ᠲᠡᠷᠢᠭᠦᠨ ᠬᠠᠭᠤᠳᠠᠰᠤ   -   ᠠᠯᠪᠠᠨ ᠵᠠᠷ
ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠮᠡᠳᠡᠭᠡ ᠵᠠᠩᠭᠢ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠵᠦᠢ᠍ᠯᠡᠰ᠎ᠢ ᠲᠣᠳᠣᠷᠬᠠᠶ᠋ᠢᠯᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2021-07-20

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠶ᠋ᠢᠴᠠᠭ᠋ᠠᠬᠤ ᠵᠥᠪᠯᠡᠯ᠂ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠄
     《〈ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠮᠡᠳᠡᠭᠡ ᠵᠠᠩᠭᠢ ᠵᠢ ᠰᠢᠢ᠍ᠳᠪᠦᠷᠢᠯᠡᠬᠦ ᠰᠦᠢ᠍ᠳᠬᠡᠯ᠎ᠤᠨ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [2020] 109 ᠳ᠋ᠦ᠍ᠭᠡᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠮᠡᠳᠡᠭᠡ ᠵᠠᠩᠭᠢ ᠵᠢ ᠰᠢᠢ᠍ᠳᠪᠦᠷᠢᠯᠡᠬᠦ ᠰᠦᠢ᠍ᠳᠬᠡᠯ᠎ᠤᠨ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠵᠦᠢ᠍ᠯᠡᠰ᠎ᠢ ᠳᠣᠤᠷᠠᠬᠢ ᠮᠡᠲᠦ ᠲᠣᠳᠣᠷᠬᠠᠢ᠌ᠯᠠᠪᠠ᠃
      ᠨᠢᠭᠡ᠂ ᠮᠡᠳᠡᠭᠡ ᠵᠠᠩᠭᠢ ᠰᠢᠢ᠍ᠳᠪᠦᠷᠢᠯᠡᠬᠦ ᠰᠦᠢ᠍ᠳᠬᠡᠯ᠎ᠤᠨ ᠣᠷᠣᠯᠭ᠎ᠠ ᠵᠢ 《ᠤᠯᠤᠰ᠎ᠤᠨ ᠬᠥᠮᠥᠷᠭᠡ᠎ᠳᠤ ᠲᠤᠰᠢᠶᠠᠭᠰᠠᠨ ᠪᠤᠰᠤᠳ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠯᠲᠠ》 ᠵᠢᠨ ᠲᠥᠷᠥᠯ ᠵᠦᠢ᠍ᠯ᠎ᠳᠤ ᠵᠢᠭᠰᠠᠭ᠋ᠠᠵᠤ᠂ ᠣᠷᠣᠯᠭ᠎ᠠ ᠵᠢ ᠴᠠᠭ ᠲᠤᠬᠠᠶ᠎ᠳᠤ᠎ᠨᠢ ᠲᠣᠭ᠎ᠠ ᠶᠣᠰᠣᠭ᠋ᠠᠷ ᠠᠳᠠᠯᠢ ᠱᠠᠲᠤᠨ᠎ᠤ ᠤᠯᠤᠰ᠎ᠤᠨ ᠬᠥᠮᠥᠷᠭᠡ᠎ᠳᠤ ᠲᠤᠰᠢᠶᠠᠵᠤ᠂ 《ᠣᠷᠣᠯᠭ᠎ᠠ ᠵᠠᠷᠤᠯᠭ᠎ᠠ ᠵᠢ ᠠᠰ ᠠᠰ᠎ᠲᠤ᠎ᠨᠢ ᠪᠣᠳᠣᠬᠤ》 ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠪᠤᠰᠤᠳ ᠰᠢᠢ᠍ᠳᠪᠦᠷᠢᠯᠡᠵᠦ ᠳᠠᠭᠤᠰᠤᠭ᠋ᠠᠳᠤᠶ ᠵᠦᠢ᠍ᠯᠡᠰ᠎ᠢ ᠠᠳᠠᠯᠢ ᠱᠠᠲᠤᠨ᠎ᠤ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      ᠬᠣᠶᠠᠷ᠂ ᠰᠦᠢ᠍ᠳᠬᠡᠯ ᠬᠤᠷᠢᠶᠠᠬᠤ ᠨᠢᠭᠡᠴᠢ᠎ᠠᠴᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠨᠢᠭᠡᠳᠦᠯᠲᠡᠶ ᠳᠠᠷᠤᠮᠠᠯᠯᠠᠨ ᠵᠣᠬᠢᠶᠠᠭᠰᠠᠨ ᠭᠠᠶ᠋ᠢᠯᠢ ᠵᠢᠨ ᠪᠤᠰᠤ ᠣᠷᠣᠯᠭ᠎ᠠ ᠵᠢᠨ ᠡᠩ᠎ᠤᠨ ᠵᠣᠭᠣᠰ ᠲᠤᠰᠢᠶᠠᠬᠤ ᠪᠢᠴᠢᠭ᠎ᠢ ᠬᠡᠷᠡᠭᠯᠡᠨ᠎ᠡ᠃
      ᠭᠤᠷᠪᠠ᠂ ᠮᠡᠳᠡᠭᠡ ᠵᠠᠩᠭᠢ ᠰᠢᠢ᠍ᠳᠪᠦᠷᠢᠯᠡᠬᠦ ᠰᠦᠢ᠍ᠳᠬᠡᠯ᠎ᠤᠨ ᠬᠤᠷᠢᠶᠠᠬᠤ ᠪᠠᠷᠢᠮᠵᠢᠶ᠎ᠠ ᠵᠢ ᠲᠥᠷᠥ ᠠᠯᠪᠠᠨ ᠵᠠᠬᠢᠳᠠᠯ [2020] 109 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠨᠡᠮᠡᠭᠳᠡᠭᠦᠯᠬᠦ᠂ ᠰᠦᠢ᠍ᠳᠬᠡᠯ ᠬᠤᠷᠢᠶᠠᠬᠤ ᠬᠡᠪᠴᠢᠶ᠎ᠡ ᠵᠢ ᠥᠷᠭᠡᠳᠬᠡᠬᠦ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠵᠦ ᠪᠣᠯᠬᠤ ᠦᠭᠡᠢ᠂ ᠲᠡᠢ᠌ᠮᠦ ᠮᠥᠷᠲᠡᠭᠡᠨ ᠡᠳ᠋᠎ᠤᠨ ᠵᠠᠰᠠᠭ᠂ ᠬᠢᠨᠠᠨ ᠪᠣᠳᠣᠯᠲᠠ᠂ ᠦᠨ᠎ᠡ ᠬᠠᠩᠰᠢ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠪᠠᠶ᠋ᠢᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃


                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ
                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ ᠲᠣᠪᠴᠢᠶ᠎ᠠ
                              2021 ᠣᠨ᠎ᠤ 7 ᠳ᠋ᠤᠭ᠋ᠠᠷ ᠰᠠᠷ᠎ᠠ ᠵᠢᠨ 13᠎ᠤ ᠡᠳᠦᠷ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ