ᠲᠡᠷᠢᠭᠦᠨ ᠬᠠᠭᠤᠳᠠᠰᠤ   -   ᠠᠯᠪᠠᠨ ᠵᠠᠷ
2021 ᠣᠨ᠎ᠤ ᠳᠥᠷᠪᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠮᠡᠳᠡᠭᠡᠯᠡᠯ
ᠨᠡᠶ᠋ᠢᠲᠡᠯᠡᠭᠰᠡᠨ ᠴᠠᠭ᠄ 2022-01-04

ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ ᠵᠢᠨ ᠠᠯᠪᠠᠨ ᠬᠡᠷ᠎ᠲᠤ᠄
      《ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠶ᠋ᠢᠴᠠᠭ᠋ᠠᠬᠤ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠨᠠᠷᠢᠨ ᠪᠢᠴᠢᠭ᠎ᠤᠨ ᠲᠣᠪᠴᠢᠶ᠎ᠠ ᠵᠢᠨ ᠮᠡᠳᠡᠭᠳᠡᠯ》 ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠶ᠋ᠢᠷ᠎ᠠ ᠵᠢᠨ ᠬᠤᠭᠤᠴᠠᠭ᠋ᠠᠨ᠎ᠳᠤ 2021 ᠣᠨ᠎ᠤ ᠳᠥᠷᠪᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠡᠳᠦᠭᠡ ᠬᠣᠯᠪᠣᠭᠳᠠᠯ ᠪᠥᠬᠥᠶ ᠪᠠᠶ᠋ᠢᠳᠠᠯ᠎ᠢ ᠳᠣᠤᠷᠠᠬᠢ ᠮᠡᠲᠦ ᠮᠡᠳᠡᠭᠳᠡᠪᠡ᠄
      ᠨᠢᠭᠡ᠂ ᠠᠵᠢᠯ ᠥᠷᠨᠢᠭᠦᠯᠦᠭᠰᠡᠨ ᠪᠠᠶ᠋ᠢᠳᠠᠯ
      (ᠨᠢᠭᠡ) 2021 ᠣᠨ᠎ᠤ ᠭᠤᠷᠪᠠᠳᠤᠭ᠋ᠠᠷ ᠤᠯᠠᠷᠢᠯ᠎ᠤᠨ ᠠᠰᠠᠭᠤᠳᠠᠯ᠎ᠢ ᠴᠡᠭᠴᠡᠯᠡᠨ ᠥᠭᠡᠷᠡᠴᠢᠯᠡᠭᠰᠡᠨ ᠪᠠᠶ᠋ᠢᠳᠠᠯ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠳᠠᠪᠲᠠᠨ ᠪᠠᠢ᠌ᠴᠠᠭ᠋ᠠᠭᠰᠠᠨ ᠵᠶ᠋ᠠᠷ᠂ 2021 ᠣᠨ᠎ᠤ ᠭᠤᠷᠪᠠᠳᠤᠭ᠋ᠠᠷ ᠤᠯᠠᠷᠢᠯ᠎ᠤᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠶ 5 ᠵᠠᠰᠠᠭ᠎ᠤᠨ ᠣᠷᠳᠣᠨ᠎ᠤ ᠰᠦᠯᠵᠢᠶ᠎ᠡ᠂ ᠬᠢᠷᠢ ᠲᠡᠩᠴᠡᠭᠰᠡᠨ ᠦᠭᠡᠶ 187 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ᠂ 《ᠤᠯᠠᠭ᠋ᠠᠨᠬᠠᠳᠠ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ》 ᠵᠢᠨ ᠰᠦᠯᠵᠢᠶ᠎ᠡ᠂ 《ᠪᠠᠯᠠᠭ᠋ᠠᠷ ᠭᠣᠤᠯ ᠪᠠᠯᠭ᠋ᠠᠰᠤᠨ᠎ᠤ ᠲᠣᠮᠢᠯᠠᠭᠰᠠᠨ ᠰᠠᠯᠪᠤᠷᠢ》 ᠵᠢᠨ ᠸᠢᠴᠠᠲ᠎ᠤᠨ ᠨᠡᠶ᠋ᠢᠲᠡ ᠵᠢᠨ ᠳ᠋ᠤᠭ᠋ᠠᠷ᠂ 《ᠤᠯᠠᠭ᠋ᠠᠨᠬᠠᠳᠠ ᠬᠣᠲᠠ ᠵᠢᠨ ᠠᠤᠬᠠᠨ ᠬᠣᠰᠢᠭᠤᠨ᠎ᠤ ᠰᠧ ᠳ᠋ᠤᠤ ᠸᠠᠨ ᠽᠢ》 ᠰᠢᠨ ᠯᠠᠩ ᠪᠢᠴᠢᠯ ᠪᠦᠷᠭᠡ ᠵᠢᠨ ᠳ᠋ᠤᠭ᠋ᠠᠷ (新浪微博)᠂ 《ᠠᠮᠢ ᠠᠬᠤᠢ᠌ᠲᠤ ᠣᠯᠠᠭ᠋ᠠᠨᠴᠠᠪ》 (生态乌兰察布) ᠥᠨᠥᠳᠦᠷ᠎ᠤᠨ ᠲᠡᠷᠢᠭᠦᠨ ᠵᠤᠷᠪᠤᠰ᠎ᠤᠨ ᠳ᠋ᠤᠭ᠋ᠠᠷ (今日头条) ᠵᠡᠷᠭᠡ 34 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠥᠭᠡᠷᠡᠴᠢᠯᠡᠭᠰᠡᠨ ᠥᠬᠡᠶ᠎ᠠᠴᠠ ᠪᠤᠰᠤᠳ 4 ᠵᠠᠰᠠᠭ᠎ᠤᠨ ᠣᠷᠳᠣᠨ᠎ᠤ ᠰᠦᠯᠵᠢᠶ᠎ᠡ ᠪᠠ 153 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠴᠥᠮ ᠴᠡᠭᠴᠡᠯᠡᠨ ᠥᠭᠡᠷᠡᠴᠢᠯᠡᠵᠦ ᠳᠠᠭᠤᠰᠪᠠ᠃
      (ᠬᠣᠶᠠᠷ) 2021 ᠣᠨ᠎ᠤ ᠳᠥᠷᠪᠡᠳᠦᠭᠡᠷ ᠤᠯᠠᠷᠢᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ᠎ᠳᠤ ᠰᠤᠭᠤᠴᠢᠨ ᠪᠠᠢ᠌ᠴᠠᠭ᠋ᠠᠯᠲᠠ ᠬᠢᠭᠰᠡᠨ ᠪᠠᠶ᠋ᠢᠳᠠᠯ᠃ 2021 ᠣᠨ᠎ᠤ ᠳᠥᠷᠪᠡᠳᠦᠭᠡᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ 534 ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠎ᠠᠴᠠ 293 ᠵᠢ ᠰᠤᠭᠤᠴᠢᠨ ᠪᠠᠶ᠋ᠢᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ ᠵᠢᠨ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠨᠢ 100% ᠪᠠᠢ᠌ᠵᠤ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠦᠯᠵᠢᠶ᠎ᠡ᠎ᠠᠴᠠ 44 ᠵᠢ ᠪᠠᠶ᠋ᠢᠴᠠᠭ᠋ᠠᠵᠤ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠎ᠠᠴᠠ 115 ᠵᠢ ᠪᠠᠢ᠌ᠴᠠᠭ᠋ᠠᠪᠠ; ᠡᠯ᠎ᠡ ᠠᠶ᠋ᠢᠮᠠᠭ ᠬᠣᠲᠠ ᠵᠢᠨ ᠰᠠᠯᠠᠭ᠎ᠠ ᠮᠥᠴᠢᠷ᠎ᠤᠨ ᠰᠦᠯᠵᠢᠶ᠎ᠡ ᠵᠢᠨ ᠰᠤᠭᠤᠴᠢᠨ ᠪᠠᠶ᠋ᠢᠴᠠᠭ᠋ᠠᠭᠰᠠᠨ ᠬᠠᠷᠢᠴᠠᠯ᠎ᠨᠢ 35.73% ᠪᠠᠶ᠋ᠢᠵᠤ᠂ ᠨᠡᠶ᠋ᠢᠲᠡ 134 ᠵᠢ ᠰᠤᠭᠤᠴᠢᠨ ᠪᠠᠶ᠋ᠢᠴᠠᠭ᠋ᠠᠪᠠ᠃ ᠰᠣᠭᠣᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ ᠲᠣᠪᠣᠶ᠋ᠢᠮ᠎ᠠ ᠠᠰᠠᠭᠤᠳᠠᠯ ᠣᠷᠣᠰᠢᠵᠤ ᠪᠠᠶ᠋ᠢᠭ᠎ᠠ ᠵᠠᠰᠠᠭ᠎ᠤᠨ ᠣᠷᠳᠣᠨ᠎ᠤ ᠰᠦᠯᠵᠢᠶ᠎ᠡ 13 ᠪᠠᠶ᠋ᠢᠵᠤ᠂ ᠰᠣᠭᠣᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 95.56%᠎ᠳᠤ ᠬᠦᠷᠴᠦ᠂ ᠬᠥᠬᠡᠬᠣᠲᠠ᠂ ᠤᠯᠠᠭ᠋ᠠᠨᠬᠠᠳᠠ ᠬᠣᠲᠠ᠂ ᠤᠯᠠᠭ᠋ᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠣᠭᠣᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 100%᠎ᠳᠤ ᠬᠦᠷᠴᠦ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ ᠪᠠᠶ᠋ᠢᠨ᠎ᠠ᠃ ᠲᠣᠰ ᠤᠳᠠᠭ᠋ᠠᠨ᠎ᠤ ᠰᠤᠭᠤᠴᠢᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠵᠶ᠋ᠠᠷ᠂ 42.24% ᠵᠢᠨ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠎ᠨᠢ 5 ᠠᠵᠢᠯᠯᠠᠬᠤ ᠡᠳᠦᠷ᠎ᠤᠨ ᠳᠣᠲᠣᠷ᠎ᠠ ᠪᠠᠶ᠋ᠢᠩᠭᠤ ᠳᠣᠬᠢᠶᠠᠯᠳᠤᠬᠤ ᠯᠠᠪᠯᠠᠭ᠎ᠠ᠎ᠳᠤ ᠪᠦᠲᠦᠮᠵᠢᠲᠡᠶ ᠬᠠᠷᠢᠭᠤᠯᠲᠠ ᠥᠭᠴᠦ᠂ 16 ᠫᠣᠷᠲᠸᠯ ᠰᠦᠯᠵᠢᠶ᠎ᠡ᠎ᠨᠢ 1 ᠠᠵᠢᠯᠯᠠᠬᠤ ᠡᠳᠦᠷ᠎ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ ᠴᠢᠳᠠᠵᠤ ᠪᠤᠢ᠃
      (ᠭᠤᠷᠪᠠ) 2021 ᠣᠨ᠎ᠤ ᠳᠥᠷᠪᠡᠳᠦᠭᠡᠷ ᠤᠯᠠᠷᠢᠯ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠰᠤᠭᠤᠴᠢᠨ ᠪᠠᠢ᠌ᠴᠠᠭ᠋ᠠᠯᠲᠠ ᠬᠢᠭᠰᠡᠨ ᠪᠠᠶ᠋ᠢᠳᠠᠯ᠃ 2021 ᠣᠨ᠎ᠤ ᠳᠥᠷᠪᠡᠳᠦᠭᠡᠷ ᠤᠯᠠᠷᠢᠯ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ 5966 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ 2310 ᠵᠢ ᠰᠣᠭᠣᠴᠢᠨ ᠠᠪᠴᠤ ᠪᠠᠶ᠋ᠢᠴᠠᠭ᠋ᠠᠯᠲᠠ ᠬᠢᠪᠠ᠃ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠰᠣᠭᠣᠴᠢᠨ ᠪᠠᠢ᠌ᠴᠠᠭ᠋ᠠᠯᠲᠠ ᠬᠢᠭᠰᠡᠨ ᠬᠠᠷᠢᠴᠠᠯ᠎ᠨᠢ 80.46%᠂ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠰᠤᠭᠤᠴᠢᠨ ᠪᠠᠢ᠌ᠴᠠᠭ᠋ᠠᠯᠲᠠ ᠬᠢᠭᠰᠡᠨ ᠬᠠᠷᠢᠴᠠᠯ᠎ᠨᠢ 35.81% ᠪᠠᠶ᠋ᠢᠵᠤ᠂ ᠡᠭᠦᠨ᠎ᠳᠤ ᠬᠢᠷᠢ ᠲᠡᠩᠴᠡᠭᠰᠡᠨ ᠥᠬᠡᠶ ᠰᠢᠨ᠎ᠡ ᠵᠠᠭᠤᠴᠢᠯᠠᠭᠤᠷ 152᠂ ᠶᠡᠷᠦᠩᠬᠡᠶ ᠬᠢᠷᠢ ᠲᠡᠩᠴᠡᠭᠰᠡᠨ ᠨᠣᠷᠮ᠎ᠠ᠎ᠨᠢ 93.42%᠎ᠳᠤ ᠬᠦᠷᠴᠦ᠂ ᠭᠤᠷᠪᠠᠳᠤᠭ᠋ᠠᠷ ᠤᠯᠠᠷᠢᠯ᠎ᠤᠨ᠎ᠬᠢ᠎ᠠᠴᠠ 1.28%᠎ᠪᠠᠷ ᠳᠡᠭᠡᠭᠰᠢᠯᠡᠵᠡᠶ᠃ ᠡᠭᠦᠨ᠎ᠳᠤ ᠦᠬᠠᠶ ᠬᠣᠲᠠ᠂ ᠣᠷᠳᠣᠰ ᠬᠣᠲᠠ᠂ ᠬᠥᠯᠥᠨ ᠪᠣᠶ᠋ᠢᠷ ᠬᠣᠲᠠ᠂ ᠤᠯᠠᠭ᠋ᠠᠨᠬᠠᠳᠠ ᠬᠣᠲᠠ ᠵᠡᠷᠭᠡ ᠠᠶ᠋ᠢᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ᠎ᠨᠢ ᠶᠡᠷᠦᠩᠬᠡᠶ ᠬᠢᠷᠢ ᠲᠡᠩᠴᠡᠭᠰᠡᠨ ᠨᠣᠷᠮ᠎ᠠ᠎ᠠᠴᠠ ᠥᠨᠳᠥᠷ ᠪᠠᠶ᠋ᠢᠵᠤ᠂ ᠲᠦᠩᠯᠢᠶᠣᠤ ᠬᠣᠲᠠ᠂ ᠪᠠᠶᠠᠨᠨᠠᠭᠤᠷ᠎ᠤᠨ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠤᠷ᠎ᠠ ᠪᠠᠶ᠋ᠢᠨ᠎ᠠ᠃
      ᠬᠣᠶᠠᠷ᠂ ᠣᠷᠣᠰᠢᠵᠤ ᠪᠠᠶ᠋ᠢᠭ᠎ᠠ ᠭᠣᠣᠯ ᠠᠰᠠᠭᠤᠳᠠᠯ
      (ᠨᠢᠭᠡ) ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠮᠥᠨ ᠬᠦ᠌ ᠭᠦᠢ᠍ᠴᠡᠳ ᠦᠭᠡᠢ ᠪᠠᠢ᠌ᠨ᠎ᠠ᠃ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠡᠳᠡᠭᠡ ᠵᠠᠩᠭᠢ ᠵᠢᠨ ᠬᠠᠮᠠᠭ᠋ᠠᠯᠠᠯᠲᠠ᠎ᠨᠢ ᠵᠢᠷᠤᠮᠵᠢᠯ ᠥᠬᠡᠶ ᠪᠠᠶ᠋ᠢᠵᠤ᠂ ᠨᠡᠶ᠋ᠢᠲᠡᠯᠡᠭᠰᠡᠨ ᠠᠭᠤᠯᠭ᠎ᠠ ᠵᠢᠨ ᠵᠶ᠋ᠡᠨ ᠬᠢᠨᠠᠨ ᠬᠠᠷᠭᠤᠭᠤᠯᠬᠤ ᠪᠣᠭᠣᠮᠲᠠ ᠵᠢ ᠴᠢᠩᠭ᠎ᠠ ᠡᠵᠡᠮᠳᠡᠭᠰᠡᠨ ᠥᠬᠡᠶ᠂ ᠵᠢᠱ᠌ᠢᠶᠡᠯᠡᠪᠡᠯ 《ᠠᠯᠠᠱ᠌ᠠ ᠵᠡᠭᠦᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》᠎ᠤ ᠫᠣᠷᠲᠸᠯ ᠰᠦᠯᠵᠢᠶ᠎ᠡ᠂ 《ᠺᠠᠶ᠋ᠢᠯᠦ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》᠎ᠤ ᠫᠣᠷᠲᠸᠯ ᠰᠦᠯᠵᠢᠶ᠎ᠡ᠎ᠳᠤ ᠬᠦᠨᠳᠦ ᠨᠣᠴᠢᠲᠠᠶ ᠪᠤᠷᠤᠭᠤ ᠲᠣᠭ᠋ᠠᠴᠢᠯᠲᠠ ᠣᠷᠣᠰᠢᠵᠤ ᠪᠤᠢ᠃ ᠴᠥᠭᠡᠨ ᠲᠣᠭ᠋ᠠᠨ᠎ᠤ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠰᠦᠯᠵᠢᠶᠡᠨ᠎ᠤ ᠠᠷᠠᠳ᠎ᠤᠨ ᠬᠠᠯᠠᠮᠵᠢᠯᠠᠯ᠎ᠳᠤ ᠴᠠᠭ ᠲᠤᠬᠠᠶ᠎ᠳᠤ᠎ᠨᠢ ᠬᠠᠷᠢᠭᠤ ᠥᠭᠭᠦᠭᠰᠡᠨ ᠥᠬᠡᠶ᠂ ᠵᠢᠱ᠌ᠢᠶᠡᠯᠡᠪᠡᠯ 《ᠪᠤᠭᠤᠲᠤ ᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠠᠯᠪᠠᠨ ᠰᠦᠯᠵᠢᠶ᠎ᠡ》᠎ᠨᠢ ᠰᠦᠯᠵᠢᠶᠡᠨ᠎ᠤ ᠠᠷᠠᠳ᠎ᠤᠨ ᠦᠯᠡᠳᠡᠭᠡᠭᠰᠡᠨ ᠠᠰᠠᠭᠤᠯᠲᠠ ᠵᠢ 3 ᠰᠠᠷ᠎ᠠ ᠭᠠᠷᠤᠢ ᠬᠠᠷᠢᠭᠤ ᠥᠭᠭᠦᠭᠰᠡᠨ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃ ᠵᠠᠷᠢᠮ ᠵᠠᠰᠠᠭ᠎ᠤᠨ ᠣᠷᠳᠣᠨ᠎ᠤ ᠰᠦᠯᠵᠢᠶᠡᠨ᠎ᠤ ᠭᠣᠣᠯᠴᠢᠯᠠᠨ ᠬᠠᠮᠢᠶᠠᠷᠬᠤ ᠨᠢᠭᠡᠴᠢ ᠵᠢᠨ᠎ᠬᠢᠨ ᠲᠤᠰᠬᠠᠢ ᠪᠤᠯᠤᠩ ᠭᠠᠷᠭ᠋ᠠᠬᠤ᠎ᠳᠤ᠎ᠪᠠᠨ 《ᠪᠠᠶ᠋ᠢᠭᠤᠯᠤᠯᠲᠠ ᠵᠢ ᠴᠢᠬᠤᠯᠠᠴᠢᠯᠠᠵᠤ᠂ ᠬᠠᠮᠠᠭ᠋ᠠᠯᠠᠯᠲᠠ ᠵᠢ ᠬᠥᠩᠭᠡᠪᠴᠢᠯᠡᠬᠦ》 ᠦᠵᠡᠭᠳᠡᠯ ᠣᠷᠣᠰᠢᠵᠤ ᠪᠤᠢ᠂ ᠵᠢᠱ᠌ᠢᠶᠡᠯᠡᠪᠡᠯ 《ᠷᠠᠰᠢᠶᠠᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ》᠂ 《ᠡᠷᠢᠶᠡᠨ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶᠡᠨ᠎ᠳᠤ ᠣᠯᠠᠨ ᠬᠣᠭᠣᠰᠣᠨ ᠪᠤᠯᠤᠩ ᠣᠷᠣᠰᠢᠵᠤ ᠪᠠᠶ᠋ᠢᠨ᠎ᠠ᠃
      (ᠬᠣᠶᠠᠷ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠤᠨ ᠪᠠᠶ᠋ᠢᠭᠤᠯᠤᠯᠲᠠ ᠵᠢᠨ ᠬᠢᠨᠠᠯᠲᠠ ᠬᠠᠮᠢᠶᠠᠷᠤᠯᠲᠠ᠎ᠨᠢ ᠲᠡᠭᠦᠯᠳᠡᠷ ᠪᠤᠰᠤ᠃ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠢ ᠵᠢᠷᠤᠮᠵᠢᠭᠤᠯᠤᠨ ᠪᠠᠢ᠌ᠭᠤᠯᠬᠤ ᠵᠢ ᠴᠢᠬᠤᠯᠠᠴᠢᠯᠠᠬᠤ ᠲᠠᠯ᠎ᠠ᠎ᠪᠠᠷ ᠬᠦᠷᠦᠯᠴᠡᠬᠦ ᠦᠭᠡᠶ᠂ ᠮᠡᠳᠡᠭᠡ ᠵᠠᠩᠭᠢ ᠵᠢ ᠢᠯᠡ ᠪᠣᠯᠭ᠋ᠠᠬᠤ ᠪᠤᠯᠤᠩ᠎ᠤᠨ ᠲᠣᠬᠢᠷᠠᠭᠤᠯᠤᠯᠲᠠ᠎ᠨᠢ ᠵᠢᠷᠤᠮᠵᠢᠯ ᠥᠬᠡᠶ᠂ ᠠᠭᠤᠯᠭ᠎ᠠ ᠵᠢᠨ ᠬᠠᠮᠠᠭ᠋ᠠᠯᠠᠯᠲᠠ ᠬᠦᠷᠦᠯᠴᠡᠬᠦ ᠦᠭᠡᠢ᠂ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠨᠡᠶ᠋ᠢᠲᠡᠯᠡᠭᠰᠡᠨ ᠥᠬᠡᠶ ᠵᠡᠷᠭᠡ ᠠᠰᠠᠭᠤᠳᠠᠯ ᠨᠡᠶ᠋ᠢᠳᠡᠮ ᠣᠷᠣᠰᠢᠵᠤ ᠪᠠᠶ᠋ᠢᠨ᠎ᠠ᠂ ᠵᠢᠱ᠌ᠢᠶᠡᠯᠡᠪᠡᠯ ᠤᠯᠠᠭ᠋ᠠᠨᠴᠠᠪ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠡᠷᠭᠡ ᠨᠢᠭᠡᠴᠢ ᠵᠢᠨ ᠰᠦᠯᠵᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠪᠤᠯᠤᠩ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ᠂ ᠬᠠᠤᠯᠢ᠎ᠪᠠᠷ ᠲᠣᠭᠲᠠᠭ᠋ᠠᠭᠰᠠᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠬᠤ ᠠᠭᠤᠯᠭ᠎ᠠ ᠵᠡᠷᠭᠡ ᠪᠤᠯᠤᠩ᠎ᠢ ᠵᠢᠷᠤᠮᠵᠢᠭᠤᠯᠤᠨ ᠳᠣᠭᠢᠷᠠᠭᠤᠯᠤᠭᠰᠠᠨ ᠥᠬᠡᠶ; ᠪᠤᠭᠤᠲᠤ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠡᠷᠭᠡ ᠨᠢᠭᠡᠴᠢ ᠵᠢᠨ ᠰᠦᠯᠵᠢᠶ᠎ᠡ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ᠎ᠤᠨ ᠪᠤᠯᠤᠩ᠎ᠤᠨ ᠳᠣᠤᠷ᠎ᠠ ᠶᠡᠬᠡ ᠬᠡᠮᠵᠢᠶᠡᠨ᠎ᠤ ᠲᠦᠷᠢᠮ᠎ᠤᠨ ᠪᠤᠰᠤ ᠲᠥᠷᠥᠯ᠎ᠤᠨ ᠮᠡᠳᠡᠭᠡ ᠵᠠᠩᠭᠢ ᠵᠢ ᠨᠡᠶ᠋ᠢᠲᠡᠯᠡᠵᠦ᠂ ᠤᠯᠤᠰ᠎ᠤᠨ ᠲᠠᠰ ᠳᠠᠪᠬᠤᠷᠭ᠎ᠠ᠎ᠠᠴᠠ ᠲᠣᠳᠣᠷᠬᠠᠶ ᠲᠣᠭᠲᠠᠭ᠋ᠠᠭᠰᠠᠨ 13 ᠬᠠᠤᠯᠢ ᠲᠣᠭᠲᠠᠭ᠋ᠠᠯ᠎ᠤᠨ ᠲᠠᠢ᠌ᠯᠪᠤᠷᠢ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠢᠯᠡ ᠪᠣᠯᠭ᠋ᠠᠭᠰᠠᠨ ᠥᠬᠡᠶ ᠪᠤᠶᠤ ᠪᠦᠷᠢᠨ ᠨᠡᠶ᠋ᠢᠲᠡᠯᠡᠭᠰᠡᠨ ᠥᠬᠡᠶ᠃ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠤᠨ ᠮᠡᠷᠭᠡᠵᠢᠯ᠎ᠤᠨ ᠲᠤᠯᠭ᠋ᠠᠭᠤᠷᠢᠯᠠᠯ᠎ᠨᠢ ᠭᠦᠢ᠍ᠴᠡᠳ ᠥᠬᠡᠶ᠂ ᠲᠣᠰ ᠪᠠᠢ᠌ᠭᠤᠯᠭ᠎ᠠ᠎ᠨᠢ ᠴᠠᠭ ᠲᠤᠬᠠᠶ᠎ᠳᠤ᠎ᠨᠢ ᠮᠥᠷᠳᠡᠨ ᠬᠠᠮᠠᠭ᠋ᠠᠯᠠᠭᠰᠠᠨ ᠥᠬᠡᠶ ᠠᠰᠠᠭᠤᠳᠠᠯ ᠣᠷᠣᠰᠢᠵᠤ ᠪᠠᠢ᠌ᠨ᠎ᠠ᠃ ᠵᠢᠱ᠌ᠢᠶᠡᠯᠡᠪᠡᠯ ᠠᠯᠠᠱ᠌ᠠ ᠠᠶ᠋ᠢᠮᠠᠭ᠎ᠤᠨ ᠵᠠᠰᠠᠭ ᠵᠠᠬᠢᠷᠭ᠎ᠠ ᠵᠢᠨ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ᠎ᠤᠨ ᠠᠭᠤᠯᠭ᠎ᠠ᠎ᠳᠤ 《ᠨᠡᠶ᠋ᠢᠲᠡᠯᠡᠭᠰᠡᠨ ᠡᠳᠦᠷ ᠬᠤᠭᠤᠴᠠᠭ᠎ᠠ》᠎ᠨᠢ 《ᠪᠢᠴᠢᠭᠳᠡᠭᠰᠡᠨ ᠴᠠᠭ》᠎ᠠᠴᠠ ᠡᠷᠲᠡ ᠪᠠᠶ᠋ᠢᠬᠤ ᠦᠵᠡᠭᠳᠡᠯ ᠣᠷᠣᠰᠢᠵᠤ ᠪᠠᠶ᠋ᠢᠨ᠎ᠠ᠃ ᠡᠭᠦᠨ᠎ᠤ ᠵᠡᠷᠭᠡ᠎ᠳᠤ᠂ ᠵᠠᠷᠢᠮ ᠭᠠᠵᠠᠷ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ᠎ᠲᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ᠎ᠤᠨ ᠠᠭᠤᠯᠭ᠎ᠠ ᠵᠢ ᠰᠢᠨᠡᠳᠬᠡᠬᠦ᠎ᠠᠴᠠ ᠪᠢᠰᠢ ᠨᠡᠢ᠌ᠲᠡᠯᠡᠭᠰᠡᠨ ᠴᠠᠭ᠎ᠢ ᠰᠢᠨᠡᠳᠬᠡᠬᠦ ᠦᠭᠡᠶ ᠪᠤᠶᠤ ᠨᠡᠢ᠌ᠲᠡᠯᠡᠭᠰᠡᠨ ᠴᠠᠭ᠎ᠢ ᠰᠢᠨᠡᠳᠬᠡᠬᠦ᠎ᠠᠴᠠ ᠪᠢᠰᠢ ᠠᠭᠤᠯᠭ᠎ᠠ ᠵᠢ ᠰᠢᠨᠡᠳᠬᠡᠬᠦ ᠦᠭᠡᠶ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ ᠬᠠᠷᠢᠭᠤᠯᠲᠠ ᠥᠭᠬᠦ ᠬᠤᠭᠤᠴᠠᠭ᠎ᠠ᠎ᠨᠢ ᠮᠥᠨ ᠬᠦ᠌ 15 ᠠᠵᠢᠯᠯᠠᠬᠤ ᠡᠳᠦᠷ ᠪᠠᠢ᠌ᠵᠤ᠂ 《ᠭᠤᠷᠪᠠᠨ ᠬᠡᠷᠡᠭᠴᠡᠭᠡ》 ᠵᠢ ᠬᠡᠪ ᠵᠶ᠋ᠠᠷ ᠪᠠᠶ᠋ᠢᠯᠭ᠋ᠠᠬᠤ ᠵᠡᠷᠭᠡ ᠠᠰᠠᠭᠤᠳᠠᠯ ᠶᠡᠬᠡ ᠬᠡᠮᠵᠢᠶ᠎ᠡ᠎ᠪᠠᠷ ᠣᠷᠣᠰᠢᠵᠤ ᠪᠤᠢ᠃
      (ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠨᠠᠢ᠌ᠳᠠᠪᠤᠷᠢᠵᠢᠭᠤᠯᠬᠤ ᠲᠠᠯ᠎ᠠ᠎ᠪᠠᠷ ᠬᠦᠴᠦᠨ ᠥᠬᠡᠶ᠃ ᠴᠥᠭᠡᠨ ᠲᠣᠭ᠋ᠠᠨ᠎ᠤ ᠭᠠᠵᠠᠷ ᠣᠷᠣᠨ᠎ᠤ᠎ᠬᠢᠨ ᠨᠢᠭᠡᠨᠲᠡ 《ᠪᠦᠬᠦ ᠤᠯᠤᠰ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢᠨ ᠮᠡᠳᠡᠭᠦᠯᠦᠨ ᠬᠦᠷᠭᠡᠬᠦ ᠰᠢᠰᠲ᠋ᠧᠮ》᠎ᠳᠤ ᠣᠷᠣᠭᠤᠯᠤᠭᠰᠠᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ᠎ᠨᠢ ᠵᠢᠷᠤᠮᠵᠢᠯ ᠦᠭᠡᠶ᠂ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠶ᠎ᠳᠤᠨᠢ᠎ᠳᠤ᠎ᠨᠢ ᠣᠯᠵᠤ ᠮᠡᠳᠡᠭᠰᠡᠨ ᠦᠭᠡᠶ᠂ ᠴᠡᠭᠴᠡᠯᠡᠨ ᠥᠭᠡᠷᠡᠴᠢᠯᠡᠬᠦ᠎ᠪᠠᠷ ᠮᠡᠳᠡᠭᠳᠡᠭᠰᠡᠨ᠎ᠤ ᠳᠠᠷᠠᠭ᠎ᠠ ᠲᠡᠷᠡ ᠶᠣᠰᠣᠭ᠋ᠠᠷ᠎ᠨᠢ ᠨᠠᠶ᠋ᠢᠳᠠᠪᠤᠷᠢᠵᠢᠭᠤᠯᠤᠭᠰᠠᠨ ᠦᠭᠡᠶ᠂ ᠲᠤᠰ ᠤᠯᠠᠷᠢᠯ᠎ᠤᠨ ᠰᠣᠩᠭᠣᠨ ᠪᠠᠶ᠋ᠢᠴᠠᠭ᠋ᠠᠯᠲᠠ᠎ᠳᠤ ᠵᠠᠷᠢᠮ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠭᠤᠯᠭ᠎ᠠ᠎ᠪᠠᠨ ᠤᠷᠲᠤ ᠬᠤᠭᠤᠴᠠᠭ᠎ᠠ ᠰᠢᠨᠡᠳᠬᠡᠭᠰᠡᠨ ᠦᠭᠡᠶ ᠪᠠᠢ᠌ᠳᠠᠯ ᠣᠷᠣᠰᠢᠵᠤ ᠪᠤᠢ᠂ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《  ᠤᠯᠠᠭ᠋ᠠᠨᠪᠤᠬ᠎ᠠ ᠵᠢᠱ᠌ᠢᠶ᠎ᠡ ᠦᠵᠡᠭᠦᠯᠬᠦ ᠣᠷᠣᠨ᠎ᠤ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠣᠪᠴᠢᠶ᠎ᠠ》 《ᠲᠦᠩᠯᠢᠶᠣᠤ ᠬᠣᠲᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠲᠠᠪᠤᠳᠤᠭ᠋ᠠᠷ ᠶᠡᠬᠡ ᠠᠩᠭᠢ》 《ᠬᠥᠬᠡᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ》᠂ ᠰᠢᠨ ᠯᠠᠩ ᠪᠢᠴᠢᠯ ᠪᠦᠷᠭᠡ (新浪微博) 《ᠭᠠᠭᠴᠠᠮᠣᠳᠣ ᠵᠢᠨ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠶᠡᠬᠡ ᠠᠩᠭᠢ》 《ᠤᠯᠠᠭ᠋ᠠᠶ ᠵᠢᠨ ᠵᠢᠭᠤᠯᠴᠢᠯᠠᠯ》᠂ ᠥᠨᠥᠳᠦᠷ᠎ᠤᠨ ᠲᠡᠷᠢᠭᠦᠨ ᠵᠤᠷᠪᠤᠰ (今日头条) 《ᠳᠥᠷᠪᠡᠳ ᠬᠣᠰᠢᠭᠤᠨ᠎ᠤ ᠵᠠᠮ ᠬᠠᠷᠢᠯᠴᠠᠭ᠋ᠠᠨ᠎ᠤ ᠴᠠᠭᠳᠠᠭ᠎ᠠ》᠂ TikTok ᠣᠬᠣᠷ ᠸᠢᠳᠢᠣ᠋ 《ᠳᠠᠷᠬᠠᠨ ᠮᠣᠣᠮᠢᠩᠭ᠋ᠠᠨ᠎ᠤ ᠴᠠᠭᠳᠠᠭ᠋ᠠᠨ᠎ᠤ ᠶᠠᠪᠤᠳᠠᠯ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠨᠢ ᠴᠥᠮ ᠠᠭᠤᠯᠭ᠎ᠠ᠎ᠪᠠᠨ ᠣᠷᠳᠣ ᠬᠤᠭᠤᠴᠠᠭ᠎ᠠ᠎ᠪᠠᠷ ᠰᠢᠨᠡᠳᠬᠡᠭᠰᠡᠨ ᠥᠬᠡᠶ᠃ ᠵᠠᠷᠢᠮ ᠭᠠᠵᠠᠷ ᠣᠷᠣᠨ ᠪᠣᠯᠤᠨ ᠰᠠᠯᠠᠭ᠎ᠠ ᠮᠥᠴᠢᠷ᠎ᠤᠳ ᠪᠡᠶ᠎ᠡ᠎ᠪᠠᠨ ᠳᠠᠭ᠋ᠠᠭ᠋ᠠᠵᠤ ᠬᠠᠮᠢᠶᠠᠷᠬᠤ ᠲᠠᠯ᠎ᠠ᠎ᠪᠠᠷ ᠳᠤᠲᠠᠮᠠᠭ ᠪᠠᠶ᠋ᠢᠵᠤ᠂ ᠥᠪᠡᠷᠲᠡᠭᠡᠨ ᠪᠠᠶ᠋ᠢᠴᠠᠭ᠋ᠠᠵᠤ ᠴᠡᠭᠴᠡᠯᠡᠨ ᠥᠭᠡᠷᠡᠴᠢᠯᠡᠬᠦ ᠠᠵᠢᠯ᠎ᠢ ᠬᠠᠰᠢ ᠶᠠᠰᠢ᠎ᠪᠠᠷ ᠠᠷᠭ᠋ᠠᠴᠠᠭ᠋ᠠᠵᠤ᠂ ᠤᠯᠠᠷᠢᠯ᠎ᠤᠨ ᠰᠣᠭᠣᠴᠢᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠲᠠᠢ ᠬᠠᠷᠢᠴᠠᠭᠤᠯᠤᠨ 《ᠨᠢᠭᠡ᠎ᠠᠴᠠ ᠨᠦᠬᠦᠭᠡ ᠵᠢ ᠵᠦᠢ᠍ᠴᠢᠯᠡᠵᠦ》 ᠥᠪᠡᠷ᠎ᠢ᠎ᠪᠠᠨ ᠪᠠᠶ᠋ᠢᠴᠠᠭ᠋ᠠᠭᠰᠠᠨ ᠥᠬᠡᠶ᠎ᠠᠴᠠ ᠪᠣᠯᠵᠣ᠂ ᠠᠳᠠᠯᠢ ᠲᠥᠷᠥᠯ᠎ᠤᠨ ᠠᠰᠠᠭᠤᠳᠠᠯ ᠳᠠᠬᠢᠨ ᠳᠠᠪᠲᠠᠨ ᠢᠯᠡᠷᠡᠵᠦ ᠪᠤᠢ᠂ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠪᠠᠭ᠋ᠠᠲᠤᠷᠯᠢᠭ ᠳᠠᠷᠬᠠᠨ ᠮᠣᠣᠮᠢᠩᠭ᠋ᠠᠨ᠎ᠤ ᠮᠣᠩᠭᠣᠯ ᠨᠡᠢ᠌ᠲᠡᠯᠡᠯ》 《ᠵᠠᠷᠤᠳ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ》 《ᠤᠯᠠᠭ᠋ᠠᠨᠴᠠᠪ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠨᠠᠮ᠎ᠤᠨ ᠪᠠᠶ᠋ᠢᠭᠤᠯᠤᠯᠲᠠ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠪᠦᠲᠦᠮᠵᠢᠲᠡᠶ ᠬᠠᠷᠢᠯᠴᠠᠨ ᠦᠢ᠍ᠯᠡᠳᠦᠯᠴᠡᠬᠦ ᠴᠢᠳᠠᠮᠵᠢ ᠬᠠᠩᠭ᠋ᠠᠭᠰᠠᠨ ᠥᠬᠡᠶ᠃
      ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ
      (ᠨᠢᠭᠡ) ᠪᠠᠢ᠌ᠩᠭᠤᠵᠢᠭᠰᠠᠨ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠪᠠᠶ᠋ᠢᠩᠭᠤᠵᠢᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳᠦᠷ ᠲᠤᠲᠤᠮ᠎ᠤᠨ ᠬᠢᠨᠠᠨ ᠰᠢᠨᠵᠢᠯᠡᠯᠲᠡ ᠵᠢ ᠴᠢᠩᠭ᠋ᠠᠳᠬᠠᠵᠤ᠂ ᠨᠢᠭᠡᠳᠦᠯᠲᠡᠶ ᠵᠢᠷᠤᠮᠵᠢᠭᠤᠯᠤᠨ ᠬᠠᠮᠢᠶᠠᠷᠴᠤ᠂ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠭᠣᠣᠴᠢᠯᠠᠨ ᠬᠠᠮᠢᠶᠠᠷᠴᠤ ᠪᠠᠢ᠌ᠭ᠎ᠠ ᠨᠢᠭᠡᠴᠢ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ᠎ᠤᠨ ᠬᠣᠯᠪᠣᠭᠳᠠᠯ ᠪᠥᠬᠥᠶ ᠵᠦᠢ᠍ᠯᠡᠰ᠎ᠢ ᠵᠢᠷᠤᠮᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠬᠢᠭᠡᠳ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠯᠪᠠᠨ ᠭᠡᠷ᠎ᠤᠨ ᠮᠡᠳᠡᠭᠳᠡᠯ》 (ᠲᠥᠷᠥ ᠠᠯᠪᠠᠨ ᠢᠯᠡ ᠪᠣᠯᠭ᠋ᠠᠬᠤ ᠠᠯᠪᠠᠨ ᠵᠠᠬᠢᠳᠠᠯ [2019] 61 ᠳ᠋ᠦ᠍ᠭᠡᠷ ᠲᠣᠭ᠋ᠠᠲᠤ)᠎ᠤᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠠᠪᠴᠠᠩ》᠎ᠤᠨ ᠪᠠᠶ᠋ᠢᠭᠤᠯᠤᠯᠲᠠ ᠵᠢᠨ ᠪᠠᠶ᠋ᠢᠳᠠᠯ᠎ᠳᠤ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠥᠷᠨᠢᠭᠦᠯᠵᠦ᠂ ᠪᠤᠯᠤᠩ ᠲᠣᠬᠢᠷᠠᠭᠤᠯᠬᠤ ᠪᠠ ᠠᠭᠤᠯᠭ᠎ᠠ ᠵᠢᠨ ᠬᠠᠮᠢᠶᠠᠷᠤᠯᠲᠠ ᠵᠢ ᠵᠢᠷᠤᠮᠵᠢᠭᠤᠯᠤᠨ᠂ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠣᠨᠣᠪᠴᠢᠲᠠᠶ ᠨᠡᠢ᠌ᠲᠡᠯᠡᠬᠦ ᠬᠡᠷᠡᠭᠲᠡᠢ᠃ ᠡᠭᠦᠨ᠎ᠤ ᠬᠠᠮᠲᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢ ᠪᠤᠷᠤᠭᠤ ᠲᠠᠭᠯᠠᠨ ᠮᠡᠳᠡᠭᠦᠯᠦᠭᠰᠡᠨ ᠠᠰᠠᠭᠤᠳᠠᠯ᠎ᠢ ᠤᠯᠠᠮ ᠨᠢᠭᠡ ᠠᠯᠬᠤᠮ ᠵᠢᠭᠰᠠᠭ᠋ᠠᠨ ᠪᠠᠶ᠋ᠢᠴᠠᠭ᠋ᠠᠵᠤ᠂ ᠦᠨᠳᠦᠰᠦᠨ ᠮᠡᠳᠡᠭᠡ ᠵᠠᠩᠭᠢ ᠵᠢᠨ ᠦᠨᠡᠨ ᠪᠣᠳᠠᠲᠠᠶ ᠪᠥᠭᠡᠳ ᠵᠢᠷᠤᠮᠵᠢᠯ᠎ᠲᠠᠢ᠂ ᠵᠥᠪ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ; ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ 《ᠬᠦᠰᠢᠮᠡᠯ》 《ᠬᠣᠭᠣᠰᠣᠨ》 ᠨᠣᠮᠧᠷ᠎ᠢ ᠠᠷᠢᠯᠭ᠋ᠠᠨ ᠴᠡᠪᠡᠷᠯᠡᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠨᠣᠮᠧᠷ᠎ᠤᠨ ᠦᠢ᠍ᠯᠡᠴᠢᠯᠡᠭᠡᠨ᠎ᠳᠤ ᠬᠡᠷᠡᠭᠯᠡᠵᠦ ᠪᠣᠯᠬᠤ᠂ ᠬᠡᠷᠡᠭᠯᠡᠬᠦ᠎ᠳᠤ ᠰᠠᠶ᠋ᠢᠨ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠡᠷᠡᠭᠯᠡᠭᠴᠢ ᠵᠢᠨ ᠬᠡᠷᠡᠭᠯᠡᠭᠡᠨ᠎ᠤ ᠲᠥᠷᠥᠭᠳᠡᠯ᠎ᠢ ᠳᠡᠭᠡᠭᠰᠢᠯᠡᠭᠦᠯᠬᠦ ᠬᠡᠷᠡᠭᠲᠡᠢ᠃
      (ᠬᠣᠶᠠᠷ) ᠠᠭᠤᠯᠭ᠎ᠠ ᠵᠢᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠲᠥᠷᠥ ᠵᠢᠨ ᠪᠣᠳᠣᠯᠭ᠎ᠠ ᠵᠢᠨ ᠤᠯᠠᠮᠵᠢᠯᠠᠨ ᠳᠠᠮᠵᠢᠭᠤᠯᠬᠤ ᠴᠢᠳᠠᠮᠵᠢ᠎ᠪᠠᠨ ᠴᠢᠩᠭ᠋ᠠᠳᠬᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠡᠷᠭᠡ ᠡᠷᠬᠡ ᠰᠦᠷᠲᠦ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠨᠡᠢ᠌ᠲᠡᠯᠡᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢ ᠨᠡᠢ᠌ᠲᠡᠯᠡᠨ ᠲᠠᠶ᠋ᠢᠯᠪᠤᠷᠢᠯᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠰᠥᠭ ᠪᠢᠴᠢᠭ᠎ᠤᠨ ᠠᠭᠤᠯᠭ᠎ᠠ ᠵᠢ ᠬᠢᠨᠠᠨ ᠬᠠᠷᠭᠤᠭᠤᠯᠬᠤ ᠪᠣᠭᠣᠮᠲᠠ ᠵᠢ ᠴᠢᠩᠭ᠋ᠠᠳᠬᠠᠨ᠂ ᠣᠯᠠᠨ ᠲᠦᠮᠡᠨ ᠪᠠ ᠠᠵᠤ ᠠᠬᠤᠶ᠋ᠢᠯᠠᠯ᠎ᠳᠤ ᠲᠥᠬᠥᠮ ᠪᠥᠭᠡᠳ ᠬᠡᠷᠡᠭᠴᠡᠭᠡ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠠᠭ ᠲᠤᠬᠠᠶ᠎ᠳᠤ᠎ᠨᠢ ᠬᠠᠩᠭ᠋ᠠᠬᠤ ᠬᠡᠷᠡᠭᠲᠡᠶ᠃ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠣᠭ᠎ᠠ ᠪᠠᠷᠢᠮᠲᠠ᠎ᠨᠢ ᠠᠳᠠᠯᠢ ᠢᠷᠡᠯᠲᠡ᠎ᠲᠠᠢ᠂ ᠦᠢ᠍ᠯᠡᠴᠢᠯᠡᠭᠡ᠎ᠨᠢ ᠠᠳᠠᠯᠢ ᠦᠨᠳᠦᠰᠦ᠎ᠲᠠᠢ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ᠂ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃
      (ᠭᠤᠷᠪᠠ) ᠰᠦᠯᠵᠢᠶᠡᠨ᠎ᠤ ᠠᠷᠠᠳ᠎ᠤᠨ ᠦᠯᠡᠳᠡᠭᠡᠭᠰᠡᠨ ᠠᠰᠠᠭᠤᠯᠲᠠ ᠵᠢ ᠬᠠᠷᠢᠭᠤᠯᠤᠨ ᠭᠦᠢ᠍ᠴᠡᠳᠬᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠰᠦᠯᠵᠢᠶᠡᠨ᠎ᠤ ᠠᠷᠠᠳ᠎ᠤᠨ ᠦᠯᠡᠳᠡᠭᠡᠭᠰᠡᠨ ᠠᠰᠠᠭᠤᠯᠲᠠ᠎ᠳᠤ ᠬᠠᠷᠢᠭᠤᠯᠲᠠ ᠥᠭᠬᠦ ᠠᠵᠢᠯ᠎ᠢ ᠴᠢᠬᠤᠯᠠᠴᠢᠯᠠᠨ ᠦᠵᠡᠵᠦ᠂ ᠠᠵᠢᠯ᠎ᠤᠨ ᠲᠣᠭᠲᠠᠴᠠ ᠵᠢᠴᠢ ᠴᠣᠪᠣᠷᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰᠬᠠᠶ ᠬᠥᠮᠦᠨ ᠵᠶ᠋ᠠᠷ ᠬᠠᠷᠢᠴᠠᠭᠤᠯᠵᠤ᠂ ᠰᠢᠢ᠍ᠳᠪᠦᠷᠢᠯᠡᠬᠦ ᠴᠠᠭ᠎ᠤᠨ ᠬᠢᠵᠠᠭ᠋ᠠᠷ᠎ᠢ ᠴᠢᠩᠭ᠎ᠠ ᠵᠢᠷᠤᠮᠯᠠᠵᠤ᠂ ᠶᠠᠪᠤᠳᠠᠯ ᠪᠣᠯᠭ᠋ᠠᠨ᠎ᠢ ᠨᠠᠶ᠋ᠢᠳᠠᠪᠤᠷᠢᠵᠢᠭᠤᠯᠵᠤ᠂ ᠶᠠᠪᠤᠳᠠᠯ ᠪᠣᠯᠭ᠋ᠠᠨ᠎ᠳᠤ ᠬᠠᠷᠢᠭᠤ ᠥᠭᠬᠦ ᠬᠡᠷᠡᠭᠲᠡᠶ᠃ ᠰᠦᠯᠵᠢᠶᠡᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠷᠢᠯᠴᠠᠭ᠋ᠠᠨ᠎ᠤ ᠠᠷᠭ᠎ᠠ ᠵᠠᠮ ᠵᠶ᠋ᠠᠷ ᠳᠠᠮᠵᠢᠭᠤᠯᠤᠨ ᠳᠤᠷᠠᠳᠤᠭᠰᠠᠨ ᠠᠰᠠᠭᠤᠳᠠᠯ ᠪᠠ ᠰᠠᠨᠠᠯ ᠰᠠᠨᠠᠭᠤᠯᠭ᠎ᠠ ᠵᠢ ᠴᠠᠭ ᠲᠤᠬᠠᠶ᠎ᠳᠤ᠎ᠨᠢ ᠨᠠᠷᠢᠨ ᠬᠢᠨᠠᠮᠠᠭ᠋ᠠᠶ ᠰᠤᠳᠤᠯᠤᠨ ᠤᠩᠰᠢᠬᠤ ᠪᠠ ᠬᠠᠷᠢᠭᠤᠯᠲᠠ ᠥᠭᠴᠦ᠂ ᠵᠠᠰᠠᠭ᠎ᠤᠨ ᠣᠷᠳᠣᠨ᠎ᠤ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
      (ᠳᠥᠷᠪᠡ) 2021 ᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯ᠎ᠤᠨ ᠮᠡᠳᠡᠭᠦᠯᠦᠯᠲᠡ ᠵᠢᠨ ᠬᠦᠰᠦᠨᠦᠭᠲᠦ ᠵᠢ ᠨᠡᠶ᠋ᠢᠲᠡᠯᠡᠬᠦ ᠠᠵᠢᠯ᠎ᠢ ᠰᠠᠶ᠋ᠢᠲᠤᠷ ᠬᠢᠨ᠎ᠠ᠃ 《ᠵᠠᠰᠠᠭ᠎ᠤᠨ ᠣᠷᠳᠣᠨ᠎ᠤ ᠰᠦᠯᠵᠢᠶᠡᠨ᠎ᠤ ᠣᠨ᠎ᠤ ᠮᠡᠳᠡᠭᠦᠯᠦᠯᠲᠡ ᠵᠢᠨ ᠬᠦᠰᠦᠨᠦᠭᠲᠦ ᠵᠢ ᠨᠡᠶ᠋ᠢᠲᠡᠯᠡᠬᠦ ᠠᠵᠢᠯ᠎ᠢ ᠰᠠᠶ᠋ᠢᠲᠤᠷ ᠬᠢᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠵᠠᠬᠢᠳᠠᠯ [2018] 12 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ 《ᠬᠠᠷᠢᠶ᠎ᠠ ᠣᠷᠣᠨ ᠵᠶ᠋ᠠᠷ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠤᠷᠢᠳ ᠵᠶ᠋ᠠᠷ ᠬᠢᠨᠠᠵᠤ ᠳᠠᠷᠠᠭ᠎ᠠ᠎ᠨᠢ ᠲᠠᠷᠬᠠᠭ᠋ᠠᠬᠤ》 ᠵᠠᠷᠴᠢᠮ ᠶᠣᠰᠣᠭ᠋ᠠᠷ᠂ 2022 ᠣᠨ᠎ᠤ 1 ᠳ᠋ᠦ᠍ᠭᠡᠷ ᠰᠠᠷ᠎ᠠ ᠵᠢᠨ 31᠎ᠤ ᠡᠳᠦᠷ᠎ᠠᠴᠠ ᠡᠮᠦᠨ᠎ᠡ 2021 ᠣᠨ᠎ᠤ 《ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯ᠎ᠤᠨ ᠣᠨ᠎ᠤ ᠮᠡᠳᠡᠭᠦᠯᠦᠯᠲᠡ ᠵᠢᠨ ᠬᠦᠰᠦᠨᠦᠭᠲᠦ》 ᠵᠢ ᠲᠠᠭᠯᠠᠨ ᠮᠡᠳᠡᠭᠦᠯᠬᠦ ᠠᠵᠢᠯ᠎ᠢ ᠳᠠᠭᠤᠰᠬᠠᠵᠤ᠂ ᠮᠡᠳᠡᠭᠡ ᠵᠠᠩᠭᠢ ᠵᠢ ᠢᠯᠡ ᠪᠣᠯᠭ᠋ᠠᠬᠤ ᠭᠠᠷᠴᠠᠭ᠎ᠲᠤ ᠣᠷᠣᠭᠤᠯᠬᠤ ᠵᠢᠨ ᠬᠠᠮᠲᠤ᠂ ᠰᠦᠯᠵᠢᠶᠡᠨ᠎ᠤ ᠲᠦᠷᠦᠭᠦᠤ ᠨᠢᠭᠤᠷ᠎ᠤᠨ ᠢᠯᠡ ᠪᠠᠶ᠋ᠢᠷᠢᠨ᠎ᠳᠤ ᠨᠡᠶ᠋ᠢᠲᠡᠯᠡᠬᠦ ᠬᠡᠷᠡᠭᠲᠡᠶ᠃ ᠣᠨ᠎ᠤ ᠮᠡᠳᠡᠭᠦᠯᠦᠯᠲᠡ ᠵᠢ ᠬᠢᠨᠠᠨ ᠬᠠᠷᠭᠤᠭᠤᠯᠬᠤ ᠪᠣᠭᠣᠮᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠭᠤᠯᠭ᠎ᠠ ᠵᠢᠨ ᠪᠦᠷᠢᠨ ᠪᠦᠲᠦᠨ ᠪᠥᠭᠡᠳ ᠵᠢᠷᠤᠮᠵᠢᠯ᠎ᠲᠠᠢ᠂ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶ᠋ᠢᠬᠤ ᠵᠢ ᠪᠠᠲᠤᠯᠠᠭᠰᠠᠨ᠎ᠤ ᠳᠠᠷᠠᠭ᠎ᠠ ᠳᠠᠬᠢᠨ ᠢᠯᠡ᠎ᠪᠠᠷ ᠨᠡᠶ᠋ᠢᠲᠡᠯᠡᠬᠦ ᠵᠢᠨ ᠬᠠᠮᠲᠤ 《ᠪᠥᠬᠥ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠮᠡᠳᠡᠭᠡ ᠵᠠᠩᠭᠢ ᠵᠢᠨ ᠮᠡᠳᠡᠭᠦᠯᠦᠨ ᠬᠦᠷᠭᠡᠬᠦ ᠰᠢᠰᠲ᠋ᠧᠮ》᠎ᠳᠤ ᠲᠠᠭᠯᠠᠨ ᠮᠡᠳᠡᠭᠦᠯᠬᠦ ᠠᠵᠢᠯ᠎ᠢ ᠴᠠᠭ ᠲᠤᠬᠠᠶ᠎ᠳᠤ᠎ᠨᠢ ᠪᠡᠶᠡᠯᠡᠭᠦᠯᠬᠦ ᠬᠡᠷᠡᠭᠲᠡᠶ᠃ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠫᠣᠷᠲᠸᠯ ᠰᠦᠯᠵᠢᠶ᠎ᠡ᠎ᠨᠢ ᠲᠡᠷᠢᠭᠦᠨ ᠨᠢᠭᠤᠷ᠎ᠲᠤ᠎ᠪᠠᠨ ᠲᠤᠰᠬᠠᠶ ᠪᠤᠯᠤᠩ ᠭᠠᠷᠭ᠋ᠠᠵᠤ᠂ ᠲᠣᠰ ᠭᠠᠵᠠᠷ᠎ᠤᠨ ᠵᠶ᠋ᠠᠨ ᠡᠯ᠎ᠡ ᠱᠠᠲᠤᠨ᠎ᠤ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯ᠎ᠤᠨ ᠣᠨ᠎ᠤ ᠮᠡᠳᠡᠭᠦᠯᠦᠯᠲᠡ ᠵᠢᠨ ᠬᠦᠰᠦᠨᠦᠭᠲᠦ ᠵᠢ ᠲᠥᠪᠯᠡᠷᠡᠭᠦᠯᠦᠨ ᠨᠡᠶ᠋ᠢᠲᠡᠯᠡᠬᠦ ᠬᠡᠷᠡᠭᠲᠡᠶ᠃
      2021 ᠣᠨ᠎ᠤ ᠳᠥᠷᠪᠡᠳᠦᠭᠡᠷ ᠤᠯᠠᠷᠢᠯ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠰᠤᠭᠤᠴᠢᠨ ᠪᠠᠢ᠌ᠴᠠᠭ᠋ᠠᠯᠲᠠ᠎ᠳᠤ ᠠᠰᠠᠭᠤᠳᠠᠯ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠴᠠᠭ ᠲᠤᠬᠠᠶ᠎ᠳᠤ᠎ᠨᠢ ᠴᠡᠭᠴᠡᠯᠡᠨ ᠥᠭᠡᠷᠡᠴᠢᠯᠡᠵᠦ᠂ ᠴᠡᠭᠴᠡᠯᠡᠨ ᠥᠭᠡᠷᠡᠴᠢᠯᠡᠭᠰᠡᠨ ᠪᠠᠶ᠋ᠢᠳᠠᠯ ᠵᠶ᠋ᠡᠨ ᠵᠠᠷᠯᠠᠨ ᠨᠡᠶ᠋ᠢᠲᠡᠯᠡᠭᠰᠡᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠠᠷᠢᠭᠤ ᠲᠤᠰᠬᠠᠬᠤ ᠬᠡᠷᠡᠭᠲᠡᠶ᠃

ᠳᠠᠭ᠋ᠠᠯᠳᠤᠭᠤᠯᠤᠯ᠄
1. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ


1_01.jpg


2. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠰᠣᠭᠣᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠥᠬᠡᠶ ᠪᠠᠶ᠋ᠢᠳᠠᠯ


2.jpg


3. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ


3.jpg


                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ
                        2021 ᠣᠨ᠎ᠤ 12 ᠳ᠋ᠤᠭ᠋ᠠᠷ ᠰᠠᠷ᠎ᠠ ᠵᠢᠨ 23᠎ᠤ ᠡᠳᠦᠷ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ