ᠣᠢᠷ᠎ᠠ᠎ᠳᠤ᠂ ᠠᠷᠠᠳ᠎ᠤᠨ ᠶᠠᠪᠤᠳᠠᠯ᠎ᠤᠨ ᠶᠠᠮᠤᠨ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠠᠷᠭ᠎ᠠ》 (ᠳᠣᠷᠣᠭ᠍ᠰᠢ 《ᠠᠷᠭ᠎ᠠ》 ᠭᠡᠵᠦ ᠲᠣᠪᠴᠢᠯᠠᠪᠠ)᠎ᠶᠢ ᠨᠡᠢᠲᠡᠯᠡᠵᠦ᠂ 2026 ᠣᠨ᠎ᠤ 1 ᠳ᠋ᠦ᠍ᠭᠡᠷ ᠰᠠᠷ᠎ᠠ᠎ᠶᠢᠨ 1 ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠡᠳᠦᠭᠡ ᠵᠠᠰᠠᠪᠤᠷᠢ ᠣᠷᠣᠭᠤᠯᠤᠭᠰᠠᠨ ᠪᠠᠢᠳᠠᠯ᠎ᠤᠨ ᠲᠤᠬᠠᠢ ᠳᠣᠣᠷᠠᠬᠢ ᠮᠡᠲᠦ ᠲᠠᠢᠯᠤᠮᠵᠢ ᠬᠢᠪᠡ᠃
ᠵᠠᠰᠠᠪᠤᠷᠢ ᠣᠷᠣᠭᠤᠯᠤᠭᠰᠠᠨ ᠭᠣᠣᠯ ᠠᠭᠤᠯᠭ᠎ᠠ
《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠨᠢ ᠭᠣᠣᠯᠳᠠᠭᠤ ᠳᠣᠣᠷᠠᠬᠢ ᠬᠡᠳᠦᠨ ᠲᠠᠯ᠎ᠠ᠎ᠳᠤ ᠬᠣᠯᠪᠣᠭᠳᠠᠨ᠎ᠠ᠄
ᠨᠢᠭᠡ᠎ᠳᠦ᠂ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠠᠭᠤᠯᠭ᠎ᠠ᠎ᠶᠢ ᠨᠡᠮᠡᠪᠡ᠃ ᠢᠯᠡ᠎ᠪᠡᠷ ᠬᠠᠨᠳᠢᠪᠯᠠᠵᠤ ᠴᠤᠭᠯᠠᠭᠤᠯᠬᠤ ᠬᠢᠷᠢ ᠬᠡᠮ ᠪᠦᠬᠦᠢ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ ᠨᠢ ᠢᠯᠡ᠎ᠪᠡᠷ ᠬᠠᠨᠳᠢᠪᠯᠠᠵᠤ ᠴᠤᠭᠯᠠᠭᠤᠯᠬᠤ ᠠᠵᠢᠯᠯᠠᠭ᠎ᠠ ᠳᠠᠭᠤᠰᠤᠭᠰᠠᠨ᠎ᠤ ᠳᠠᠷᠠᠭᠠᠬᠢ ᠭᠤᠷᠪᠠᠨ ᠰᠠᠷ᠎ᠠ᠎ᠶᠢᠨ ᠳᠣᠲᠣᠷ᠎ᠠ᠂ ᠢᠯᠡ᠎ᠪᠡᠷ ᠬᠠᠨᠳᠢᠪᠯᠠᠵᠤ ᠴᠤᠭᠯᠠᠭᠤᠯᠬᠤ ᠬᠠᠮᠲᠤᠷᠠᠯᠴᠠᠭᠠᠨ᠎ᠤ ᠲᠠᠯ᠎ᠠ᠎ᠶᠢ ᠦᠨᠡᠯᠡᠨ ᠵᠢᠱ᠌ᠢᠭᠰᠡᠨ ᠪᠠ ᠵᠢᠭᠠᠨ ᠵᠢᠯᠤᠭᠣᠳᠴᠤ ᠬᠢᠨᠠᠯᠲᠠ ᠲᠠᠯᠪᠢᠭ᠍ᠰᠠᠨ ᠪᠠᠢᠳᠠᠯ ᠵᠡᠷᠭᠡ ᠮᠡᠳᠡᠭᠡ ᠵᠠᠩᠭᠢ᠎ᠪᠠᠨ ᠭᠠᠳᠠᠭ᠍ᠰᠢ ᠢᠯᠡ ᠪᠣᠯᠭᠠᠬᠤ ᠬᠡᠷᠡᠭᠲᠡᠢ᠃ ᠴᠢᠬᠤᠯᠠ ᠶᠡᠬᠡ ᠭᠡᠨᠡᠳᠲᠡ᠎ᠶᠢᠨ ᠬᠡᠷᠡᠭ ᠶᠠᠪᠤᠳᠠᠯ᠎ᠳᠤ ᠢᠯᠡ᠎ᠪᠡᠷ ᠬᠠᠨᠳᠢᠪᠯᠠᠵᠤ ᠴᠤᠭᠯᠠᠭᠤᠯᠬᠤ ᠠᠵᠢᠯᠯᠠᠭ᠎ᠠ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠱᠠᠭᠠᠷᠳᠠᠯᠭ᠎ᠠ᠎ᠶᠢ ᠨᠢ ᠲᠣᠳᠣᠷᠬᠠᠢᠯᠠᠪᠠ᠃ ᠢᠯᠡ᠎ᠪᠡᠷ ᠬᠠᠨᠳᠢᠪᠯᠠᠵᠤ ᠴᠤᠭᠯᠠᠭᠤᠯᠬᠤ ᠬᠢᠷᠢ ᠬᠡᠮ ᠦᠭᠡᠢ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ ᠨᠢ ᠵᠢᠯ ᠪᠦᠷᠢ᠎ᠶᠢᠨ 5 ᠳ᠋ᠤᠭᠠᠷ ᠰᠠᠷ᠎ᠠ᠎ᠶᠢᠨ 31 ᠦ ᠡᠳᠦᠷ᠎ᠡᠴᠡ ᠡᠮᠦᠨ᠎ᠡ ᠪᠦᠬᠦ ᠤᠯᠤᠰ᠎ᠤᠨ ᠨᠢᠭᠦᠯᠡᠰᠦᠩᠭᠦᠢ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠲᠠᠪᠴᠠᠩ᠎ᠳᠤ ᠳᠡᠭᠡᠷ᠎ᠡ ᠵᠢᠯ᠎ᠦᠨ ᠴᠢᠬᠤᠯᠠ ᠶᠡᠬᠡ ᠨᠢᠭᠦᠯᠡᠰᠦᠩᠭᠦᠢ᠎ᠶᠢᠨ ᠲᠥᠷᠥᠯ ᠵᠦᠢᠯ᠎ᠢ ᠬᠡᠷᠡᠭᠵᠢᠭᠦᠯᠦᠭᠰᠡᠨ ᠪᠠᠢᠳᠠᠯ᠎ᠢᠶᠠᠨ ᠨᠡᠢᠭᠡᠮ᠎ᠳᠦ ᠢᠯᠡ ᠪᠣᠯᠭᠠᠬᠤ ᠬᠡᠷᠡᠭᠲᠡᠢ᠃
ᠬᠣᠶᠠᠷ᠎ᠲᠤ᠂ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠢᠯᠡ ᠲᠣᠳᠣ᠌᠎ᠶᠢᠨ ᠬᠡᠮᠵᠢᠶ᠎ᠡ᠎ᠪᠡᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠲᠣᠭᠲᠠᠭᠠᠯ᠎ᠢ ᠨᠡᠮᠡᠪᠡ᠃ ᠨᠢᠭᠦᠯᠡᠰᠦᠩᠭᠦᠢ᠎ᠶᠢᠨ ᠲᠥᠷᠥᠯ ᠵᠦᠢᠯ ᠳᠠᠭᠤᠰᠤᠭᠰᠠᠨ᠎ᠤ ᠲᠠᠷᠠᠭ᠎ᠠ ᠬᠠᠨᠳᠢᠪᠯᠠᠭᠰᠠᠨ ᠡᠳ᠋ ᠬᠥᠷᠥᠩᠭᠡ᠎ᠳᠦ ᠦᠯᠡᠳᠡᠪᠦᠷᠢ ᠲᠡᠢ ᠪᠠᠢᠪᠠᠯ᠂ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ ᠨᠢ ᠨᠢᠭᠦᠯᠡᠰᠦᠩᠭᠦᠢ᠎ᠶᠢᠨ ᠲᠥᠷᠥᠯ ᠵᠦᠢᠯ ᠳᠠᠭᠤᠰᠤᠭᠰᠠᠨ᠎ᠤ ᠲᠠᠷᠠᠭ᠎ᠠ ᠦᠯᠡᠳᠡᠭᠰᠡᠨ ᠡᠳ᠋ ᠬᠥᠷᠥᠩᠭᠡ᠎ᠶᠢ ᠰᠢᠢᠳᠪᠦᠷᠢᠯᠡᠭᠰᠡᠨ ᠪᠠᠢᠳᠠᠯ᠎ᠢᠶᠠᠨ ᠭᠤᠷᠪᠠᠨ ᠰᠠᠷ᠎ᠠ᠎ᠶᠢᠨ ᠳᠣᠲᠣᠷ᠎ᠠ ᠢᠯᠡ ᠪᠣᠯᠭᠠᠬᠤ ᠬᠡᠷᠡᠭᠲᠡᠢ᠃ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ ᠨᠢ ᠨᠠᠢᠳᠠᠭ᠍ᠴᠢ᠎ᠶᠢᠨ ᠬᠤᠪᠢ᠎ᠪᠠᠷ ᠨᠢᠭᠦᠯᠡᠰᠦᠩᠭᠦᠢ᠎ᠶᠢᠨ ᠢᠲᠡᠭᠡᠮᠵᠢᠲᠦ ᠨᠠᠶ᠋ᠢᠳᠠᠯᠭ᠎ᠠ᠎ᠶᠢ ᠪᠠᠢᠭᠤᠯᠤᠭᠰᠠᠨ ᠪᠠᠢᠪᠠᠯ᠂ ᠨᠢᠭᠦᠯᠡᠰᠦᠩᠭᠦᠢ᠎ᠶᠢᠨ ᠢᠲᠡᠭᠡᠮᠵᠢᠲᠦ ᠨᠠᠶ᠋ᠢᠳᠠᠯᠭ᠎ᠠ᠎ᠶᠢ ᠪᠠᠢᠭᠤᠯᠤᠭᠰᠠᠨ᠎ᠤ ᠳᠠᠷᠠᠭᠠᠬᠢ ᠭᠤᠴᠢᠨ ᠡᠳᠦᠷ᠎ᠦᠨ ᠳᠣᠲᠣᠷ᠎ᠠ ᠪᠦᠬᠦ ᠤᠯᠤᠰ᠎ᠤᠨ ᠨᠢᠭᠦᠯᠡᠰᠦᠩᠭᠦᠢ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠲᠠᠪᠴᠠᠩ᠎ᠢᠶᠠᠷ ᠨᠢᠭᠦᠯᠡᠰᠦᠩᠭᠦᠢ᠎ᠶᠢᠨ ᠢᠲᠡᠭᠡᠮᠵᠢᠲᠦ ᠨᠠᠶ᠋ᠢᠳᠠᠯᠭ᠎ᠠ᠎ᠶᠢᠨ ᠨᠡᠷᠡᠢᠳᠦᠯ᠂ ᠨᠠᠶ᠋ᠢᠳᠠᠯᠭ᠎ᠠ ᠬᠦᠯᠢᠶᠡᠭᠴᠢ᠎ᠶᠢᠨ ᠨᠡᠷᠡᠢᠳᠦᠯ᠂ ᠨᠠᠶ᠋ᠢᠳᠠᠯᠭ᠎ᠠ᠎ᠶᠢᠨ ᠵᠣᠭᠣᠰ᠎ᠤᠨ ᠲᠣᠭ᠎ᠠ ᠵᠡᠷᠭᠡ ᠪᠠᠢᠳᠠᠯ᠎ᠢᠶᠠᠨ ᠨᠡᠢᠭᠡᠮ᠎ᠳᠦ ᠢᠯᠡ ᠪᠣᠯᠭᠠᠬᠤ ᠬᠡᠷᠡᠭᠲᠡᠢ᠃
ᠭᠤᠷᠪᠠ᠎ᠳᠤ᠂ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠮᠡᠳᠡᠭᠡ ᠵᠠᠩᠭᠢ᠎ᠶᠢ ᠢᠯᠡ ᠪᠣᠯᠭᠠᠬᠤ ᠪᠣᠳᠠᠲᠠᠢ ᠱᠠᠭᠠᠷᠳᠠᠯᠭ᠎ᠠ᠎ᠶᠢ ᠨᠢ ᠲᠣᠳᠣᠷᠬᠠᠢᠯᠠᠪᠠ᠃ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠵᠢᠯ ᠪᠦᠷᠢ᠎ᠶᠢᠨ ᠣᠨ᠎ᠤ ᠠᠵᠢᠯ᠎ᠤᠨ ᠮᠡᠳᠡᠭᠦᠯᠦᠯᠲᠡ ᠪᠠ ᠡᠳ᠋᠎ᠦᠨ ᠶᠠᠪᠤᠳᠠᠯ᠎ᠤᠨ ᠨᠢᠭ᠍ᠲᠠᠯᠠᠨ ᠪᠣᠳᠣᠭᠰᠠᠨ ᠮᠡᠳᠡᠭᠦᠯᠦᠯᠲᠡ᠎ᠶᠢ ᠢᠯᠡ ᠪᠣᠯᠭᠠᠬᠤ ᠴᠠᠭ᠂ ᠠᠷᠭ᠎ᠠ ᠵᠡᠷᠭᠡ ᠪᠣᠳᠠᠲᠠᠢ ᠱᠠᠭᠠᠷᠳᠠᠯᠭ᠎ᠠ᠎ᠶᠢ ᠨᠢ ᠲᠣᠳᠣᠷᠬᠠᠢᠯᠠᠪᠠ᠃ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ᠎ᠶᠢᠨ ᠭᠣᠣᠯ ᠬᠠᠨᠳᠢᠪᠯᠠᠭᠴᠢ᠂ ᠴᠢᠬᠤᠯᠠ ᠶᠡᠬᠡ ᠨᠢᠭᠦᠯᠡᠰᠦᠩᠭᠦᠢ᠎ᠶᠢᠨ ᠲᠥᠷᠥᠯ ᠵᠦᠢᠯ᠎ᠦᠨ ᠬᠡᠪᠴᠢᠶ᠎ᠡ᠎ᠶᠢ ᠨᠢ ᠲᠣᠳᠣᠷᠬᠠᠢᠯᠠᠪᠠ᠃ ᠨᠢᠭᠦᠯᠡᠰᠦᠩᠭᠦᠢ᠎ᠶᠢᠨ ᠵᠣᠬᠢᠶᠠᠨ ᠪᠠᠢᠭᠤᠯᠤᠯᠲᠠ ᠨᠢ ᠰᠠᠨᠠᠭᠠᠴᠢᠯᠠᠭ᠎ᠠ᠎ᠠᠴᠠ᠎ᠪᠠᠨ 《ᠠᠷᠭ᠎ᠠ》᠎ᠳᠤ ᠲᠣᠭᠲᠠᠭᠠᠭᠰᠠᠨ᠎ᠠᠴᠠ ᠭᠠᠳᠠᠨᠠᠬᠢ ᠮᠡᠳᠡᠭᠡ ᠵᠠᠩᠭᠢ᠎ᠪᠠᠨ ᠨᠡᠢᠭᠡᠮ᠎ᠳᠦ ᠢᠯᠡ ᠪᠣᠯᠭᠠᠬᠤ᠎ᠶᠢ ᠵᠣᠷᠢᠭ᠍ᠵᠢᠭᠤᠯᠤᠨ᠎ᠠ᠃