ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ 《〈 2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠬᠦ ᠹᠢᠯᠢᠮ᠎ᠳᠤ ᠨᠡᠢ᠌ᠲᠡᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠤᠨ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ [2022] 1041 ᠳ᠋ᠦ᠍ᠭᠡᠷ ᠲᠣᠭ᠋ᠠᠲᠤ) ᠪᠠ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠰᠡᠷᠡᠮᠵᠢᠯᠡᠭᠦᠯᠬᠦ ᠹᠢᠯᠢᠮ᠎ᠳᠤ ᠨᠡᠢ᠌ᠲᠡᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠢ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠪᠠ ᠥᠭᠡᠷᠡᠴᠢᠯᠡᠯᠲᠡ ᠭᠠᠵᠠᠷ ᠣᠷᠣᠨ ᠥᠰᠥᠭ [2022] 1286 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠤᠭ᠋ᠠᠷ ᠂ ᠬᠢᠨᠠᠨ ᠪᠠᠢ᠌ᠴᠠᠭ᠋ᠠᠯᠲᠠ ᠪᠠ ᠬᠠᠷᠭᠤᠭᠤᠯᠤᠨ ᠪᠠᠢ᠌ᠴᠠᠭ᠋ᠠᠯᠲᠠ᠎ᠪᠠᠷ ᠳᠠᠮᠵᠢᠨ ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠲᠦᠷᠦᠭᠦᠯᠡᠨ ᠬᠢᠨᠠᠨ ᠬᠠᠮᠢᠶᠠᠷᠴᠤ ᠪᠠᠢ᠌ᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ ᠵᠢᠨ ᠱᠧᠨ ᠬᠤᠸᠠ ᠪᠦᠯᠦᠭᠯᠡᠯ᠎ᠤᠨ ᠵᠢᠨ ᠹᠧᠩ ᠬᠢᠵᠠᠭ᠋ᠠᠷᠲᠤ ᠬᠠᠷᠢᠭᠤᠴᠠᠯᠭ᠋ᠠᠲᠤ ᠺᠤᠮᠫᠠᠨᠢ ᠵᠢᠨ ᠼᠦᠨ ᠼᠣᠤ ᠲᠠ ᠨᠡᠭᠦᠷᠡᠰᠦᠨ ᠠᠭᠤᠷᠬᠠᠢ ᠨᠢ ᠠᠭᠤᠷᠬᠠᠢ ᠵᠢᠨ ᠭᠧᠣᠯᠣᠭᠢ ᠵᠢᠨ ᠣᠷᠴᠢᠨ ᠲᠣᠭᠣᠷᠢᠨ᠎ᠢ ᠬᠠᠮᠠᠭ᠋ᠠᠯᠠᠨ ᠵᠠᠰᠠᠵᠤ ᠰᠡᠷᠭᠦᠭᠡᠬᠦ ᠲᠥᠰᠥᠯ᠎ᠢ ᠲᠣᠭᠲᠠᠭ᠋ᠠᠯ ᠶᠣᠰᠣᠭ᠋ᠠᠷ ᠨᠠᠢ᠌ᠷᠠᠭᠤᠯᠤᠨ ᠵᠣᠬᠢᠶᠠᠭᠰᠠᠨ ᠦᠭᠡᠢ᠂ 2010 ᠣᠨ᠎ᠤ ᠭᠠᠵᠠᠷ ᠰᠢᠷᠣᠢ ᠵᠢ ᠰᠡᠷᠭᠦᠭᠡᠨ ᠬᠠᠭ᠋ᠠᠯᠪᠤᠷᠢᠯᠠᠬᠤ ᠲᠥᠰᠥᠯ᠎ᠤᠨ ᠮᠡᠳᠡᠭᠦᠯᠦᠯᠲᠡ ᠵᠢᠨ ᠪᠢᠴᠢᠭ᠎ᠲᠤ ᠰᠡᠷᠭᠦᠭᠡᠨ ᠬᠠᠭ᠋ᠠᠯᠪᠤᠷᠢᠯᠠᠬᠤ ᠲᠠᠯᠠᠪᠠᠶ ᠨᠢ 18.35 ᠺᠦᠸᠠᠳ᠋ ᠺᠢᠯᠣᠮᠧᠲᠷ ᠂ ᠶᠡᠷᠦᠩᠬᠡᠢ ᠪᠡᠯᠡ ᠣᠷᠤᠭᠤᠯᠤᠯᠲᠠ ᠨᠢ 8658.63 ᠲᠦᠮᠡᠨ ᠲᠥᠭᠥᠷᠢᠭ ᠪᠠᠢ᠌ᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ ᠃ ᠭᠡᠪᠡᠴᠦ ᠪᠣᠳᠠᠲᠠᠢ ᠰᠢᠯᠭ᠋ᠠᠨ ᠠᠪᠬᠤ ᠦᠶ᠎ᠡ᠎ᠳᠤ ᠰᠡᠷᠭᠦᠭᠡᠨ ᠬᠠᠭ᠋ᠠᠯᠪᠤᠷᠢᠯᠠᠭᠰᠠᠨ ᠲᠠᠯᠠᠪᠠᠶ᠎ᠨᠢ ᠵᠥᠪᠬᠡᠨ 5.967 ᠺᠦᠸᠠᠳ᠋ ᠺᠢᠯᠣᠮᠧᠲᠷ᠂ ᠵᠠᠰᠠᠯᠲᠠ᠎ᠳᠤ ᠬᠡᠷᠡᠭᠯᠡᠭᠰᠡᠨ ᠪᠡᠯᠡ ᠣᠷᠤᠭᠤᠯᠤᠯᠲᠠ᠎ᠨᠢ ᠵᠥᠪᠬᠡᠨ 942 ᠲᠦᠮᠡᠨ ᠲᠥᠭᠥᠷᠢᠭ ᠪᠠᠢ᠌ᠵᠤ᠂ ᠰᠡᠷᠭᠦᠭᠡᠨ ᠬᠠᠭ᠋ᠠᠯᠪᠤᠷᠢᠯᠠᠬᠤ ᠠᠵᠢᠯ ᠬᠦᠨᠳᠦ ᠨᠣᠴᠢᠲᠠᠢ ᠪᠠᠭ᠋ᠠᠰᠤᠭᠰᠠᠨ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠨᠢ ᠳ᠋ᠤᠭ᠋ᠠᠷ᠎ᠢ ᠬᠠᠰᠤᠬᠤ ᠨᠥᠬᠥᠴᠡᠯ᠎ᠳᠤ ᠨᠡᠢ᠌ᠴᠡᠵᠦ ᠪᠠᠢ᠌ᠨ᠎ᠠ᠂ ᠡᠳᠦᠭᠡ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠵᠠᠷᠯᠠᠨ ᠨᠡᠢ᠌ᠲᠡᠯᠡᠶ᠎ᠡ ᠃
ᠵᠠᠷᠯᠠᠨ ᠨᠡᠢ᠌ᠲᠡᠯᠡᠬᠦ ᠴᠠᠭ᠄ 2023 ᠣᠨ᠎ᠤ 5 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 2023 ᠣᠨ᠎ᠤ 5 ᠳ᠋ᠤᠭ᠋ᠠᠷ ᠰᠠᠷ᠎ᠠ ᠵᠢᠨ 17᠎ᠤ ᠡᠳᠦᠷ
ᠵᠠᠷᠯᠠᠨ ᠨᠡᠢ᠌ᠲᠡᠯᠡᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠨᠢᠭᠡᠴᠢ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠬᠠᠷᠢᠯᠴᠠᠬᠤ ᠤᠲᠠᠰᠤ ᠄ 0471 — 4215821
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠡᠮᠦᠨ᠎ᠡ ᠬᠣᠶᠠᠳᠤᠭ᠋ᠠᠷ ᠲᠣᠭᠣᠷᠢᠯ ᠵᠠᠮ᠎ᠤᠨ 11 ᠳ᠋ᠦ᠍ᠭᠡᠷ ᠨᠣᠮᠧᠷ
ᠰᠢᠤᠳᠠᠨ ᠳ᠋ᠤᠭ᠋ᠠᠷ᠄ 010010