥᠪᠰᠢᠶᠡᠷᠡᠨ ᠣᠷᠣᠭᠤᠯᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠵᠢᠨ ᠭᠣᠣᠯᠴᠢᠯᠠᠨ ᠤᠳᠤᠷᠢᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠨᠢᠭᠡ᠎ᠳᠤ᠂ ᠡᠯ᠎ᠡ ᠪᠦᠷᠢᠯᠳᠦᠬᠦᠨ ᠨᠢᠭᠡᠴᠢ᠎ᠠᠴᠠ 《ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠥᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠱᠠᠲᠤᠨ᠎ᠤ ᠬᠣᠯᠪᠣᠭ᠋ᠠᠲᠤ ᠬᠤᠷᠠᠯ᠎ᠤᠨ ᠳᠠᠪᠠᠭᠤᠯᠢᠭ᠎ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ᠎ᠤᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠬᠤ ᠬᠡᠷᠡᠭᠲᠡᠢ᠃ ᠬᠣᠶᠠᠷ᠎ᠲᠤ᠂ ᠠᠵᠢᠯ᠎ᠤᠨ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠷᠠᠭᠤᠯᠤᠨ᠂ ᠵᠣᠬᠢᠴᠠᠭᠤᠯᠤᠨ ᠬᠠᠮᠵᠢᠯᠴᠠᠬᠤ᠂ ᠰᠠᠯᠠᠭ᠎ᠠ ᠮᠥᠴᠢᠷ᠎ᠤᠳ᠎ᠢ ᠵᠣᠯᠭ᠋ᠠᠯᠳᠤᠭᠤᠯᠬᠤ ᠪᠠ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠳᠬᠠᠵᠤ᠂ ᠳᠠᠪᠬᠤᠷᠳᠠᠭᠤᠯᠤᠨ ᠰᠣᠯᠪᠢᠴᠠᠭᠤᠯᠵᠤ ᠬᠠᠤᠯᠢ ᠬᠡᠷᠡᠭᠵᠢᠭᠦᠯᠬᠦ᠎ᠠᠴᠠ ᠵᠠᠢ᠌ᠯᠠᠰᠬᠢᠬᠦ ᠬᠡᠷᠡᠭᠲᠡᠢ᠃ ᠭᠤᠷᠪᠠ᠎ᠳᠤ᠂ ᠶᠠᠷᠢᠶ᠎ᠠ ᠬᠡᠯᠡᠯᠴᠡᠭᠡᠨ᠎ᠤ ᠬᠢᠨᠠᠯᠲᠠ ᠰᠢᠨᠵᠢᠯᠡᠯᠲᠡ᠂ ᠲᠦᠭᠰᠢᠭᠦᠷᠢ ᠵᠢᠨ ᠦᠨᠡᠯᠡᠯᠲᠡ ᠵᠢᠱ᠌ᠢᠯᠲᠡ ᠵᠡᠷᠭᠡ ᠲᠦᠭᠰᠢᠭᠦᠷᠢ ᠵᠢᠨ ᠪᠠᠢ᠌ᠩᠭᠤᠴᠢᠯᠭᠰᠠᠨ ᠬᠠᠮᠢᠶᠠᠷᠤᠯᠲᠠ ᠡᠵᠡᠮᠳᠡᠯ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠥᠷᠨᠢᠭᠦᠯᠦᠨ᠎ᠡ᠃ ᠳᠥᠷᠪᠡ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠦᠢ᠍ᠯᠡᠴᠢᠯᠡᠭᠡᠨ᠎ᠤ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ ᠪᠠᠢ᠌ᠭᠤᠯᠤᠮᠵᠢ᠎ᠠᠴᠠ ᠥᠪᠡᠰᠦᠪᠡᠨ ᠵᠠᠰᠠᠬᠤ᠂ ᠠᠵᠢᠯ ᠲᠥᠷᠥᠯ᠎ᠤᠨ ᠥᠪᠡᠷ᠎ᠢ᠎ᠪᠠᠨ ᠴᠢᠩᠳᠠᠯᠠᠬᠤ᠂ ᠵᠠᠰᠠᠭ᠎ᠤᠨ ᠣᠷᠳᠣᠨ᠎ᠠᠴᠠ ᠬᠢᠨᠠᠨ ᠬᠠᠮᠢᠶᠠᠷᠬᠤ᠂ ᠨᠡᠢ᠌ᠭᠡᠮ᠎ᠠᠴᠠ ᠬᠢᠨᠠᠯᠲᠠ ᠲᠠᠯᠪᠢᠬᠤ ᠵᠢ ᠬᠠᠷᠢᠯᠴᠠᠨ ᠤᠶᠠᠯᠳᠤᠭᠤᠯᠤᠭᠰᠠᠨ ᠣᠯᠠᠨ ᠡᠰᠢᠵᠢᠭᠰᠡᠨ ᠬᠢᠨᠠᠯᠲᠠ ᠬᠠᠮᠢᠶᠠᠷᠤᠯᠲᠠ ᠵᠢᠨ ᠪᠠᠢ᠌ᠷᠢᠯᠠᠭᠤᠯᠤᠯᠲᠠ ᠵᠢ ᠠᠬᠢᠭᠤᠯᠤᠨ ᠪᠦᠷᠢᠯᠳᠦᠭᠦᠯᠦᠨ᠎ᠡ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ ᠰᠡᠭᠦᠯᠴᠢ᠎ᠳᠤ ᠠᠩᠬ᠎ᠠ ᠠᠯᠬᠤᠮ ᠦᠷ᠎ᠡ ᠪᠦᠲᠦᠮᠵᠢ ᠭᠠᠷᠭ᠋ᠠᠨ᠎ᠠ᠃
      (ᠭᠤᠷᠪᠠ) 《ᠪᠠᠢ᠌ᠭᠤᠯᠤᠮᠵᠢ ᠵᠢᠨ ᠥᠪᠡᠰᠦᠪᠡᠨ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠴᠢᠬᠤᠯᠠᠲᠠᠢ》 ᠠᠰᠠᠭᠤᠳᠠᠯ᠎ᠤᠨ ᠲᠤᠬᠠᠢ
     1. ᠠᠯᠪᠠᠨ᠎ᠠᠴᠠ ᠪᠠᠢ᠌ᠭᠤᠯᠤᠭᠰᠠᠨ ᠣᠨᠴᠠ ᠵᠠᠷᠢᠮ ᠡᠮᠨᠡᠯᠭᠡ ᠵᠢᠨ ᠬᠣᠷᠢᠶ᠎ᠠ ᠵᠢᠨ ᠬᠠᠤᠯᠢ ᠶᠣᠰᠣᠨ᠎ᠤ ᠠᠵᠢᠯ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠷᠠᠬᠠᠨ ᠲᠣᠳᠣᠷᠬᠠᠢ ᠦᠭᠡᠢ᠂ ᠬᠠᠤᠯᠢ ᠶᠣᠰᠣᠨ᠎ᠤ ᠠᠵᠢᠯ ᠮᠡᠷᠭᠡᠵᠢᠯ᠎ᠤᠨ ᠬᠠᠮᠢᠶᠠᠷᠤᠯᠲᠠ ᠵᠢᠨ ᠲᠤᠰᠬᠠᠢ ᠲᠤᠰᠢᠶᠠᠯᠲᠤ ᠠᠵᠢᠯᠲᠠᠨ᠎ᠢ ᠬᠠᠷᠠᠬᠠᠨ ᠭᠦᠢ᠍ᠴᠡᠳ ᠲᠣᠬᠢᠷᠠᠭᠤᠯᠭ᠎ᠠ ᠦᠭᠡᠢ ; ᠳᠣᠲᠣᠭ᠋ᠠᠳᠤ ᠵᠢᠨ ᠡᠮᠴᠢᠯᠡᠭᠡ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠯᠴᠠᠭ᠎ᠠ᠎ᠨᠢ ᠬᠠᠷᠠᠬᠠᠨ ᠪᠦᠷᠢᠨᠰᠢᠭᠡ ᠦᠭᠡᠢ᠂ ᠡᠮᠴᠢᠯᠡᠭᠡᠨ᠎ᠤ ᠰᠠᠯᠠᠭ᠎ᠠ ᠲᠠᠰᠤᠭ᠎ᠤᠨ ᠡᠮᠴᠢᠯᠡᠭᠡ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠠᠮᠢᠶᠠᠷᠤᠯᠲᠠ ᠵᠢᠨ ᠭᠣᠣᠯᠯᠠᠬᠤ ᠳᠦᠷᠢᠮ᠎ᠤᠨ ᠪᠠᠢ᠌ᠭᠤᠯᠤᠯᠲᠠ᠂ ᠨᠠᠢ᠌ᠳᠠᠪᠤᠷᠢᠵᠢᠭᠤᠯᠤᠯᠲᠠ ᠵᠢᠴᠢ ᠥᠪᠡᠷ᠎ᠤᠨ ᠰᠢᠮᠳᠠᠭᠤᠯᠤᠨ ᠪᠠᠢ᠌ᠴᠠᠭ᠋ᠠᠯᠲᠠ᠎ᠨᠢ ᠬᠦᠷᠦᠯᠴᠡᠬᠦ ᠦᠭᠡᠢ ; ᠠᠷᠠᠳ᠎ᠠᠴᠠ ᠡᠵᠡᠩᠨᠡᠭᠰᠡᠨ ᠬᠡᠰᠡᠭ ᠡᠮᠴᠢᠯᠡᠭᠡ ᠵᠢᠨ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠠᠵᠢᠯ ᠮᠡᠷᠭᠡᠵᠢᠯ ᠥᠷᠨᠢᠭᠦᠯᠬᠦ ᠤᠬᠠᠮᠰᠠᠷ᠎ᠨᠢ ᠬᠠᠷᠢᠴᠠᠩᠭᠤᠢ ᠪᠠᠭᠤᠷᠠᠢ᠂ ᠳᠣᠲᠣᠭ᠋ᠠᠳᠤ ᠵᠢᠨ ᠬᠠᠤᠯᠢ ᠶᠣᠰᠣᠨ᠎ᠤ ᠠᠵᠢᠯ ᠮᠡᠷᠭᠡᠵᠢᠯ᠎ᠤᠨ ᠥᠪᠡᠷ᠎ᠤᠨ ᠪᠠᠢ᠌ᠴᠠᠭ᠋ᠠᠯᠲᠠ᠂ ᠡᠮᠴᠢᠯᠡᠭᠡ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠢ᠌ᠭᠤᠯᠤᠨ ᠲᠡᠭᠦᠯᠳᠡᠷᠵᠢᠭᠦᠯᠦᠭᠡ ᠦᠭᠡᠢ ᠠᠰᠠᠭᠤᠳᠠᠯ ᠣᠷᠣᠰᠢᠵᠤ ᠪᠠᠢ᠌ᠨ᠎ᠠ᠃ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠂ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠵᠢᠨ ᠮᠡᠷᠭᠡᠵᠢᠯ ᠪᠡᠯᠡᠳᠬᠡᠮᠵᠢ᠎ᠨᠢ ᠬᠠᠷᠢᠴᠠᠩᠭᠤᠢ ᠪᠠᠭᠤᠷᠠᠢ᠂ ᠬᠠᠮᠢᠶᠠᠷᠤᠯᠲᠠ᠎ᠳᠤ᠎ᠨᠢ ᠳᠤᠲᠠᠭᠤᠳᠠᠯ ᠣᠷᠣᠰᠢᠵᠤ᠂ ᠠᠵᠢᠯᠲᠠᠳ᠎ᠤᠨ ᠬᠢᠨᠢ ᠬᠠᠤᠯᠢ ᠶᠣᠰᠣᠭ᠋ᠠᠷ ᠠᠵᠢᠯ ᠮᠡᠷᠭᠡᠵᠢᠯ ᠡᠷᠬᠢᠯᠡᠬᠦ ᠤᠬᠠᠮᠰᠠᠷ᠎ᠨᠢ ᠪᠠᠭᠤᠷᠠᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ 《ᠡᠮᠴᠢᠯᠡᠭᠡ ᠵᠢᠨ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠠᠵᠢᠯ ᠮᠡᠷᠭᠡᠵᠢᠯ᠎ᠤᠨ ᠬᠠᠮᠢᠶᠠᠷᠤᠯᠲᠠ ᠶᠠᠪᠤᠭᠤᠯᠬᠤ ᠠᠷᠭ᠎ᠠ》 ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠪᠣᠳᠠᠲᠠᠢ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠂ ᠥᠪᠡᠷ᠎ᠤᠨ ᠬᠢᠵᠠᠭ᠋ᠠᠷᠯᠠᠯ᠎ᠢ ᠴᠢᠩᠭ᠋ᠠᠳᠬᠠᠵᠤ᠂ ᠪᠠᠢ᠌ᠭᠤᠯᠤᠮᠵᠢ ᠵᠢᠨ ᠥᠪᠡᠰᠦᠪᠡᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠣᠶᠠᠷ᠎ᠲᠤ᠂ ᠠᠯᠪᠠᠨ᠎ᠠᠴᠠ ᠡᠷᠬᠢᠯᠡᠭᠰᠡᠨ ᠡᠮᠴᠢᠯᠡᠭᠡ ᠵᠢᠨ ᠪᠠᠢ᠌ᠭᠤᠯᠤᠮᠵᠢ ᠵᠢᠨ ᠶᠡᠷᠦᠩᠬᠡᠢ᠌ᠯᠡᠭᠰᠡᠨ ᠠᠵᠢᠯ᠎ᠤᠨ ᠦᠷ᠎ᠡ ᠪᠦᠲᠦᠮᠵᠢ ᠵᠢᠨ ᠰᠢᠯᠭ᠋ᠠᠨ ᠬᠢᠨᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠣᠳᠣ ᠦᠶ᠎ᠡ ᠵᠢᠨ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠬᠦ ᠱᠠᠭ᠋ᠠᠷᠳᠠᠯᠭ᠎ᠠ ᠶᠣᠰᠣᠭ᠋ᠠᠷ ᠡᠮᠴᠢᠯᠡᠭᠡ ᠵᠢᠨ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠠᠵᠢᠯ ᠮᠡᠷᠭᠡᠵᠢᠯ ᠡᠷᠬᠢᠯᠡᠬᠦ᠂ ᠦᠢ᠍ᠯᠡᠴᠢᠯᠡᠭᠡ᠎ᠪᠠᠨ ᠵᠢᠷᠤᠮᠵᠢᠭᠤᠯᠬᠤ᠂ ᠡᠮᠴᠢᠯᠡᠭᠡ ᠵᠢᠨ ᠶᠠᠰᠤ ᠴᠢᠨᠠᠷ ᠪᠠ ᠠᠮᠤᠷ ᠲᠦᠪᠰᠢᠨ᠂ ᠠᠵᠢᠯ ᠲᠥᠷᠥᠯ᠎ᠤᠨ ᠬᠡᠪ ᠰᠤᠷᠲᠠᠯ᠎ᠤᠨ ᠪᠠᠢ᠌ᠭᠤᠯᠤᠯᠲᠠ ᠵᠡᠷᠭᠡ ᠲᠠᠯ᠎ᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ᠃ ᠭᠤᠷᠪᠠ᠎ᠳᠤ᠂ ᠠᠰᠠᠭᠤᠳᠠᠯ ᠣᠷᠣᠰᠢᠵᠤ ᠪᠠᠢ᠌ᠭ᠎ᠠ ᠨᠢᠭᠡᠴᠢ᠎ᠳᠤ ᠬᠠᠤᠯᠢ ᠶᠣᠰᠣᠭ᠋ᠠᠷ ᠠᠵᠢᠯ ᠮᠡᠷᠭᠡᠵᠢᠯ᠎ᠤᠨ ᠪᠦᠬᠦ ᠲᠠᠯ᠎ᠠ ᠵᠢᠨ ᠬᠢᠨᠠᠯᠲᠠ ᠪᠠᠢ᠌ᠴᠠᠭ᠋ᠠᠯᠲᠠ ᠥᠷᠨᠢᠭᠦᠯᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠦᠭᠡᠢ ᠪᠤᠶᠤ ᠴᠡᠭᠴᠡᠯᠡᠨ ᠥᠭᠡᠷᠡᠴᠢᠯᠡᠬᠦ ᠵᠢ ᠲᠡᠪᠴᠢᠭᠰᠡᠨ ᠪᠣᠯ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠨ᠎ᠡ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ ᠰᠡᠭᠦᠯᠴᠢ᠎ᠳᠤ 《ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠵᠢᠨ ᠪᠠᠢ᠌ᠭᠤᠯᠤᠮᠵᠢ ᠵᠢᠨ ᠬᠠᠤᠯᠢ ᠶᠣᠰᠣᠭ᠋ᠠᠷ ᠠᠵᠢᠯ ᠮᠡᠷᠭᠡᠵᠢᠯ᠎ᠤᠨ ᠬᠠᠮᠢᠶᠠᠷᠤᠯᠲᠠ ᠶᠠᠪᠤᠭᠤᠯᠬᠤ ᠵᠢᠨ ᠬᠡᠷᠡᠭᠵᠢᠭᠦᠯᠬᠦ ᠲᠥᠰᠥᠯ》᠎ᠢ ᠨᠡᠢ᠌ᠲᠡᠯᠡᠵᠦ᠂ ᠬᠠᠮᠢᠶ᠎ᠠ ᠪᠦᠬᠦᠢ ᠠᠵᠢᠯ᠎ᠢ ᠦᠷᠭᠦᠯᠵᠢᠯᠡᠨ ᠥᠷᠨᠢᠭᠦᠯᠦᠨ᠎ᠡ᠃
     2. ᠬᠡᠰᠡᠭ ᠰᠤᠷᠭ᠋ᠠᠭᠤᠯᠢ ᠵᠢᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠬᠦᠷᠦᠯᠴᠡᠬᠦ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠵᠤ᠂ ᠶᠡᠷᠦᠩᠬᠡᠢ᠌ᠯᠡᠭᠰᠡᠨ ᠰᠡᠷᠭᠡᠢ᠌ᠯᠡᠨ ᠡᠵᠡᠮᠳᠡᠬᠦ ᠵᠠᠷᠴᠢᠮ᠎ᠢ ᠪᠠᠷᠢᠮᠲᠠᠯᠠᠵᠤ᠂ ᠵᠠᠰᠠᠭ᠎ᠤᠨ ᠣᠷᠳᠣᠨ᠂ ᠰᠤᠷᠭ᠋ᠠᠭᠤᠯᠢ᠂ ᠰᠤᠷᠤᠭᠴᠢ᠂ ᠭᠡᠷ ᠪᠦᠯᠢ᠂ ᠡᠮᠴᠢᠯᠡᠭᠡ ᠵᠢᠨ ᠪᠠᠢ᠌ᠭᠤᠯᠤᠮᠵᠢ 《ᠲᠠᠪᠤ ᠵᠢ ᠨᠢᠭᠡ ᠴᠣᠭᠴᠠᠵᠢᠭᠤᠯᠤᠭᠰᠠᠨ》 ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠪᠠᠳᠠᠷᠠᠭᠤᠯᠵᠤ᠂ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠠᠵᠢᠯ᠎ᠤᠨ ᠬᠠᠷᠠᠯᠲᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ᠃ ᠬᠣᠶᠠᠷ᠎ᠲᠤ᠂ ᠰᠤᠷᠭ᠋ᠠᠭᠤᠯᠢ ᠡᠷᠬᠢᠯᠡᠬᠦ ᠨᠥᠬᠥᠴᠡᠯ᠎ᠢ ᠦᠷᠭᠦᠯᠵᠢᠯᠡᠨ ᠰᠠᠢ᠌ᠵᠢᠷᠠᠭᠤᠯᠵᠤ᠂ ᠰᠤᠷᠭ᠋ᠠᠭᠤᠯᠢ ᠵᠢᠨ ᠰᠢᠷᠡᠭᠡ ᠰᠠᠨᠳᠠᠯᠢ ᠵᠢᠨ ᠥᠨᠳᠥᠷ᠎ᠤᠨ ᠬᠡᠮᠵᠢᠶ᠎ᠡ᠂ ᠠᠩᠭᠢ ᠵᠢᠨ ᠭᠡᠷ᠎ᠤᠨ ᠪᠠᠭᠲᠠᠭ᠋ᠠᠮᠵᠢ᠂ ᠳ᠋ᠧᠩ᠎ᠤᠨ ᠭᠡᠷᠡᠯᠲᠦᠭᠦᠯᠭᠡ ᠵᠡᠷᠭᠡ ᠵᠢᠭ᠋ᠠᠨ ᠰᠤᠷᠭ᠋ᠠᠯᠲᠠ ᠵᠢᠨ ᠣᠷᠴᠢᠨ ᠨᠥᠬᠥᠴᠡᠯ᠎ᠳᠤ ᠪᠠᠢ᠌ᠩᠭᠤᠴᠢᠯᠭᠰᠠᠨ ᠬᠢᠨᠠᠯᠲᠠ ᠪᠠᠢ᠌ᠴᠠᠭ᠋ᠠᠯᠲᠠ ᠬᠢᠬᠦ ᠵᠢ ᠴᠢᠩᠭ᠋ᠠᠷᠠᠭᠤᠯᠵᠤ᠂ ᠰᠤᠷᠤᠭᠴᠢᠳ᠎ᠤᠨ ᠳᠠᠰᠬᠠᠯ ᠳᠠᠭ᠋ᠠᠭ᠋ᠠᠯᠭ᠋ᠠᠪᠤᠷᠢ᠂ ᠭᠠᠷ ᠤᠲᠠᠰᠤ᠂ ᠤᠨᠲᠠᠯᠭ᠎ᠠ᠂ ᠪᠡᠶ᠎ᠡ ᠮᠠᠬᠠᠪᠤᠳ ᠪᠠ ᠬᠥᠳᠡᠯᠭᠡᠭᠡᠨ 《ᠲᠠᠪᠤᠨ ᠲᠠᠯ᠎ᠠ ᠵᠢᠨ ᠬᠠᠮᠢᠶᠠᠷᠤᠯᠲᠠ》 ᠵᠢᠨ ᠡᠷᠴᠢᠮ᠎ᠢ ᠴᠢᠩᠭ᠋ᠠᠷᠠᠭᠤᠯᠵᠤ᠂ ᠰᠤᠷᠤᠭᠴᠢᠳ᠎ᠲᠤ ᠨᠢᠳᠦ᠎ᠪᠠᠨ ᠬᠡᠷᠡᠭᠯᠡᠬᠦ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠬᠠᠩᠭ᠋ᠠᠨ᠎ᠠ᠃ ᠭᠤᠷᠪᠠ᠎ᠳᠤ᠂ ᠪᠦᠬᠦ ᠰᠤᠷᠤᠭᠴᠢ᠎ᠳᠤ ᠬᠠᠨᠳᠤᠭᠤᠯᠤᠨ ᠪᠦᠬᠦ ᠲᠠᠯ᠎ᠠ ᠵᠢᠨ ᠨᠡᠢ᠌ᠳᠡᠮ ᠪᠠᠢ᠌ᠴᠠᠭ᠋ᠠᠯᠲᠠ ᠬᠢᠬᠦ᠂ ᠬᠠᠮᠢᠶᠠᠷᠤᠨ ᠵᠠᠬᠢᠷᠴᠤ ᠦᠨᠡᠯᠡᠨ ᠵᠢᠱ᠌ᠢᠬᠦ᠂ ᠬᠤᠪᠢ ᠵᠢ ᠢᠯᠠ ᠪᠣᠯᠭ᠋ᠠᠵᠤ ᠵᠠᠷᠯᠠᠨ ᠨᠡᠢ᠌ᠲᠡᠯᠡᠬᠦ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠵᠢ ᠰᠦᠪᠡᠭᠴᠢᠯᠡᠨ ᠬᠡᠷᠡᠭᠯᠡᠵᠦ᠂ ᠪᠠᠭᠰᠢ ᠰᠤᠷᠤᠭᠴᠢᠳ᠎ᠤᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠤᠬᠠᠭᠤᠯᠭ᠎ᠠ ᠬᠥᠮᠥᠵᠢᠯ᠎ᠢ ᠴᠢᠩᠭ᠋ᠠᠳᠬᠠᠵᠤ᠂ ᠰᠤᠷᠤᠭᠴᠢᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ ᠳᠠᠳᠬᠠᠯ᠎ᠢ ᠬᠥᠮᠥᠵᠢᠭᠦᠯᠦᠨ᠎ᠡ᠃ ᠳᠥᠷᠪᠡ᠎ᠳᠤ᠂ ᠣᠢ᠌ᠷ᠎ᠠ ᠬᠠᠷᠠᠭ᠎ᠠ ᠵᠢᠨ ᠬᠠᠮᠢᠶᠠᠷᠤᠯᠲᠠ ᠡᠵᠡᠮᠳᠡᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠢᠴᠢ ᠭᠡᠷ᠎ᠤᠨ ᠭᠠᠳᠠᠨᠠᠬᠢ ᠬᠥᠳᠡᠯᠭᠡᠭᠡᠨ᠎ᠤ ᠴᠠᠭ᠎ᠢ ᠨᠡᠮᠡᠭᠳᠡᠭᠦᠯᠵᠦ᠂ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠠᠵᠢᠯ ᠵᠶ᠋ᠠᠷ ᠰᠤᠷᠭ᠋ᠠᠭᠤᠯᠢ ᠵᠢᠨ ᠡᠳᠦᠷ ᠲᠤᠲᠤᠮ᠎ᠤᠨ ᠠᠵᠢᠯ ᠪᠣᠯᠭ᠋ᠠᠵᠤ᠂ ᠰᠤᠷᠭ᠋ᠠᠨ ᠬᠥᠮᠥᠵᠢᠯ ᠵᠢᠭ᠋ᠠᠨ ᠰᠤᠷᠭ᠋ᠠᠯᠲᠠ ᠵᠢᠨ ᠡᠯ᠎ᠡ ᠭᠣᠭᠴᠣᠭ᠎ᠠ᠎ᠳᠤ ᠲᠤᠭᠤᠰᠢᠯᠠᠭᠤᠯᠤᠨ᠎ᠠ᠃ ᠲᠠᠪᠤ᠎ᠳᠤ᠂ ᠭᠡᠷ ᠪᠦᠯᠢ ᠪᠠ ᠰᠤᠷᠭ᠋ᠠᠭᠤᠯᠢ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠡᠷ᠎ᠤᠨ ᠠᠬᠠᠮᠠᠳ᠎ᠤᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠵᠦ᠂ ᠭᠡᠷ ᠪᠦᠯᠢ ᠵᠢᠨ ᠣᠢ᠌ᠷ᠎ᠠ ᠬᠠᠷᠠᠭ᠎ᠠ ᠵᠢ ᠰᠡᠷᠭᠡᠢ᠌ᠯᠡᠨ ᠡᠵᠡᠮᠳᠡᠬᠦ ᠠᠵᠢᠯ᠎ᠤᠨ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃
     3. ᠣᠨᠴᠠ ᠵᠠᠷᠢᠮ ᠡᠮ᠎ᠤᠨ ᠵᠦᠢ᠍ᠯᠡᠰ᠎ᠤᠨ ᠡᠵᠡᠩᠨᠡᠯᠲᠡ ᠵᠢᠨ ᠨᠢᠭᠡᠴᠢ ᠵᠢᠨ ᠵᠣᠷ᠎ᠤᠨ ᠡᠮ᠎ᠤᠨ ᠬᠠᠮᠢᠶᠠᠷᠤᠯᠲᠠ᠎ᠨᠢ ᠡᠷᠦᠢ ᠬᠤᠷᠤᠢ᠂ ᠬᠠᠤᠯᠢ᠎ᠠᠴᠠ ᠵᠥᠷᠢᠴᠡᠨ ᠪᠣᠷᠣᠯᠠᠭᠤᠯᠤᠨ ᠬᠤᠳᠠᠯᠳᠤᠬᠤ ᠦᠵᠡᠭᠳᠡᠯ ᠣᠷᠣᠰᠢᠵᠤ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯᠡᠰ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ
ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ  ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ ᠲᠣᠭᠣᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠡᠮ᠎ᠤᠨ ᠵᠦᠢ᠍ᠯᠡᠰ᠎ᠢ ᠵᠢᠵᠢᠭᠯᠡᠨ ᠪᠣᠷᠣᠯᠠᠭᠤᠯᠬᠤ ᠭᠣᠭᠴᠣᠭ᠎ᠠ᠎ᠳᠠᠬᠢ ᠰᠢᠮᠳᠠᠭᠤᠯᠤᠨ ᠪᠠᠢ᠌ᠴᠠᠭ᠋ᠠᠯᠲᠠ ᠪᠠ ᠵᠢᠯᠣᠭᠣᠳᠤᠯᠭ᠎ᠠ ᠵᠢ ᠴᠢᠩᠭ᠋ᠠᠷᠠᠭᠤᠯᠵᠤ᠂ ᠠᠢ᠌ᠮᠠᠭ ᠬᠣᠲᠠ ᠵᠢᠨ ᠡᠭᠦᠷᠭᠡ ᠬᠠᠷᠢᠭᠤᠴᠠᠯᠭ᠎ᠠ ᠶᠣᠰᠣᠭ᠋ᠠᠷ ᠬᠠᠷᠢᠶᠠᠯᠠᠭᠳᠠᠬᠤ ᠭᠠᠵᠠᠷ ᠣᠷᠣᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠰᠢᠮᠳᠠᠭᠤᠯᠤᠨ ᠱᠠᠭ᠋ᠠᠷᠳᠠᠨ᠎ᠠ᠃ ᠬᠣᠶᠠᠷ᠎ᠲᠤ᠂ ᠡᠮ᠎ᠤᠨ ᠵᠦᠢ᠍ᠯᠡᠰ᠎ᠤᠨ ᠵᠢᠵᠢᠭᠯᠡᠨ ᠪᠣᠷᠣᠯᠠᠭᠤᠯᠬᠤ ᠭᠣᠭᠴᠣᠭ᠎ᠠ᠎ᠳᠤ ᠣᠷᠣᠰᠢᠵᠤ ᠪᠠᠢ᠌ᠭ᠎ᠠ ᠲᠦᠭᠰᠢᠭᠦᠷᠢ ᠳᠠᠯᠳᠠ ᠭᠡᠮ᠎ᠳᠤ ᠴᠢᠭᠯᠡᠭᠦᠯᠦᠨ᠂ ᠲᠤᠰᠬᠠᠢ ᠵᠦᠢ᠍ᠯ᠎ᠤᠨ ᠵᠠᠰᠠᠯᠲᠠ ᠵᠢ ᠦᠷᠭᠦᠯᠵᠢᠯᠡᠨ ᠥᠷᠨᠢᠭᠦᠯᠵᠦ᠂ ᠵᠣᠷ᠎ᠤᠨ ᠡᠮ ᠪᠣᠷᠣᠯᠠᠭᠤᠯᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ᠂ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠨ᠎ᠠ᠃ ᠭᠤᠷᠪᠠ᠎ᠳᠤ᠂ ᠪᠠᠢ᠌ᠩᠭᠤᠴᠢᠯᠠᠭᠰᠠᠨ ᠵᠠᠰᠠᠯᠲᠠ ᠬᠢᠭᠰᠡᠨ ᠰᠠᠭᠤᠷᠢᠨ ᠳᠡᠭᠡᠷ᠎ᠡ᠂ ᠡᠳᠦᠷ ᠲᠤᠲᠤᠮ᠎ᠤᠨ ᠬᠢᠨᠠᠯᠲᠠ ᠪᠠᠢ᠌ᠴᠠᠭ᠋ᠠᠯᠲᠠ ᠵᠢᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠭᠡᠨᠡᠳᠲᠡ ᠵᠢᠨ ᠪᠠᠢ᠌ᠴᠠᠭ᠋ᠠᠯᠲᠠ ᠪᠠ ᠮᠥᠷᠳᠡᠨ ᠪᠠᠢ᠌ᠴᠠᠭ᠋ᠠᠯᠲᠠ ᠵᠢ ᠥᠷᠨᠢᠭᠦᠯᠵᠦ᠂ ᠡᠮ᠎ᠤᠨ ᠵᠦᠢ᠍ᠯᠡᠰ᠎ᠤᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠤᠯᠢ ᠶᠣᠰᠣᠭ᠋ᠠᠷ ᠬᠠᠮᠠᠭ᠋ᠠᠯᠠᠬᠤ ᠪᠠ ᠵᠢᠷᠤᠮᠵᠢᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ ᠰᠡᠭᠦᠯᠴᠢ᠎ᠳᠤ ᠦᠷ᠎ᠡ ᠪᠦᠲᠦᠮᠵᠢ ᠭᠠᠷᠭ᠋ᠠᠵᠤ᠂ ᠦᠷᠭᠦᠯᠵᠢᠯᠡᠨ ᠥᠷᠨᠢᠭᠦᠯᠦᠨ᠎ᠡ᠃
     (ᠳᠥᠷᠪᠡ) 《ᠠᠵᠢᠯ ᠲᠥᠷᠥᠯ᠎ᠤᠨ᠎ᠬᠢᠨ᠎ᠤ ᠥᠪᠡᠷ᠎ᠢ᠎ᠪᠠᠨ ᠱᠠᠭ᠋ᠠᠷᠳᠠᠬᠤ ᠪᠠ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠬᠤ᠎ᠳᠤ ᠣᠷᠣᠯᠴᠠᠬᠤ ᠦᠢ᠍ᠯᠡᠳᠦᠯ᠎ᠢ ᠪᠠᠳᠠᠷᠠᠭᠤᠯᠵᠤ ᠪᠠᠢ᠌ᠭ᠎ᠠ ᠲᠠᠯ᠎ᠠ᠎ᠪᠠᠷ ᠭᠦᠢ᠍ᠴᠡᠳ ᠦᠭᠡᠢ》 ᠠᠰᠠᠭᠤᠳᠠᠯ᠎ᠤᠨ ᠲᠤᠬᠠᠢ
     1. ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠴᠢᠨᠠᠷ᠎ᠲᠠᠢ ᠵᠣᠬᠢᠶᠠᠨ ᠪᠠᠢ᠌ᠭᠤᠯᠤᠯᠲᠠ ᠨᠡᠯᠢᠶᠡᠳ ᠣᠯᠠᠨ ᠪᠣᠯᠪᠠᠴᠤ ᠡᠳᠡᠭᠡᠷ ᠵᠣᠬᠢᠶᠠᠨ ᠪᠠᠢ᠌ᠭᠤᠯᠤᠯᠲᠠ ᠵᠢᠨ ᠠᠵᠢᠯ ᠲᠥᠷᠥᠯ᠎ᠤᠨ ᠵᠢᠷᠤᠮᠵᠢᠯ ᠪᠠ ᠮᠡᠷᠭᠡᠵᠢᠯ᠎ᠤᠨ ᠪᠠᠷᠢᠮᠵᠢᠶ᠎ᠠ ᠲᠣᠭᠲᠠᠭ᠋ᠠᠬᠤ᠂ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠪᠠ ᠡᠵᠡᠩᠨᠡᠨ ᠬᠠᠮᠢᠶᠠᠷᠬᠤ᠂ ᠠᠵᠢᠯ ᠲᠥᠷᠥᠯ᠎ᠤᠨ ᠢᠲᠡᠭᠡᠯ ᠬᠦᠨᠳᠦ ᠵᠢ ᠬᠠᠮᠠᠭ᠋ᠠᠯᠠᠬᠤ ᠵᠡᠷᠭᠡ ᠲᠠᠯ᠎ᠠ᠎ᠪᠠᠷ ᠦᠵᠡᠭᠦᠯᠵᠦ ᠪᠠᠢ᠌ᠭ᠎ᠠ ᠦᠢ᠍ᠯᠡᠳᠦᠯ᠎ᠢ ᠴᠢᠩᠭ᠋ᠠᠳᠬᠠᠬᠤ ᠴᠢᠬᠤᠯᠠᠲᠠᠢ ᠪᠠᠢ᠌ᠵᠤ᠂ ᠢᠯᠠᠩᠭᠤᠶ᠎ᠠ ᠮᠣᠩᠭᠣᠯ ᠡᠮ ᠡᠮᠨᠡᠯᠭᠡ᠎ᠨᠢ ᠣᠷᠣᠨ ᠨᠤᠲᠤᠭ᠎ᠤᠨ ᠣᠨᠴᠠᠯᠢᠭᠲᠤ ᠠᠨᠠᠭ᠋ᠠᠬᠤ ᠤᠬᠠᠭ᠋ᠠᠨ ᠪᠣᠯᠣᠭᠰᠠᠨ᠎ᠤ ᠬᠤᠪᠢ᠎ᠳᠤ᠂ ᠤᠯᠤᠰ᠎ᠠᠴᠠ ᠲᠤᠰᠬᠠᠢ᠌ᠯᠠᠨ ᠰᠢᠯᠭ᠋ᠠᠷᠠᠭᠤᠯᠤᠨ ᠦᠨᠡᠯᠡᠬᠦ ᠪᠠᠷᠢᠮᠵᠢᠶ᠎ᠠ ᠦᠭᠡᠢ ᠪᠠᠢ᠌ᠳᠠᠯ ᠳᠣᠣᠷ᠎ᠠ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠠᠴᠠ ᠮᠣᠩᠭᠣᠯ ᠡᠮ ᠡᠮᠨᠡᠯᠭᠡ ᠵᠢᠨ ᠠᠵᠢᠯ ᠲᠥᠷᠥᠯ᠎ᠤᠨ ᠵᠢᠷᠤᠮᠵᠢᠯ ᠪᠠ ᠮᠡᠷᠭᠡᠵᠢᠯ᠎ᠤᠨ ᠪᠠᠷᠢᠮᠵᠢᠶ᠎ᠠ ᠲᠣᠭᠲᠠᠭ᠋ᠠᠬᠤ ᠵᠢ ᠴᠢᠩᠭ᠋ᠠᠳᠬᠠᠬᠤ ᠬᠡᠷᠡᠭᠲᠡᠢ᠃ ᠡᠭᠦᠨ᠎ᠤ ᠬᠠᠮᠲᠤ ᠡᠳᠡᠭᠡᠷ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠳᠤᠮᠳᠠ ᠵᠢ ᠪᠠᠷᠢᠮᠲᠠᠯᠠᠬᠤ ᠴᠢᠨᠠᠷ᠂ ᠲᠤᠰᠬᠠᠢ ᠮᠡᠷᠭᠡᠵᠢᠯ᠎ᠤᠨ ᠴᠢᠨᠠᠷ ᠪᠠ ᠢᠯᠡ ᠲᠣᠳᠣ ᠴᠢᠨᠠᠷ᠎ᠢ ᠴᠤ᠌ ᠳᠡᠭᠡᠭᠰᠢᠯᠡᠭᠦᠯᠬᠦ ᠴᠢᠬᠤᠯᠠᠲᠠᠢ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠲᠤᠰᠬᠠᠢ ᠵᠦᠢ᠍ᠯ᠎ᠤᠨ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠦ᠂ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠢ ᠮᠡᠷᠭᠡᠵᠢᠯ᠎ᠤᠨ ᠳᠠᠪᠠᠭᠤᠯᠢᠭ᠎ᠢ ᠭᠦᠢ᠍ᠴᠡᠳ ᠠᠰᠢᠭᠯᠠᠨ᠂ ᠲᠡᠭᠦᠨ᠎ᠤ ᠠᠵᠢᠯ ᠲᠥᠷᠥᠯ᠎ᠤᠨ ᠵᠢᠷᠤᠮᠵᠢᠯ᠂ ᠮᠡᠷᠭᠡᠵᠢᠯ ᠪᠠᠷᠢᠮᠵᠢᠶ᠎ᠠ ᠵᠡᠷᠭᠡ ᠵᠢ ᠲᠣᠭᠲᠠᠭ᠋ᠠᠬᠤ᠎ᠳᠤ ᠣᠷᠣᠯᠴᠠᠬᠤ ᠢᠳᠡᠪᠬᠢᠵᠢᠯ᠎ᠢ ᠳᠠᠢ᠌ᠴᠢᠯᠠᠵᠤ᠂ ᠲᠡᠭᠦᠨ᠎ᠤ ᠠᠵᠢᠯ ᠲᠥᠷᠥᠯ᠎ᠤᠨ ᠵᠢᠷᠤᠮᠵᠢᠯ᠎ᠲᠠᠢ᠎ᠪᠠᠷ ᠡᠵᠡᠩᠨᠡᠬᠦ ᠵᠢ ᠬᠠᠮᠢᠶᠠᠷᠬᠤ᠂ ᠠᠵᠢᠯ ᠲᠥᠷᠥᠯ᠎ᠤᠨ ᠢᠲᠡᠭᠡᠯ ᠬᠦᠨᠳᠦ ᠵᠢ ᠬᠠᠮᠠᠭ᠋ᠠᠯᠠᠬᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ᠎ᠳᠤ ᠦᠢ᠍ᠯᠡᠴᠢᠯᠡᠬᠦ ᠵᠡᠷᠭᠡ ᠲᠠᠯ᠎ᠠ᠎ᠪᠠᠷ ᠡᠷᠬᠡ ᠲᠡᠭᠰᠢ ᠢᠯᠡ ᠲᠣᠳᠣ ᠲᠥᠪ ᠭᠣᠣᠯᠴᠢ᠎ᠪᠠᠷ ᠣᠷᠣᠯᠴᠠᠬᠤ ᠵᠢ ᠵᠣᠷᠢᠭᠵᠢᠭᠤᠯᠵᠤ᠂ ᠠᠵᠢᠯ ᠲᠥᠷᠥᠯ᠎ᠤᠨ᠎ᠬᠢᠨ᠎ᠤ ᠥᠪᠡᠷ᠎ᠢ᠎ᠪᠠᠨ ᠱᠠᠭ᠋ᠠᠷᠳᠠᠬᠤ ᠦᠢ᠍ᠯᠡᠳᠦᠯ᠎ᠢ ᠪᠠᠳᠠᠷᠠᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ
     2. ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠢᠨᠠᠯᠲᠠ ᠲᠠᠯᠪᠢᠬᠤ ᠠᠵᠢᠯᠯᠠᠭ᠎ᠠ᠎ᠳᠤ ᠣᠷᠣᠯᠴᠠᠬᠤ ᠬᠡᠮᠵᠢᠶ᠎ᠡ᠎ᠨᠢ ᠥᠨᠳᠥᠷ ᠪᠢᠰᠢ᠂ ᠨᠡᠢ᠌ᠭᠡᠮ᠎ᠤᠨ ᠬᠢᠨᠠᠯᠲᠠ ᠲᠠᠯᠪᠢᠬᠤ ᠪᠠ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠦᠢ᠍ᠯᠡᠳᠦᠯ᠎ᠢ ᠪᠠᠳᠠᠷᠠᠭᠤᠯᠬᠤ ᠲᠠᠯ᠎ᠠ᠎ᠪᠠᠷ ᠭᠦᠢ᠍ᠴᠡᠳ ᠪᠤᠰᠤ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ ᠪᠠ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ᠎ᠤᠨ ᠬᠢᠨᠠᠯᠲᠠ ᠲᠠᠯᠪᠢᠬᠤ ᠬᠡᠯᠪᠡᠷᠢ᠎ᠳᠤ ᠰᠢᠨ᠎ᠡ ᠵᠢ ᠡᠭᠦᠳᠴᠦ᠂ ᠨᠥᠯᠥᠭᠡ ᠦᠢ᠍ᠯᠡᠳᠦᠯ᠎ᠢ᠎ᠨᠢ ᠳᠡᠭᠡᠭᠰᠢᠯᠡᠭᠦᠯᠬᠦ ᠴᠢᠬᠤᠯᠠᠲᠠᠢ᠃
      ᠬᠠᠷᠢᠭᠤᠴᠠᠯᠭ᠋ᠠᠲᠤ ᠨᠢᠭᠡᠴᠢ᠄ ᠪᠦᠷᠢᠯᠳᠦᠬᠦᠨ ᠨᠢᠭᠡᠴᠢ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠲᠥᠷᠥ ᠵᠢᠨ ᠪᠣᠳᠣᠯᠭ᠎ᠠ ᠵᠢ ᠤᠬᠠᠭᠤᠯᠬᠤ ᠪᠠ ᠣᠯᠠᠨ ᠲᠦᠮᠡᠨ᠎ᠤ ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ ᠵᠠᠰᠠᠭ᠎ᠤᠨ ᠣᠷᠳᠣᠨ ᠵᠢᠴᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠠᠯᠪᠠᠨ᠎ᠤ ᠲᠠᠯ᠎ᠠ ᠵᠢᠨ ᠵᠠᠭᠤᠴᠢᠯᠠᠭᠤᠷ᠎ᠤᠨ ᠦᠢ᠍ᠯᠡᠳᠦᠯ᠎ᠢ ᠪᠠᠳᠠᠷᠠᠭᠤᠯᠤᠨ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠨᠡᠢ᠌ᠲᠡᠯᠡᠯ᠎ᠢ ᠴᠢᠩᠭ᠋ᠠᠳᠬᠠᠵᠤ᠂ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠤᠬᠠᠮᠰᠠᠷ ᠪᠠ ᠡᠷᠡᠭᠦᠯ ᠮᠡᠨᠳᠦ ᠵᠢᠨ ᠤᠬᠠᠮᠰᠠᠷ᠎ᠢ ᠳᠡᠭᠡᠭᠰᠢᠯᠡᠭᠦᠯᠦᠨ᠎ᠡ᠃ ᠬᠣᠶᠠᠷ᠎ᠲᠤ᠂ ᠵᠠᠭ᠋ᠠᠯᠳᠤᠯᠭ᠎ᠠ ᠬᠢᠵᠦ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠭᠦᠢ᠍ᠴᠡᠳᠬᠡᠬᠦ ᠲᠣᠭᠲᠠᠴᠠ ᠵᠢ ᠲᠡᠭᠦᠯᠳᠡᠷᠵᠢᠭᠦᠯᠦᠨ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠪᠠ ᠵᠠᠭᠤᠴᠢᠯᠠᠭᠤᠷ᠎ᠤᠨ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠦᠢ᠍ᠯᠡᠳᠦᠯ᠎ᠢ ᠭᠦᠢ᠍ᠴᠡᠳ ᠳᠠᠢ᠌ᠴᠢᠯᠠᠨ᠎ᠠ᠃ ᠭᠤᠷᠪᠠ᠎ᠳᠤ᠂ ᠰᠠᠨᠠᠭ᠋ᠠᠴᠢᠯᠠᠭ᠎ᠠ᠎ᠠᠴᠠ᠎ᠪᠠᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢᠳ᠂ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠳ ᠪᠠ ᠰᠣᠨᠢᠨ ᠮᠡᠳᠡᠭᠡᠨ᠎ᠤ ᠵᠠᠭᠤᠴᠢᠯᠠᠭᠤᠷ᠎ᠢ ᠤᠷᠢᠵᠤ ᠬᠢᠨᠠᠯᠲᠠ ᠲᠠᠯᠪᠢᠬᠤ᠎ᠳᠤ ᠣᠷᠣᠯᠴᠠᠭᠤᠯᠤᠨ᠂ ᠨᠡᠢ᠌ᠲᠡᠯᠢᠭ ᠬᠡᠷᠡᠭ᠎ᠢ ᠢᠯᠡᠷᠡᠭᠦᠯᠦᠨ ᠮᠡᠳᠡᠭᠡᠯᠡᠬᠦ ᠡᠷᠴᠢᠮ᠎ᠢ ᠴᠢᠩᠭ᠋ᠠᠷᠠᠭᠤᠯᠵᠤ᠂ ᠪᠦᠲᠦᠮᠵᠢᠲᠡᠢ ᠰᠦᠷᠳᠡᠭᠦᠯᠦᠯ᠎ᠤᠨ ᠬᠦᠴᠦᠨ᠎ᠢ ᠪᠦᠷᠢᠯᠳᠦᠭᠦᠯᠦᠨ᠎ᠡ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃
      (ᠲᠠᠪᠤ) 《ᠬᠢᠨᠠᠯᠲᠠ ᠬᠠᠮᠢᠶᠠᠷᠤᠯᠲᠠ ᠵᠢᠨ ᠲᠣᠭᠲᠠᠴᠠ ᠪᠠ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠤᠨ ᠰᠢᠨ᠎ᠡ ᠵᠢ ᠡᠭᠦᠳᠬᠦ ᠴᠢᠨᠠᠷ ᠵᠶ᠋ᠠᠷ ᠭᠦᠢ᠍ᠴᠡᠳ ᠦᠭᠡᠢ》 ᠠᠰᠠᠭᠤᠳᠠᠯ᠎ᠤᠨ ᠲᠤᠬᠠᠢ
     1. ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ᠎ᠳᠤ ᠭᠦᠨᠵᠡᠭᠡᠢ ᠰᠤᠳᠤᠯᠤᠯᠲᠠ ᠬᠢᠬᠦ ᠲᠠᠯ᠎ᠠ᠎ᠪᠠᠷ ᠳᠤᠲᠠᠮᠠᠭ ᠪᠠᠢ᠌ᠵᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠬᠦ ᠴᠢᠬᠤᠯᠠᠲᠠᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠡᠮᠬᠢ ᠵᠢᠷᠤᠮ᠎ᠳᠤ ᠬᠢᠨᠠᠯᠲᠠ ᠬᠠᠮᠢᠶᠠᠷᠤᠯᠲᠠ ᠬᠢᠬᠦ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠲᠣᠭᠲᠠᠴᠠ ᠵᠢ ᠪᠠᠢ᠌ᠭᠤᠯᠬᠤ ᠲᠠᠯ᠎ᠠ᠎ᠪᠠᠷ ᠬᠠᠷᠠᠬᠠᠨ ᠭᠦᠢ᠍ᠴᠡᠳ ᠪᠡᠶᠡᠯᠡᠭᠦᠯᠦᠭᠡ ᠦᠭᠡᠢ ᠪᠠᠢ᠌ᠵᠤ᠂ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠬᠡᠰᠡᠭ ᠪᠤᠰᠠᠭ ᠦᠷᠭᠦᠯᠵᠢᠯᠡᠬᠦ ᠦᠵᠡᠭᠳᠡᠯ ᠣᠷᠣᠰᠢᠵᠤ᠂ ᠰᠢᠨ᠎ᠡ ᠠᠵᠢᠯ ᠦᠢ᠍ᠯᠡᠰ᠂ ᠰᠢᠨ᠎ᠡ ᠡᠵᠡᠩᠨᠡᠯᠲᠡ ᠵᠢᠨ ᠪᠠᠢ᠌ᠳᠠᠯ᠂ ᠰᠢᠨ᠎ᠡ ᠵᠠᠭᠪᠤᠷ᠎ᠤᠨ ᠬᠦᠷᠢᠶ᠎ᠡ ᠴᠠᠷᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠮᠥᠨ ᠬᠦ᠌ ᠬᠠᠩᠭ᠋ᠠᠬᠤ ᠵᠢᠨ ᠠᠷᠭ᠎ᠠ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠪᠦᠷᠢᠯᠳᠦᠬᠦᠨ ᠨᠢᠭᠡᠴᠢ
ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ᠎ᠳᠤ ᠰᠤᠳᠤᠯᠤᠯᠲᠠ ᠬᠢᠬᠦ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠤᠨ᠎ᠠ᠃ ᠬᠣᠶᠠᠷ᠎ᠲᠤ᠂ 《ᠬᠣᠶᠠᠷ᠎ᠢ ᠲᠠᠰᠢᠷᠠᠮ᠎ᠳᠤ᠎ᠨᠢ ᠪᠠᠢ᠌ᠴᠠᠭ᠋ᠠᠵᠤ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠠᠷᠭ᠎ᠠ ᠪᠠᠷᠢᠯ᠎ᠳᠤ ᠰᠢᠨ᠎ᠡ ᠵᠢ ᠡᠭᠦᠳᠦᠨ᠎ᠡ᠃ ᠭᠤᠷᠪᠠ᠎ᠳᠤ᠂ ᠬᠠᠮᠵᠢᠯᠴᠠᠵᠤ ᠬᠢᠨᠠᠨ ᠬᠠᠮᠢᠶᠠᠷᠬᠤ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ᠂ ᠵᠥᠷᠢᠶᠡᠴᠢᠯᠡᠨ ᠬᠢᠨᠠᠨ ᠬᠠᠮᠢᠶᠠᠷᠬᠤ᠎ᠪᠠᠷ ᠨᠥᠬᠥᠪᠦᠷᠢ ᠪᠣᠯᠭ᠋ᠠᠵᠤ᠂ ᠢᠲᠡᠭᠡᠮᠵᠢ᠎ᠪᠠᠷ ᠬᠢᠨᠠᠨ ᠬᠠᠮᠢᠶᠠᠷᠬᠤ᠂ ᠮᠡᠳᠡᠭᠡ ᠵᠠᠩᠭᠢᠴᠢᠯᠠᠵᠤ ᠬᠢᠨᠠᠨ ᠬᠠᠮᠢᠶᠠᠷᠬᠤ᠎ᠪᠠᠷ ᠲᠤᠯᠭ᠋ᠠᠭᠤᠷᠢᠯᠠᠯ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ᠃ ᠳᠥᠷᠪᠡ᠎ᠳᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ ᠴᠠᠷᠠᠭ᠋ᠠᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠬᠢᠷᠢ ᠭᠡᠮ᠎ᠤᠨ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠡᠷᠭᠡ ᠢᠲᠡᠭᠡᠮᠵᠢ ᠵᠢᠨ ᠮᠡᠳᠡᠭᠡ ᠵᠠᠩᠭᠢ ᠵᠢ ᠨᠡᠢ᠌ᠯᠡᠭᠦᠯᠦᠨ ᠨᠢᠭᠡᠳᠬᠡᠵᠦ ᠬᠠᠮᠲᠤ᠎ᠳᠤ᠎ᠪᠠᠨ ᠬᠦᠷᠲᠡᠬᠦ ᠵᠢ ᠴᠢᠩᠭ᠋ᠠᠷᠠᠭᠤᠯᠵᠤ᠂ ᠰᠢᠨ᠎ᠡ ᠠᠵᠢᠯ ᠦᠢ᠍ᠯᠡᠰ᠂ ᠰᠢᠨ᠎ᠡ ᠡᠵᠡᠩᠨᠡᠯᠲᠡ ᠵᠢᠨ ᠪᠠᠢ᠌ᠳᠠᠯ᠂ ᠰᠢᠨ᠎ᠡ ᠵᠠᠭᠪᠤᠷ᠎ᠤᠨ ᠬᠦᠷᠢᠶ᠎ᠡ ᠴᠠᠷᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠲᠠᠰᠤᠷᠠᠯᠲᠠ ᠦᠭᠡᠢ ᠵᠣᠬᠢᠴᠠᠭᠤᠯᠤᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠥᠷᠨᠢᠭᠦᠯᠦᠨ᠎ᠡ᠃
     2. ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ ᠨᠡᠯᠢᠶᠡᠳ ᠳᠣᠣᠷ᠎ᠠ᠂ ᠡᠯ᠎ᠡ ᠰᠠᠯᠠᠭ᠎ᠠ ᠮᠥᠴᠢᠷ᠎ᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ᠎ᠨᠢ ᠬᠠᠷᠢᠴᠠᠩᠭᠤᠢ ᠬᠣᠴᠣᠷᠤᠩᠭᠤᠢ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠲᠠᠪᠴᠠᠩ᠎ᠢ ᠬᠠᠷᠠᠬᠠᠨ ᠪᠠᠢ᠌ᠭᠤᠯᠤᠭ᠎ᠠ ᠦᠭᠡᠢ᠂ ᠡᠯ᠎ᠡ ᠭᠠᠵᠠᠷ᠎ᠤᠨ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢᠨ ᠬᠢᠷᠢ ᠲᠦᠪᠰᠢᠨ᠎ᠨᠢ ᠨᠢᠭᠡᠳᠦᠯ ᠦᠭᠡᠢ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠤᠬᠢ᠂ ᠰᠠᠯᠠᠭ᠎ᠠ ᠮᠥᠴᠢᠷ᠎ᠤᠨ ᠳᠣᠲᠣᠭ᠋ᠠᠳᠤ ᠵᠢᠨ ᠳ᠋ᠠᠢ᠌ᠲ᠋ᠠ ᠵᠢᠨ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠳᠤ᠎ᠪᠠᠨ ᠬᠦᠷᠲᠡᠬᠦ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠬᠠᠷᠠᠬᠠᠨ ᠪᠡᠶᠡᠯᠡᠭᠦᠯᠦᠭᠡ ᠦᠭᠡᠢ ᠪᠠᠢ᠌ᠵᠤ᠂ ᠬᠠᠮᠵᠢᠯᠴᠠᠵᠤ ᠬᠢᠨᠠᠨ ᠬᠠᠮᠢᠶᠠᠷᠬᠤ ᠪᠠ ᠵᠣᠷᠢᠭᠵᠢᠭᠤᠯᠤᠨ ᠵᠠᠯᠬᠠᠭ᠋ᠠᠬᠤ ᠬᠣᠯᠪᠣᠭ᠋ᠠᠯᠠᠭᠰᠠᠨ ᠲᠣᠭᠲᠠᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠴᠢᠳᠠᠬᠤ ᠦᠭᠡᠢ ; 《ᠢᠨᠲ᠋ᠧᠷ ᠰᠦᠯᠵᠢᠶ᠎ᠡ + ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ》 ᠰᠢᠨ᠎ᠡ ᠱᠠᠭ᠋ᠠᠷᠳᠠᠯᠭ᠎ᠠ ᠵᠢ ᠬᠠᠩᠭ᠋ᠠᠬᠤ ᠵᠢᠨ ᠠᠷᠭ᠎ᠠ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠮᠡᠳᠡᠭᠡ ᠵᠠᠩᠭᠢᠵᠢᠯᠲᠡ ᠵᠢᠨ ᠪᠠᠢ᠌ᠭᠤᠯᠤᠯᠲᠠ ᠵᠢᠨ ᠨᠢᠭᠡᠳᠦᠯᠲᠡᠢ ᠲᠥᠯᠥᠪᠵᠢᠭᠦᠯᠭᠡ ᠪᠠ ᠦᠵᠦ ᠳᠠᠪᠬᠤᠷᠭ᠎ᠠ ᠵᠢᠨ ᠲᠥᠯᠥᠪᠯᠡᠭᠡ ᠵᠢ ᠴᠢᠩᠭ᠋ᠠᠳᠬᠠᠨ᠂ 《ᠨᠢᠭᠡᠳᠬᠡᠬᠦ᠂ ᠨᠡᠪᠲᠡᠷᠡᠭᠦᠯᠬᠦ᠂ ᠬᠡᠷᠡᠭᠯᠡᠬᠦ》 ᠪᠠᠢ᠌ᠭᠤᠯᠤᠯᠲᠠ ᠵᠢᠨ ᠰᠡᠳᠬᠢᠮᠵᠢ ᠶᠣᠰᠣᠭ᠋ᠠᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠢ᠌ᠭᠤᠯᠤᠨ᠎ᠠ᠃ ᠬᠣᠶᠠᠷ᠎ᠲᠤ᠂ ᠪᠦᠬᠦ ᠣᠷᠣᠨ᠎ᠤ ᠡᠷᠡᠭᠦᠯ ᠮᠡᠨᠳᠦ ᠡᠮᠴᠢᠯᠡᠭᠡ ᠵᠢᠨ ᠲᠣᠮᠣ ᠳ᠋ᠠᠢ᠌ᠲ᠋ᠠ ᠵᠢᠴᠢ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠎ᠤᠨ ᠬᠠᠮᠢᠶᠠᠷᠤᠯᠲᠠ ᠵᠢᠨ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠡᠯ᠎ᠡ ᠰᠠᠯᠭ᠎ᠠ ᠮᠥᠴᠢᠷ᠂ ᠡᠯ᠎ᠡ ᠳᠡᠰ ᠳᠠᠪᠬᠤᠷᠭ᠎ᠠ᠂ ᠡᠯ᠎ᠡ ᠰᠢᠰᠲ᠋ᠧᠮ ᠪᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠳᠣᠲᠣᠭ᠋ᠠᠳᠤ ᠵᠢᠨ ᠡᠯ᠎ᠡ ᠬᠦᠷᠢᠶ᠎ᠡ ᠴᠠᠷᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠳ᠋ᠠᠢ᠌ᠲ᠋ᠠ ᠵᠢ ᠬᠠᠮᠲᠤ᠎ᠳᠤ᠎ᠪᠠᠨ ᠬᠦᠷᠲᠡᠬᠦ ᠵᠢ ᠪᠡᠶᠡᠯᠡᠭᠦᠯᠦᠨ᠎ᠡ᠃ ᠭᠤᠷᠪᠠ᠎ᠳᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠦᠷ᠎ᠡ ᠳ᠋ᠦᠩ ᠬᠢᠭᠡᠳ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠠᠷᠭᠤᠭᠤᠯᠤᠨ ᠬᠢᠨᠠᠬᠤ᠂ ᠵᠡᠷᠭᠡ ᠳᠡᠰ᠎ᠢ ᠰᠢᠯᠭ᠋ᠠᠨ ᠲᠣᠭᠲᠠᠭ᠋ᠠᠬᠤ᠂ ᠰᠢᠯᠢᠳᠡᠭ᠎ᠢ ᠦᠨᠡᠯᠡᠬᠦ ᠵᠡᠷᠭᠡ ᠵᠢᠨ ᠬᠣᠯᠪᠣᠭᠳᠠᠬᠤ ᠪᠠᠢ᠌ᠭᠤᠯᠤᠮᠵᠢ ᠵᠢ ᠪᠠᠢ᠌ᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠤ᠎ᠪᠠᠨ ᠬᠠᠷᠢᠯᠴᠠᠨ ᠵᠣᠯᠭ᠋ᠠᠯᠳᠤᠭᠰᠠᠨ᠂ ᠵᠣᠬᠢᠴᠠᠭᠤᠯᠤᠨ ᠬᠠᠮᠵᠢᠯᠴᠠᠭᠰᠠᠨ ᠠᠵᠢᠯ᠎ᠤᠨ ᠪᠠᠢ᠌ᠷᠢᠯᠠᠭᠤᠯᠤᠯᠲᠠ ᠵᠢ ᠪᠦᠷᠢᠯᠳᠦᠭᠦᠯᠦᠨ᠎ᠡ᠃ ᠳᠥᠷᠪᠡ᠎ᠳᠤ᠂ ᠮᠡᠳᠡᠭᠡ ᠵᠠᠩᠭᠢ ᠵᠢᠨ ᠲᠠᠪᠴᠠᠩ᠎ᠢ ᠠᠰᠢᠭᠯᠠᠨ ᠲᠦᠭᠰᠢᠭᠦᠷᠢ ᠵᠢᠨ ᠦᠨᠡᠯᠡᠨ ᠵᠢᠱ᠌ᠢᠯᠲᠡ ᠪᠠ ᠣᠶᠣᠨᠴᠢ ᠵᠠᠳᠠᠯᠤᠯᠲᠠ ᠵᠢ ᠴᠢᠩᠭ᠋ᠠᠳᠬᠠᠵᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠶᠡᠷᠦᠩᠬᠡᠢ᠌ᠯᠡᠭᠰᠡᠨ ᠳ᠋ᠠᠢ᠌ᠲ᠋ᠠ ᠵᠢᠨ ᠲᠤᠯᠭ᠋ᠠᠭᠤᠷᠢᠯᠠᠯ ᠬᠠᠩᠭ᠋ᠠᠵᠤ᠂ ᠬᠢᠨᠠᠯᠲᠠ ᠬᠠᠮᠢᠶᠠᠷᠤᠯᠲᠠ ᠵᠢᠨ ᠦᠷ᠎ᠡ ᠨᠥᠯᠥᠭᠡ ᠵᠢ

ᠳᠡᠭᠡᠭᠰᠢᠯᠡᠭᠦᠯᠦᠨ᠎ᠡ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠠᠬᠢᠭᠤᠯᠤᠨ᠎ᠠ᠃
     3. 《ᠢᠲᠡᠭᠡᠮᠵᠢ +   ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ》 ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠬᠦ ᠴᠢᠬᠤᠯᠠᠲᠠᠢ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠬᠠᠷᠠᠬᠠᠨ ᠪᠠᠢ᠌ᠭᠤᠯᠤᠭ᠎ᠠ ᠦᠭᠡᠢ᠂ ᠡᠮᠴᠢᠯᠡᠭᠡ ᠵᠢᠨ ᠪᠠᠢ᠌ᠭᠤᠯᠤᠮᠵᠢ ᠵᠢᠨ ᠡᠷᠡᠭᠦᠯ ᠪᠤᠰᠤ ᠦᠢ᠍ᠯᠡ ᠠᠵᠢᠯᠯᠠᠭ᠎ᠠ᠎ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ ᠪᠠ ᠡᠮᠴᠢ ᠵᠢᠨ ᠡᠷᠡᠭᠦᠯ ᠪᠤᠰᠤ᠎ᠪᠠᠷ ᠠᠵᠢᠯ ᠡᠷᠬᠢᠯᠡᠬᠦ ᠦᠢ᠍ᠯᠡ ᠠᠵᠢᠯᠯᠠᠭ᠎ᠠ᠎ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ ᠵᠢ ᠬᠠᠷᠠᠬᠠᠨ ᠨᠡᠢ᠌ᠲᠡᠯᠡᠭᠡ ᠦᠭᠡᠢ᠂ ᠢᠲᠡᠭᠡᠮᠵᠢ ᠵᠢᠨ ᠲᠡᠮᠳᠡᠭᠯᠡᠯ᠎ᠢ ᠵᠠᠷᠯᠠᠨ ᠨᠡᠢ᠌ᠲᠡᠯᠡᠬᠦ᠎ᠳᠤ ᠭᠣᠣᠯᠳᠠᠭᠤ

《ᠬᠣᠶᠠᠷ᠎ᠢ ᠵᠠᠷᠯᠠᠨ ᠨᠡᠢ᠌ᠲᠡᠯᠡᠬᠦ》 ᠨᠡᠷᠡᠰ᠎ᠤᠨ ᠵᠢᠭᠰᠠᠭ᠋ᠠᠯᠲᠠ᠎ᠳᠤ ᠬᠢᠵᠠᠭ᠋ᠠᠷᠯᠠᠭᠳᠠᠵᠤ᠂ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠵᠠᠷᠯᠠᠨ ᠨᠡᠢ᠌ᠲᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠬᠠᠷᠠᠬᠠᠨ ᠪᠦᠷᠢᠨᠰᠢᠭᠡ ᠦᠭᠡᠢ᠂ ᠬᠣᠯᠪᠣᠭ᠋ᠠᠯᠠᠨ ᠵᠠᠯᠬᠠᠭ᠋ᠠᠬᠤ ᠲᠣᠭᠲᠠᠴᠠ ᠬᠠᠷᠠᠬᠠᠨ ᠲᠡᠭᠦᠯᠳᠡᠷᠵᠢᠭᠡ ᠦᠭᠡᠢ ᠪᠠᠢ᠌ᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠬᠡᠪ᠎ᠤᠨ ᠡᠮᠴᠢᠯᠡᠭᠡ ᠵᠢᠨ ᠡᠮᠬᠢ ᠳᠢᠭᠯᠢᠮ᠎ᠢ ᠬᠦᠨᠳᠦ ᠨᠣᠴᠢᠲᠠᠢ ᠬᠣᠬᠢᠷᠠᠭᠤᠯᠤᠭᠰᠠᠨ ᠪᠠ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠵᠠᠷᠯᠠᠨ ᠮᠡᠳᠡᠭᠡᠯᠡᠬᠦ ᠲᠣᠭᠲᠠᠴᠠ ᠵᠢ ᠪᠠᠢ᠌ᠭᠤᠯᠵᠤ᠂ ᠢᠲᠡᠭᠡᠮᠵᠢ ᠠᠯᠳᠠᠭᠰᠠᠨ ᠬᠠᠮᠢᠶ᠎ᠠ ᠪᠦᠬᠦᠢ ᠦᠢ᠍ᠯᠡ ᠠᠵᠢᠯᠯᠠᠭ᠎ᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠵᠠᠷᠯᠠᠨ ᠮᠡᠳᠡᠭᠡᠯᠡᠨ᠎ᠡ᠃ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ 《ᠡᠮᠴᠢᠯᠡᠭᠡ ᠵᠢᠨ ᠪᠠᠢ᠌ᠭᠤᠯᠤᠮᠵᠢ ᠵᠢᠨ ᠡᠷᠡᠭᠦᠯ ᠪᠤᠰᠤ ᠦᠢ᠍ᠯᠡ ᠠᠵᠢᠯᠯᠠᠭ᠎ᠠ᠎ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ》 ᠪᠠ 《ᠡᠮᠴᠢ ᠵᠢᠨ ᠡᠷᠡᠭᠦᠯ ᠪᠤᠰᠤ᠎ᠪᠠᠷ ᠠᠵᠢᠯ ᠡᠷᠬᠢᠯᠡᠬᠦ ᠦᠢ᠍ᠯᠡ ᠠᠵᠢᠯᠯᠠᠭ᠎ᠠ᠎ᠳᠤ ᠬᠤᠪᠢ ᠲᠡᠮᠳᠡᠭᠯᠡᠨ ᠬᠠᠮᠢᠶᠠᠷᠬᠤ ᠠᠷᠭ᠎ᠠ》 ᠵᠢ ᠠᠯᠢ ᠲᠦᠷᠭᠡᠨ ᠵᠶ᠋ᠡᠷ ᠨᠡᠢ᠌ᠲᠡᠯᠡᠨ᠎ᠡ᠃ ᠭᠤᠷᠪᠠ᠎ᠳᠤ᠂

《ᠢᠲᠡᠭᠡᠮᠵᠢ +   ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ》 ᠵᠢᠨ ᠠᠵᠢᠯ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ ᠵᠠᠰᠠᠭ ᠵᠠᠬᠢᠷᠭ᠋ᠠᠨ᠎ᠤ ᠵᠥᠪᠰᠢᠶᠡᠷᠡᠯ ᠵᠶ᠋ᠡᠷ ᠵᠥᠪᠰᠢᠶᠡᠷᠡᠨ ᠣᠷᠣᠭᠤᠯᠤᠭᠰᠠᠨ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠣᠯᠭᠣᠭᠰᠠᠨ ᠵᠡᠷᠭᠡ ᠮᠡᠳᠡᠭᠡ ᠵᠠᠩᠭᠢ᠎ᠪᠠᠷ ᠰᠠᠭᠤᠷᠢ ᠪᠣᠯᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠢᠲᠡᠭᠡᠮᠵᠢ ᠵᠢ ᠵᠠᠷᠯᠠᠨ ᠨᠡᠢ᠌ᠲᠡᠯᠡᠬᠦ ᠳᠦᠷᠢᠮ᠎ᠢ ᠲᠡᠭᠦᠯᠳᠡᠷᠵᠢᠭᠦᠯᠵᠦ᠂ ᠢᠲᠡᠭᠡᠮᠵᠢ ᠠᠯᠳᠠᠭᠰᠠᠨ ᠦᠢ᠍ᠯᠡ ᠠᠵᠢᠯᠯᠠᠭ᠎ᠠ ᠵᠢ ᠲᠡᠮᠳᠡᠭᠯᠡᠬᠦ᠂ ᠵᠠᠷᠯᠠᠨ ᠨᠡᠢ᠌ᠲᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ 《ᠨᠢᠭᠡ ᠶᠠᠪᠤᠳᠠᠯ᠎ᠳᠤ ᠬᠠᠤᠯᠢ ᠵᠥᠷᠢᠴᠡᠪᠡᠯ᠂ ᠶᠠᠪᠤᠳᠠᠯ ᠪᠣᠯᠭ᠋ᠠᠨ᠎ᠳᠤ ᠬᠢᠵᠠᠭ᠋ᠠᠷᠯᠠᠭᠳᠠᠬᠤ》 ᠵᠢ ᠪᠡᠶᠡᠯᠡᠭᠦᠯᠦᠨ᠎ᠡ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ 2021 ᠣᠨ᠎ᠤ ᠰᠡᠭᠦᠯᠴᠢ᠎ᠠᠴᠠ ᠡᠮᠦᠨ᠎ᠡ ᠬᠠᠮᠢᠶᠠᠷᠤᠯᠲᠠ ᠵᠢᠨ ᠠᠷᠭ᠎ᠠ ᠵᠢ ᠨᠡᠢ᠌ᠲᠡᠯᠡᠵᠦ᠂ ᠡᠯ᠎ᠡ ᠵᠦᠢ᠍ᠯ᠎ᠤᠨ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠦᠷᠭᠦᠯᠵᠢᠯᠡᠨ ᠠᠬᠢᠭᠤᠯᠤᠨ᠎ᠠ᠃
      (ᠵᠢᠷᠭᠤᠭ᠎ᠠ) 《ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠢ᠌ᠭᠤᠯᠤᠯᠲᠠ ᠵᠢ ᠪᠠᠴᠢᠮ ᠴᠢᠩᠭ᠋ᠠᠳᠬᠠᠬᠤ ᠴᠢᠬᠤᠯᠠᠲᠠᠢ》 ᠠᠰᠠᠭᠤᠳᠠᠯ᠎ᠤᠨ ᠲᠤᠬᠠᠢ
ᠣᠳᠣᠬᠠᠨ᠎ᠳᠤ᠂ ᠪᠦᠬᠦ ᠣᠷᠣᠨ᠎ᠳᠤ ᠨᠡᠢ᠌ᠲᠡ 117 ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠢ᠌ᠭᠤᠯᠤᠮᠵᠢ ᠪᠠᠢ᠌ᠵᠤ᠂ ᠡᠭᠦᠨ᠎ᠳᠤ ᠠᠯᠪᠠᠲᠠᠨ ᠵᠶ᠋ᠠᠷ ᠯᠠᠪᠯᠠᠯᠲᠠ ᠪᠣᠯᠭ᠋ᠠᠬᠤ ᠡᠩᠨᠡᠭᠡ 90᠂ ᠪᠦᠬᠦ ᠲᠣᠭ᠎ᠠ᠎ᠪᠠᠷ ᠵᠣᠭᠣᠰ ᠰᠠᠯᠭ᠋ᠠᠨ ᠥᠭᠬᠦ ᠠᠵᠢᠯ ᠦᠢ᠍ᠯᠡᠰ᠎ᠤᠨ ᠨᠢᠭᠡᠴᠢ 27 ᠪᠠᠢ᠌ᠳᠠᠭ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠵᠢᠨ ᠵᠢᠷᠤᠮᠵᠢᠭᠤᠯᠤᠯᠲᠠ ᠵᠢᠨ ᠪᠠᠢ᠌ᠭᠤᠯᠤᠮᠵᠢ ᠵᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠲᠥᠯᠥᠪᠯᠡᠭᠡᠲᠦ ᠦᠷᠡᠵᠢᠯ᠂ ᠬᠢᠲᠠᠳ ᠡᠮᠨᠡᠯᠭᠡ᠂ ᠲᠤᠬᠠᠢ᠌ᠯᠠᠭᠰᠠᠨ ᠠᠵᠢᠯ᠎ᠤᠨ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠵᠢ ᠬᠤᠪᠢᠶᠠᠷᠢᠯᠠᠨ ᠣᠷᠣᠭᠤᠯᠬᠤ ᠵᠢ ᠳᠠᠭ᠋ᠠᠯᠳᠤᠨ᠂ ᠨᠢᠭᠡ ᠲᠠᠯ᠎ᠠ᠎ᠪᠠᠷ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠳᠤ ᠲᠣᠬᠢᠷᠠᠯᠴᠠᠭᠰᠠᠨ ᠣᠷᠣᠨ ᠲᠣᠭ᠎ᠠ ᠪᠠ ᠠᠵᠢᠯᠲᠠᠨ ᠨᠡᠮᠡᠭᠰᠡᠨ ᠦᠭᠡᠢ᠂ ᠨᠥᠭᠥᠭᠡ ᠲᠠᠯ᠎ᠠ᠎ᠪᠠᠷ ᠣᠷᠣᠨ ᠲᠣᠭ᠎ᠠ ᠵᠢᠨ ᠰᠢᠯᠵᠢᠯᠲᠡ ᠵᠢ ᠵᠣᠭᠰᠣᠭ᠋ᠠᠵᠤ᠂ ᠣᠷᠣᠨ ᠲᠣᠭ᠎ᠠ᠎ᠠᠴᠠ ᠭᠠᠷᠭ᠋ᠠᠬᠤ᠎ᠠᠴᠠ ᠪᠢᠰᠢ ᠣᠷᠣᠭᠤᠯᠬᠤ ᠦᠭᠡᠢ᠎ᠠᠴᠠ ᠪᠣᠯᠵᠤ᠂ ᠠᠵᠢᠯᠲᠠᠨ᠎ᠤ ᠨᠠᠰᠤ ᠠᠬᠠᠰᠢᠷᠠᠵᠤ᠂ ᠲᠤᠰᠬᠠᠢ ᠮᠡᠷᠭᠡᠵᠢᠯ᠎ᠤᠨ ᠴᠢᠨᠠᠷ᠎ᠨᠢ ᠳᠣᠷᠣᠭᠰᠢᠯᠠᠵᠤ ᠪᠠᠢ᠌ᠨ᠎ᠠ᠃ ᠬᠠᠤᠯᠢ ᠬᠡᠷᠡᠭᠵᠢᠭᠦᠯᠦᠭᠴᠢᠳ᠎ᠤᠨ ᠬᠠᠷᠠᠭ᠋ᠠᠯᠵᠠᠯ᠎ᠨᠢ ᠬᠠᠷᠢᠴᠠᠩᠭᠤᠢ ᠳᠣᠣᠷ᠎ᠠ ᠪᠠᠢ᠌ᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠤᠯᠢ ᠬᠡᠷᠡᠭᠵᠢᠭᠦᠯᠦᠭᠴᠢᠳ᠎ᠤᠨ ᠠᠵᠢᠯ᠎ᠤᠨ ᠢᠳᠡᠪᠬᠢᠵᠢᠯ ᠪᠠ ᠲᠣᠭᠲᠠᠭᠤᠨ ᠴᠢᠨᠠᠷ᠎ᠢ ᠬᠦᠨᠳᠦ ᠨᠣᠴᠢᠲᠠᠢ ᠨᠥᠯᠥᠭᠡᠯᠡᠵᠦ᠂ ᠣᠳᠣ ᠵᠢᠨ ᠪᠠᠢ᠌ᠭ᠎ᠠ ᠠᠵᠢᠯᠲᠠᠨ᠎ᠨᠢ ᠰᠢᠨ᠎ᠡ ᠴᠠᠭ ᠦᠶ᠎ᠡ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ ᠵᠢ ᠬᠠᠩᠭ᠋ᠠᠵᠤ ᠴᠢᠳᠠᠬᠤ ᠦᠭᠡᠢ ᠪᠠᠢ᠌ᠨ᠎ᠠ᠃
      ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
      ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ᠄ ᠪᠦᠬᠦ ᠣᠷᠣᠨ᠎ᠤ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠲᠣᠬᠢᠷᠠᠭᠤᠯᠤᠯᠲᠠ ᠪᠠ ᠨᠡᠷᠡᠢ᠌ᠳᠦᠯ᠎ᠢ ᠵᠢᠷᠤᠮᠵᠢᠭᠤᠯᠤᠨ᠂ ᠪᠠᠢ᠌ᠭᠤᠯᠤᠮᠵᠢ ᠵᠢᠨ ᠬᠡᠪ ᠪᠠᠷᠢᠮᠵᠢᠶ᠎ᠠ ᠵᠢ ᠲᠣᠳᠣᠷᠬᠠᠢ᠌ᠯᠠᠨ᠎ᠠ᠃ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠦᠴᠦᠨ᠎ᠢ ᠰᠢᠯᠢᠨ ᠰᠣᠩᠭᠣᠵᠤ ᠰᠠᠢ᠌ᠲᠤᠷ ᠲᠣᠬᠢᠷᠠᠭᠤᠯᠤᠨ᠂ 《14 · 5》᠎ᠤᠨ ᠲᠥᠯᠥᠪᠵᠢᠭᠦᠯᠭᠡ ᠵᠢᠨ ᠰᠡᠭᠦᠯᠴᠢ᠎ᠪᠠᠷ ᠪᠦᠬᠦ ᠣᠷᠣᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠠᠵᠢᠯᠲᠠᠨ᠎ᠢ ᠪᠠᠷᠢᠮᠵᠢᠶ᠎ᠠ ᠶᠣᠰᠣᠭ᠋ᠠᠷ ᠲᠣᠬᠢᠷᠠᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠷᠠᠭ᠋ᠠᠯᠵᠠᠯ᠎ᠢ ᠪᠠᠲᠤᠯᠠᠨ᠂ ᠠᠵᠢᠯᠲᠠᠨ᠎ᠢ ᠳᠡᠪᠰᠢᠭᠦᠯᠦᠨ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠦᠨ᠎ᠡ᠃ ᠪᠦᠬᠦ ᠣᠷᠣᠨ᠎ᠤ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠵᠢᠷᠤᠮᠵᠢᠭᠤᠯᠤᠯᠲᠠ ᠪᠠ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠥᠷᠨᠢᠭᠦᠯᠦᠨ᠂ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠰᠢᠨ᠎ᠡ ᠴᠠᠭ ᠦᠶ᠎ᠡ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ᠎ᠪᠠᠷ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠡᠩᠨᠡᠭᠡ ᠵᠢᠨ ᠲᠤᠰᠬᠠᠢ᠌ᠵᠢᠭᠤᠯᠤᠯᠲᠠ᠂ ᠵᠢᠷᠤᠮᠵᠢᠭᠤᠯᠤᠯᠲᠠ᠂ ᠣᠳᠣᠬᠢᠴᠢᠯᠠᠯᠲᠠ ᠵᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠴᠢᠨᠠᠷᠯᠢᠭ ᠬᠥᠭᠵᠢᠯᠲᠡ ᠵᠢ ᠪᠠᠲᠤᠯᠠᠨ᠎ᠠ᠃
      ᠴᠠᠭ᠎ᠤᠨ ᠬᠢᠵᠠᠭ᠋ᠠᠷ ᠪᠠ ᠱᠠᠭ᠋ᠠᠷᠳᠠᠯᠭ᠎ᠠ᠄ ᠦᠷᠭᠦᠯᠵᠢᠯᠡᠨ ᠠᠬᠢᠭᠤᠯᠤᠨ᠎ᠠ
      ᠭᠤᠷᠪᠠ᠂ ᠠᠵᠢᠯ᠎ᠤᠨ ᠱᠠᠭ᠋ᠠᠷᠳᠠᠯᠭ᠎ᠠ
      (  ᠨᠢᠭᠡ) ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠎ᠡ᠃ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠴᠢᠬᠤᠯᠠ ᠴᠢᠨᠠᠷ ᠪᠠ ᠲᠤᠯᠭ᠋ᠠᠮᠳᠠᠭᠤ ᠴᠢᠨᠠᠷ᠎ᠢ ᠭᠦᠨᠵᠡᠭᠡᠢ ᠲᠠᠨᠢᠵᠤ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠤᠬᠠᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ 63 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠭᠦᠨᠵᠡᠭᠡᠢ ᠰᠤᠷᠤᠯᠴᠠᠬᠤ᠂ ᠨᠡᠪᠲᠡᠷᠡᠲᠡᠯ᠎ᠡ ᠣᠢ᠌ᠯᠠᠭ᠋ᠠᠬᠤ ᠪᠠ ᠣᠨᠣᠪᠴᠢᠲᠠᠢ ᠡᠵᠡᠮᠳᠡᠬᠦ ᠵᠢ ᠭᠦᠢ᠍ᠴᠡᠳᠬᠡᠨ᠎ᠡ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠵᠢ ᠴᠢᠩᠭ᠋ᠠᠳᠬᠠᠨ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠬᠣᠯᠪᠣᠭ᠋ᠠᠲᠤ ᠬᠤᠷᠠᠯ᠎ᠤᠨ ᠳᠦᠷᠢᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠠᠢ᠌ᠮᠠᠭ ᠬᠣᠲᠠ ᠵᠢᠨ᠎ᠬᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠥᠪᠡᠷ ᠥᠪᠡᠷ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠴᠤᠭ ᠵᠶ᠋ᠠᠷ ᠠᠳᠬᠤᠨ ᠬᠠᠮᠲᠤ᠎ᠪᠠᠷ ᠬᠠᠮᠢᠶᠠᠷᠬᠤ ᠪᠠ ᠵᠣᠬᠢᠴᠠᠭᠤᠯᠤᠨ ᠬᠠᠮᠵᠢᠯᠴᠠᠵᠤ᠂ ᠪᠦᠬᠦ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠭᠦᠨᠵᠡᠭᠡᠢ ᠠᠬᠢᠭᠤᠯᠤᠨ᠎ᠠ᠃
      (  ᠬᠣᠶᠠᠷ) ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠤᠨ᠎ᠠ᠃ ᠴᠡᠭᠴᠡᠯᠡᠨ ᠥᠭᠡᠷᠡᠴᠢᠯᠡᠬᠦ ᠱᠠᠭ᠋ᠠᠷᠳᠠᠯᠭ᠎ᠠ ᠵᠢ ᠭᠦᠨᠵᠡᠭᠡᠢ᠌ᠷᠡᠭᠦᠯᠦᠨ᠂ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢᠨ ᠪᠠᠲᠤ ᠴᠢᠩᠭ᠎ᠠ ᠴᠢᠨᠠᠷ᠂ ᠪᠦᠲᠦᠮᠵᠢᠲᠡᠢ ᠴᠢᠨᠠᠷ᠎ᠢ ᠪᠠᠲᠤᠯᠠᠨ᠎ᠠ᠃ ᠠᠰᠠᠭᠤᠳᠠᠯ᠎ᠤᠨ ᠨᠠᠷᠢᠨ ᠬᠠᠭᠤᠳᠠᠰᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ᠎ᠤᠨ ᠬᠢᠵᠠᠭ᠋ᠠᠷ᠎ᠲᠠᠢ ᠴᠢᠩᠭ᠎ᠠ ᠬᠠᠷᠢᠴᠠᠭᠤᠯᠵᠤ᠂ ᠰᠢᠢ᠍ᠳᠪᠦᠷᠢᠯᠡᠵᠦ ᠳᠡᠢ᠌ᠯᠬᠦ ᠠᠰᠠᠭᠤᠳᠠᠯ᠎ᠢ ᠲᠡᠷᠡ ᠳᠠᠷᠤᠢ᠎ᠳᠤ᠎ᠨᠢ ᠰᠢᠢ᠍ᠳᠪᠦᠷᠢᠯᠡᠵᠦ᠂ ᠰᠢᠢ᠍ᠳᠪᠦᠷᠢᠯᠡᠵᠦ ᠳᠡᠢ᠌ᠯᠬᠦ ᠦᠭᠡᠢ ᠠᠰᠠᠭᠤᠳᠠᠯ᠎ᠢ ᠨᠢᠭᠡᠨᠲᠡ ᠲᠣᠭᠲᠠᠭᠰᠠᠨ ᠴᠠᠭ᠎ᠤᠨ ᠬᠢᠵᠠᠭ᠋ᠠᠷ ᠶᠣᠰᠣᠭ᠋ᠠᠷ ᠠᠬᠢᠭᠤᠯᠬᠤ ᠪᠠ ᠴᠡᠭᠴᠡᠯᠡᠨ ᠥᠭᠡᠷᠡᠴᠢᠯᠡᠵᠦ᠂ ᠠᠰᠠᠭᠤᠳᠠᠯ ᠪᠣᠯᠭ᠋ᠠᠨ᠎ᠳᠤ ᠰᠢᠢ᠍ᠳᠪᠦᠷᠢᠯᠡᠬᠦ ᠬᠠᠷᠠᠯᠲᠠ᠎ᠲᠠᠢ᠂ ᠶᠠᠪᠤᠳᠠᠯ ᠪᠣᠯᠭ᠋ᠠᠨ᠎ᠳᠤ ᠬᠠᠷᠢᠭᠤ ᠲᠤᠰᠬᠠᠯ᠎ᠲᠠᠢ ᠪᠠᠢ᠌ᠬᠤ ᠵᠢ ᠪᠠᠲᠤᠯᠠᠵᠤ᠂ ᠴᠡᠭᠴᠡᠯᠡᠨ ᠥᠭᠡᠷᠡᠴᠢᠯᠡᠬᠦ ᠠᠯᠬᠤᠮ ᠳᠠᠷᠠᠭ᠋ᠠᠯᠠᠯ᠎ᠢ ᠬᠣᠭᠣᠰᠤᠨ ᠥᠩᠭᠡᠷᠡᠭᠦᠯᠬᠦ ᠦᠭᠡᠢ᠂ ᠠᠭᠤᠯᠭ᠎ᠠ ᠵᠢ ᠬᠠᠮᠤᠷᠤᠭᠤᠯᠵᠤ᠂ ᠪᠠᠷᠢᠮᠵᠢᠶ᠎ᠠ ᠵᠢ ᠥᠭᠡᠷᠡᠲᠦᠭᠦᠯᠬᠦ ᠦᠭᠡᠢ᠃
      (ᠭᠤᠷᠪᠠ) ᠴᠡᠭᠴᠡᠯᠡᠨ ᠥᠭᠡᠷᠡᠴᠢᠯᠡᠵᠦ ᠰᠢᠮᠳᠠᠭᠤᠯᠤᠨ ᠭᠦᠢ᠍ᠴᠡᠳᠬᠡᠬᠦ ᠵᠢ ᠴᠢᠩᠭ᠋ᠠᠷᠠᠭᠤᠯᠤᠨ᠎ᠠ᠃ ᠡᠯ᠎ᠡ ᠠᠢ᠌ᠮᠠᠭ ᠬᠣᠲᠠ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠪᠠᠢ᠌ᠭᠤᠯᠤᠯᠲᠠ ᠵᠢᠨ ᠪᠠᠢ᠌ᠳᠠᠯ ᠪᠠ ᠴᠡᠭᠴᠡᠯᠡᠨ ᠥᠭᠡᠷᠡᠴᠢᠯᠡᠭᠰᠡᠨ ᠪᠠᠢ᠌ᠳᠠᠯ᠎ᠳᠠᠬᠢ ᠰᠢᠮᠳᠠᠭᠤᠯᠤᠨ ᠪᠠᠢ᠌ᠴᠠᠭ᠋ᠠᠯᠲᠠ ᠵᠢ ᠬᠣᠯᠪᠣᠭ᠋ᠠᠯᠠᠨ ᠥᠷᠨᠢᠭᠦᠯᠬᠦ ᠵᠢ ᠴᠠᠭ ᠲᠤᠬᠠᠢ᠎ᠳᠤ᠎ᠨᠢ ᠵᠣᠬᠢᠶᠠᠨ ᠪᠠᠢ᠌ᠭᠤᠯᠤᠨ᠎ᠠ᠃ ᠦᠢ᠍ᠯᠡ ᠬᠥᠳᠡᠯᠦᠯ᠎ᠨᠢ ᠤᠳᠠᠭ᠋ᠠᠨ᠂ ᠴᠡᠭᠴᠡᠯᠡᠯᠲᠡ ᠥᠭᠡᠷᠡᠴᠢᠯᠡᠯᠲᠡ ᠵᠢ ᠠᠬᠢᠭᠤᠯᠤᠭᠰᠠᠨ ᠵᠶ᠋ᠠᠷ ᠬᠦᠴᠦᠨ ᠦᠭᠡᠢ ᠠᠰᠠᠭᠤᠳᠠᠯ᠎ᠳᠤ ᠴᠡᠭ ᠲᠣᠭᠲᠠᠭ᠋ᠠᠨ ᠮᠥᠷᠳᠡᠬᠦ ᠪᠠ ᠰᠢᠮᠳᠠᠭᠤᠯᠤᠨ ᠵᠢᠯᠣᠭᠣᠳᠴᠤ᠂ ᠥᠨᠴᠥᠭ ᠪᠤᠯᠤᠩ ᠦᠯᠡᠳᠡᠭᠡᠬᠦ ᠦᠭᠡᠢ᠂ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠨ᠎ᠠ᠃

ᠢᠷᠡᠯᠲᠡ᠄ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠵᠠᠰᠠᠭ᠎ᠤᠨ ᠣᠷᠳᠤᠨ᠎ᠤ ᠰᠥᠯᠵᠢᠶ᠎ᠡ