ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 10 ᠳ᠋ᠤᠭᠠᠷ ᠰᠠᠷ᠎ᠠ᠎ᠶᠢᠨ 9 ᠦ ᠡᠳᠦᠷ᠎ᠦᠨ ᠮᠡᠳᠡᠭᠡ ᠲᠦᠷᠦᠭᠦᠬᠡᠨ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠡᠯᠧᠺᠲᠷᠣᠨ ᠲᠠᠮᠠᠭ᠎ᠠ᠎ᠶᠢᠨ ᠬᠠᠮᠢᠶᠠᠷᠤᠯᠲᠠ᠎ᠶᠢᠨ ᠠᠷᠭ᠎ᠠ》 (ᠳᠣᠷᠣᠭ᠍ᠰᠢ 《ᠠᠷᠭ᠎ᠠ》 ᠭᠡᠵᠦ ᠲᠣᠪᠴᠢᠯᠠᠪᠠ)᠎ᠶᠢ ᠳᠠᠷᠤᠮᠠᠯᠯᠠᠨ ᠶᠠᠪᠤᠭᠤᠯᠵᠤ᠂ ᠡᠯᠧᠺᠲᠷᠣᠨ ᠲᠠᠮᠠᠭ᠎ᠠ᠎ᠶᠢᠨ ᠬᠠᠮᠢᠶᠠᠷᠤᠯᠲᠠ ᠪᠠ ᠬᠡᠷᠡᠭᠯᠡᠯᠲᠡ᠎ᠶᠢᠨ ᠠᠵᠢᠯᠯᠠᠭ᠎ᠠ᠎ᠶᠢ ᠵᠢᠷᠤᠮᠵᠢᠭᠤᠯᠪᠠ᠃ 《ᠠᠷᠭ᠎ᠠ》᠎ᠶᠢ ᠵᠠᠰᠠᠭ ᠵᠠᠬᠢᠷᠭᠠᠨ᠎ᠤ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠢᠴᠢ ᠬᠠᠤᠯᠢ ᠶᠣᠰᠣᠭᠠᠷ ᠪᠠᠢᠭᠤᠯᠤᠭᠳᠠᠭᠰᠠᠨ ᠪᠤᠰᠤᠳ ᠵᠣᠬᠢᠶᠠᠨ ᠪᠠᠢᠭᠤᠯᠤᠯᠲᠠ᠎ᠳᠤ ᠲᠣᠬᠢᠷᠠᠭᠤᠯᠤᠨ ᠬᠡᠷᠡᠭᠯᠡᠨ᠎ᠡ᠃
《ᠠᠷᠭ᠎ᠠ》᠎ᠳᠤ ᠡᠯᠧᠺᠲᠷᠣᠨ ᠲᠠᠮᠠᠭ᠎ᠠ ᠪᠣᠯ ᠨᠢᠭᠤᠴᠠ ᠺᠣᠳ᠋᠎ᠤᠨ ᠮᠡᠷᠭᠡᠵᠢᠯ ᠪᠠ ᠬᠠᠮᠢᠶ᠎ᠠ ᠪᠦᠬᠦᠢ ᠳ᠋ᠢᠭᠢᠲ ᠮᠡᠷᠭᠡᠵᠢᠯ᠎ᠳᠦ ᠰᠠᠭᠤᠷᠢᠯᠠᠨ ᠢᠯᠡᠷᠬᠡᠢᠯᠡᠬᠦ ᠲᠠᠮᠠᠭ᠎ᠠ᠎ᠶᠢᠨ ᠣᠨᠴᠠ ᠲᠣᠭᠲᠠᠭᠰᠠᠨ ᠵᠠᠭᠪᠤᠷ᠎ᠲᠤ ᠳ᠋ᠠᠢᠲ᠋ᠠ ᠪᠠᠢᠵᠤ᠂ ᠡᠯᠧᠺᠲᠷᠣᠨ ᠪᠢᠴᠢᠭ ᠮᠠᠲᠧᠷᠢᠶᠠᠯ᠎ᠳᠤ ᠨᠠᠢᠳᠠᠪᠤᠷᠢᠲᠠᠢ ᠡᠯᠧᠺᠲᠷᠣᠨ ᠭᠠᠷᠤᠨ ᠥᠰᠥᠭ ᠵᠢᠷᠤᠬᠤ᠎ᠶᠢ ᠪᠡᠶᠡᠯᠡᠭᠦᠯᠬᠦ᠎ᠳᠦ ᠬᠡᠷᠡᠭᠯᠡᠵᠦ᠂ ᠲᠣᠭᠲᠠᠭᠠᠯ᠎ᠳᠤ ᠨᠡᠢᠴᠡᠭᠰᠡᠨ ᠡᠯᠧᠺᠲᠷᠣᠨ ᠲᠠᠮᠠᠭ᠎ᠠ ᠨᠢ ᠪᠣᠳᠠᠲᠤ ᠲᠠᠮᠠᠭ᠎ᠠ ᠯᠤᠭ᠎ᠠ ᠠᠳᠠᠯᠢᠬᠠᠨ ᠬᠠᠤᠯᠢ ᠴᠠᠭᠠᠵᠠ᠎ᠶᠢᠨ ᠬᠦᠴᠦᠨ ᠲᠠᠢ ᠭᠡᠵᠦ ᠲᠣᠳᠣᠷᠬᠠᠢ ᠲᠣᠭᠲᠠᠭᠠᠪᠠ᠃
《ᠠᠷᠭ᠎ᠠ》᠎ᠳᠤ ᠡᠯᠧᠺᠲᠷᠣᠨ ᠲᠠᠮᠠᠭ᠎ᠠ᠎ᠶᠢᠨ ᠬᠠᠮᠢᠶᠠᠷᠤᠯᠲᠠ᠎ᠳᠤ ᠭᠤᠶᠤᠴᠢᠯᠠᠬᠤ᠂ ᠦᠢᠯᠡᠳᠬᠦ᠂ ᠳᠠᠩᠰᠠᠯᠠᠭᠤᠯᠬᠤ᠂ ᠬᠡᠷᠡᠭᠯᠡᠬᠦ᠂ ᠬᠦᠴᠦᠨ ᠦᠭᠡᠢ ᠪᠣᠯᠭᠠᠬᠤ ᠵᠡᠷᠭᠡ ᠭᠣᠭᠴᠣᠭ᠎ᠠ᠎ᠶᠢ ᠪᠠᠭᠲᠠᠭᠠᠵᠤ᠂ ᠪᠥᠬᠥ ᠶᠠᠪᠤᠴᠠ᠎ᠳᠠᠬᠢ ᠮᠡᠳᠡᠭᠡ ᠵᠠᠩᠭᠢ᠎ᠶᠢᠨ ᠬᠠᠮᠠᠭᠠᠯᠠᠯᠲᠠ ᠪᠠ ᠬᠠᠮᠢᠶ᠎ᠠ ᠪᠦᠬᠦᠢ ᠮᠡᠳᠡᠭᠡ ᠵᠠᠩᠭᠢ᠎ᠶᠢᠨ ᠰᠢᠰᠲᠧᠮ᠎ᠦᠨ ᠠᠮᠤᠷ ᠲᠦᠪᠰᠢᠨ᠎ᠢ ᠴᠢᠩᠭᠠᠳᠬᠠᠵᠤ᠂ ᠡᠯᠧᠺᠲᠷᠣᠨ ᠲᠠᠮᠠᠭ᠎ᠠ᠎ᠶᠢᠨ ᠵᠢᠷᠤᠮᠵᠢᠭ᠍ᠰᠠᠨ ᠬᠠᠮᠢᠶᠠᠷᠤᠯᠲᠠ᠎ᠶᠢ ᠠᠬᠢᠭᠤᠯᠤᠨ᠎ᠠ ᠭᠡᠵᠦ ᠲᠣᠭᠲᠠᠭᠠᠪᠠ᠃
《ᠠᠷᠭ᠎ᠠ》᠎ᠳᠤ ᠡᠯᠧᠺᠲᠷᠣᠨ ᠲᠠᠮᠠᠭ᠎ᠠ᠎ᠶᠢᠨ ᠬᠠᠮᠢᠶᠠᠷᠤᠯᠲᠠ᠎ᠶᠢᠨ ᠠᠵᠢᠯ᠎ᠳᠤ ᠨᠢᠭᠡᠳᠦᠯᠲᠡᠢ ᠲᠥᠯᠥᠪᠯᠡᠨ ᠠᠬᠢᠭᠤᠯᠬᠤ᠂ ᠱᠠᠲᠤ ᠬᠤᠪᠢᠶᠠᠨ ᠬᠠᠮᠢᠶᠠᠷᠬᠤ᠂ ᠪᠠᠷᠢᠮᠵᠢᠶ᠎ᠠ᠎ᠶᠢ ᠵᠢᠷᠤᠮᠵᠢᠭᠤᠯᠬᠤ᠂ ᠠᠮᠤᠷ ᠲᠦᠪᠰᠢᠨ ᠡᠵᠡᠮᠳᠡᠬᠦᠢᠴᠡ ᠵᠠᠷᠴᠢᠮ᠎ᠢ ᠵᠢᠷᠤᠮᠯᠠᠬᠤ ᠬᠡᠷᠡᠭᠲᠡᠢ᠃ ᠤᠯᠤᠰ᠎ᠤᠨ ᠨᠢᠭᠤᠴᠠ ᠺᠣᠳ᠋᠎ᠤᠨ ᠬᠠᠮᠢᠶᠠᠷᠤᠯᠲᠠ᠎ᠶᠢᠨ ᠲᠣᠪᠴᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠯᠦ᠍ᠭᠡ ᠬᠠᠮᠲᠤᠷᠠᠭᠠᠳ ᠪᠦᠬᠦ ᠤᠯᠤᠰ᠎ᠤᠨ ᠡᠯᠧᠺᠲᠷᠣᠨ ᠲᠠᠮᠠᠭ᠎ᠠ᠎ᠶᠢ ᠵᠢᠷᠤᠮᠵᠢᠭᠤᠯᠤᠨ ᠬᠠᠮᠢᠶᠠᠷᠬᠤ ᠪᠠ ᠳᠡᠯᠭᠡᠷᠡᠭᠦᠯᠦᠨ ᠬᠡᠷᠡᠭᠯᠡᠬᠦ᠎ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠠᠬᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ (ᠲᠤᠰ ᠰᠢᠰᠲᠧᠮ)᠎ᠦᠨ ᠡᠯᠧᠺᠲᠷᠣᠨ ᠲᠠᠮᠠᠭ᠎ᠠ᠎ᠶᠢ ᠵᠢᠷᠤᠮᠵᠢᠭᠤᠯᠤᠨ ᠬᠠᠮᠢᠶᠠᠷᠬᠤ ᠪᠠ ᠳᠡᠯᠭᠡᠷᠡᠭᠦᠯᠦᠨ ᠬᠡᠷᠡᠭᠯᠡᠬᠦ᠎ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠡᠯᠧᠺᠲᠷᠣᠨ ᠲᠠᠮᠠᠭ᠎ᠠ᠎ᠶᠢ ᠢᠲᠡᠭᠡᠯᠴᠡᠨ ᠮᠡᠳᠡᠷᠡᠯᠴᠡᠬᠦ᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃