ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠬᠡᠷᠬᠢᠨ ᠡᠮᠴᠢᠯᠡᠭᠡᠨ᠎ᠦ ᠳᠠᠭᠠᠳᠬᠠᠯ᠎ᠢᠶᠠᠨ ᠬᠡᠷᠡᠭᠯᠡᠨ ᠬᠥᠳᠡᠯᠵᠦ ᠪᠠᠷᠢᠬᠤ ᠨᠢ ᠳᠥᠭᠥᠮ ᠦᠭᠡᠢ ᠨᠠᠰᠤᠲᠠᠨ᠎ᠳᠤ ᠡᠮ᠎ᠦᠨ ᠵᠣᠷ ᠪᠢᠴᠢᠭᠦᠯᠬᠦ ᠪᠣᠢ? ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠠᠷᠢᠭᠤᠯᠪᠠ
ᠨᠡᠶ᠋ᠢᠲᠡᠯᠡᠭᠰᠡᠨ ᠴᠠᠭ᠄ 2025-10-11

ᠨᠠᠰᠤᠲᠠᠨ ᠭᠠᠳᠠᠭ᠍ᠰᠢ ᠭᠠᠷᠴᠤ ᠶᠠᠪᠤᠵᠤ ᠰᠠᠭᠤᠬᠤ᠎ᠳᠤ ᠳᠥᠭᠥᠮ ᠦᠭᠡᠢ ᠪᠣᠯ ᠦᠷ᠎ᠡ ᠬᠡᠦᠬᠡᠳ ᠨᠢ ᠬᠡᠷᠬᠢᠨ ᠡᠮᠴᠢᠯᠡᠭᠡᠨ᠎ᠦ ᠳᠠᠭᠠᠳᠬᠠᠯ᠎ᠢ ᠬᠡᠷᠡᠭᠯᠡᠨ ᠲᠡᠳᠡᠨ᠎ᠳᠦ ᠡᠮ᠎ᠦᠨ ᠵᠣᠷ ᠪᠢᠴᠢᠭᠦᠯᠬᠦ ᠪᠣᠢ? ᠡᠮᠴᠢᠯᠡᠭᠡᠨ᠎ᠦ ᠳᠠᠭᠠᠳᠬᠠᠯ᠎ᠳᠠᠬᠢ ᠮᠥᠩᠭᠥ᠎ᠪᠡᠨ ᠨᠠᠰᠤᠲᠠᠨ᠎ᠳᠤ᠎ᠪᠠᠨ ᠬᠡᠷᠡᠭᠯᠡᠭᠦᠯᠵᠦ ᠪᠣᠯᠣᠨ᠎ᠠ ᠤᠤ? ᠣᠢᠷ᠎ᠠ᠎ᠳᠤ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠬᠠᠷᠢᠭᠤᠯᠲᠠ ᠥᠭᠪᠡ᠃ 

ᠬᠠᠷᠢᠭᠤᠯᠤᠭᠰᠠᠨ᠎ᠢ ᠦᠨᠳᠦᠰᠦᠯᠡᠪᠡᠯ᠂ ᠨᠠᠰᠤᠲᠠᠨ ᠬᠥᠳᠡᠯᠵᠦ ᠪᠠᠷᠢᠬᠤ ᠨᠢ ᠳᠥᠭᠥᠮ ᠦᠭᠡᠢ ᠵᠡᠷᠭᠡ ᠣᠨᠴᠠᠭᠠᠶ ᠪᠠᠢᠳᠠᠯ᠎ᠳᠤ᠂ ᠦᠷ᠎ᠡ ᠬᠡᠦᠬᠡᠳ ᠨᠢ ᠲᠡᠳᠡᠨ᠎ᠢ ᠣᠷᠣᠯᠠᠨ ᠡᠮ ᠬᠤᠳᠠᠯᠳᠤᠨ ᠠᠪᠴᠤ ᠥᠭᠴᠦ ᠪᠣᠯᠣᠨ᠎ᠠ᠃ ᠬᠡᠷᠪᠡ ᠡᠮᠴᠢᠯᠡᠭᠡᠨ᠎ᠦ ᠳᠠᠭᠠᠳᠬᠠᠯ᠎ᠤᠨ ᠡᠯᠧᠺᠲᠷᠣᠨ ᠎ᠢ ᠬᠡᠷᠡᠭᠯᠡᠬᠦ᠎ᠳᠦ ᠬᠦᠷᠪᠡᠯ᠂ 《ᠰᠠᠳᠤᠨ ᠲᠥᠷᠥᠯ᠎ᠦᠨ ᠳᠠᠩᠰᠠᠨ ᠡᠷᠦᠬᠡ》᠎ᠪᠡᠷ ᠨᠠᠰᠤᠲᠠᠨ᠎ᠤ ᠡᠮᠴᠢᠯᠡᠭᠡᠨ᠎ᠦ ᠳᠠᠭᠠᠳᠬᠠᠯ᠎ᠤᠨ ᠎ᠢ ᠬᠣᠯᠪᠣᠭᠠᠳ ᠡᠮᠨᠡᠯᠭᠡ᠎ᠳᠦ ᠳ᠋ᠤᠭᠠᠷ ᠠᠪᠬᠤ ᠦᠶ᠎ᠡ᠎ᠳᠦ᠎ᠪᠠᠨ ᠨᠠᠰᠤᠲᠠᠨ᠎ᠤ ᠡᠮᠴᠢᠯᠡᠭᠡᠨ᠎ᠦ ᠳᠠᠭᠠᠳᠬᠠᠯ᠎ᠤᠨ ᠎ᠢ ᠭᠠᠷᠭᠠᠵᠤ ᠦᠵᠡᠭᠦᠯᠪᠡᠯ ᠪᠣᠯᠴᠢᠬᠠᠨ᠎ᠠ᠃ ᠬᠡᠷᠪᠡ ᠺᠠᠷᠲ᠎ᠢ ᠨᠢ ᠬᠡᠷᠡᠭᠯᠡᠬᠦ᠎ᠳᠦ ᠭᠦᠷᠪᠡᠯ᠂ ᠨᠠᠰᠤᠲᠠᠨ᠎ᠤ ᠨᠡᠢᠭᠡᠮ᠎ᠦᠨ ᠳᠠᠭᠠᠳᠬᠠᠯ᠎ᠤᠨ ᠺᠠᠷᠲ᠎ᠢ ᠠᠪᠴᠤ ᠶᠠᠪᠤᠬᠤ ᠬᠡᠷᠡᠭᠲᠡᠢ᠂ ᠨᠠᠰᠤᠲᠠᠨ᠎ᠤ ᠨᠡᠷ᠎ᠡ᠎ᠪᠡᠷ ᠳ᠋ᠤᠭᠠᠷ ᠠᠪᠬᠤ᠎ᠶᠢᠨ ᠬᠠᠮᠲᠤ ᠥᠪᠡᠷ᠎ᠦᠨ ᠪᠡᠶ᠎ᠡ᠎ᠶᠢᠨ ᠦᠨᠡᠮᠯᠡᠯ᠂ ᠨᠡᠢᠭᠡᠮ᠎ᠦᠨ ᠳᠠᠭᠠᠳᠬᠠᠯ᠎ᠤᠨ ᠺᠠᠷᠲ ᠵᠡᠷᠭᠡ ᠪᠡᠶ᠎ᠡ᠎ᠶᠢᠨ ᠦᠨᠡᠮᠯᠡᠯ᠎ᠦᠨ ᠮᠠᠲᠧᠷᠢᠶᠠᠯ᠎ᠢᠶᠠᠨ ᠠᠪᠴᠤ ᠶᠠᠪᠤᠬᠤ ᠬᠡᠷᠡᠭᠲᠡᠢ᠃ 

ᠣᠳᠣᠬᠠᠨ᠎ᠳᠤ᠂ ᠠᠵᠢᠯᠲᠠᠨ ᠠᠵᠢᠯᠴᠢᠨ ᠡᠮᠴᠢᠯᠡᠭᠡᠨ᠎ᠦ ᠳᠠᠭᠠᠳᠬᠠᠯ᠎ᠤᠨ ᠬᠤᠪᠢ ᠬᠥᠮᠥᠨ᠎ᠦ ᠲᠠᠩᠰᠠᠨ ᠡᠷᠦᠬᠡ᠎ᠳᠡᠬᠢ ᠦᠯᠡᠳᠡᠪᠦᠷᠢ ᠮᠥᠩᠭᠥ᠎ᠪᠠᠨ ᠭᠡᠷ ᠪᠦᠯᠢ᠎ᠶᠢᠨ ᠲᠤᠰᠠᠯᠠᠯᠴᠠᠭ᠎ᠠ᠎ᠶᠢᠨ ᠠᠷᠭ᠎ᠠ ᠎ᠪᠠᠷ ᠭᠡᠷ᠎ᠦᠨ ᠬᠥᠮᠥᠰ᠎ᠲᠤ᠎ᠪᠠᠨ ᠬᠡᠷᠡᠭᠯᠡᠭᠦᠯᠵᠦ ᠪᠣᠯᠣᠨ᠎ᠠ᠃ ᠭᠡᠬᠦ᠎ᠳᠦ᠎ᠪᠡᠨ ᠠᠩᠬᠠᠷᠤᠭᠤᠰᠢᠲᠠᠢ ᠨᠢ᠂ ᠡᠮᠴᠢᠯᠡᠭᠡᠨ᠎ᠦ ᠳᠠᠭᠠᠳᠬᠠᠯ᠎ᠤᠨ ᠮᠥᠩᠭᠥ᠎ᠶᠢ ᠬᠠᠮᠲᠤ᠎ᠪᠠᠷ ᠬᠡᠷᠡᠭᠯᠡᠵᠦ ᠪᠣᠯᠣᠨ᠎ᠠ᠂ ᠡᠮᠴᠢᠯᠡᠭᠡᠨ᠎ᠦ ᠳᠠᠭᠠᠳᠬᠠᠯ᠎ᠤᠨ  (ᠺᠠᠷᠲ)᠎ᠢ ᠬᠠᠮᠲᠤ᠎ᠪᠠᠷ ᠬᠡᠷᠡᠭᠯᠡᠵᠦ ᠪᠣᠯᠬᠤ ᠦᠭᠡᠢ᠃ ᠶᠠᠮᠠᠷᠪᠠ ᠪᠠᠢᠳᠠᠯ᠎ᠳᠤ ᠴᠤ᠌ ᠭᠡᠰᠡᠨ᠂ ᠡᠮᠴᠢᠯᠡᠭᠦᠯᠵᠦ ᠡᠮ ᠬᠤᠳᠠᠯᠳᠤᠨ ᠠᠪᠬᠤ᠎ᠳᠤ᠎ᠪᠠᠨ ᠡᠷᠬᠡᠪᠰᠢ ᠡᠪᠡᠳᠴᠢᠲᠡᠨ ᠲᠣᠰ ᠬᠥᠮᠥᠨ᠎ᠦ ᠡᠮᠴᠢᠯᠡᠭᠡᠨ᠎ᠦ ᠳᠠᠭᠠᠳᠬᠠᠯ᠎ᠤᠨ  ᠪᠤᠶᠤ ᠨᠡᠢᠭᠡᠮ᠎ᠦᠨ ᠳᠠᠭᠠᠳᠬᠠᠯ᠎ᠤᠨ ᠺᠠᠷᠲ᠎ᠢ ᠬᠡᠷᠡᠭᠯᠡᠵᠦ᠂ ᠲᠣᠭᠲᠠᠭᠠᠯ ᠶᠣᠰᠣᠭᠠᠷ ᠲᠤᠬᠠᠢ᠎ᠶᠢᠨ ᠬᠥᠮᠥᠨ᠎ᠦ ᠡᠮᠴᠢᠯᠡᠭᠡᠨ᠎ᠦ ᠳᠠᠭᠠᠳᠬᠠᠯ᠎ᠤᠨ ᠬᠠᠷᠠᠭᠠᠯᠵᠠᠯ᠎ᠢ ᠭᠥᠷᠳᠡᠬᠦ ᠬᠡᠷᠡᠭᠲᠡᠢ᠃ 

ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠰᠠᠨᠠᠭᠤᠯᠤᠭᠰᠠᠨ᠎ᠢᠶᠠᠷ᠂ ᠥᠪᠡᠷ᠎ᠦᠨ᠎ᠢᠶᠡᠨ ᠡᠮᠴᠢᠯᠡᠭᠡᠨ᠎ᠦ ᠳᠠᠭᠠᠳᠬᠠᠯ᠎ᠢ ᠬᠡᠷᠡᠭᠯᠡᠬᠦ ᠦᠭᠡᠢ᠎ᠪᠡᠷ ᠳ᠋ᠤᠭᠠᠷ ᠠᠪᠴᠤ ᠡᠮᠴᠢᠯᠡᠭᠦᠯᠬᠦ ᠪᠤᠶᠤ ᠡᠮ ᠬᠤᠳᠠᠯᠳᠤᠨ ᠠᠪᠬᠤ ᠪᠣᠯ 《 ᠪᠤᠰᠤᠳ᠎ᠤᠨ ᠨᠡᠷ᠎ᠡ᠎ᠪᠡᠷ ᠡᠮᠴᠢᠯᠡᠭᠦᠯᠵᠦ 》 ᠪᠠᠢᠬᠤ ᠶᠠᠪᠤᠳᠠᠯ ᠮᠥᠨ᠂ ᠬᠣᠯᠪᠣᠭᠳᠠᠯ ᠪᠦᠬᠦᠢ ᠬᠠᠤᠯᠢ ᠴᠠᠭᠠᠵᠠ᠎ᠶᠢᠨ ᠲᠣᠭᠲᠠᠭᠠᠯ ᠶᠣᠰᠣᠭᠠᠷ ᠪᠣᠯ᠂ ᠬᠥᠩᠭᠡᠨ ᠪᠣᠯ ᠲᠤᠬᠠᠢ᠎ᠶᠢᠨ ᠬᠥᠮᠥᠨ᠎ᠦ ᠡᠮᠴᠢᠯᠡᠭᠡᠨ᠎ᠦ ᠵᠠᠷᠤᠳᠠᠯ᠎ᠢ ᠰᠦᠯᠵᠢᠶᠡᠨ᠎ᠳᠦ ᠬᠣᠯᠪᠣᠨ ᠲᠡᠰᠦᠯᠦᠨ ᠪᠤᠳᠤᠬᠤ᠎ᠶᠢ ᠲᠦᠷ ᠵᠣᠭᠰᠣᠭᠠᠵᠤ᠂ ᠬᠦᠨᠳᠦ ᠪᠣᠯ ᠬᠠᠤᠯᠢ᠎ᠶᠢ ᠵᠥᠷᠢᠴᠡᠭᠰᠡᠨ ᠶᠠᠯᠠᠲᠤ ᠠᠵᠢᠯᠯᠠᠭ᠎ᠠ  ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ