《ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠥᠪᠥᠷ ᠵᠠᠰᠠᠭ ᠦᠢ᠍ᠯᠡᠴᠢᠯᠡᠭᠡᠨ ᠲᠠᠷᠬᠠᠭ᠋ᠠᠭᠰᠠᠨ [2021] 102 ᠳ᠋ᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠭᠠᠵᠠᠷ ᠬᠥᠳᠡᠯᠦᠯᠲᠡ ᠵᠢᠨ ᠲᠣᠪᠴᠢᠶ᠎ᠠ᠂ ᠴᠠᠭ ᠠᠭᠤᠷ᠎ᠤᠨ ᠲᠣᠪᠴᠢᠶ᠎ᠠ᠂ ᠠᠶ᠋ᠢᠮᠠᠭ ᠬᠣᠲᠠ ᠵᠢᠨ ᠡᠯ᠎ᠡ ᠬᠠᠮᠢᠶ᠎ᠠ ᠪᠥᠬᠥᠶ ᠲᠤᠬᠠᠶ᠋ᠢᠯᠠᠭᠰᠠᠨ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ᠄
2021 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠣᠷᠣᠨ ᠪᠦᠰᠡ ᠵᠢᠨ ᠦᠨᠡᠯᠡᠨ ᠵᠢᠱ᠌ᠢᠬᠦ ᠠᠵᠢᠯ᠎ᠤᠨ ᠲᠤᠰᠬᠠᠶ ᠰᠡᠳᠦᠪᠲᠦ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠠᠵᠢᠯ᠎ᠢ ᠥᠷᠨᠢᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠎ᠲᠠᠢ ᠬᠠᠮᠲᠤᠷᠠᠨ 《ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠰᠠᠨᠠᠯ》᠎ᠢ ᠲᠤᠭᠤᠷᠪᠢᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠠᠴᠠ ᠰᠠᠨᠠᠯ ᠬᠤᠷᠢᠶᠠᠪᠠ᠃ ᠡᠲᠦᠭᠡ 《ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠰᠠᠨᠠᠯ》᠎ᠢ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
(ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ
2021 ᠣᠨ᠎ᠤ 12 ᠳ᠋ᠤᠭ᠋ᠠᠷ ᠰᠠᠷ᠎ᠠ ᠵᠢᠨ 15
ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠯᠣᠭᠣᠳᠬᠤ ᠰᠠᠨᠠᠯ
《ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠰᠢᠯᠢᠳᠡᠭᠵᠢᠭᠦᠯᠬᠦ ᠳᠦᠷᠢᠮ》 《ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠥᠷᠨᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠲᠥᠷᠥ ᠠᠯᠪᠠᠨ ᠲᠠᠷᠬᠠᠭ᠋ᠠᠭᠰᠠᠨ[2019] 11 ᠳ᠋ᠦ᠍ᠭᠡᠷ ᠲᠣᠭ᠋ᠠᠲᠤ) 《ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 19 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠲᠦᠷᠭᠡᠬᠡᠨ ᠪᠤᠲᠠᠲᠠᠢ᠌ᠵᠢᠬᠤ ᠵᠢ ᠠᠬᠢᠭᠤᠯᠬᠤ ᠵᠢᠨ ᠲᠤᠰᠠᠳᠠ᠂ ᠡᠳᠦᠭᠡ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠬᠦ ᠠᠵᠢᠯ᠎ᠢ ᠥᠷᠨᠢᠭᠦᠯᠬᠦ ᠲᠤᠬᠠᠶ ᠳᠣᠤᠷᠠᠬᠢ ᠮᠡᠲᠦ ᠰᠠᠨᠠᠯ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ᠂ ᠵᠢᠷᠭᠤᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠳᠦᠷᠢᠮ᠎ᠤᠨ ᠥᠭᠡᠷᠡᠴᠢᠯᠡᠯᠲᠡ ᠵᠢᠨ ᠱᠠᠭ᠋ᠠᠷᠳᠠᠯᠭ᠎ᠠ ᠶᠣᠰᠣᠭ᠋ᠠᠷ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠬᠦ ᠠᠵᠢᠯ᠎ᠢ ᠲᠦᠷᠭᠡᠳᠬᠡᠨ ᠠᠬᠢᠭᠤᠯᠵᠤ᠂ ᠬᠠᠩᠭ᠋ᠠᠬᠤ᠎ᠪᠠᠷ ᠪᠠᠶ᠋ᠢᠭ᠎ᠠ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠶᠠᠪᠤᠴᠠ᠎ᠳᠤ ᠬᠣᠯᠪᠣᠭᠳᠠᠬᠤ ᠤᠷᠢᠳᠠᠴᠢ ᠴᠢᠨᠠᠷᠲᠠᠶ ᠦᠨᠡᠯᠡᠨ ᠵᠢᠱ᠌ᠢᠬᠦ ᠠᠵᠢᠯ᠎ᠢ ᠤᠷᠢᠳᠴᠢᠯᠠᠨ ᠪᠡᠶᠡᠯᠡᠭᠦᠯᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠳᠤ ᠣᠷᠣᠭᠤᠯᠵᠤ᠂ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠦᠨ᠎ᠡ ᠲᠦᠯᠦᠪᠦᠷᠢ ᠥᠬᠡᠶ᠎ᠪᠠᠷ ᠬᠡᠷᠡᠭᠯᠡᠭᠦᠯᠬᠦ ᠵᠢ ᠬᠠᠮᠲᠤᠳᠤᠨᠢ ᠬᠦᠷᠲᠡᠭᠡᠵᠦ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠦᠶ᠎ᠡ᠎ᠳᠤ ᠭᠤᠶᠤᠴᠢᠯᠠᠬᠤ ᠮᠠᠲ᠋ᠧᠷᠢᠶᠠᠯ᠎ᠢ ᠳᠥᠭᠥᠮᠴᠢᠯᠡᠬᠦ ᠪᠤᠶᠤ ᠳᠠᠬᠢᠨᠲᠠ ᠦᠨᠡᠯᠡᠨ ᠵᠢᠱ᠌ᠢᠬᠦ ᠥᠬᠡᠶ ᠪᠠᠶ᠋ᠢᠵᠤ᠂ ᠣᠳᠣᠬᠠᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠦᠨᠡᠯᠡᠨ ᠵᠢᠱ᠌ᠢᠯᠲᠡ ᠵᠢᠨ ᠭᠠᠷᠳᠠᠮ ᠣᠯᠠᠨ᠂ ᠬᠤᠭᠤᠴᠠᠭ᠎ᠠ ᠣᠷᠳᠣ ᠵᠡᠷᠭᠡ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠨᠡᠶ᠋ᠢᠭᠡᠮ᠎ᠤᠨ ᠡᠬᠢ ᠪᠠᠶᠠᠯᠢᠭ᠎ᠢ ᠠᠷᠪᠢᠯᠠᠵᠤ᠂ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠤᠲᠠᠲᠠᠢ᠌ᠵᠢᠭᠤᠯᠤᠨ ᠬᠡᠷᠡᠭᠵᠢᠭᠦᠯᠬᠦ ᠵᠢ ᠲᠦᠷᠭᠡᠳᠬᠡᠨ᠎ᠡ᠃
ᠬᠣᠶᠠᠷ᠂ ᠬᠡᠷᠡᠭᠵᠢᠭᠦᠯᠬᠦ ᠬᠡᠪᠴᠢᠶ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ ᠵᠢᠨ ᠲᠣᠭᠣᠷᠢᠭ᠎ᠤᠨ ᠬᠢᠨᠠᠨ ᠬᠠᠷᠭᠤᠭᠤᠯᠬᠤ ᠠᠯᠪᠠᠨ ᠵᠠᠷ᠎ᠤᠨ ᠭᠠᠷᠴᠠᠭ》᠎ᠲᠤ ᠵᠠᠷᠯᠠᠨ ᠨᠡᠶ᠋ᠢᠲᠡᠯᠡᠭᠰᠡᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ (ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠳᠡᠭᠡᠳᠦ ᠰᠢᠨ᠎ᠡ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠶᠡᠷᠦᠩᠬᠡᠶ᠋ᠢᠯᠡᠭᠰᠡᠨ ᠭᠠᠢ᠌ᠯᠢ ᠪᠠᠲᠤᠯᠠᠬᠤ ᠲᠣᠭᠤᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠵᠡᠷᠭᠡ ᠪᠠᠭᠲᠠᠨ᠎ᠠ) (ᠳᠣᠷᠣᠭᠰᠢ 《ᠨᠡᠭᠡᠭᠡᠯᠲᠡ ᠵᠢᠨ ᠲᠣᠭᠣᠷᠢᠭ》 ᠭᠡᠵᠦ ᠲᠣᠪᠴᠢᠯᠠᠨ᠎ᠠ)᠎ᠲᠤ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠨ᠎ᠡ᠃
ᠭᠠᠵᠠᠷ ᠵᠦᠢ ᠵᠢᠨ ᠭᠠᠶ ᠭᠠᠮᠰᠢᠭ᠎ᠤᠨ ᠠᠶᠤᠯᠲᠤ ᠴᠢᠨᠠᠷ᠎ᠤᠨ ᠦᠨᠡᠯᠡᠨ ᠵᠢᠱ᠌ᠢᠯᠲᠡ᠂ ᠠᠭᠤᠷ ᠠᠮᠢᠰᠬᠤᠯ᠎ᠤᠨ ᠪᠣᠯᠤᠮᠵᠢᠲᠤ ᠴᠢᠨᠠᠷ᠎ᠤᠨ ᠨᠤᠲᠠᠯᠠᠯᠲᠠ᠂ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠴᠢᠨᠠᠷ᠎ᠤᠨ ᠦᠨᠡᠯᠡᠯᠲᠡ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠦᠨᠡᠯᠡᠨ ᠵᠢᠱ᠌ᠢᠯᠲᠡ᠂ ᠳᠠᠷᠤᠬᠤ ᠰᠡᠷᠭᠦᠭᠡᠬᠦ ᠴᠢᠬᠤᠯᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠦᠨᠡᠯᠡᠨ ᠵᠢᠱ᠌ᠢᠯᠲᠡ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ᠂ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠨᠤᠲᠠᠯᠠᠯᠲᠠ᠂ ᠦᠶᠡᠷ᠎ᠤᠨ ᠨᠥᠯᠥᠭᠡ ᠵᠢᠨ ᠦᠨᠡᠯᠡᠯᠲᠡ ᠵᠡᠷᠭᠡ 9 ᠵᠦᠢ᠍ᠯ᠎ᠤᠨ ᠦᠨᠡᠯᠡᠨ ᠵᠢᠱ᠌ᠢᠬᠦ ᠵᠦᠢ᠍ᠯᠡᠰ᠎ᠢ ᠣᠷᠣᠨ ᠪᠦᠰᠡ ᠵᠢᠨ ᠦᠨᠡᠯᠡᠨ ᠵᠢᠱ᠌ᠢᠬᠦ ᠵᠦᠢ᠍ᠯᠡᠰ᠎ᠤᠨ ᠨᠠᠷᠢᠨ ᠳᠠᠩᠰᠠ ᠵᠢᠨ ᠬᠡᠪᠴᠢᠶᠡᠨ᠎ᠳᠤ ᠣᠷᠣᠭᠤᠯᠤᠨ᠎ᠠ; ᠡᠨᠧᠷᠭᠢ ᠠᠷᠪᠢᠯᠠᠬᠤ ᠬᠢᠨᠠᠨ ᠪᠠᠢ᠌ᠴᠠᠭ᠋ᠠᠯᠲᠠ ᠵᠢ ᠲᠤᠷᠰᠢᠯᠲᠠ ᠵᠢᠨ ᠬᠡᠯᠪᠡᠷᠢ᠎ᠪᠠᠷ ᠣᠷᠣᠨ ᠪᠦᠰᠡ ᠵᠢᠨ ᠦᠨᠡᠯᠡᠨ ᠵᠢᠱ᠌ᠢᠬᠦ ᠵᠦᠢ᠍ᠯᠡᠰ᠎ᠤᠨ ᠨᠠᠷᠢᠨ ᠳᠠᠩᠰᠠ ᠵᠢᠨ ᠬᠡᠪᠴᠢᠶᠡᠨ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠵᠢ ᠭᠣᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠠᠴᠠ ᠲᠤᠷᠰᠢᠯᠲᠠ ᠵᠢᠨ ᠴᠡᠭ᠎ᠤᠨ ᠬᠡᠷᠡᠭᠵᠢᠭᠦᠯᠬᠦ ᠬᠡᠪᠴᠢᠶ᠎ᠡ ᠵᠢ ᠲᠣᠭᠲᠠᠭ᠋ᠠᠨ᠎ᠠ᠃
ᠭᠤᠷᠪᠠ᠂ ᠭᠣᠣᠯ ᠡᠭᠦᠷᠭᠡ
(ᠨᠢᠭᠡ) ᠣᠷᠣᠨ ᠪᠦᠰᠡ ᠵᠢᠨ ᠦᠨᠡᠯᠡᠨ ᠵᠢᠱ᠌ᠢᠬᠦ ᠠᠵᠢᠯ᠎ᠢ ᠭᠦᠨᠵᠡᠭᠡᠶ ᠦᠷᠨᠢᠭᠦᠯᠦᠨ᠎ᠡ᠃ ᠡᠯ᠎ᠡ ᠭᠠᠵᠠᠷ ᠣᠷᠣᠨ᠎ᠨᠤᠭᠤᠳ ᠲᠤᠬᠠᠶ᠋ᠢᠯᠠᠭᠰᠠᠨ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠳᠣᠤᠷ᠎ᠠ᠂ ᠨᠡᠭᠡᠭᠡᠯᠲᠡ ᠵᠢᠨ ᠲᠣᠭᠣᠷᠢᠭ᠎ᠤᠨ ᠣᠷᠣᠨ ᠪᠦᠰᠡ ᠵᠢᠨ ᠨᠥᠬᠥᠴᠡᠯ᠎ᠢ ᠦᠨᠳᠦᠰᠦᠯᠡᠨ ᠰᠣᠩᠭᠣᠯᠲᠠ ᠵᠢᠨ ᠴᠢᠨᠠᠷᠲᠠᠶ ᠣᠷᠣᠨ ᠪᠦᠰᠡ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠢ᠂ 《ᠨᠢᠭᠡᠯᠡ ᠠᠳᠠᠯᠢ ᠪᠠᠢ᠌ᠯᠭ᠋ᠠᠵᠤ》 ᠭᠡᠵᠦ ᠥᠬᠡᠶ᠂ ᠦᠨᠡᠯᠡᠨ ᠵᠢᠱ᠌ᠢᠬᠦ ᠵᠦᠢ᠍ᠯᠡᠰ᠎ᠤᠨ ᠬᠦᠷᠢᠶ᠎ᠡ ᠬᠡᠪᠴᠢᠶ᠎ᠡ ᠵᠢ ᠰᠣᠬᠣᠷ ᠪᠠᠯᠠᠶ᠎ᠪᠠᠷ ᠥᠷᠭᠡᠳᠬᠡᠬᠦ ᠥᠬᠡᠶ ᠪᠠᠶ᠋ᠢᠵᠤ᠂ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠬᠦ᠎ᠠᠴᠠ ᠵᠠᠶ᠋ᠢᠯᠠᠰᠬᠢᠬᠦ ᠬᠡᠷᠡᠭᠲᠡᠶ; ᠣᠷᠣᠨ ᠪᠦᠰᠡ ᠵᠢᠨ ᠨᠥᠬᠥᠴᠡᠯ᠎ᠢ ᠦᠨᠳᠦᠰᠦᠯᠡᠨ ᠦᠨᠡᠯᠡᠨ ᠵᠢᠱ᠌ᠢᠬᠦ ᠵᠦᠢ᠍ᠯᠡᠰ᠎ᠢ ᠥᠷᠨᠢᠭᠦᠯᠬᠦ ᠴᠢᠬᠤᠯᠠ ᠥᠬᠡᠶ ᠪᠣᠯ᠂ ᠲᠤᠬᠠᠶ᠋ᠢᠯᠠᠭᠰᠠᠨ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠡᠭᠡᠭᠡᠯᠲᠡ ᠵᠢᠨ ᠲᠣᠭᠣᠷᠢᠭ ᠪᠠ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠮᠡᠳᠡᠭᠳᠡᠬᠦ ᠬᠡᠷᠡᠭᠲᠡᠶ᠃ ᠣᠷᠣᠨ ᠪᠦᠰᠡ ᠵᠢᠨ ᠦᠨᠡᠯᠡᠨ ᠵᠢᠱ᠌ᠢᠬᠦ ᠵᠠᠷᠤᠳᠠᠯ᠎ᠢ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ ᠡᠭᠦᠷᠭᠡᠯᠡᠵᠦ᠂ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠵᠦ᠂ ᠨᠡᠭᠡᠭᠡᠯᠲᠡ ᠵᠢᠨ ᠣᠷᠣᠨ᠎ᠤ ᠳᠣᠲᠣᠷᠠᠬᠢ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠭᠦᠯᠬᠦ ᠬᠡᠷᠡᠭᠲᠡᠢ᠃
(ᠬᠣᠶᠠᠷ) ᠣᠷᠣᠨ ᠪᠦᠰᠡ ᠵᠢᠨ ᠦᠨᠡᠯᠡᠨ ᠵᠢᠱ᠌ᠢᠬᠦ ᠮᠡᠷᠭᠡᠵᠢᠯ᠎ᠤᠨ ᠪᠠᠷᠢᠮᠵᠢᠶ᠎ᠠ ᠵᠢ ᠨᠢᠭᠡᠳᠦᠯᠲᠡᠶ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠬᠡᠷᠡᠭᠵᠢᠭᠦᠯᠦᠭᠦᠰᠢᠲᠡᠢ ᠮᠡᠷᠭᠡᠵᠢᠯ᠎ᠤᠨ ᠪᠠᠷᠢᠮᠵᠢᠶ᠎ᠠ ᠵᠢᠨ ᠵᠢᠷᠤᠮᠵᠢᠯ᠎ᠢ ᠴᠠᠭ ᠲᠤᠬᠠᠶ᠎ᠳᠤᠨᠢ ᠲᠣᠭᠲᠠᠭ᠋ᠠᠬᠤ ᠪᠤᠶᠤ ᠡᠰᠢᠯᠡᠨ ᠬᠡᠷᠡᠭᠯᠡᠵᠦ᠂ ᠴᠤᠪᠤᠷᠠᠯ ᠪᠠ ᠦᠢ᠍ᠯᠡᠴᠢᠯᠡᠭᠡᠨ᠎ᠤ ᠵᠦᠭᠯᠡᠭᠦᠷ᠎ᠢ ᠳᠥᠭᠥᠮᠴᠢᠯᠡᠬᠦ ᠵᠢᠨ ᠬᠠᠮᠲᠤ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃ ᠡᠯ᠎ᠡ ᠭᠠᠵᠠᠷ ᠣᠷᠣᠨ᠎ᠨᠤᠭᠤᠳ ᠨᠢᠭᠡᠳᠦᠯᠲᠡᠶ ᠮᠡᠷᠭᠡᠵᠢᠯ᠎ᠤᠨ ᠪᠠᠷᠢᠮᠵᠢᠶ᠎ᠠ ᠵᠢ ᠵᠢᠷᠤᠮᠵᠢᠭᠤᠯᠤᠨ ᠬᠡᠷᠡᠭᠵᠢᠭᠦᠯᠵᠦ᠂ ᠨᠠᠵᠠᠭ᠋ᠠᠶ ᠲᠠᠯ᠎ᠠ ᠵᠢᠨ ᠨᠠᠷᠢᠨ ᠳᠠᠩᠰᠠᠨ᠎ᠳᠤ ᠵᠢᠭᠰᠠᠭ᠋ᠠᠨ ᠣᠷᠣᠭᠤᠯᠤᠭᠰᠠᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠤᠯᠢ ᠲᠣᠭᠲᠠᠭ᠋ᠠᠯ ᠶᠣᠰᠣᠭ᠋ᠠᠷ ᠵᠣᠬᠢᠬᠤ ᠬᠢᠨᠠᠨ ᠵᠥᠪᠰᠢᠶᠡᠷᠡᠬᠦ ᠵᠦᠢ᠍ᠯᠡᠰ᠎ᠲᠤ ᠠᠰᠳᠠᠭ᠋ᠠᠨ ᠲᠤᠰᠬᠠᠶ ᠵᠦᠢ᠍ᠯ᠎ᠤᠨ ᠦᠨᠡᠯᠡᠨ ᠵᠢᠱ᠌ᠢᠯᠲᠡ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠠᠴᠠ ᠬᠣᠯᠪᠣᠭᠳᠠᠯ ᠪᠥᠬᠥᠶ ᠮᠡᠷᠭᠡᠵᠢᠯ᠎ᠤᠨ ᠪᠠᠷᠢᠮᠵᠢᠶ᠎ᠠ ᠵᠢ ᠲᠣᠳᠣᠷᠬᠠᠶ᠋ᠢᠯᠠᠭᠰᠠᠨ ᠥᠬᠡᠶ ᠪᠤᠶᠤ ᠲᠣᠭᠲᠠᠭ᠋ᠠᠭᠰᠠᠨ ᠥᠬᠡᠶ᠎ᠠᠴᠠ ᠪᠣᠯᠵᠣ᠂ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠬᠡᠷᠡᠭᠯᠡᠭᠳᠡᠬᠦ ᠵᠢ ᠨᠦᠯᠦᠭᠡᠯᠡᠵᠦ ᠪᠠᠶ᠋ᠢᠪᠠᠯ᠂ ᠡᠯ᠎ᠡ ᠭᠠᠵᠠᠷ ᠣᠷᠣᠨ᠎ᠨᠤᠭᠤᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠲᠤᠬᠠᠢ ᠵᠢᠨ ᠭᠠᠵᠠᠷ᠎ᠤᠨ ᠪᠣᠳᠠᠲᠠᠶ᠎ᠳᠤ ᠨᠡᠶ᠋ᠢᠴᠡᠭᠰᠡᠨ ᠮᠡᠷᠭᠡᠵᠢᠯ᠎ᠤᠨ ᠪᠠᠷᠢᠮᠵᠢᠶ᠎ᠠ ᠵᠢ ᠰᠦᠪᠡᠭᠴᠢᠯᠡᠨ ᠬᠡᠷᠡᠭᠵᠢᠭᠦᠯᠵᠦ ᠪᠣᠯᠤᠨ᠎ᠠ᠃
(ᠭᠤᠷᠪᠠ) ᠦᠨᠡᠯᠡᠨ ᠵᠢᠱ᠌ᠢᠯᠲᠡ ᠵᠢᠨ ᠵᠦᠪ ᠪᠠ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠠᠴᠠ 8 ᠲᠦᠷᠦᠯ 31 ᠵᠦᠢ᠍ᠯ᠎ᠤᠨ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠵᠢ ᠲᠣᠭᠲᠠᠭ᠋ᠠᠪᠠ᠂ ᠡᠭᠦᠨ᠎ᠳᠤ ᠭᠠᠵᠠᠷ ᠵᠦᠢ ᠵᠢᠨ ᠭᠠᠶ ᠭᠠᠮᠰᠢᠭ᠎ᠤᠨ ᠠᠶᠤᠯᠲᠤ ᠴᠢᠨᠠᠷ᠎ᠤᠨ ᠦᠨᠡᠯᠡᠨ ᠵᠢᠱ᠌ᠢᠯᠲᠡ 5 ᠵᠦᠢ᠍ᠯ᠂ ᠭᠠᠵᠠᠷ ᠬᠥᠳᠡᠯᠦᠯᠲᠡ ᠵᠢᠨ ᠠᠮᠤᠷ ᠲᠦᠪᠰᠢᠨ᠎ᠤ ᠴᠢᠨᠠᠷ᠎ᠤᠨ ᠦᠨᠡᠯᠡᠯᠲᠡ 4 ᠵᠦᠢ᠍ᠯ᠂ ᠦᠶᠡᠷ᠎ᠤᠨ ᠨᠥᠯᠥᠭᠡ ᠵᠢᠨ ᠦᠨᠡᠯᠡᠯᠲᠡ 8 ᠵᠦᠢ᠍ᠯ᠂ ᠠᠭᠤᠷ ᠠᠮᠢᠰᠬᠤᠯ᠎ᠤᠨ ᠪᠣᠯᠤᠮᠵᠢᠲᠤ ᠴᠢᠨᠠᠷ᠎ᠤᠨ ᠨᠣᠲᠠᠯᠠᠯᠲᠠ 1 ᠵᠦᠢ᠍ᠯ᠂ ᠤᠰᠤ ᠰᠢᠷᠣᠶ ᠵᠢ ᠬᠠᠮᠠᠭ᠋ᠠᠯᠠᠬᠤ ᠲᠥᠰᠦᠯ᠎ᠤᠨ ᠨᠤᠲᠠᠯᠠᠯᠲᠠ 4 ᠵᠦᠢ᠍ᠯ᠂ ᠲᠡᠤᠬᠡ ᠵᠢᠨ ᠳᠤᠷᠠᠰᠬᠠᠯᠲᠤ ᠵᠦᠢ᠍ᠯ᠎ᠤᠨ ᠬᠠᠮᠠᠭ᠋ᠠᠯᠠᠯᠲᠠ ᠵᠢᠨ ᠦᠨᠡᠯᠡᠨ ᠵᠢᠱ᠌ᠢᠯᠲᠡ 4 ᠵᠦᠢ᠍ᠯ᠂ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ 5 ᠵᠦᠢ᠍ᠯ᠎ᠢ ᠪᠠᠭᠲᠠᠭ᠋ᠠᠵᠤ᠂ ᠦᠨᠡᠯᠡᠨ ᠵᠢᠱ᠌ᠢᠬᠦ ᠴᠢᠬᠤᠯᠠᠲᠠᠶ ᠲᠥᠷᠥᠯ ᠵᠦᠢ᠍ᠯ᠎ᠤᠨ ᠬᠡᠪᠴᠢᠶ᠎ᠡ ᠵᠢ ᠲᠣᠳᠤᠷᠬᠠᠢ᠌ᠯᠠᠪᠠ᠃ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠪᠠᠶ᠋ᠢᠭᠤᠯᠬᠤ᠎ᠳᠤ ᠪᠡᠷᠬᠡᠲᠡᠶ ᠡᠨᠧᠷᠭᠢ ᠠᠷᠪᠢᠯᠠᠬᠤ ᠬᠢᠨᠠᠨ ᠪᠠᠢ᠌ᠴᠠᠭ᠋ᠠᠯᠲᠠ (1 ᠵᠦᠢ᠍ᠯ) ᠪᠠ ᠣᠷᠴᠢᠨ ᠲᠣᠭᠤᠷᠢᠨ᠎ᠤ ᠨᠥᠯᠥᠭᠡᠯᠡᠯ᠎ᠤᠨ ᠦᠨᠡᠯᠡᠯᠲᠡ᠎ᠤᠨ (32 ᠵᠦᠢ᠍ᠯ) ᠵᠦᠢ᠍ᠯᠡᠰ᠎ᠲᠤ ᠵᠥᠪ ᠲᠠᠯ᠎ᠠ ᠵᠢᠨ ᠨᠠᠷᠢᠨ ᠳᠠᠩᠰᠠ ᠳᠤᠷᠠᠳᠴᠤ᠂ ᠬᠢᠨᠠᠨ ᠵᠥᠪᠰᠢᠶᠡᠷᠡᠬᠦ ᠶᠠᠪᠤᠴᠠ ᠵᠢ ᠳᠦᠭᠦᠮᠵᠢᠯᠡᠬᠦ ᠬᠡᠷᠡᠭᠲᠡᠢ᠃ ᠡᠯ᠎ᠡ ᠭᠠᠵᠠᠷ ᠣᠷᠣᠨ᠎ᠨᠤᠭᠤᠳ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠴᠠᠭ ᠲᠤᠬᠠᠶ᠎ᠳᠤᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠎ᠤ᠎ᠪᠠᠨ ᠣᠷᠣᠨ ᠪᠦᠰᠡ ᠵᠢᠨ ᠦᠨᠡᠯᠡᠨ ᠵᠢᠱ᠌ᠢᠬᠦ ᠵᠦᠢ᠍ᠯᠡᠰ᠎ᠢ ᠬᠢᠨᠠᠨ ᠵᠥᠪᠰᠢᠶᠡᠷᠡᠬᠦ ᠵᠥᠪ ᠪᠠ ᠨᠠᠵᠠᠭ᠋ᠠᠶ ᠲᠠᠯ᠎ᠠ ᠵᠢᠨ ᠨᠠᠷᠢᠨ ᠳᠠᠩᠰᠠ ᠵᠢ ᠲᠣᠭᠲᠠᠭ᠋ᠠᠬᠤ ᠬᠡᠷᠡᠭᠲᠡᠢ᠃ ᠨᠠᠵᠠᠭ᠋ᠠᠢ ᠲᠠᠯ᠎ᠠ ᠵᠢᠨ ᠨᠠᠷᠢᠨ ᠳᠠᠩᠰᠠᠨ᠎ᠳᠤ ᠵᠢᠭᠰᠠᠭ᠋ᠠᠨ ᠣᠷᠣᠭᠤᠯᠤᠭᠰᠠᠨ ᠲᠥᠷᠥᠯ ᠵᠦᠢ᠍ᠯ᠎ᠢ ᠭᠠᠷᠭ᠋ᠠᠪᠠᠯ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠳ ᠬᠠᠮᠢᠶ᠎ᠠ ᠪᠥᠬᠥᠶ ᠬᠢᠨᠠᠨ ᠵᠥᠪᠰᠢᠶᠡᠷᠡᠬᠦ ᠴᠤᠪᠤᠷᠠᠯ ᠪᠠ ᠭᠣᠭᠴᠣᠭ᠎ᠠ ᠵᠢ ᠳᠥᠭᠥᠮᠴᠢᠯᠡᠵᠦ᠂ 《ᠠᠮᠠᠯᠠᠯᠲᠠ᠎ᠪᠠᠨ ᠮᠡᠳᠡᠭᠳᠡᠬᠦ ᠲᠦᠷᠢᠮ》 ᠪᠤᠶᠤ 《ᠳᠠᠩᠰᠠᠯᠠᠭᠤᠯᠬᠤ ᠲᠦᠷᠢᠮ》᠎ᠤᠨ ᠬᠠᠮᠢᠶᠠᠷᠤᠯᠲᠠ ᠵᠢ ᠬᠡᠷᠡᠭᠵᠢᠭᠦᠯᠬᠦ ᠵᠢᠨ ᠬᠠᠮᠲᠤ᠂ ᠠᠮᠠᠯᠠᠯᠲᠠ ᠵᠢᠨ ᠪᠢᠴᠢᠭ ᠪᠤᠶᠤ ᠳᠠᠩᠰᠠᠯᠠᠭᠤᠯᠬᠤ ᠪᠢᠴᠢᠭ (ᠬᠦᠰᠦᠨᠦᠭᠲᠦ)᠎ᠤᠨ ᠵᠠᠭᠪᠤᠷ᠎ᠢ ᠴᠠᠭ ᠲᠤᠬᠠᠶ᠎ᠳᠤᠨᠢ ᠲᠣᠭᠲᠠᠭ᠋ᠠᠬᠤ ᠬᠡᠷᠡᠭᠲᠡᠶ᠃ ᠬᠢᠨᠠᠨ ᠵᠥᠪᠰᠢᠶᠡᠷᠡᠬᠦ ᠴᠣᠪᠤᠷᠠᠯ᠂ ᠵᠥᠪ ᠪᠠ ᠨᠠᠵᠠᠭ᠋ᠠᠶ ᠲᠠᠯ᠎ᠠ ᠵᠢᠨ ᠨᠠᠷᠢᠨ ᠲᠠᠩᠰᠠ᠂ ᠠᠮᠠᠯᠠᠯᠲᠠ ᠵᠢᠨ ᠪᠢᠴᠢᠭ ᠪᠠ ᠳᠠᠩᠰᠠᠯᠠᠭᠤᠯᠬᠤ ᠪᠢᠴᠢᠭ (ᠬᠦᠰᠦᠨᠦᠭᠲᠦ)᠎ᠢ ᠨᠡᠶ᠋ᠢᠭᠡᠮ᠎ᠳᠤ ᠢᠯᠡ ᠨᠡᠢ᠌ᠲᠡᠯᠡᠬᠦ ᠬᠡᠷᠡᠭᠲᠡᠢ᠃
(ᠳᠥᠷᠪᠡ) ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠬᠦ ᠵᠢ ᠲᠦᠷᠭᠡᠳᠬᠡᠨ᠎ᠡ᠃ ᠡᠯ᠎ᠡ ᠭᠠᠵᠠᠷ ᠣᠷᠣᠨ᠎ᠨᠤᠭᠤᠳ ᠵᠦᠪᠰᠢᠶᠡᠷᠡᠭᠦᠯᠦᠭᠰᠡᠨ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ ᠵᠶ᠋ᠠᠨ ᠨᠡᠶ᠋ᠢᠭᠡᠮ ᠨᠡᠶ᠋ᠢᠲᠡ᠎ᠳᠤ ᠴᠠᠭ ᠲᠤᠬᠠᠶ᠎ᠳᠤᠨᠢ ᠢᠯᠡ ᠨᠡᠶ᠋ᠢᠲᠡᠯᠡᠵᠦ᠂ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠨ ᠵᠠᠬ᠎ᠠ ᠳᠡᠯᠭᠡᠭᠦᠷ᠎ᠤᠨ ᠭᠣᠤᠯ ᠴᠣᠭᠴᠠ᠎ᠳᠤ ᠬᠡᠷᠡᠭᠯᠡᠭᠦᠯᠬᠦ ᠬᠡᠷᠡᠭᠲᠡᠢ᠃ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠡᠵᠡᠮᠳᠡᠬᠦ ᠴᠢᠨᠠᠷᠲᠠᠶ ᠨᠠᠷᠢᠨ ᠲᠥᠯᠥᠪᠵᠢᠭᠦᠯᠭᠡ᠎ᠳᠠᠬᠢ ᠲᠥᠯᠥᠪᠵᠢᠭᠦᠯᠭᠡ ᠵᠢᠨ ᠭᠠᠵᠠᠷ᠎ᠤᠨ ᠬᠡᠰᠡᠭᠯᠦᠭᠡ ᠬᠣᠯᠪᠣᠭᠳᠠᠭᠤᠯᠤᠨ᠂ ᠨᠡᠭᠡᠭᠡᠯᠲᠡ ᠵᠢᠨ ᠲᠣᠭᠤᠷᠢᠭ᠎ᠤᠨ ᠳᠣᠲᠣᠷᠠᠬᠢ ᠡᠯ᠎ᠡ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠠᠮᠲᠤ᠎ᠳᠤ᠎ᠪᠠᠨ ᠬᠦᠷᠲᠡᠵᠦ ᠬᠡᠷᠡᠭᠯᠡᠬᠦ᠎ᠳᠤ ᠬᠠᠩᠭ᠋ᠠᠵᠤ᠂ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠨᠢ ᠭᠠᠵᠠᠷ ᠰᠢᠷᠣᠶ ᠵᠢ ᠰᠢᠯᠵᠢᠭᠦᠯᠦᠨ ᠥᠭᠬᠦ ᠪᠤᠶᠤ ᠬᠤᠪᠢᠶᠠᠷᠢᠯᠠᠨ ᠰᠠᠯᠭ᠋ᠠᠬᠤᠠᠴᠠᠪᠠᠨ ᠡᠮᠦᠨ᠎ᠡ ᠪᠥᠲᠥᠭᠡᠨ ᠪᠠᠢ᠌ᠭᠤᠯᠤᠯᠲᠠ ᠵᠢᠨ ᠨᠢᠭᠡᠴᠢ᠎ᠳᠤ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠮᠡᠳᠡᠭᠳᠡᠬᠦ ᠬᠡᠷᠡᠭᠲᠡᠶ᠃ ᠨᠡᠭᠡᠭᠡᠯᠲᠡ ᠵᠢᠨ ᠲᠣᠭᠤᠷᠢᠭ᠎ᠤᠨ ᠳᠣᠲᠤᠷᠠᠬᠢ ᠨᠠᠵᠠᠭ᠋ᠠᠶ ᠲᠠᠯ᠎ᠠ ᠵᠢᠨ ᠨᠠᠷᠢᠨ ᠳᠠᠩᠰᠠ᠎ᠠᠴᠠ ᠭᠠᠳᠠᠨᠠᠬᠢ ᠲᠥᠷᠥᠯ ᠵᠦᠢ᠍ᠯ᠎ᠳᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ ᠵᠶ᠋ᠠᠷ ᠳᠠᠮᠵᠢᠭᠤᠯᠤᠨ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠠᠶᠠᠨᠳᠠᠭ᠋ᠠᠨ ᠣᠯᠵᠤ ᠪᠣᠯᠬᠤ ᠪᠣᠯᠭ᠋ᠠᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠮᠲᠤᠳᠤᠨᠢ ᠬᠡᠷᠡᠭᠯᠡᠭᠦᠯᠵᠦ᠂ ᠭᠤᠶᠤᠴᠢᠯᠠᠭᠴᠢ᠎ᠨᠢ ᠳᠠᠭᠢᠵᠤ ᠬᠠᠮᠢᠶ᠎ᠠ ᠪᠥᠬᠥᠶ ᠮᠠᠲ᠋ᠧᠷᠢᠶᠠᠯ᠎ᠢ ᠲᠤᠰᠢᠶᠠᠬᠤ ᠴᠢᠬᠤᠯᠠ ᠥᠬᠡᠶ ᠪᠣᠯᠭ᠋ᠠᠬᠤ ᠵᠢ ᠪᠠᠲᠤᠯᠠᠬᠤ ᠬᠡᠷᠡᠭᠲᠡᠢ᠃
ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠎ᠨᠤᠭᠤᠳ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠬᠦ ᠠᠵᠢᠯ᠎ᠢ ᠦᠨᠡᠨ ᠬᠦ᠌ ᠵᠣᠬᠢᠶᠠᠨ ᠪᠠᠶ᠋ᠢᠭᠤᠯᠤᠨ ᠰᠠᠶ᠋ᠢᠲᠤᠷ ᠬᠢᠵᠦ᠂ ᠠᠵᠢᠯ᠎ᠤᠨ ᠲᠣᠭᠲᠠᠴᠠ ᠪᠠᠶ᠋ᠢᠭᠤᠯᠤᠨ᠂ ᠠᠵᠢᠯ᠎ᠤᠨ ᠠᠷᠭ᠎ᠠ ᠬᠡᠮᠵᠢᠶ᠎ᠡ ᠪᠠ ᠡᠭᠦᠷᠭᠡ ᠵᠢᠨ ᠬᠤᠪᠢᠶᠠᠷᠢᠯᠠᠯ᠎ᠢ ᠨᠠᠷᠢᠯᠢᠬ᠍ᠵᠢᠭᠤᠯᠵᠤ᠂ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠮᠡᠷᠭᠡᠵᠢᠯ᠎ᠤᠨ ᠪᠠᠷᠢᠮᠵᠢᠶ᠎ᠠ ᠪᠠ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ᠎ᠤ᠎ᠪᠠᠨ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠬᠦᠷᠲᠡᠬᠦ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠬᠦ ᠪᠠ ᠬᠡᠷᠡᠭᠵᠢᠭᠦᠯᠬᠦ ᠬᠡᠷᠡᠭᠲᠡᠶ᠃ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷ᠎ᠡ ᠬᠠᠮᠢᠶ᠎ᠠ ᠪᠥᠬᠥᠶ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠢᠯᠡ ᠨᠡᠶ᠋ᠢᠲᠡᠯᠡᠵᠦ᠂ ᠨᠡᠶ᠋ᠢᠭᠡᠮ ᠬᠢᠨᠠᠯᠲᠠ ᠵᠢ ᠬᠦᠯᠢᠶᠡᠬᠦ ᠬᠡᠷᠡᠭᠲᠡᠶ᠃
(ᠬᠣᠶᠠᠷ) ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠲᠣᠰ ᠰᠢᠰᠲ᠋ᠧᠮ᠎ᠤᠨ ᠵᠶ᠋ᠠᠨ ᠲᠤᠬᠠᠶ᠋ᠢᠯᠠᠭᠰᠠᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ᠂ ᠡᠯ᠎ᠡ ᠭᠠᠵᠠᠷ ᠣᠷᠣᠨ᠎ᠳᠤ ᠣᠷᠣᠨ ᠪᠦᠰᠡ ᠵᠢᠨ ᠦᠨᠡᠯᠡᠨ ᠵᠢᠱ᠌ᠢᠯᠲᠡ ᠬᠢᠬᠦ᠂ ᠬᠢᠨᠠᠨ ᠵᠥᠪᠰᠢᠶᠡᠷᠡᠬᠦ ᠴᠤᠪᠤᠷᠠᠯ᠎ᠢ ᠳᠥᠭᠥᠮᠴᠢᠯᠡᠬᠦ᠂ ᠠᠮᠠᠯᠠᠯᠲᠠ᠎ᠪᠠᠨ ᠮᠡᠳᠡᠭᠳᠡᠬᠦ ᠪᠤᠶᠤ ᠳᠠᠩᠰᠠᠯᠠᠭᠤᠯᠬᠤ ᠵᠡᠷᠭᠡ ᠠᠵᠢᠯ᠎ᠤᠨ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠷᠠᠭᠤᠯᠬᠤ ᠵᠢᠨ ᠬᠠᠮᠲᠤ᠂ ᠣᠷᠣᠨ ᠪᠦᠰᠡ ᠵᠢᠨ ᠦᠨᠡᠯᠡᠨ ᠵᠢᠱ᠌ᠢᠬᠦ ᠵᠦᠢ᠍ᠯᠡᠰᠲᠠᠬᠢ ᠬᠡᠷᠡᠭ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠶ᠃
(ᠭᠤᠷᠪᠠ) ᠰᠢᠮᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠨᠢ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠎ᠢ ᠦᠨᠡᠯᠡᠨ ᠵᠢᠱ᠌ᠢᠬᠦ ᠭᠦᠢ᠍ᠴᠡᠳᠬᠡᠯ ᠲᠣᠭ᠎ᠠ ᠵᠢᠨ ᠲᠣᠭᠲᠠᠯᠴᠠᠭ᠎ᠠ᠎ᠳᠤ ᠣᠷᠣᠭᠤᠯᠵᠤ᠂ ᠡᠯ᠎ᠡ ᠭᠠᠵᠠᠷ ᠣᠷᠣᠨ᠎ᠢ ᠦᠨᠡᠯᠡᠬᠦ ᠠᠭᠤᠯᠭ᠎ᠠ᠎ᠳᠤ ᠣᠷᠣᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠳ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠬᠦᠴᠦᠨ ᠴᠢᠳᠠᠪᠤᠷᠢ ᠵᠢᠨ ᠬᠠᠷᠠᠯᠲᠠ ᠵᠢᠨ ᠰᠢᠯᠭ᠋ᠠᠨ ᠬᠢᠨᠠᠬᠤ ᠲᠣᠭᠲᠠᠯᠴᠠᠭ᠎ᠠ᠎ᠳᠤ ᠣᠷᠣᠭᠤᠯᠵᠤ᠂ ᠣᠨ᠎ᠤ ᠴᠢᠬᠤᠯᠠ ᠰᠢᠮᠳᠠᠭᠤᠯᠤᠨ ᠪᠠᠶ᠋ᠢᠴᠠᠭ᠋ᠠᠬᠤ ᠠᠭᠤᠯᠭ᠎ᠠ᠎ᠳᠤ ᠵᠢᠭᠰᠠᠭ᠋ᠠᠨ ᠣᠷᠤᠭᠤᠯᠵᠤ᠂ ᠡᠯ᠎ᠡ ᠲᠠᠯ᠎ᠠ ᠵᠢᠨ᠎ᠬᠢᠨ᠎ᠤ ᠢᠳᠡᠪᠬᠢ ᠴᠢᠨᠠᠷ᠂ ᠰᠠᠨᠠᠭ᠋ᠠᠴᠢᠯᠠᠭ᠋ᠠᠲᠤ ᠴᠢᠨᠠᠷ᠎ᠢ ᠭᠦᠢ᠍ᠴᠡᠳ ᠳᠠᠶ᠋ᠢᠴᠢᠯᠠᠬᠤ ᠬᠡᠷᠡᠭᠲᠡᠶ᠃
(ᠳᠥᠷᠪᠡ) ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠎ᠠ᠃ ᠡᠯ᠎ᠡ ᠭᠠᠵᠠᠷ ᠣᠷᠣᠨ᠎ᠨᠤᠭᠤᠳ ᠡᠯ᠎ᠡ ᠲᠥᠷᠥᠯ᠎ᠤᠨ ᠵᠠᠭᠤᠴᠢᠯᠠᠭᠤᠷ᠎ᠤᠨ ᠲᠠᠪᠴᠠᠩ᠎ᠢ ᠭᠦᠢ᠍ᠴᠡᠳ ᠠᠰᠢᠭᠯᠠᠨ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠤᠬᠠᠭᠤᠯᠵᠤ᠂ ᠣᠷᠣᠨ ᠪᠦᠰᠡ ᠵᠢᠨ ᠦᠨᠡᠯᠡᠨ ᠵᠢᠱ᠌ᠢᠬᠦ ᠥᠭᠡᠷᠡᠴᠢᠯᠡᠯᠲᠡ ᠵᠢᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠠᠢ᠌ᠯᠪᠤᠷᠢᠯᠠᠵᠤ ᠥᠭᠬᠦ ᠬᠡᠷᠡᠭᠲᠡᠢ᠂ ᠲᠡᠷᠢᠭᠦᠨ᠎ᠤ ᠲᠤᠷᠰᠢᠯᠭ᠎ᠠ ᠵᠢ ᠨᠠᠷᠢᠨ ᠬᠢᠨᠠᠮᠠᠭ᠋ᠠᠢ ᠳ᠋ᠦᠩᠨᠡᠵᠦ᠂ ᠨᠡᠶ᠋ᠢᠲᠡᠯᠢᠭ ᠠᠷᠭ᠎ᠠ ᠬᠢᠳᠡᠯ᠎ᠢ ᠢᠳᠡᠪᠬᠢᠲᠡᠢ ᠳᠡᠯᠭᠡᠷᠡᠭᠦᠯᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠦ᠂ ᠥᠭᠡᠷᠡᠴᠢᠯᠡᠯᠲᠡ ᠵᠢᠨ ᠠᠵᠢᠯ᠎ᠢ ᠭᠦᠨᠵᠡᠭᠡᠢ ᠠᠬᠢᠭᠤᠯᠬᠤ᠎ᠳᠤ ᠰᠠᠢ᠍ᠢ᠍ᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠤᠢ ᠪᠣᠯᠭ᠋ᠠᠵᠤ ᠥᠭᠬᠦ ᠬᠡᠷᠡᠭᠲᠡᠢ᠃
ᠳᠠᠭ᠋ᠠᠯᠳᠤᠭᠤᠯᠤᠯ᠄ 1. ᠦᠪᠡᠷᠲᠡᠭᠡᠨ ᠵᠠᠰᠠᠬᠤ ᠣᠷᠤᠨ᠎ᠤ ᠣᠷᠤᠨ ᠪᠦᠰᠡ ᠵᠢᠨ ᠦᠨᠡᠯᠡᠨ ᠵᠢᠱ᠌ᠢᠯᠲᠡ ᠵᠢᠨ ᠵᠦᠢ᠍ᠯᠡᠰ᠎ᠤᠨ ᠨᠠᠷᠢᠨ ᠳᠠᠩᠰᠠ ᠵᠢᠨ ᠬᠤᠷᠢᠶᠠᠩᠭᠤᠢ ᠬᠦᠰᠦᠨᠦᠭᠲᠦ
2. ᠦᠪᠡᠷᠲᠡᠭᠡᠨ ᠵᠠᠰᠠᠬᠤ ᠣᠷᠤᠨ᠎ᠤ ᠣᠷᠤᠨ ᠪᠦᠰᠡ ᠵᠢᠨ ᠦᠨᠡᠯᠡᠨ ᠵᠢᠱ᠌ᠢᠯᠲᠡ ᠵᠢᠨ ᠵᠦᠪ ᠪᠠ ᠨᠠᠵᠠᠭ᠋ᠠᠢ ᠲᠠᠯ᠎ᠠ ᠵᠢᠨ ᠨᠠᠷᠢᠨ ᠳᠠᠩᠰᠠ