ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠵᠢᠨ ᠠᠯᠪᠠᠨ ᠬᠡᠷ᠎ᠲᠤ᠄
ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ 《ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠶ᠋ᠢᠴᠠᠭ᠋ᠠᠬᠤ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢᠨ ᠮᠡᠳᠡᠭᠳᠡᠯ》᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠶ᠋ᠢᠷ᠎ᠠ ᠵᠢᠨ ᠬᠤᠭᠤᠴᠠᠭ᠋ᠠᠨ᠎ᠳᠤ 2021 ᠣᠨ᠎ᠤ ᠬᠣᠶᠠᠳᠤᠭ᠋ᠠᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠂ ᠡᠳᠦᠭᠡ ᠬᠣᠯᠪᠣᠭᠳᠠᠯ ᠪᠥᠬᠥᠶ ᠪᠠᠶ᠋ᠢᠳᠠᠯ᠎ᠤᠨ ᠮᠡᠳᠡᠭᠡᠯᠡᠯ᠎ᠨᠢ ᠳᠣᠤᠷᠠᠬᠢ ᠮᠡᠲᠦ᠄
ᠨᠢᠭᠡ᠂ ᠠᠵᠢᠯ᠎ᠢ ᠥᠷᠨᠢᠭᠦᠯᠦᠭᠰᠡᠨ ᠪᠠᠶ᠋ᠢᠳᠠᠯ
(ᠨᠢᠭᠡ) ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠬᠣᠶᠠᠳᠤᠭ᠋ᠠᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠠᠵᠢᠯᠯᠠᠭᠤᠯᠵᠤ ᠪᠠᠶ᠋ᠢᠭ᠎ᠠ 549 ᠵᠠᠰᠠᠭ᠎ᠤᠨ ᠣᠷᠳᠣᠨ᠎ᠤ ᠰᠦᠯᠵᠢᠶ᠎ᠡ᠎ᠠᠴᠠ 272 ᠵᠢ ᠰᠤᠭᠤᠴᠢᠨ ᠪᠠᠶ᠋ᠢᠴᠠᠭ᠋ᠠᠪᠠ᠃ ᠡᠭᠦᠨ᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100%᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠦᠯᠵᠢᠶ᠎ᠡ᠎ᠠᠴᠠ 45 ᠵᠢ ᠪᠠᠢ᠌ᠴᠠᠭ᠋ᠠᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲ᠋ᠧᠯ ᠰᠦᠯᠵᠢᠶ᠎ᠡ᠎ᠠᠴᠠ 115 ᠵᠢ ᠪᠠᠢ᠌ᠴᠠᠭ᠋ᠠᠪᠠ; ᠡᠯ᠎ᠡ ᠠᠶ᠋ᠢᠮᠠᠭ ᠬᠣᠲᠠ ᠵᠢᠨ ᠰᠠᠯᠠᠭ᠎ᠠ ᠮᠥᠴᠢᠷ᠎ᠤᠨ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 30% ᠪᠠᠶ᠋ᠢᠵᠤ᠂ ᠨᠡᠶ᠋ᠢᠲᠡ 112᠎ᠢ ᠰᠤᠭᠤᠴᠢᠨ ᠪᠠᠢ᠌ᠴᠠᠭ᠋ᠠᠪᠠ᠃ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠲᠣᠪᠣᠶ᠋ᠢᠮ᠎ᠠ ᠠᠰᠠᠭᠤᠳᠠᠯ ᠣᠷᠣᠰᠢᠵᠤ ᠪᠠᠶ᠋ᠢᠭ᠎ᠠ ᠵᠠᠰᠠᠭ᠎ᠤᠨ ᠣᠷᠳᠣᠨ᠎ᠤ ᠰᠦᠯᠵᠢᠶ᠎ᠡ 7 ᠪᠠᠶ᠋ᠢᠵᠤ᠂ ᠰᠤᠭᠤᠴᠢᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠨᠣᠷᠮ᠎ᠠ᠎ᠨᠢ 97.42%᠎ᠲᠤ ᠬᠦᠷᠴᠦ᠂ ᠬᠥᠬᠡᠬᠣᠲᠠ᠂ ᠬᠥᠯᠥᠨ ᠪᠣᠶ᠋ᠢᠷ ᠬᠣᠲᠠ᠂ ᠲᠦᠩᠯᠢᠶᠣᠤ ᠬᠣᠲᠠ᠂ ᠰᠢᠯᠢ ᠵᠢᠨ ᠭᠣᠤᠯ ᠠᠶ᠋ᠢᠮᠠᠭ᠂ ᠤᠯᠠᠭ᠋ᠠᠨᠴᠠᠪ ᠬᠣᠲᠠ᠂ ᠪᠠᠶᠠᠨᠨᠠᠭᠤᠷ ᠬᠣᠲᠠ᠂ ᠦᠬᠠᠶ ᠬᠣᠲᠠ᠂ ᠠᠯᠠᠱ᠌ᠠ ᠠᠶ᠋ᠢᠮᠠᠭ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠨᠣᠷᠮ᠎ᠠ᠎ᠨᠢ ᠴᠥᠮ 100%᠎ᠳᠤ ᠬᠥᠷᠪᠡ᠃
(ᠬᠣᠶᠠᠷ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠃ 2021 ᠣᠨ᠎ᠤ ᠬᠣᠶᠠᠳᠤᠭ᠋ᠠᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠵᠠᠰᠠᠭ᠎ᠤᠨ ᠶᠠᠪᠤᠳᠠᠯ᠎ᠤᠨ 5151 ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ 2233 ᠵᠢ ᠰᠤᠭᠤᠴᠢᠨ ᠪᠠᠢ᠌ᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100%᠂ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 40% ᠪᠠᠶ᠋ᠢᠵᠤ᠂ ᠡᠭᠦᠨ᠎ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ 101 ᠪᠠᠶ᠋ᠢᠵᠤ᠂ ᠶᠡᠷᠦᠩᠬᠡᠶ ᠬᠢᠷᠢ ᠲᠡᠩᠴᠡᠭᠰᠡᠨ ᠨᠣᠷᠮ᠎ᠠ᠎ᠨᠢ 95.48%᠎ᠳᠤ ᠬᠦᠷᠴᠦ᠂ ᠬᠥᠬᠡᠬᠣᠲᠠ᠂ ᠪᠤᠭᠤᠲᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠤᠯᠠᠭ᠋ᠠᠨᠴᠠᠪ ᠬᠣᠲᠠ ᠵᠡᠷᠭᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ᠎ᠨᠢ ᠬᠢᠷᠢ ᠲᠡᠩᠴᠡᠭᠰᠡᠨ ᠶᠡᠷᠦᠩᠬᠡᠢ ᠨᠣᠷᠮ᠎ᠠ᠎ᠠᠴᠠ ᠥᠨᠳᠥᠷ ᠪᠠᠶ᠋ᠢᠨ᠎ᠠ᠃ ᠡᠭᠦᠨ᠎ᠠᠴᠠ ᠭᠠᠳᠠᠨ᠎ᠠ᠂ 21 ᠲᠠᠩᠰᠠᠨ ᠳ᠋ᠤᠭ᠋ᠠᠷ᠎ᠢ ᠨᠢᠭᠡᠨᠲᠡ ᠱᠠᠭ᠋ᠠᠷᠳᠠᠯᠭ᠎ᠠ ᠶᠣᠰᠣᠭ᠋ᠠᠷ ᠬᠦᠴᠦᠨ ᠥᠬᠡᠶ ᠪᠣᠯᠭ᠋ᠠᠨ ᠬᠠᠭ᠋ᠠᠵᠤ ᠵᠣᠭᠰᠣᠭ᠋ᠠᠭᠰᠠᠨ᠎ᠨᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠠᠩᠰᠠᠨ ᠳ᠋ᠤᠭ᠋ᠠᠷ ᠪᠣᠯᠤᠨ᠎ᠠ᠃
(ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠣᠪᠣᠶ᠋ᠢᠮ᠎ᠠ ᠠᠰᠠᠭᠤᠳᠠᠯ᠎ᠢ ᠲᠤᠰᠬᠠᠶ ᠢᠯᠭ᠋ᠠᠷᠠᠭᠤᠯᠤᠨ ᠴᠡᠪᠡᠷᠯᠡᠵᠦ ᠴᠡᠭᠴᠡᠯᠡᠨ ᠵᠠᠰᠠᠭᠰᠠᠨ ᠠᠵᠢᠯ᠎ᠢ 《ᠪᠤᠴᠠᠵᠤ ᠪᠠᠢ᠌ᠴᠠᠭ᠋ᠠᠨ ᠦᠵᠡᠭᠰᠡᠨ》 ᠪᠠᠶ᠋ᠢᠳᠠᠯ᠃ 2021 ᠣᠨ᠎ᠤ 4 — 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠲᠥᠪᠯᠡᠷᠡᠭᠦᠯᠵᠦ ᠢᠯᠭ᠋ᠠᠨ ᠪᠠᠢ᠌ᠴᠠᠭ᠋ᠠᠬᠤ ᠪᠠ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠠᠰᠠᠭᠤᠳᠠᠯ ᠣᠷᠣᠰᠢᠵᠤ ᠪᠠᠶ᠋ᠢᠭ᠎ᠠ ᠰᠢᠨ᠎ᠡ ᠵᠠᠭᠤᠴᠢᠯᠠᠭᠤᠷ᠎ᠤᠨ 449 ᠲᠠᠩᠰᠠᠨ ᠳ᠋ᠤᠭ᠋ᠠᠷ᠎ᠢ ᠪᠠᠶ᠋ᠢᠴᠠᠭ᠋ᠠᠨ ᠭᠠᠷᠭ᠋ᠠᠵᠠᠶ᠃ 6 ᠳ᠋ᠤᠭ᠋ᠠᠷ ᠰᠠᠷ᠎ᠠ᠎ᠳᠤ ᠢᠯᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠭᠰᠠᠨ ᠠᠵᠢᠯ᠎ᠳᠤ ᠲᠤᠰᠬᠠᠶ᠋ᠢᠯᠠᠨ 《ᠪᠤᠴᠠᠭ᠋ᠠᠨ ᠪᠠᠢ᠌ᠴᠠᠭ᠋ᠠᠨ ᠦᠵᠡᠬᠦ》 ᠪᠠᠶ᠋ᠢᠴᠠᠭ᠋ᠠᠯᠲᠠ ᠬᠢᠵᠦ᠂ ᠮᠥᠨ ᠯᠡ 52 ᠳᠠᠩᠰᠠᠨ ᠳ᠋ᠤᠭ᠋ᠠᠷ ᠠᠰᠠᠭᠤᠳᠠᠯ ᠣᠷᠣᠰᠢᠵᠤ ᠪᠠᠶ᠋ᠢᠬᠤ ᠵᠢ ᠣᠯᠵᠤ ᠮᠡᠳᠡᠭᠡᠳ ᠠᠵᠢᠯᠯᠠᠭᠤᠯᠬᠤ ᠵᠢ᠎ᠨᠢ ᠨᠢᠭᠡᠨᠲᠡ ᠵᠣᠭᠰᠣᠭ᠋ᠠᠭᠰᠠᠨ ᠪᠣᠯᠪᠠᠴᠤ ᠬᠦᠴᠦᠨ ᠥᠬᠡᠶ ᠪᠣᠯᠭ᠋ᠠᠬᠤ ᠠᠵᠢᠯ᠎ᠢ ᠬᠠᠷᠠᠬᠠᠨ ᠪᠡᠶᠡᠯᠡᠭᠦᠯᠦᠭᠡᠳᠦᠶ᠃ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠬᠦᠷᠦᠯᠴᠡᠬᠦ ᠥᠬᠡᠶ ᠬᠥᠯᠥᠨ ᠪᠣᠶ᠋ᠢᠷ ᠬᠣᠲᠠ (49 ᠲᠠᠩᠰᠠᠨ ᠳ᠋ᠤᠭ᠋ᠠᠷ)᠂ ᠪᠠᠶᠠᠨᠨᠠᠭᠤᠷ ᠬᠣᠲᠠ (2 ᠲᠠᠩᠰᠠᠨ ᠳ᠋ᠤᠭ᠋ᠠᠷ)᠂ ᠬᠢᠩᠭ᠋ᠠᠨ ᠠᠶ᠋ᠢᠮᠠᠭ (1 ᠲᠠᠩᠰᠠᠨ ᠳ᠋ᠤᠭ᠋ᠠᠷ)᠎ᠢ ᠵᠠᠷᠯᠠᠨ ᠮᠡᠳᠡᠭᠡᠯᠡᠪᠡ (ᠳᠠᠭ᠋ᠠᠯᠳᠤᠭᠤᠯᠤᠯ 3 ᠵᠢ ᠦᠵᠡᠭᠡᠷᠡᠶ)᠃
(ᠳᠥᠷᠪᠡ) 2021 ᠣᠨ᠎ᠤ ᠨᠢᠭᠡᠳᠦᠭᠡᠷ ᠤᠯᠠᠷᠢᠯ᠎ᠤᠨ ᠵᠠᠷᠯᠠᠨ ᠮᠡᠳᠡᠭᠡᠯᠡᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠃ ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ 2021 ᠣᠨ᠎ᠤ ᠨᠢᠭᠡᠳᠦᠭᠡᠷ ᠤᠯᠠᠷᠢᠯ᠎ᠤᠨ ᠰᠤᠭᠤᠴᠢᠨ ᠪᠠᠢ᠌ᠴᠠᠭ᠋ᠠᠯᠲᠠ᠎ᠳᠤ ᠠᠰᠠᠭᠤᠳᠠᠯ᠎ᠢ ᠢᠯᠡᠷᠡᠭᠦᠯᠦᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶ᠎ᠠ ᠪᠥᠬᠥᠶ ᠨᠢᠭᠡᠴᠢ ᠵᠢᠨ ᠬᠠᠷᠢᠭᠤᠴᠠᠯᠭ᠋ᠠᠲᠠᠨ ᠪᠠ ᠬᠠᠮᠢᠶ᠎ᠠ ᠪᠥᠬᠥᠶ ᠠᠵᠢᠯᠲᠠᠨ᠎ᠠᠴᠠ ᠬᠠᠷᠢᠭᠤᠴᠠᠯᠭ᠎ᠠ ᠨᠡᠬᠡᠮᠵᠢᠯᠡᠵᠦ ᠰᠢᠮᠳᠠᠭᠤᠯᠤᠨ ᠰᠢᠢ᠍ᠳᠪᠦᠷᠢᠯᠡᠭᠦᠯᠪᠡ᠃ ᠪᠣᠶ ᠪᠥᠬᠥᠶ ᠠᠶ᠋ᠢᠮᠠᠭ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠴᠥᠮ ᠵᠠᠷᠯᠠᠨ ᠮᠡᠳᠡᠭᠡᠯᠡᠵᠦ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠵᠤ᠂ ᠬᠠᠮᠢᠶ᠎ᠠ ᠪᠥᠬᠥᠶ ᠠᠵᠢᠯ᠎ᠤᠨ ᠬᠠᠷᠢᠭᠤᠴᠠᠯᠭ᠎ᠠ ᠵᠢ ᠲᠤᠰᠬᠠᠢ ᠬᠥᠮᠦᠨ᠎ᠳᠤ ᠨᠠᠢ᠌ᠳᠠᠪᠤᠷᠢᠵᠢᠭᠤᠯᠤᠭᠰᠠᠨ᠎ᠤ ᠬᠠᠮᠲᠤ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠠᠷᠭ᠎ᠠ ᠬᠡᠮᠵᠢᠶ᠎ᠡ᠎ᠳᠤ᠎ᠪᠠᠨ ᠢᠳᠡᠪᠬᠢᠲᠡᠶ ᠰᠤᠳᠤᠯᠤᠯᠲᠠ ᠬᠢᠵᠦ ᠪᠤᠢ᠃ ᠬᠥᠬᠡᠬᠣᠲᠠ ᠪᠠᠰᠠ ᠬᠠᠷᠢᠶ᠎ᠠ ᠣᠷᠣᠨ ᠳᠣᠲᠣᠷᠠᠬᠢ ᠠᠰᠠᠭᠤᠳᠠᠯ ᠣᠷᠣᠰᠢᠵᠤ ᠪᠠᠢ᠌ᠭ᠎ᠠ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠵᠢ ᠭᠣᠣᠯᠴᠢᠯᠠᠨ ᠬᠠᠮᠢᠶᠠᠷᠴᠤ ᠪᠠᠢ᠌ᠭ᠎ᠠ ᠨᠢᠭᠡᠴᠢ ᠵᠢ ᠮᠡᠳᠡᠭᠡᠯᠡᠨ ᠰᠢᠭᠦᠮᠵᠢᠯᠡᠪᠡ᠃
ᠬᠣᠶᠠᠷ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ
(ᠨᠢᠭᠡ) ᠬᠡᠰᠡᠭ ᠰᠦᠯᠵᠢᠶ᠎ᠡ ᠵᠢᠨ ᠬᠠᠮᠢᠶᠠᠷᠴᠤ ᠠᠵᠢᠯᠯᠠᠭᠤᠯᠬᠤ ᠠᠵᠢᠯ᠎ᠢ ᠴᠢᠩᠭ᠋ᠠᠳᠬᠠᠬᠤ ᠴᠢᠬᠤᠯᠠᠲᠠᠢ᠃ ᠬᠡᠰᠡᠭ ᠰᠦᠯᠵᠢᠶ᠎ᠡ ᠵᠢᠨ ᠡᠳᠦᠷ ᠲᠤᠲᠤᠮ᠎ᠤᠨ ᠲᠣᠭᠣᠷᠢᠨ ᠪᠠᠢ᠌ᠴᠠᠭ᠋ᠠᠯᠲᠠ᠂ 《ᠰᠦᠯᠵᠢᠶ᠎ᠡ ᠵᠢ ᠤᠩᠰᠢᠵᠤ ᠰᠦᠯᠵᠢᠶ᠎ᠡ ᠵᠢ ᠬᠠᠮᠢᠶᠠᠷᠬᠤ》 ᠠᠵᠢᠯ᠎ᠢ ᠨᠠᠶ᠋ᠢᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠥᠬᠡᠶ ᠪᠠᠶ᠋ᠢᠵᠤ᠂ ᠮᠡᠳᠡᠭᠡ ᠵᠠᠩᠭᠢ ᠨᠡᠶ᠋ᠢᠲᠡᠯᠡᠬᠦ᠎ᠳᠤ 《ᠭᠤᠷᠪᠠᠨᠲᠠ ᠬᠢᠨᠠᠵᠤ ᠭᠤᠷᠪᠠᠨᠲᠠ ᠬᠠᠷᠭᠤᠭᠤᠯᠬᠤ》 ᠬᠢᠨᠠᠨ ᠬᠠᠷᠭᠤᠭᠤᠯᠬᠤ ᠲᠣᠭᠲᠠᠴᠠ᠎ᠨᠢ ᠬᠡᠯᠪᠡᠷᠢ ᠵᠢᠨ ᠲᠡᠳᠦᠶ ᠪᠣᠯᠵᠣ᠂ ᠪᠤᠷᠤᠭᠤ᠂ ᠰᠡᠷᠭᠡᠭ ᠥᠰᠥᠭ᠎ᠤᠳ ᠪᠠᠶ᠋ᠢᠨ ᠳᠠᠬᠢᠨ ᠢᠯᠡᠷᠡᠵᠦ ᠪᠠᠶ᠋ᠢᠨ᠎ᠠ᠃ ᠬᠡᠰᠡᠭ ᠰᠦᠯᠵᠢᠶ᠎ᠡ᠎ᠳᠤ ᠴᠥᠷᠬᠡᠯᠡᠭᠡ᠎ᠨᠢ ᠬᠡᠷᠡᠭᠯᠡᠵᠦ ᠪᠣᠯᠬᠤ ᠥᠬᠡᠶ᠂ ᠠᠭᠤᠯᠭ᠎ᠠ᠎ᠨᠢ ᠵᠢᠷᠤᠮᠵᠢᠯ ᠥᠬᠡᠶ᠂ ᠴᠠᠭ ᠲᠤᠬᠠᠶ᠎ᠳᠤᠨᠢ ᠰᠢᠨᠡᠳᠬᠡᠭᠰᠡᠨ ᠥᠬᠡᠶ᠂ ᠴᠡᠭᠴᠡᠯᠡᠨ ᠰᠠᠶ᠋ᠢᠵᠢᠷᠠᠭᠤᠯᠤᠭᠰᠠᠨ᠎ᠨᠢ ᠬᠦᠷᠦᠯᠴᠡᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶ᠋ᠢᠨ᠎ᠠ᠃ ᠵᠢᠱ᠌ᠢᠶᠡᠯᠡᠪᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠰᠦᠯᠵᠢᠶ᠎ᠡ᠎ᠳᠤ ᠡᠬᠡ ᠪᠢᠴᠢᠭ᠎ᠢ ᠲᠤᠭᠤᠷᠪᠢᠭᠰᠠᠨ ᠴᠠᠭ᠎ᠨᠢ ᠡᠬᠡ ᠪᠢᠴᠢᠭ᠎ᠢ ᠨᠡᠢ᠌ᠲᠡᠯᠡᠭᠰᠡᠨ ᠪᠣᠳᠠᠲᠠᠶ ᠴᠠᠭ᠎ᠠᠴᠠ ᠣᠷᠣᠶ᠋ᠢᠲᠠᠭᠰᠠᠨ ᠠᠰᠠᠭᠤᠳᠠᠯ ᠣᠷᠣᠰᠢᠵᠤ ᠪᠠᠶ᠋ᠢᠨ᠎ᠠ᠃
(ᠬᠣᠶᠠᠷ) ᠬᠡᠰᠡᠭ ᠰᠦᠯᠵᠢᠶ᠎ᠡ ᠵᠢᠨ ᠪᠤᠯᠤᠩ ᠵᠶ᠋ᠠᠨ ᠴᠠᠭ ᠲᠤᠬᠠᠶ᠎ᠳᠤᠨᠢ ᠰᠢᠨᠡᠳᠬᠡᠭᠰᠡᠨ ᠥᠬᠡᠶ ᠪᠤᠶᠤ ᠬᠣᠭᠣᠰᠣᠨ ᠪᠤᠯᠤᠩ ᠢᠯᠡᠷᠡᠵᠦ ᠪᠠᠢ᠌ᠨ᠎ᠠ᠃ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠵᠶ᠋ᠠᠷ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠢᠨᠡᠳᠬᠡᠭᠰᠡᠨ᠎ᠨᠢ ᠪᠠᠷᠢᠮᠵᠢᠶ᠎ᠠ᠎ᠳᠤ ᠬᠦᠷᠦᠭᠰᠡᠨ ᠥᠬᠡᠶ ᠪᠤᠯᠤᠩ᠎ᠨᠢ 10 ᠵᠢ ᠳᠠᠪᠠᠭᠰᠠᠨ᠎ᠠᠴᠠ ᠳᠠᠩ ᠵᠶ᠋ᠠᠷ ᠦᠭᠡᠶ᠋ᠢᠰᠬᠡᠭᠳᠡᠪᠡ; ᠤᠯᠠᠭ᠋ᠠᠨᠬᠠᠳᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠂ ᠣᠲᠣᠭ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠷᠠᠰᠢᠶᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠡᠷᠭᠡ 3 ᠰᠦᠯᠵᠢᠶ᠎ᠡ ᠵᠢᠨ ᠬᠣᠭᠣᠰᠣᠨ ᠪᠤᠯᠤᠩ᠎ᠨᠢ 5 ᠵᠢ ᠳᠠᠪᠠᠭᠰᠠᠨ᠎ᠠᠴᠠ ᠪᠣᠯᠵᠣ ᠲᠠᠩ ᠵᠶ᠋ᠠᠷ ᠦᠭᠡᠶ᠋ᠢᠰᠬᠡᠭᠳᠡᠪᠡ᠃ ᠡᠭᠦᠨ᠎ᠠᠴᠠ ᠭᠠᠳᠠᠨ᠎ᠠ᠂ ᠬᠢᠷᠢ ᠲᠡᠩᠴᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠳᠣᠲᠣᠷᠠᠬᠢ ᠬᠡᠰᠡᠭ ᠰᠦᠯᠵᠢᠶ᠎ᠡ᠎ᠳᠤ ᠮᠥᠨ ᠬᠦ᠌ ᠪᠤᠯᠤᠩ ᠵᠶ᠋ᠠᠨ ᠴᠠᠭ ᠲᠤᠬᠠᠶ᠎ᠳᠤᠨᠢ ᠰᠢᠨᠡᠳᠬᠡᠭᠰᠡᠨ ᠥᠬᠡᠶ ᠪᠤᠶᠤ ᠬᠣᠭᠣᠰᠣᠨ ᠪᠤᠯᠤᠩ᠎ᠤᠨ ᠦᠵᠡᠭᠳᠡᠯ ᠠᠳᠠᠯᠢ ᠪᠤᠰᠤ ᠬᠡᠮᠵᠢᠶ᠎ᠡ᠎ᠪᠠᠷ ᠣᠷᠣᠰᠢᠵᠤ ᠪᠠᠶ᠋ᠢᠨ᠎ᠠ᠃
(ᠭᠤᠷᠪᠠ) ᠣᠨᠴᠠ ᠵᠠᠷᠢᠮ ᠰᠦᠯᠵᠢᠶ᠎ᠡ ᠵᠢᠨ ᠬᠠᠷᠢᠯᠴᠠᠨ ᠦᠢ᠍ᠯᠡᠳᠦᠯᠴᠡᠵᠦ ᠬᠠᠷᠢᠭᠤ ᠲᠤᠰᠬᠠᠯ ᠠᠨᠠᠶ᠂ ᠵᠠᠰᠠᠭ ᠠᠷᠠᠳ᠎ᠤᠨ ᠬᠠᠷᠢᠯᠴᠠᠨ ᠦᠢ᠍ᠯᠡᠳᠦᠯᠴᠡᠬᠦ᠎ᠳᠤ ᠰᠠᠭ᠋ᠠᠳ᠎ᠲᠠᠢ ᠪᠠᠢ᠌ᠨ᠎ᠠ᠃ ᠬᠡᠰᠡᠭ ᠰᠦᠯᠵᠢᠶ᠎ᠡ ᠵᠢᠨ ᠬᠠᠷᠢᠯᠴᠠᠨ ᠦᠢ᠍ᠯᠡᠳᠦᠯᠴᠡᠬᠦ ᠴᠢᠳᠠᠮᠵᠢ᠎ᠨᠢ ᠲᠡᠭᠦᠯᠳᠡᠷ ᠪᠤᠰᠤ᠂ ᠴᠠᠭ ᠲᠤᠬᠠᠶ᠎ᠳᠤᠨᠢ ᠪᠠ ᠣᠨᠣᠪᠴᠢᠲᠠᠢ ᠬᠠᠷᠢᠭᠤ ᠲᠤᠰᠬᠠᠯ ᠦᠭᠡᠢ᠂ ᠰᠦᠯᠵᠢᠶ᠎ᠡ ᠵᠢᠨ ᠦᠢ᠍ᠯᠡᠴᠢᠯᠡᠭᠡᠨ᠎ᠤ ᠦᠷ᠎ᠡ ᠨᠥᠯᠥᠭᠡ ᠥᠨᠳᠥᠷ ᠪᠢᠰᠢ ᠪᠠᠶ᠋ᠢᠨ᠎ᠠ᠃ ᠵᠢᠱ᠌ᠢᠶᠡᠯᠡᠪᠡᠯ ᠪᠤᠭᠤᠲᠤ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠵᠢᠨ ᠰᠦᠯᠵᠢᠶᠡᠨ ᠳᠡᠭᠡᠷ᠎ᠡ ᠦᠭᠡ ᠦᠯᠡᠳᠡᠭᠡᠵᠦ ᠢᠯᠡ ᠪᠣᠯᠭ᠋ᠠᠬᠤ 3 ᠰᠠᠷ᠎ᠠ ᠭᠠᠷᠤᠢ ᠰᠢᠨᠡᠳᠬᠡᠭᠰᠡᠨ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃
(ᠳᠥᠷᠪᠡ) ᠬᠡᠰᠡᠭ ᠰᠦᠯᠵᠢᠶ᠎ᠡ ᠵᠢᠨ ᠴᠢᠳᠠᠮᠵᠢ ᠵᠢᠨ ᠪᠠᠶ᠋ᠢᠭᠤᠯᠤᠯᠲᠠ ᠲᠡᠭᠦᠯᠳᠡᠷ ᠪᠤᠰᠤ᠃ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠵᠶ᠋ᠡᠷ᠂ ᠰᠢᠯᠢ ᠵᠢᠨ ᠭᠣᠤᠯ ᠠᠶ᠋ᠢᠮᠠᠭ᠎ᠤᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠦᠯᠵᠢᠶ᠎ᠡ᠎ᠳᠤ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠠᠷᠭ᠎ᠠ ᠵᠠᠮ ᠬᠠᠩᠭ᠋ᠠᠭᠰᠠᠨ ᠥᠬᠡᠶ; ᠵᠠᠯᠠᠶ᠋ᠢᠳ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠦᠴᠤᠸᠠᠨ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠰᠢᠭᠤᠢ᠌ᠲᠤ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠭ᠋ᠠᠷᠢᠨ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠵᠡᠷᠭᠡ 67 ᠰᠦᠯᠵᠢᠶ᠎ᠡ᠎ᠨᠢ ᠨᠢᠭᠡᠳᠦᠯᠲᠡᠶ ᠨᠡᠪᠲᠡᠷᠡᠬᠦ ᠪᠠ ᠨᠢᠭᠡ ᠳᠠᠩᠰᠠ᠎ᠪᠠᠷ ᠨᠡᠪᠲᠡᠷᠡᠬᠦ ᠪᠠᠶ᠋ᠢᠭᠤᠯᠤᠯᠲᠠ ᠵᠢ ᠪᠡᠶᠡᠯᠡᠭᠦᠯᠦᠭᠰᠡᠨ ᠥᠬᠡᠶ; IPv6 ᠵᠢᠨ ᠥᠭᠡᠷᠡᠴᠢᠯᠡᠯᠲᠡ ᠵᠢᠨ ᠠᠬᠢᠴᠠ᠎ᠨᠢ ᠤᠳᠠᠭ᠋ᠠᠨ ᠪᠠᠶ᠋ᠢᠵᠤ᠂ ᠬᠣᠶᠠᠷ ᠭᠤᠷᠪᠠᠳᠤᠭ᠋ᠠᠷ ᠳᠡᠰ᠎ᠤᠨ ᠨᠢᠭᠤᠷ ᠵᠶ᠋ᠠᠷ ᠠᠢ᠌ᠯᠴᠢᠯᠠᠬᠤ ᠵᠢ ᠳᠡᠮᠵᠢᠬᠦ ᠬᠡᠮᠵᠢᠶ᠎ᠡ ᠥᠨᠳᠥᠷ ᠪᠢᠰᠢ ᠪᠠᠶ᠋ᠢᠨ᠎ᠠ᠃
(ᠲᠠᠪᠤ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠴᠠᠭ ᠲᠤᠬᠠᠶ᠎ᠳᠤᠨᠢ ᠰᠢᠨᠡᠳᠬᠡᠭᠰᠡᠨ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠵᠶ᠋ᠡᠷ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠬᠢᠩᠭ᠋ᠠᠨ ᠵᠡᠭᠡᠯᠢ ᠭᠤᠳᠤᠮᠵᠢ》᠂ ᠰᠢᠨ ᠯᠠᠩ ᠪᠢᠴᠢᠯ ᠪᠯᠤᠭ 《ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠰᠢᠨᠵᠧᠦ ᠵᠡᠭᠡᠯᠢ ᠭᠤᠳᠤᠮᠵᠢ ᠵᠢᠨ ᠠᠯᠪᠠᠨ ᠬᠡᠷ》᠂ 《ᠵᠢᠶ ᠸᠧᠨ ᠵᠣᠬᠢᠶᠠᠨ ᠪᠠᠢ᠌ᠭᠤᠯᠬᠤ ᠤᠬᠠᠭᠤᠯᠬᠤ ᠬᠡᠯᠲᠡᠰ》᠂ ᠥᠨᠥᠳᠦᠷ᠎ᠤᠨ ᠲᠡᠷᠢᠭᠦᠨ ᠵᠤᠷᠪᠤᠰ 《ᠣᠷᠳᠣᠰ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ》᠂ ᠳ᠋ᠸᠦ ᠶᠢᠨ ᠣᠬᠣᠷ ᠸᠢᠳᠢᠣ᠋ 《ᠰᠢᠯᠢ ᠵᠢᠨ ᠭᠣᠤᠯ᠎ᠤᠨ ᠨᠡᠶ᠋ᠢᠭᠡᠮ᠎ᠤᠨ ᠳᠠᠭ᠋ᠠᠳᠬᠠᠯ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠴᠥᠮ ᠣᠷᠳᠣ ᠬᠤᠭᠤᠴᠠᠭ᠎ᠠ᠎ᠪᠠᠷ ᠰᠢᠨᠡᠳᠬᠡᠭᠰᠡᠨ ᠥᠬᠡᠶ ᠪᠠᠢ᠌ᠳᠠᠯ ᠣᠷᠣᠰᠢᠵᠤ ᠪᠠᠢ᠌ᠨ᠎ᠠ᠃ ᠨᠠᠩ ᠴᠤ᠌ ᠲᠠᠩᠰᠠᠨ ᠳ᠋ᠤᠭ᠋ᠠᠷ᠎ᠨᠢ 1 ᠵᠢᠯ ᠭᠠᠷᠤᠢ ᠰᠢᠨᠡᠳᠬᠡᠭᠰᠡᠨ ᠥᠬᠡᠶ᠂ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠨᠢ 《ᠬᠥᠰᠢᠭᠦᠷᠡᠬᠦ》 ᠦᠵᠡᠭᠳᠡᠯ ᠣᠷᠣᠰᠢᠵᠤ ᠪᠠᠶ᠋ᠢᠨ᠎ᠠ᠃
(ᠵᠢᠷᠭᠤᠭ᠎ᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠷᠢᠯᠴᠠᠨ ᠦᠢ᠍ᠯᠡᠳᠦᠯᠴᠡᠬᠦ ᠲᠦᠪᠰᠢᠨ᠎ᠢ ᠳᠡᠭᠡᠭᠰᠢᠯᠡᠭᠦᠯᠬᠦ ᠴᠢᠬᠤᠯᠠᠲᠠᠢ᠃ ᠣᠯᠠᠩᠬᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠨᠢ ᠨᠢᠭᠡᠨᠲᠡ ᠱᠠᠭ᠋ᠠᠷᠳᠠᠯᠭ᠎ᠠ ᠶᠣᠰᠣᠭ᠋ᠠᠷ ᠬᠠᠷᠢᠯᠴᠠᠨ ᠦᠢ᠍ᠯᠡᠳᠦᠯᠴᠡᠬᠦ ᠴᠢᠳᠠᠮᠵᠢ᠎ᠪᠠᠨ ᠴᠡᠭᠴᠡᠯᠡᠨ ᠰᠠᠶ᠋ᠢᠵᠢᠷᠠᠭᠤᠯᠤᠭᠰᠠᠨ ᠪᠣᠯᠪᠠᠴᠤ ᠣᠨᠴᠠ ᠵᠠᠷᠢᠮ ᠲᠠᠩᠰᠠᠨ ᠳ᠋ᠤᠭ᠋ᠠᠷ᠎ᠨᠢ ᠮᠥᠨ ᠯᠡ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠤᠭᠰᠠᠨ ᠥᠬᠡᠶ᠃ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠰᠢᠳᠢᠲᠦ ᠳᠥᠷᠥᠯᠵᠢ》᠂ 《ᠲᠠᠶ᠋ᠢᠫᠦᠰᠧ ᠬᠣᠰᠢᠭᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ》᠂ 《ᠠᠯᠠᠱ᠌ᠠ ᠪᠠᠷᠠᠭᠤᠨ ᠬᠣᠰᠢᠭᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ》᠂ 《ᠦᠶᠤᠸᠠᠨ ᠰᠢᠶᠠᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ》 ᠵᠡᠷᠭᠡ ᠲᠠᠩᠰᠠᠨ ᠳ᠋ᠤᠭ᠋ᠠᠷ᠎ᠨᠢ ᠪᠦᠲᠦᠮᠵᠢᠲᠡᠶ ᠬᠠᠷᠢᠯᠴᠠᠨ ᠦᠢ᠍ᠯᠡᠳᠦᠯᠴᠡᠬᠦ ᠴᠢᠳᠠᠮᠵᠢ ᠬᠠᠩᠭ᠋ᠠᠭᠰᠠᠨ ᠥᠬᠡᠶ᠃
ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ
(ᠨᠢᠭᠡ) ᠰᠦᠯᠵᠢᠶ᠎ᠡ ᠵᠢᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠴᠡᠭᠴᠡᠯᠡᠨ ᠰᠠᠶ᠋ᠢᠵᠢᠷᠠᠭᠤᠯᠵᠤ ᠬᠠᠷᠢᠭᠤ ᠲᠤᠰᠬᠠᠬᠤ ᠲᠣᠭᠲᠠᠴᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠦᠯᠵᠢᠶᠡᠨ ᠲᠠᠪᠴᠠᠩ᠎ᠤᠨ ᠬᠠᠮᠢᠶᠠᠷᠤᠯᠲᠠ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠠᠢ᠍ᠢ᠍ᠩᠭᠤᠵᠢᠭᠰᠠᠨ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠨᠡᠶ᠋ᠢᠲᠡᠯᠡᠭᠰᠡᠨ ᠮᠡᠳᠡᠭᠡ ᠵᠠᠩᠭᠢ᠎ᠳᠤ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠯᠲᠠ ᠬᠢᠵᠦ᠂ ᠪᠤᠷᠤᠭᠤ᠂ ᠰᠡᠷᠭᠡᠭ ᠮᠡᠳᠡᠭᠡ ᠵᠠᠩᠭᠢ ᠵᠢ ᠪᠠᠢ᠌ᠴᠠᠭ᠋ᠠᠵᠤ ᠢᠯᠡᠷᠡᠭᠦᠯᠪᠡᠯ ᠴᠠᠭ ᠲᠤᠬᠠᠢᠳᠤᠨᠢ ᠴᠡᠭᠴᠡᠯᠡᠨ ᠰᠠᠶ᠋ᠢᠵᠢᠷᠠᠭᠤᠯᠵᠤ᠂ ᠪᠤᠷᠤᠭᠤ᠂ ᠰᠡᠷᠭᠡᠭ ᠮᠡᠳᠡᠭᠡ ᠵᠠᠩᠭᠢ ᠵᠢᠨ ᠢᠯᠡᠷᠡᠬᠦ ᠪᠠ ᠣᠷᠳᠣ ᠬᠤᠭᠤᠴᠠᠭ᠎ᠠ᠎ᠪᠠᠷ ᠦᠯᠡᠳᠡᠭᠳᠡᠨ ᠬᠠᠳᠠᠭ᠋ᠠᠯᠠᠭᠳᠠᠬᠤ ᠵᠢ ᠪᠠᠭ᠋ᠠᠰᠬᠠᠬᠤ ᠬᠡᠷᠡᠭᠲᠡᠶ᠃ ᠰᠦᠯᠵᠢᠶ᠎ᠡ ᠵᠢᠨ ᠪᠦᠬᠦᠯᠢ ᠴᠣᠭᠴᠠ ᠵᠢᠨ ᠠᠵᠢᠯᠯᠠᠭ᠋ᠠᠨ᠂ ᠪᠤᠯᠤᠩ᠎ᠢ ᠰᠢᠨᠡᠳᠬᠡᠬᠦ᠂ ᠮᠡᠳᠡᠭᠡ ᠵᠠᠩᠭᠢ ᠵᠢᠨ ᠠᠭᠤᠯᠭ᠎ᠠ ᠵᠢᠨ ᠶᠠᠰᠤ ᠴᠢᠨᠠᠷ ᠵᠡᠷᠭᠡ ᠲᠠᠯ᠎ᠠ᠎ᠪᠠᠷ ᠠᠰᠠᠭᠤᠳᠠᠯ ᠭᠠᠷᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠤᠳᠠᠯ ᠵᠶ᠋ᠠᠷ ᠵᠣᠬᠢᠶᠠᠬᠤ᠂ ᠴᠠᠭ ᠲᠤᠬᠠᠶ᠎ᠳᠤᠨᠢ ᠰᠢᠨᠡᠳᠬᠡᠬᠦ ᠥᠬᠡᠶ ᠪᠠ ᠬᠣᠭᠣᠰᠣᠨ ᠪᠤᠯᠤᠩ ᠪᠠᠶ᠋ᠢᠬᠤ ᠵᠡᠷᠭᠡ ᠬᠣᠷᠢᠭ᠎ᠠ ᠱᠤᠭᠤᠮ᠎ᠤᠨ ᠠᠰᠠᠭᠤᠳᠠᠯ᠎ᠠᠴᠠ ᠵᠠᠶ᠋ᠢᠯᠠᠰᠬᠢᠬᠦ ᠬᠡᠷᠡᠭᠲᠡᠶ᠃ ᠥᠪᠡᠰᠦᠪᠡᠨ ᠪᠠᠶ᠋ᠢᠴᠠᠭ᠋ᠠᠬᠤ᠂ ᠰᠤᠭᠤᠴᠢᠨ ᠪᠠᠶ᠋ᠢᠴᠠᠭ᠋ᠠᠬᠤ᠂ ᠴᠡᠭᠴᠡᠯᠡᠨ ᠰᠠᠶ᠋ᠢᠵᠢᠷᠠᠭᠤᠯᠬᠤ᠂ ᠬᠠᠷᠭᠤᠭᠤᠯᠤᠨ ᠪᠠᠶ᠋ᠢᠴᠠᠭ᠋ᠠᠬᠤ ᠵᠢ ᠨᠢᠭᠡ ᠴᠣᠠᠠᠴᠠᠵᠢᠭᠤᠯᠥᠠᠠᠰᠠᠨ ᠪᠢᠲᠡᠭᠦᠦ ᠣᠷᠴᠢᠯᠲᠤ ᠵᠠᠭᠪᠤᠷ᠎ᠢ ᠪᠠᠶ᠋ᠢᠭᠤᠯᠵᠤ᠂ ᠠᠰᠠᠭᠤᠳᠠᠯ᠎ᠢ ᠢᠯᠡᠷᠡᠭᠦᠯᠪᠡᠯ ᠴᠠᠭ ᠲᠤᠬᠠᠶ᠎ᠳᠤᠨᠢ ᠴᠡᠭᠴᠡᠯᠡᠨ ᠰᠠᠶ᠋ᠢᠵᠢᠷᠠᠭᠤᠯᠵᠤ᠂ ᠴᠠᠭ ᠲᠤᠬᠠᠶ᠎ᠳᠤᠨᠢ ᠬᠠᠷᠢᠭᠤ ᠲᠤᠰᠬᠠᠵᠤ᠂ ᠬᠠᠮᠢᠶ᠎ᠠ ᠪᠥᠬᠥᠶ ᠠᠵᠢᠯ᠎ᠤᠨ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃
(ᠬᠣᠶᠠᠷ) ᠠᠭᠤᠯᠭ᠎ᠠ ᠵᠢᠨ ᠪᠠᠲᠤᠯᠠᠭ᠎ᠠ ᠵᠢ ᠦᠷᠭᠦᠯᠵᠢᠯᠡᠨ ᠴᠢᠩᠭ᠋ᠠᠷᠠᠭᠤᠯᠵᠤ᠂ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠴᠢᠳᠠᠮᠵᠢ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠨᠡᠶ᠋ᠢᠲᠡᠯᠡᠭᠰᠡᠨ ᠠᠭᠤᠯᠭ᠎ᠠ ᠵᠢ ᠪᠠᠲᠤᠯᠠᠬᠤ ᠲᠣᠭᠲᠠᠴᠠ ᠵᠢ ᠪᠦᠷᠢᠨᠰᠢᠬᠦᠯᠵᠦ᠂ ᠡᠬᠡ ᠪᠢᠴᠢᠭ ᠲᠤᠭᠤᠷᠪᠢᠭᠰᠠᠨ ᠰᠠᠯᠠᠭ᠎ᠠ ᠮᠥᠴᠢᠷ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠰᠠᠯᠠᠭ᠎ᠠ ᠮᠥᠴᠢᠷ᠎ᠨᠢ ᠱᠠᠲᠤ ᠳᠠᠷᠠᠭ᠋ᠠᠯᠠᠨ ᠬᠢᠨᠠᠨ ᠪᠠᠶ᠋ᠢᠴᠠᠭ᠋ᠠᠬᠤ ᠲᠣᠭᠲᠠᠴᠠ ᠵᠢ ᠨᠠᠶ᠋ᠢᠳᠠᠪᠤᠷᠢᠵᠢᠭᠤᠯᠤᠨ᠂ ᠡᠯ᠎ᠡ ᠪᠤᠯᠤᠩ᠎ᠤᠨ ᠬᠠᠷᠢᠭᠤᠴᠠᠯᠭ᠋ᠠᠲᠤ ᠰᠠᠯᠠᠭ᠎ᠠ ᠮᠥᠴᠢᠷ ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠪᠤᠯᠤᠩ᠎ᠤᠨ ᠮᠡᠳᠡᠭᠡ ᠵᠠᠩᠭᠢ ᠵᠢᠨ ᠰᠢᠨᠡᠴᠢᠯᠡᠯᠲᠡ ᠪᠠ ᠠᠭᠤᠯᠭ᠎ᠠ ᠵᠢᠨ ᠶᠠᠰᠤ ᠴᠢᠨᠠᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠬᠤ ᠬᠡᠷᠡᠭᠲᠡᠶ᠃ ᠰᠢᠨᠡᠳᠬᠡᠬᠦ ᠪᠠ ᠬᠠᠮᠠᠭ᠋ᠠᠯᠠᠬᠤ ᠴᠢᠳᠠᠯ ᠥᠬᠡᠶ ᠰᠦᠯᠵᠢᠶ᠎ᠡ ᠵᠢᠨ ᠪᠤᠯᠤᠩ᠎ᠢ ᠴᠠᠭ ᠲᠤᠬᠠᠶ᠎ᠳᠤᠨᠢ ᠰᠢᠯᠢᠳᠡᠭᠵᠢᠭᠦᠯᠦᠨ ᠳᠣᠭᠢᠷᠠᠭᠤᠯᠬᠤ ᠪᠤᠶᠤ ᠬᠠᠭ᠋ᠠᠵᠤ ᠡᠮᠬᠢᠯᠡᠨ ᠨᠡᠶ᠋ᠢᠯᠡᠭᠦᠯᠬᠦ ᠬᠡᠷᠡᠭᠲᠡᠶ᠃ ᠰᠦᠯᠵᠢᠶ᠎ᠡ ᠵᠢᠨ ᠬᠥᠳᠡᠯᠦᠯᠴᠡᠨ ᠰᠣᠯᠢᠯᠴᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠠᠭ᠋ᠠᠳ ᠥᠬᠡᠶ ᠨᠡᠪᠲᠡᠷᠡᠭᠦᠯᠵᠦ᠂ ᠴᠢᠳᠠᠮᠵᠢ᠎ᠨᠢ ᠠᠳᠠᠯᠢᠪᠲᠤᠷ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠪᠤᠯᠤᠩ᠎ᠢ ᠡᠮᠬᠢᠯᠡᠨ ᠨᠡᠶ᠋ᠢᠯᠡᠭᠦᠯᠵᠦ᠂ ᠦᠭᠡ ᠦᠯᠡᠳᠡᠭᠰᠡᠨᠢ ᠭᠦᠢ᠍ᠴᠡᠳᠬᠡᠬᠦ ᠶᠠᠰᠤ ᠴᠢᠨᠠᠷ ᠪᠠ ᠬᠤᠭᠤᠴᠠᠭ᠎ᠠ ᠪᠦᠲᠦᠮᠵᠢ ᠵᠢ ᠳᠡᠭᠡᠭᠰᠢᠯᠡᠭᠦᠯᠦᠨ᠎ᠡ᠃ ᠰᠦᠯᠵᠢᠶ᠎ᠡ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠤᠨ ᠵᠢᠷᠤᠮᠵᠢᠭᠤᠨ ᠴᠢᠨᠠᠷ ᠪᠠ ᠣᠨᠣᠪᠴᠢᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠤᠭᠤᠴᠢᠨ ᠪᠠᠶ᠋ᠢᠴᠠᠭ᠋ᠠᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ ᠨᠢᠭᠡᠳᠦᠯᠲᠡᠶ ᠨᠡᠪᠲᠡᠷᠡᠬᠦ᠂ ᠨᠢᠭᠡ ᠳᠠᠩᠰᠠ᠎ᠪᠠᠷ ᠨᠡᠪᠲᠡᠷᠡᠬᠦ ᠴᠢᠳᠠᠮᠵᠢ ᠵᠢᠨ ᠪᠠᠶ᠋ᠢᠭᠤᠯᠤᠯᠲᠠ ᠪᠠ ᠰᠦᠯᠵᠢᠶ᠎ᠡ ᠵᠢᠨ IPv6 ᠵᠢ ᠥᠭᠡᠷᠡᠴᠢᠯᠡᠨ ᠪᠠᠢ᠌ᠭᠤᠯᠬᠤ ᠠᠵᠢᠯ᠎ᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃
(ᠭᠤᠷᠪᠠ) ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠷᠠᠭᠤᠯᠵᠤ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠠᠮᠤᠷ ᠲᠦᠪᠰᠢᠨ ᠬᠥᠭᠵᠢᠯᠲᠡ ᠵᠢᠨ ᠣᠨᠣᠯᠵᠢᠬᠤᠨ᠎ᠢ ᠪᠤᠢ ᠪᠣᠯᠭ᠋ᠠᠵᠤ᠂ ᠮᠡᠳᠡᠭᠡ ᠵᠠᠩᠭᠢ ᠵᠢᠨ ᠡᠬᠢ ᠰᠤᠷᠪᠤᠯᠵᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠲᠠᠰᠤᠷᠠᠯᠳᠡ ᠦᠭᠡᠢ ᠴᠢᠩᠭ᠋ᠠᠳᠬᠠᠬᠤ ᠬᠡᠷᠡᠭᠲᠡᠢ᠃ ᠰᠦᠯᠵᠢᠶ᠎ᠡ ᠵᠢᠨ ᠴᠥᠷᠬᠡᠯᠡᠭᠡ ᠵᠢᠨ ᠬᠡᠷᠡᠭᠯᠡᠬᠦᠢ᠌ᠴᠡ ᠪᠠᠶ᠋ᠢᠳᠠᠯ᠎ᠢ ᠪᠠᠶ᠋ᠢᠴᠠᠭ᠋ᠠᠬᠤ ᠪᠠ ᠲᠣᠭᠣᠷᠢᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠰᠦᠯᠵᠢᠶᠡᠨ᠎ᠳᠠᠬᠢ ᠦᠬᠦᠮᠡᠯ ᠴᠥᠷᠬᠡᠯᠡᠭᠡ᠂ ᠪᠤᠷᠤᠭᠤ ᠴᠥᠷᠬᠡᠯᠡᠭᠡ᠂ ᠳᠠᠯᠳᠠ ᠴᠥᠷᠬᠡᠯᠡᠭᠡ ᠵᠡᠷᠭᠡ ᠲᠦᠭᠰᠢᠭᠦᠷᠢ᠎ᠠᠴᠠ ᠵᠠᠶ᠋ᠢᠯᠠᠰᠬᠢᠬᠦ ᠬᠡᠷᠡᠭᠲᠡᠶ; ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠥᠪᠡᠰᠦᠪᠡᠨ ᠪᠠᠶ᠋ᠢᠭᠤᠯᠤᠭᠰᠠᠨ ᠪᠤᠯᠤᠩ᠎ᠤᠨ ᠬᠡᠷᠡᠭᠯᠡᠬᠦᠢ᠌ᠴᠡ ᠪᠠᠶ᠋ᠢᠳᠠᠯ᠎ᠤᠨ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠥᠪᠡᠰᠦᠪᠡᠨ ᠪᠠᠶ᠋ᠢᠭᠤᠯᠤᠭᠰᠠᠨ ᠪᠤᠯᠤᠩ᠎ᠢ ᠬᠡᠪ ᠵᠶ᠋ᠡᠷ ᠠᠢ᠌ᠯᠴᠢᠯᠠᠬᠤ ᠠᠷᠭ᠎ᠠ ᠥᠬᠡᠶ᠂ ᠪᠤᠷᠤᠭᠤ ᠴᠥᠷᠬᠡᠯᠡᠭᠡ ᠢᠯᠡᠷᠡᠬᠦ ᠵᠡᠷᠭᠡ ᠲᠦᠭᠰᠢᠭᠦᠷᠢ ᠭᠠᠷᠬᠤ᠎ᠠᠴᠠ ᠵᠠᠢ᠌ᠯᠠᠰᠬᠢᠬᠦ ᠬᠡᠷᠡᠭᠲᠡᠢ᠃
(ᠳᠥᠷᠪᠡ) ᠬᠢᠨᠠᠨ ᠬᠠᠮᠢᠶᠠᠷᠬᠤ ᠡᠷᠴᠢᠮ ᠵᠶ᠋ᠠᠨ ᠴᠢᠩᠭ᠋ᠠᠷᠠᠭᠤᠯᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠭᠤᠯᠭ᠎ᠠ ᠵᠢ ᠨᠡᠶ᠋ᠢᠲᠡᠯᠡᠬᠦ ᠵᠢ ᠪᠠᠲᠤᠯᠠᠬᠤ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠶ᠋ᠢᠩᠭᠤᠵᠢᠭᠰᠠᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠡᠷᠡᠭᠯᠡᠯᠲᠡ ᠵᠢᠨ ᠪᠠᠶ᠋ᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠮᠬᠢᠯᠡᠨ ᠳᠢᠭᠯᠡᠵᠦ᠂ ᠰᠤᠯᠠ ᠲᠠᠯᠪᠢᠭᠳᠠᠵᠤ ᠪᠠᠶ᠋ᠢᠭ᠎ᠠ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠢ ᠴᠠᠭ ᠲᠤᠬᠠᠶ᠎ᠳᠤᠨᠢ ᠬᠦᠴᠦᠨ ᠥᠬᠡᠶ ᠪᠣᠯᠭ᠋ᠠᠬᠤ ᠬᠡᠷᠡᠭᠲᠡᠶ; ᠮᠡᠳᠡᠭᠦᠯᠦᠨ ᠬᠦᠷᠭᠡᠬᠦ ᠰᠢᠰᠲ᠋ᠧᠮ᠎ᠳᠤ ᠬᠦᠴᠦᠨ ᠥᠬᠡᠶ ᠪᠣᠯᠭ᠋ᠠᠭᠰᠠᠨ ᠲᠠᠩᠰᠠᠨ ᠳ᠋ᠤᠭ᠋ᠠᠷ᠎ᠢ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠦ ᠰᠢᠰᠲ᠋ᠧᠮ᠎ᠳᠤ ᠬᠠᠷᠠᠭ᠋ᠠᠯᠵᠠᠭᠰᠠᠨ ᠪᠠᠶ᠋ᠢᠳᠠᠯ᠎ᠢ ᠬᠤᠪᠢᠷᠠᠭᠤᠯᠵᠤ᠂ ᠨᠢᠭᠡᠨᠲᠡ ᠬᠦᠴᠦᠨ ᠥᠬᠡᠶ ᠪᠣᠯᠭ᠋ᠠᠭᠰᠠᠨ ᠪᠠ ᠬᠡᠷᠡᠭᠯᠡᠭᠦᠯᠬᠦ ᠵᠢ ᠵᠣᠭᠰᠣᠭ᠋ᠠᠭᠰᠠᠨ ᠲᠠᠩᠰᠠᠨ ᠳ᠋ᠤᠭ᠋ᠠᠷ᠎ᠨᠢ ᠮᠡᠳᠡᠭᠦᠯᠦᠨ ᠬᠦᠷᠭᠡᠬᠦ ᠰᠢᠰᠲ᠋ᠧᠮ᠎ᠳᠤ ᠬᠡᠪ᠎ᠤᠨ ᠪᠠᠶ᠋ᠢᠳᠠᠯ᠎ᠲᠠᠢ᠎ᠪᠠᠷ ᠢᠯᠡᠷᠡᠬᠦ᠎ᠠᠴᠠ ᠵᠠᠢ᠌ᠯᠠᠰᠬᠢᠬᠦ ᠬᠡᠷᠡᠭᠲᠡᠶ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠡᠯ᠎ᠡ ᠵᠦᠢ᠍ᠯ᠎ᠤᠨ ᠴᠢᠳᠠᠮᠵᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠷᠢᠯᠴᠠᠨ ᠦᠢ᠍ᠯᠡᠳᠦᠯᠴᠡᠵᠦ ᠰᠣᠯᠢᠯᠴᠠᠬᠤ ᠪᠤᠯᠤᠩ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠬᠢᠭᠡᠳ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠬᠡᠷᠡᠭᠲᠡᠢ᠃
(ᠲᠠᠪᠤ) ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢ ᠴᠢᠬᠤᠯᠠᠴᠢᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠭᠣᠤᠯᠴᠢᠯᠠᠨ ᠬᠠᠮᠢᠶᠠᠷᠬᠤ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠬᠡᠵᠦ᠂ ᠲᠤᠰᠬᠠᠶ ᠬᠥᠮᠦᠨ ᠵᠶ᠋ᠠᠷ ᠬᠠᠷᠢᠭᠤᠴᠠᠭᠤᠯᠬᠤ ᠵᠢ ᠲᠣᠳᠣᠷᠬᠠᠶ᠋ᠢᠯᠠᠨ᠂ ᠬᠢᠨᠠᠨ ᠬᠠᠷᠭᠤᠭᠤᠯᠵᠤ ᠡᠵᠡᠮᠳᠡᠨ ᠬᠠᠮᠢᠶᠠᠷᠬᠤ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶ᠋ᠢᠩᠭᠤᠵᠢᠭᠤᠯᠤᠭᠰᠠᠨ ᠰᠤᠭᠤᠴᠢᠨ ᠪᠠᠢ᠌ᠴᠠᠭ᠋ᠠᠬᠤ ᠬᠢᠨᠠᠨ ᠬᠠᠮᠢᠶᠠᠷᠬᠤ ᠲᠣᠭᠲᠠᠴᠠ ᠵᠢ ᠪᠠᠶ᠋ᠢᠭᠤᠯᠤᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠦᠷᠭᠦᠯᠵᠢᠯᠡᠨ ᠡᠷᠡᠭᠦᠯ ᠵᠶ᠋ᠠᠷ ᠬᠥᠭᠵᠢᠬᠦ ᠵᠢ ᠦᠨᠡᠨ ᠬᠦ᠌ ᠠᠬᠢᠭᠤᠯᠬᠤ ᠬᠡᠷᠡᠭᠲᠡᠶ᠃
2021 ᠣᠨ᠎ᠤ ᠬᠣᠶᠠᠳᠤᠭ᠋ᠠᠷ ᠤᠯᠠᠷᠢᠯ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠰᠤᠭᠤᠴᠢᠨ ᠪᠠᠶ᠋ᠢᠴᠠᠭ᠋ᠠᠭ᠋ᠠᠳ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠡᠯᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠴᠠᠭ᠎ᠢ ᠠᠮᠵᠢᠨ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠥᠭᠡᠷᠡᠴᠢᠯᠡᠵᠦ ᠬᠠᠷᠢᠭᠤᠴᠠᠯᠭ᠎ᠠ ᠨᠡᠬᠡᠮᠵᠢᠯᠡᠭᠰᠡᠨ ᠪᠠᠶ᠋ᠢᠳᠠᠯ᠎ᠢ ᠵᠠᠷᠯᠠᠨ ᠨᠡᠶ᠋ᠢᠲᠡᠯᠡᠭᠰᠡᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠠᠷᠢᠭᠤ ᠲᠤᠰᠬᠠᠬᠤ ᠬᠡᠷᠡᠭᠲᠡᠶ᠃
ᠳᠠᠭ᠋ᠠᠯᠳᠤᠭᠤᠯᠤᠯ᠄
1. ᠥᠪᠡᠷᠲᠡᠭᠡᠨ ᠵᠠᠰᠠᠬᠤ ᠣᠷᠣᠨ᠎ᠤ 2021 ᠣᠨ᠎ᠤ ᠬᠣᠶᠠᠳᠤᠭ᠋ᠠᠷ ᠤᠯᠠᠷᠢᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ
2. ᠥᠪᠡᠷᠲᠡᠭᠡᠨ ᠵᠠᠰᠠᠬᠤ ᠣᠷᠣᠨ᠎ᠤ 2021 ᠣᠨ᠎ᠤ ᠬᠣᠶᠠᠳᠤᠭ᠋ᠠᠷ ᠤᠯᠠᠷᠢᠯ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ
3. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠲᠤᠰᠬᠠᠢ᠌ᠯᠠᠨ ᠢᠯᠭ᠋ᠠᠷᠠᠭᠤᠯᠤᠨ ᠴᠡᠪᠡᠷᠯᠡᠵᠦ ᠴᠡᠭᠴᠡᠯᠡᠨ ᠵᠠᠰᠠᠭᠰᠠᠨ ᠠᠵᠢᠯ᠎ᠢ 《ᠪᠤᠴᠠᠵᠤ ᠪᠠᠢ᠌ᠴᠠᠭ᠋ᠠᠨ ᠦᠵᠡᠭᠰᠡᠨ》 ᠪᠠᠢ᠌ᠳᠠᠯ