ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ
ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠯᠪᠠᠨ ᠵᠠᠷᠯᠠᠯ
ᠲᠠᠪᠢᠳᠤᠭ᠋ᠠᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠶᠠᠨ ᠰᠢᠶᠠᠨ ᠳ᠋ᠦᠩ ᠥᠪᠡᠷᠲᠡᠭᠡᠨ ᠵᠠᠰᠠᠬᠤ ᠣᠷᠣᠨ᠎ᠠᠴᠠ ᠠᠵᠢᠯ ᠰᠢᠯᠵᠢᠪᠡ ᠃ 《 ᠪᠦᠭᠦᠳᠠ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ ᠶᠠᠨ ᠰᠢᠶᠠᠨ ᠳ᠋ᠦᠩ᠎ᠤᠨ ᠲᠥᠯᠥᠭᠡᠯᠡᠭᠴᠢ ᠵᠢᠨ ᠬᠢᠷᠢ ᠭᠡᠮ᠎ᠢ ᠵᠣᠭᠰᠣᠭ᠋ᠠᠪᠠ ᠃ 《 ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠰᠣᠩᠭᠣᠭᠤᠯᠢ ᠵᠢᠨ ᠬᠠᠤᠯᠢ 》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠂ ᠶᠠᠨ ᠰᠢᠶᠠᠨ ᠳ᠋ᠦᠩ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠭᠡᠰᠢᠭᠦᠨ᠎ᠤ ᠲᠤᠰᠢᠶᠠᠯ᠎ᠢ ᠠᠶᠠᠨᠳᠠᠭ᠋ᠠᠨ ᠵᠣᠭᠰᠣᠭ᠋ᠠᠪᠠ ᠃
ᠣᠳᠣᠬᠠᠨ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠣᠳᠠᠲᠠᠢ ᠪᠠᠢ᠌ᠭ᠎ᠠ ᠲᠥᠯᠥᠭᠡᠯᠡᠭᠴᠢ 531 ᠬᠥᠮᠥᠨ ᠪᠤᠢ ᠃
ᠣᠨᠴᠠᠭ᠋ᠠᠢ᠌ᠯᠠᠨ ᠵᠠᠷᠯᠠᠪᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ
ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ
2025 ᠣᠨ᠎ᠤ 3 ᠰᠠᠷ᠎ᠠ ᠵᠢᠨ 25᠎ᠤ ᠡᠳᠦᠷ